ᠬᠣᠩᠭᠣᠯᠵᠤᠤᠷKhongolzuurХонголзуур ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠣᠩᠭᠣᠯᠵᠤᠤᠷKhongolzuurХонголзуур

ᠬᠣᠩᠭᠣᠯᠵᠤᠤᠷKhongolzuurХонголзуур

2025-09-18

81

ᠬᠣᠩᠭᠣᠯᠵᠤᠤᠷ

   ᠲᠤᠰ ᠡᠮ ᠪᠣᠯ ᠤᠳᠪᠡᠯ᠎ᠠ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠬᠣᠩᠭᠣᠯᠵᠤᠤᠷ ᠤ᠋ᠨ ᠬᠠᠲᠠᠭᠠᠭᠰᠠᠨ ᠲᠣᠯᠣᠭᠠᠢ ᠬᠡᠯᠪᠡᠷᠢᠲᠦ ᠪᠠᠭ ᠴᠡᠴᠡᠭ ᠮᠥᠨ᠃ ᠪᠠᠰᠠ ᠪᠠᠩᠽᠢᠳᠣᠪᠣ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃20~60cm ᠥᠨᠳᠥᠷ᠂ ᠡᠰᠢ ᠨᠢ ᠰᠢᠯᠤᠭᠤᠨ᠂ ᠰᠠᠯᠠᠭᠠᠯᠠᠬᠤ ᠦᠭᠡᠢ᠂ ᠴᠠᠭᠠᠨ ᠬᠥᠪᠥᠩ ᠦᠰᠦ ᠪᠤᠶᠤ ᠣᠬᠣᠷ ᠵᠥᠭᠡᠯᠡᠨ ᠦᠰᠦ ᠲᠡᠢ᠂ ᠤᠭ ᠤ᠋ᠨ ᠬᠡᠰᠡᠭ ᠲᠤᠨᠢ ᠨᠠᠪᠴᠢᠨ ᠪᠠᠷᠢᠭᠤᠯ ᠤ᠋ᠨ ᠦᠯᠡᠳᠡᠭᠳᠡᠯ ᠲᠡᠢ᠃ ᠤᠵᠠᠭᠤᠷ ᠤ᠋ᠨ ᠨᠠᠪᠴᠢ ᠪᠠ ᠡᠰᠢᠨ ᠦ᠌ ᠳᠣᠣᠷ᠎ᠠ ᠬᠡᠰᠡᠭ ᠦ᠋ᠨ ᠨᠠᠪᠴᠢ ᠨᠢ ᠤᠷᠲᠤ ᠵᠤᠤᠪᠠᠩ ᠬᠡᠯᠪᠡᠷᠢ ᠲᠡᠢ᠂10~30cm ᠤᠷᠲᠤ᠂4~10cm ᠥᠷᠭᠡᠨ᠂ ᠥᠳᠥᠯᠢᠭ ᠭᠦᠨ ᠭᠦᠢᠴᠡᠳ ᠣᠨᠢ ᠲᠠᠢ᠂ ᠰᠡᠵᠢᠭᠦᠷ ᠢᠯᠲᠠᠰᠤ ᠨᠢ ᠵᠤᠤᠪᠠᠩ᠂ ᠲᠡᠭᠰᠢ ᠲᠣᠭᠣᠷᠢᠬᠯᠢᠭ᠋ ᠪᠤᠶᠤ ᠥᠨᠳᠡᠭᠡᠯᠵᠢᠨ ᠬᠡᠯᠪᠡᠷᠢ ᠲᠡᠢ᠂ ᠱᠣᠪᠬᠣ ᠪᠤᠶᠤ ᠮᠤᠬᠤᠷ ᠦᠵᠦᠭᠦᠷ ᠲᠡᠢ᠂ ᠬᠥᠪᠡᠭᠡ ᠪᠡᠷ ᠨᠢ ᠵᠢᠭᠳᠡ ᠪᠤᠰᠤ ᠡᠮᠲᠡᠷᠬᠡᠢ ᠲᠡᠢ᠂ ᠨᠠᠪᠴᠢᠨ ᠤ᠋ ᠬᠣᠶᠠᠷ ᠲᠠᠯ᠎ᠠ ᠳ᠋ᠤᠨᠢ ᠠᠭᠠᠯᠵᠢᠨ ᠲᠣᠣᠷ ᠰᠢᠭ᠋ ᠦᠰᠦ ᠪᠤᠶᠤ ᠣᠬᠣᠷ ᠦᠰᠦ ᠲᠡᠢ᠃ ᠨᠠᠪᠴᠢᠨ ᠪᠠᠷᠢᠭᠤᠯ ᠨᠢ ᠨᠡᠯᠢᠶᠡᠳ ᠤᠷᠲᠤ᠂ ᠬᠥᠪᠥᠩ ᠦᠰᠦ ᠲᠡᠢ᠃ ᠨᠠᠪᠴᠢ ᠨᠢ ᠳᠡᠭᠡᠭᠰᠢᠯᠡᠬᠦ ᠳᠣᠳᠣᠮ ᠵᠢᠵᠢᠭ ᠪᠣᠯᠳᠠᠭ᠂ ᠣᠬᠣᠷ ᠪᠠᠷᠢᠭᠤᠯ ᠲᠠᠢ ᠪᠤᠶᠤ ᠪᠠᠷᠢᠭᠤᠯ ᠦᠭᠡᠢ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠭᠠᠭᠴᠠᠭᠠᠷ ᠳᠡᠯᠭᠡᠷᠡᠨ᠎ᠡ᠃ ᠳ᠋ᠢᠶᠠᠮᠧᠲ᠋ᠷ ᠨᠢ3~5cm᠂ ᠶᠡᠷᠦᠩᠬᠡᠢ ᠪᠠᠭᠯᠠᠭᠴᠢ ᠨᠢ ᠥᠷᠭᠡᠨ ᠬᠤᠩᠬ᠎ᠠ ᠬᠡᠯᠪᠡᠷᠢ ᠲᠡᠢ᠂ ᠤᠭ ᠤ᠋ᠨ ᠬᠡᠰᠡᠭ ᠨᠢ ᠬᠣᠲᠣᠢᠨ ᠤᠷᠤᠭᠰᠠ ᠪᠠᠢᠳᠠᠭ᠃ ᠶᠡᠷᠦᠩᠬᠡᠢ ᠪᠠᠭᠯᠠᠭᠴᠢ ᠢᠯᠲᠠᠰᠤ ᠨᠢ ᠣᠯᠠᠨ᠂ ᠳᠡᠭᠡᠷ᠎ᠡ ᠬᠡᠰᠡᠭ ᠨᠢ ᠬᠠᠭᠤᠷᠠᠢ ᠬᠠᠯᠢᠰᠤᠯᠢᠭ᠂ ᠭᠠᠳᠠᠭᠤᠷᠬᠢ ᠪᠣᠯᠤᠨ ᠳᠤᠮᠳᠠᠭᠤᠷᠬᠢ ᠨᠢ ᠥᠨᠳᠡᠭᠡᠯᠵᠢᠨ ᠪᠤᠶᠤ ᠥᠷᠭᠡᠨ ᠥᠨᠳᠡᠭᠡᠯᠵᠢᠨ ᠬᠡᠯᠪᠡᠷᠢ ᠲᠡᠢ᠂ ᠣᠷᠣᠢ ᠶ᠋ᠢᠨ ᠬᠡᠰᠡᠭ ᠲᠡᠭᠡᠨ ᠠᠯᠠᠭᠠᠯᠢᠭ ᠰᠠᠯᠪᠠᠷᠬᠠᠢ ᠲᠠᠢ᠂ ᠳᠤᠮᠳᠠᠭᠤᠷᠬᠢ ᠨᠢ ᠬᠠᠪᠲᠠᠭᠠᠢ ᠲᠡᠪᠡᠨᠡ ᠬᠡᠯᠪᠡᠷᠢ ᠲᠡᠢ᠃ ᠴᠣᠷᠭᠣ ᠬᠡᠯᠪᠡᠷᠢᠲᠦ ᠴᠡᠴᠡᠭ ᠦ᠋ᠨ ᠳᠡᠯᠪᠢ ᠨᠢ ᠭᠦᠢᠬᠡᠨ ᠪᠣᠷᠣᠪᠲᠤᠷ ᠤᠯᠠᠭᠠᠨ᠂ ᠨᠠᠷᠢᠨ ᠤᠷᠲᠤ᠂5 ᠣᠨᠢ ᠲᠠᠢ᠂ ᠰᠡᠵᠢᠭᠦᠷ ᠨᠢ ᠤᠲᠠᠰᠤᠯᠢᠭ᠃5 ᠡᠷ᠎ᠡ ᠲᠣᠭᠣᠷᠴᠣᠭ ᠲᠠᠢ᠂ ᠨᠡᠢᠯᠡᠮᠡᠯ ᠲᠣᠭᠣᠰᠣᠪᠴᠢ ᠲᠠᠢ᠂ ᠴᠡᠴᠡᠭ ᠦ᠋ᠨ ᠪᠠᠭᠠᠨ᠎ᠠ ᠨᠢ ᠨᠠᠷᠢᠨ ᠤᠷᠲᠤ᠂ ᠳᠡᠭᠡᠷ᠎ᠡ ᠬᠡᠰᠡᠭ ᠲᠡᠭᠡᠨ ᠵᠢᠭᠠᠬᠠᠨ ᠮᠢᠬᠠᠯᠢᠭ᠂ ᠦᠵᠦᠭᠦᠷ ᠲᠤᠨᠢ2 ᠭᠦᠢᠬᠡᠨ ᠣᠨᠢ ᠲᠠᠢ᠃ ᠲᠤᠷᠠᠩᠬᠠᠢ ᠵᠢᠮᠢᠰ ᠨᠢ ᠲᠣᠩᠭᠣᠷᠤᠤ ᠱᠣᠷᠣᠯᠵᠢᠨ᠂ ᠭᠢᠯᠦᠭᠡᠷ᠂ ᠳᠥᠷᠪᠡᠨ ᠢᠷᠮᠡᠭ ᠲᠡᠢ᠂ ᠮᠥᠩᠬᠡ ᠣᠷᠣᠰᠢᠬᠤ ᠬᠦᠷᠡᠩ ᠥᠳᠥᠯᠢᠭ ᠲᠢᠳᠡᠮ ᠦᠰᠦ ᠲᠡᠢ᠃5~7 ᠳ᠋ᠤᠭᠠᠷ ᠰᠠᠷ᠎ᠠ ᠳ᠋ᠤ᠌ ᠴᠡᠴᠡᠭᠯᠡᠵᠦ᠂6~8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠ ᠶ᠋ᠢᠨ ᠡᠭᠡᠪᠦᠷ ᠬᠠᠵᠠᠭᠤ᠂ ᠬᠡᠭᠡᠷ᠎ᠡ ᠲᠠᠯ᠎ᠠ᠂ ᠵᠠᠮ ᠤ᠋ᠨ ᠵᠠᠬ᠎ᠠ ᠪᠠᠷ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ᠂ ᠱᠠᠨ ᠰᠢ᠂ ᠱᠠᠨᠰᠢ᠂ ᠭᠠᠨᠰᠦ᠂ ᠱᠠᠨᠳᠦ᠋ᠩ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ]5~7 ᠳ᠋ᠤᠭᠠᠷ ᠰᠠᠷ᠎ᠠ ᠳ᠋ᠤ᠌ ᠲᠣᠯᠣᠭᠠᠢ ᠬᠡᠯᠪᠡᠷᠢᠲᠦ ᠪᠠᠭ ᠴᠡᠴᠡᠭ ᠢ᠋ ᠨᠢ ᠲᠡᠭᠦᠵᠦ᠂ ᠶᠡᠷᠦᠩᠬᠡᠢ ᠪᠠᠭᠯᠠᠭᠴᠢ ᠶ᠋ᠢ ᠨᠢ ᠠᠷᠢᠯᠭᠠᠨ ᠬᠠᠶᠠᠭᠠᠳ ᠰᠡᠭᠦᠳᠡᠷ ᠲᠦ᠍ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠃ ᠰᠡᠷᠢᠭᠦᠨ ᠴᠢᠨᠠᠷ ᠲᠠᠢ᠃ ᠰᠢᠷᠦᠭᠦᠨ᠂ ᠰᠢᠩᠭᠡᠨ᠂ ᠮᠣᠬᠣᠳᠠᠭ᠂ ᠡᠶᠡᠯᠳᠡᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠨᠢᠶᠠᠨ ᠢ᠋ ᠨᠢᠲᠤᠯᠬᠤ᠂ ᠬᠠᠳᠬᠤᠯᠭ᠎ᠠ ᠶ᠋ᠢ ᠳᠠᠷᠤᠬᠤ᠂ ᠬᠣᠣᠷ ᠢ᠋ ᠲᠠᠢᠯᠬᠤ᠂ ᠬᠠᠯᠠᠭᠤᠨ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠨᠢᠶᠠᠨ ᠬᠢᠵᠢᠭ᠂ ᠭᠡᠳᠡᠰᠦᠨ ᠬᠠᠳᠬᠤᠯᠭ᠎ᠠ᠂ ᠰᠠᠬᠤᠤ ᠪᠣᠭᠣᠮ᠎ᠠ᠂ ᠤᠯᠠᠭᠠᠨ ᠨᠣᠳ᠂ ᠬᠣᠣᠷ ᠤ᠋ᠨ ᠬᠠᠯᠠᠭᠤᠨ᠂ ᠵᠢᠷᠦᠬᠡᠨ ᠬᠠᠯᠠᠭᠤᠨ᠂ ᠬᠢᠮᠤᠷᠠᠭᠰᠠᠨ ᠬᠠᠯᠠᠭᠤᠨ᠂ ᠳᠡᠯᠭᠡᠷᠡᠭᠰᠡᠨ ᠬᠠᠯᠠᠭᠤᠨ᠂ ᠴᠢᠰᠤᠨ ᠬᠠᠯᠠᠭᠤᠨ᠂ ᠰᠢᠨ᠎ᠡ ᠬᠠᠭᠤᠴᠢᠨ ᠬᠠᠯᠠᠭᠤᠨ᠂ ᠰᠢᠷᠬᠠᠨ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄漏芦花 (祁州漏芦)
   ᠠᠩᠭ᠌ᠯᠢ ᠨᠡᠷ᠎ᠡ᠄Rhaponticum uniflorum (L.) DC.

   ᠦᠰᠦᠭ ᠠᠮᠢᠯᠠᠭᠤᠯᠤᠭᠴᠢ᠄ ᠲᠣᠣᠬᠣᠸᠠᠷ
   ᠬᠢᠨᠠᠭᠴᠢ᠄ ᠣᠶᠤᠨᠴᠢᠮᠡᠭ