ᠬᠠᠷ᠎ᠠ ᠵᠢᠯᠵᠧKhar jiljyeХар жилже ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠠᠷ᠎ᠠ ᠵᠢᠯᠵᠧKhar jiljyeХар жилже

ᠬᠠᠷ᠎ᠠ ᠵᠢᠯᠵᠧKhar jiljyeХар жилже

2025-09-19

125

ᠬᠠᠷ᠎ᠠ ᠵᠢᠯᠵᠧ 

   ᠲᠤᠰ ᠡᠮ ᠪᠣᠯ ᠵᠦᠯᠭᠡᠨ ᠴᠢᠮᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠲᠤᠷᠤᠭ ᠵᠦᠯᠭᠡᠨ ᠴᠢᠮᠡᠭ ᠦ᠋ᠨ ᠪᠠᠭ ᠴᠡᠴᠡᠭ ᠮᠥᠨ᠃ ᠪᠠᠰᠠ ᠵᠢᠯᠵᠧᠨᠠᠭᠪᠤ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃40~60cm ᠥᠨᠳᠥᠷ᠂ ᠦᠨᠳᠦᠰᠦ ᠨᠢ ᠡᠷᠴᠢᠯᠢᠭ ᠰᠢᠯᠤᠭᠤᠨ᠃ ᠡᠰᠢ ᠨᠢ ᠰᠢᠯᠤᠭᠤᠨ ᠪᠤᠶᠤ ᠲᠠᠰᠢᠭᠤ ᠤᠷᠭᠤᠨ᠎ᠠ᠂ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠮᠥᠯᠢᠭᠡᠷ᠂ ᠦᠰᠦ ᠦᠭᠡᠢ᠃ ᠤᠵᠠᠭᠤᠷ ᠲᠤᠨᠢ ᠮᠠᠰᠢ ᠣᠯᠠᠨ ᠰᠢᠷᠬᠡᠭ ᠰᠢᠭ ᠦᠯᠡᠳᠡᠭᠳᠡᠯ ᠨᠠᠪᠴᠢ ᠲᠠᠢ᠃ ᠨᠠᠪᠴᠢ ᠨᠢ ᠬᠠᠪᠲᠠᠭᠠᠢ ᠲᠡᠪᠡᠨᠡ ᠬᠡᠯᠪᠡᠷᠢ ᠲᠡᠢ ᠪᠤᠶᠤ ᠤᠷᠲᠤᠯᠵᠢᠨ ᠲᠣᠭᠣᠷᠢᠭ ᠰᠢᠭ᠋ ᠬᠠᠪᠲᠠᠭᠠᠢ ᠲᠡᠪᠡᠨᠡ ᠬᠡᠯᠪᠡᠷᠢ ᠲᠡᠢ᠂ ᠡᠰᠢᠨ ᠦ᠌ ᠤᠵᠠᠭᠤᠷ ᠤ᠋ᠨ ᠬᠡᠰᠡᠭ ᠨᠠᠪᠴᠢ ᠨᠢ ᠨᠡᠯᠢᠶᠡᠳ ᠲᠣᠮᠣ᠂ ᠤᠷᠲᠤ ᠨᠢ30cm᠂ ᠥᠷᠭᠡᠨ ᠨᠢ3~4cm ᠬᠦᠷᠳᠡᠭ᠂ ᠱᠣᠪᠬᠣ ᠦᠵᠦᠭᠦᠷ ᠲᠡᠢ᠂ ᠪᠦᠲᠦᠨ ᠬᠥᠪᠡᠭᠡ ᠲᠡᠢ᠃3~5 ᠵᠤᠷᠪᠤᠰ ᠨᠠᠪᠴᠢᠨ ᠰᠤᠳᠠᠯ ᠲᠠᠢ᠃ ᠡᠰᠢᠨ ᠳ᠋ᠡᠬᠢ ᠨᠠᠪᠴᠢ ᠨᠢ3~4 ᠬᠣᠣᠰ᠂ ᠵᠢᠭᠠᠬᠠᠨ ᠵᠢᠵᠢᠭ᠂ ᠴᠢᠭᠲᠠᠯᠠᠵᠤ ᠤᠭ ᠢ᠋ᠶ᠋ᠠᠷ ᠢ᠋ᠶ᠋ᠠᠨ ᠨᠡᠢᠯᠡᠨ᠎ᠡ᠃ ᠴᠡᠴᠡᠭ ᠨᠢ ᠳᠡᠭᠡᠷ᠎ᠡ ᠬᠡᠰᠡᠭ ᠦ᠋ᠨ ᠨᠠᠪᠴᠢᠨ ᠤ᠋ ᠥᠪᠥᠷ ᠲᠦ᠍ ᠳᠤᠭᠤᠢᠷᠠᠨ ᠪᠤᠲᠠᠯᠠᠵᠤ ᠳᠡᠯᠭᠡᠷᠡᠨ᠎ᠡ᠃ ᠴᠡᠴᠡᠭ ᠦ᠋ᠨ ᠲᠣᠭᠳᠣᠢ ᠨᠢ ᠰᠠᠷᠢᠰᠤᠯᠢᠭ᠂6mm ᠣᠷᠴᠢᠮ ᠤᠷᠲᠤ᠂ ᠦᠵᠦᠭᠦᠷ ᠲᠦ᠋ᠨᠢ3~5 ᠲᠡᠭᠰᠢ ᠪᠤᠰᠤ ᠣᠬᠣᠷ ᠠᠷᠠᠭ᠎ᠠ ᠲᠠᠢ᠃ ᠴᠡᠴᠡᠭ ᠦ᠋ᠨ ᠳᠡᠯᠪᠢ ᠨᠢ ᠬᠣᠭᠣᠯᠠᠢ ᠰᠢᠭ᠋᠂ ᠭᠦᠨ ᠬᠥᠬᠡᠪᠲᠦᠷ ᠪᠣᠷᠣ ᠥᠩᠭᠡ ᠲᠡᠢ᠂2cm ᠣᠷᠴᠢᠮ ᠤᠷᠲᠤ᠂ ᠦᠵᠦᠭᠦᠷ ᠲᠤᠨᠢ5 ᠣᠨᠢ ᠲᠠᠢ᠂ ᠰᠡᠵᠢᠭᠦᠷ ᠢᠯᠲᠠᠰᠤ ᠨᠢ ᠥᠨᠳᠡᠭᠡᠯᠵᠢᠨ ᠲᠣᠭᠣᠷᠢᠭ ᠬᠡᠯᠪᠡᠷᠢ ᠲᠡᠢ᠂ ᠱᠣᠪᠣᠭᠣᠷ ᠦᠵᠦᠭᠦᠷ ᠲᠡᠢ᠂ ᠰᠡᠵᠢᠭᠦᠷ ᠢᠯᠲᠠᠰᠤ ᠶ᠋ᠢᠨ ᠬᠣᠭᠣᠷᠣᠨᠳᠣ ᠨᠢ ᠬᠤᠨᠢᠶᠠᠰᠤ ᠰᠢᠭ᠋5 ᠳᠡᠳ᠋ ᠳᠡᠯᠪᠢ ᠢᠯᠲᠠᠰᠤ ᠲᠠᠢ᠃5 ᠡᠷ᠎ᠡ ᠲᠣᠭᠣᠷᠴᠣᠭ ᠲᠠᠢ ᠪᠥᠭᠡᠳ ᠴᠡᠴᠡᠭ ᠦ᠋ᠨ ᠳᠡᠯᠪᠢ ᠶ᠋ᠢᠨ ᠬᠣᠭᠣᠯᠠᠢ ᠶ᠋ᠢᠨ ᠳᠤᠮᠳᠠ ᠬᠡᠰᠡᠭ ᠲᠦ᠍ ᠪᠠᠢᠷᠢᠰᠢᠨ᠎ᠠ᠃ ᠤᠮᠠᠢ ᠨᠢ ᠤᠷᠲᠤᠯᠵᠢᠨ ᠲᠣᠭᠣᠷᠢᠭ ᠰᠢᠭ᠋᠂ ᠪᠠᠷᠢᠭᠤᠯ ᠦᠭᠡᠢ᠂ ᠴᠡᠴᠡᠭ ᠦ᠋ᠨ ᠪᠠᠭᠠᠨ᠎ᠠ ᠨᠢ ᠮᠠᠰᠢ ᠣᠬᠣᠷ᠂ ᠪᠠᠭᠠᠨ᠎ᠠ ᠶ᠋ᠢᠨ ᠠᠮᠠᠰᠠᠷ ᠨᠢ2 ᠣᠨᠢ ᠲᠠᠢ᠃ ᠬᠣᠩᠭᠣᠷᠴᠣᠭᠲᠤ ᠵᠢᠮᠢᠰ ᠨᠢ ᠤᠷᠲᠤᠯᠵᠢᠨ ᠲᠣᠭᠣᠷᠢᠭ ᠬᠡᠯᠪᠡᠷᠢ ᠲᠡᠢ᠃ ᠦᠷ᠎ᠡ ᠨᠢ ᠵᠤᠤᠪᠠᠩ ᠬᠡᠯᠪᠡᠷᠢ ᠲᠡᠢ᠂ ᠬᠦᠷᠡᠩ ᠥᠩᠭᠡ ᠲᠡᠢ᠂ ᠭᠢᠯᠦᠭᠡᠷ᠃7~8 ᠳ᠋ᠤᠭᠠᠷ ᠰᠠᠷ᠎ᠠ ᠳ᠋ᠤ᠌ ᠴᠡᠴᠡᠭᠯᠡᠵᠦ᠂9~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠲᠠᠯ᠎ᠠ ᠭᠠᠵᠠᠷ᠂ ᠴᠢᠭᠢᠭᠯᠢᠭ ᠠᠭᠤᠯᠠ ᠶ᠋ᠢᠨ ᠬᠠᠵᠠᠭᠤ ᠪᠠᠷ ᠤᠷᠭᠤᠨ᠎ᠠ᠃ ᠬᠠᠷᠠᠮᠦ᠋ᠷᠡᠨ᠂ ᠯᠢᠶᠣᠤᠨᠢᠩ᠂ ᠥᠪᠥᠷ ᠮᠣᠩᠭᠣᠯ᠂ ᠾᠧᠪᠧᠢ᠂ ᠾᠧᠨᠠᠨ᠂ ᠱᠠᠨ ᠰᠢ᠂ ᠱᠠᠨᠰᠢ᠂ᠨᠢᠩᠰᠢᠶᠠ᠂ ᠭᠠᠨᠰᠦ᠂ ᠬᠥᠬᠡᠨᠠᠭᠤᠷ᠂ ᠰᠢᠨᠵᠢᠶᠠᠩ ᠵᠢᠴᠢ ᠰᠧᠴᠤᠸᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠨᠠᠮᠤᠷ ᠪᠠᠭ ᠴᠡᠴᠡᠭ ᠢ᠋ ᠨᠢ ᠲᠡᠭᠦᠵᠦ᠂ ᠲᠣᠭᠳᠣᠢ ᠪᠠ ᠬᠣᠯᠢᠮᠠᠭ ᠵᠦᠢᠯ ᠢ᠋ ᠨᠢ ᠠᠷᠢᠯᠭᠠᠭᠠᠳ ᠰᠡᠭᠦᠳᠡᠷ ᠲᠦ᠍ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠡᠶᠡᠯᠳᠡᠭ᠂ ᠬᠥᠩᠭᠡᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠰᠢᠷ᠎ᠠ ᠤᠰᠤ ᠶ᠋ᠢ ᠬᠠᠲᠠᠭᠠᠬᠤ᠂ ᠬᠠᠯᠠᠭᠤᠨ ᠢ᠋ ᠠᠷᠢᠯᠭᠠᠬᠤ᠂ ᠬᠠᠪᠤᠳᠠᠷ ᠢ᠋ ᠬᠠᠷᠢᠭᠤᠯᠬᠤ ᠴᠢᠳᠠᠯ ᠲᠠᠢ᠃ ᠭᠣᠣᠯᠳᠠᠭᠤ ᠠᠷᠠᠰᠤᠨ ᠡᠪᠡᠳᠴᠢᠨ᠂ ᠪᠠᠮ᠂ ᠰᠢᠷ᠎ᠠ ᠤᠰᠤᠨ ᠤ᠋ ᠡᠪᠡᠳᠴᠢᠨ᠂ ᠪᠣᠭᠣᠮ᠎ᠠ ᠬᠠᠪᠤᠳᠠᠷ᠂ ᠰᠠᠪᠠᠨ ᠤ᠋ ᠰᠢᠷ᠎ᠠ᠂ ᠨᠢᠳᠦ ᠰᠢᠷᠠᠯᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 泰艽花(大叶龙胆)
   ᠠᠩᠭ᠌ᠯᠢ ᠨᠡᠷ᠎ᠡ᠄ Gentiana macrophylla Pall.

   ᠦᠰᠦᠭ ᠠᠮᠢᠯᠠᠭᠤᠯᠤᠭᠴᠢ᠄ ᠤᠷᠠᠨᠴᠢᠮᠡᠭ
   ᠬᠢᠨᠠᠭᠴᠢ᠄ ᠣᠶᠤᠨᠴᠢᠮᠡᠭ