ᠬᠤᠷᠴᠠ ᠰᠢᠷ᠎ᠠ ᠴᠡᠴᠡᠭKhurts shar tsetsegХурц шар цэцэг ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠤᠷᠴᠠ ᠰᠢᠷ᠎ᠠ ᠴᠡᠴᠡᠭKhurts shar tsetsegХурц шар цэцэг

ᠬᠤᠷᠴᠠ ᠰᠢᠷ᠎ᠠ ᠴᠡᠴᠡᠭKhurts shar tsetsegХурц шар цэцэг

2025-09-17

151

   ᠲᠤᠰ ᠡᠮ ᠪᠣᠯ ᠲᠡᠷᠡᠯᠵᠢ ᠶ᠋ᠢᠨ ᠢᠵᠠᠭᠤᠷ ᠤ᠋ᠨ ᠤᠷᠭᠤᠮᠠᠯ ᠪᠣᠯᠬᠤ ᠬᠤᠷᠴᠠ ᠰᠢᠷ᠎ᠠ ᠴᠡᠴᠡᠭ ᠦ᠋ᠨ ᠬᠠᠲᠠᠭᠠᠭᠰᠠᠨ ᠴᠡᠴᠡᠭ ᠮᠥᠨ᠃
   [ ᠤᠤᠯ ᠤᠷᠭᠤᠮᠠᠯ] ᠨᠠᠪᠴᠢ ᠵᠤᠯᠭᠠᠷᠠᠬᠤ ᠪᠤᠲᠠ ᠮᠣᠳᠣ᠃0.3~1.4m ᠥᠨᠳᠥᠷ᠂ ᠮᠥᠴᠢᠷ ᠨᠢ ᠰᠢᠯᠤᠭᠤᠨ᠂ ᠨᠢᠯᠬ᠎ᠠ ᠦᠶ᠎ᠡ ᠳ᠋ᠡᠭᠡᠨ ᠵᠥᠭᠡᠯᠡᠨ ᠦᠰᠦ ᠲᠡᠢ ᠮᠥᠷᠲᠡᠭᠡᠨ ᠬᠠᠲᠠᠭᠤ ᠦᠰᠦ ᠲᠡᠢ᠃ ᠨᠠᠪᠴᠢ ᠨᠢ ᠴᠠᠭᠠᠰᠤᠯᠢᠭ᠂ ᠥᠷᠭᠡᠨ ᠥᠨᠳᠡᠭᠡᠯᠵᠢᠨ ᠡᠴᠡ ᠥᠨᠳᠡᠭᠡᠯᠵᠢᠨ ᠰᠢᠭ ᠬᠠᠪᠲᠠᠭᠠᠢ ᠲᠡᠪᠡᠨᠡ ᠬᠡᠯᠪᠡᠷᠢ ᠲᠡᠢ᠂6~12cm ᠤᠷᠲᠤ᠂2.4~5cm ᠥᠷᠭᠡᠨ᠂ ᠮᠤᠬᠤᠷ ᠦᠵᠦᠭᠦᠷ ᠲᠡᠢ᠂ ᠣᠬᠣᠷ ᠱᠣᠪᠬᠣ ᠣᠷᠣᠢ ᠲᠠᠢ᠂ ᠱᠠᠭᠠᠨᠲᠠᠭ ᠤᠭ ᠲᠠᠢ᠂ ᠰᠣᠷᠮᠤᠤᠰᠤ ᠬᠥᠪᠡᠭᠡ ᠲᠡᠢ᠂ ᠥᠪᠥᠷ ᠲᠤᠨᠢ ᠵᠥᠭᠡᠯᠡᠨ ᠦᠰᠦ ᠲᠡᠢ᠂ ᠠᠷᠤ ᠳ᠋ᠤᠨᠢ ᠨᠢ ᠨᠢᠭ᠋ ᠵᠥᠭᠡᠯᠡᠨ ᠦᠰᠦ ᠲᠡᠢ᠃ ᠨᠠᠪᠴᠢᠨ ᠪᠠᠷᠢᠭᠤᠯ ᠨᠢ2~6mm ᠤᠷᠲᠤ᠃ ᠴᠠᠴᠤᠭ ᠬᠡᠯᠪᠡᠷᠢᠲᠦ ᠪᠠᠭ ᠴᠡᠴᠡᠭ ᠡᠰᠢᠨ ᠦ᠌ ᠣᠷᠣᠢ ᠳ᠋ᠤ᠌ ᠳᠡᠯᠭᠡᠷᠡᠨ᠎ᠡ᠃ ᠴᠡᠴᠡᠭ ᠨᠢ9 ᠬᠦᠢᠰ ᠡᠴᠡ ᠣᠯᠠᠨ ᠪᠠᠢᠳᠠᠭ᠂ ᠶᠡᠷᠦ ᠳ᠋ᠡᠭᠡᠨ ᠴᠡᠴᠡᠭ ᠨᠢ ᠤᠷᠢᠳ ᠢ᠋ᠶ᠋ᠠᠷ ᠳᠡᠯᠭᠡᠷᠡᠨ᠎ᠡ᠃ ᠴᠡᠴᠡᠭ ᠦ᠋ᠨ ᠪᠠᠷᠢᠭᠤᠯ ᠨᠢ1.2~2.5cm ᠤᠷᠲᠤ᠂ ᠤᠷᠲᠤ ᠵᠥᠭᠡᠯᠡᠨ ᠦᠰᠦ ᠲᠡᠢ᠂ ᠴᠡᠴᠡᠭ ᠦ᠋ᠨ ᠲᠣᠭᠳᠣᠢ ᠨᠢ ᠵᠢᠵᠢᠭ᠂ ᠵᠥᠭᠡᠯᠡᠨ ᠦᠰᠦ ᠲᠡᠢ ᠪᠤᠶᠤ ᠬᠠᠲᠠᠭᠤ ᠦᠰᠦ ᠲᠡᠢ᠃ ᠴᠡᠴᠡᠭ ᠦ᠋ᠨ ᠳᠡᠯᠪᠢ ᠨᠢ ᠥᠷᠭᠡᠨ ᠬᠤᠩᠬ᠎ᠠ ᠬᠡᠯᠪᠡᠷᠢ ᠲᠡᠢ᠂ ᠠᠮᠠᠰᠠᠷ ᠤ᠋ᠨ ᠳ᠋ᠢᠶᠠᠮᠧᠲ᠋ᠷ ᠨᠢ5~6.2cm᠂ ᠠᠯᠲᠠᠨ ᠰᠢᠷᠭᠠᠯ ᠥᠩᠭᠡ ᠲᠡᠢ᠂ ᠳᠡᠭᠡᠷ᠎ᠡ ᠬᠠᠵᠠᠭᠤ ᠳ᠋ᠤᠨᠢ ᠭᠦᠢᠬᠡᠨ ᠨᠣᠭᠣᠭᠠᠨ ᠲᠣᠯᠪᠣ ᠲᠠᠢ᠃5 ᠡᠷ᠎ᠡ ᠲᠣᠭᠣᠷᠴᠣᠭ ᠲᠠᠢ᠂ ᠴᠡᠴᠡᠭ ᠦ᠋ᠨ ᠳᠡᠯᠪᠢ ᠲᠡᠢ ᠪᠡᠨ ᠲᠡᠩᠴᠡᠭᠦᠦ ᠤᠷᠲᠤ᠂ ᠳᠣᠬᠢᠭᠤᠷ ᠤ᠋ᠨ ᠳᠤᠮᠳᠠ ᠠ᠋ᠴᠠ ᠳᠣᠷᠣᠭᠰᠢ ᠬᠡᠰᠡᠭ ᠲᠦ᠍ ᠤᠷᠲᠤ ᠨᠣᠣᠭᠣᠯᠤᠷ ᠦᠰᠦ ᠲᠡᠢ᠃ ᠤᠮᠠᠢ ᠳᠡᠭᠡᠷ᠎ᠡ ᠨᠢ ᠦᠰᠦ ᠲᠡᠢ᠂ ᠴᠡᠴᠡᠭ ᠦ᠋ᠨ ᠪᠠᠭᠠᠨ᠎ᠠ ᠳᠡᠭᠡᠷ᠎ᠡ ᠨᠢ ᠦᠰᠦ ᠦᠭᠡᠢ᠃ ᠬᠣᠩᠭᠣᠷᠴᠣᠭᠲᠤ ᠵᠢᠮᠢᠰ ᠨᠢ ᠤᠷᠲᠤ ᠥᠨᠳᠡᠭᠡᠯᠵᠢᠨ ᠲᠣᠭᠣᠷᠢᠭ ᠬᠡᠯᠪᠡᠷᠢ ᠲᠡᠢ᠂2.5cm ᠤᠷᠲᠤ᠂ ᠵᠥᠭᠡᠯᠡᠨ ᠦᠰᠦ ᠲᠡᠢ ᠪᠤᠶᠤ ᠬᠠᠲᠠᠭᠤ ᠦᠰᠦ ᠲᠡᠢ᠃4~5 ᠳ᠋ᠤᠭᠠᠷ ᠰᠠᠷ᠎ᠠ ᠳ᠋ᠤ᠌ ᠴᠡᠴᠡᠭᠯᠡᠵᠦ᠂6~7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠬᠠᠵᠠᠭᠤ ᠪᠠ ᠪᠤᠲᠠ ᠰᠥᠭᠡᠭ ᠳᠤᠮᠳᠠ ᠤᠷᠭᠤᠨ᠎ᠠ᠃ ᠵᠢᠶᠠᠩᠰᠦ᠂ ᠵᠧᠵᠢᠶᠠᠩ᠂ ᠵᠢᠶᠠᠩᠰᠢ᠂ ᠹᠦᠵᠢᠶᠠᠨ᠂ ᠬᠤᠨᠠᠨ᠂ ᠬᠤᠪᠧᠢ᠂ ᠾᠧᠨᠠᠨ᠂ ᠰᠧᠴᠤᠸᠠᠨ᠂ ᠭᠦᠢᠵᠧᠦ ᠳ᠋ᠦ᠍ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ]4~5 ᠳ᠋ᠤᠭᠠᠷ ᠰᠠᠷ᠎ᠠ ᠳ᠋ᠤ᠌ ᠲᠤᠩᠭᠠᠯᠠᠭ ᠡᠳᠦᠷ ᠢ᠋ ᠰᠣᠩᠭᠣᠵᠤ᠂ ᠳᠡᠯᠭᠡᠷᠡᠭᠰᠡᠨ ᠴᠡᠴᠡᠭ ᠢ᠋ ᠨᠢ ᠲᠡᠭᠦᠵᠦ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ᠂ ᠭᠤᠱᠤᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠬᠣᠣᠷ ᠲᠠᠢ᠃
   [ ᠴᠢᠳᠠᠯ ᠪᠠ ᠭᠣᠣᠯᠳᠠᠭᠤ ᠵᠠᠰᠠᠬᠤ] ᠴᠢᠰᠤᠨ ᠬᠠᠯᠠᠭᠤᠨ ᠢ᠋ ᠠᠷᠢᠯᠭᠠᠬᠤ᠂ ᠬᠠᠳᠬᠤᠯᠭ᠎ᠠ ᠶ᠋ᠢ ᠳᠠᠷᠤᠬᠤ᠂ ᠬᠣᠣᠷ ᠢ᠋ ᠲᠠᠢᠯᠬᠤ ᠴᠢᠳᠠᠯ ᠲᠠᠢ᠃ ᠭᠣᠣᠯᠳᠠᠭᠤ ᠴᠢᠰᠤᠨ ᠬᠠᠯᠠᠭᠤᠨ᠂ ᠨᠢᠷᠠᠢ ᠬᠠᠯᠠᠭᠤᠨ᠂ ᠡᠯᠢᠭᠡᠨ ᠬᠠᠯᠠᠭᠤᠨ᠂ ᠴᠢᠰᠤᠨ ᠬᠠᠳᠬᠤᠯᠭ᠎ᠠ᠂ ᠪᠣᠷᠣ ᠬᠠᠷᠰᠢᠯᠳᠤᠭᠰᠠᠨ᠂ ᠴᠠᠩᠬ᠎ᠠ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄闹阳花 (羊踯躅)
   ᠠᠩᠭ᠌ᠯᠢ ᠨᠡᠷ᠎ᠡ᠄Rhododendron molle(BI.) G. Don.

      ᠦᠰᠦᠭ ᠠᠮᠢᠯᠠᠭᠤᠯᠤᠭᠴᠢ᠄ ᠣᠶᠤᠨᠴᠢᠮᠡᠭ
      ᠬᠢᠨᠠᠭᠴᠢ᠄ ᠲᠤᠶᠠᠭ᠎ᠠ