ᠬᠠᠰ ᠬᠠᠳᠬᠤᠭᠤᠷ ᠴᠡᠴᠡᠭKhas khatguur tsetsegХас хатгуур цэцэг
ᠲᠤᠰ ᠡᠮ ᠪᠣᠯ ᠰᠠᠷᠠᠨ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠬᠠᠰ ᠬᠠᠳᠬᠤᠭᠤᠷ ᠴᠡᠴᠡᠭ ᠦ᠋ᠨ ᠴᠡᠴᠡᠭ ᠮᠥᠨ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠪᠦᠳᠦᠭᠦᠨ ᠦᠨᠳᠦᠰᠦᠯᠢᠭ ᠡᠰᠢ ᠲᠡᠢ᠃ ᠨᠠᠪᠴᠢ ᠨᠢ ᠤᠭ ᠠ᠋ᠴᠠ ᠪᠠᠨ ᠪᠣᠳᠠᠯᠠᠨ᠎ᠠ᠃ ᠨᠠᠪᠴᠢᠨ ᠢᠯᠲᠠᠰᠤ ᠨᠢ ᠥᠨᠳᠡᠭᠡᠯᠵᠢᠨ ᠡᠴᠡ ᠵᠢᠷᠦᠬᠡ ᠰᠢᠭ ᠥᠨᠳᠡᠭᠡᠯᠵᠢᠨ ᠬᠡᠯᠪᠡᠷᠢ ᠲᠡᠢ᠂15 ~ 25 cm ᠤᠷᠲᠤ᠂ 10 ~15cm ᠥᠷᠭᠡᠨ᠂ ᠱᠣᠪᠬᠣ ᠦᠵᠦᠭᠦᠷ ᠲᠡᠢ᠂ ᠨᠣᠭᠣᠭᠠᠨ ᠥᠩᠭᠡ ᠲᠡᠢ᠂ ᠭᠢᠯᠦᠭᠡᠷ᠂ ᠢᠯᠡᠬᠡᠨ ᠭᠣᠣᠯ ᠰᠤᠳᠠᠯ ᠲᠠᠢ᠂ ᠨᠠᠪᠴᠢᠨ ᠪᠠᠷᠢᠭᠤᠯ ᠨᠢ 20~30cm ᠤᠷᠲᠤ᠂ ᠴᠡᠴᠡᠭ ᠦ᠋ᠨ ᠡᠰᠢ ᠨᠢ ᠨᠠᠪᠴᠢᠨ ᠪᠤᠲᠠ ᠳᠤᠮᠳᠠ ᠠ᠋ᠴᠠ ᠤᠷᠭᠤᠬᠤ ᠪᠥᠭᠡᠳ 40~65cm ᠥᠨᠳᠥᠷ᠂ ᠨᠠᠪᠴᠢ ᠠ᠋ᠴᠠ ᠪᠠᠨ ᠤᠷᠲᠤ᠂ ᠣᠷᠣᠢ ᠶ᠋ᠢᠨ ᠬᠡᠰᠡᠭ ᠲᠦ᠋ᠨᠢ ᠨᠢᠭᠡ ᠨᠠᠪᠴᠢᠯᠢᠭ ᠪᠠᠭᠯᠠᠭᠴᠢ ᠢᠯᠲᠠᠰᠤ ᠲᠠᠢ᠃ ᠴᠡᠴᠡᠭ ᠨᠢ ᠴᠠᠭᠠᠨ᠂ ᠦᠳᠡᠰᠢ ᠳᠡᠯᠭᠡᠷᠡᠨ᠎ᠡ᠂ ᠠᠩᠬᠢᠯᠤᠮ᠎ᠠ ᠦᠨᠦᠷ ᠲᠡᠢ᠂ ᠳᠡᠭᠡᠭᠰᠢ ᠥᠰᠳᠡᠭ᠃ ᠴᠡᠴᠡᠭ ᠦ᠋ᠨ ᠪᠠᠷᠢᠭᠤᠯ ᠤ᠋ᠨ ᠤᠭ ᠲᠤᠨᠢ ᠶᠡᠷᠦ ᠳ᠋ᠡᠭᠡᠨ ᠰᠠᠷᠢᠰᠤᠯᠢᠭ ᠥᠨᠳᠡᠭᠡᠯᠵᠢᠨ ᠬᠡᠯᠪᠡᠷᠢᠲᠦ ᠪᠠᠭᠯᠠᠭᠴᠢ ᠢᠯᠲᠠᠰᠤ ᠲᠠᠢ᠃ ᠴᠡᠴᠡᠭ ᠦ᠋ᠨ ᠰᠢᠳᠠᠷ ᠨᠢ ᠶᠡᠭᠦᠯᠡᠭᠦᠷ ᠬᠡᠯᠪᠡᠷᠢ ᠲᠡᠢ᠂ ᠳᠡᠭᠡᠷ᠎ᠡ ᠬᠡᠰᠡᠭ ᠲᠤᠨᠢ 6 ᠣᠨᠢ ᠲᠠᠢ᠂ ᠳᠣᠣᠷ᠎ᠠ ᠬᠡᠰᠡᠭ ᠦ᠋ᠨ ᠴᠡᠴᠡᠭ ᠦ᠋ᠨ ᠰᠢᠳᠠᠷ ᠤ᠋ᠨ ᠬᠣᠭᠣᠯᠠᠢ ᠨᠢ ᠮᠠᠰᠢ ᠤᠷᠲᠤ᠂ ᠤᠭ ᠤ᠋ᠨ ᠬᠡᠰᠡᠭ ᠨᠢ ᠲᠣᠮᠣᠷᠠᠨ᠎ᠠ᠃ 6 ᠡᠷ᠎ᠡ ᠲᠣᠭᠣᠷᠴᠣᠭ ᠲᠠᠢ᠂ ᠴᠡᠴᠡᠭ ᠦ᠋ᠨ ᠰᠢᠳᠠᠷ ᠲᠠᠢ ᠪᠠᠨ ᠲᠡᠩᠴᠡᠭᠦᠦ ᠤᠷᠲᠤ᠃ 1 ᠡᠮ᠎ᠡ ᠲᠣᠭᠣᠷᠴᠣᠭ ᠲᠠᠢ᠂ ᠤᠮᠠᠢ ᠨᠢ ᠪᠠᠷᠢᠭᠤᠯ ᠦᠭᠡᠢ᠂ ᠴᠡᠴᠡᠭ ᠦ᠋ᠨ ᠪᠠᠭᠠᠨ᠎ᠠ ᠨᠢ ᠪᠦᠰᠡᠯᠢᠭ᠂ ᠪᠠᠭᠠᠨ᠎ᠠ ᠶ᠋ᠢᠨ ᠠᠮᠠᠰᠠᠷ ᠨᠢ ᠵᠢᠵᠢᠭ᠃ ᠬᠣᠩᠭᠣᠷᠴᠣᠭᠲᠤ ᠵᠢᠮᠢᠰ ᠨᠢ ᠨᠠᠷᠢᠨ ᠤᠷᠲᠤ᠂ 4~5cm ᠤᠷᠲᠤ᠃ ᠦᠷ᠎ᠡ ᠨᠢ ᠬᠠᠷ᠎ᠠ᠂ ᠭᠢᠯᠦᠭᠡᠷ᠂ ᠳᠠᠯᠠᠪᠴᠢᠲᠤ ᠬᠥᠪᠡᠭᠡ ᠲᠡᠢ᠃ 7~8 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠰᠡᠭᠦᠳᠡᠷ ᠴᠢᠭᠢᠭᠯᠢᠭ ᠭᠠᠵᠠᠷ ᠳᠤ ᠤᠷᠭᠤᠨ᠎ᠠ᠃ ᠮᠠᠨ ᠤ᠋ ᠤᠯᠤᠰ ᠡᠯ᠎ᠡ ᠭᠠᠵᠠᠷ ᠲᠤ ᠪᠦᠷ ᠠᠷᠠᠴᠢᠯᠠᠨ ᠲᠠᠷᠢᠵᠤ ᠪᠠᠢᠨ᠎ᠠ᠃
[ ᠲᠡᠭᠦᠵᠦ ᠪᠣᠯᠪᠠᠰᠤᠷᠠᠭᠤᠯᠬᠤ] 7~8 ᠳ᠋ᠤᠭᠠᠷ ᠰᠠᠷ᠎ᠠ ᠳ᠋ᠤ᠌ ᠴᠡᠴᠡᠭ ᠢ᠋ ᠨᠢ ᠲᠡᠭᠦᠵᠦ᠂ ᠤᠲᠠᠰᠤ ᠪᠠᠷ ᠬᠡᠯᠬᠢᠭᠡᠳ ᠰᠡᠭᠦᠳᠡᠷ ᠲᠦ᠍ ᠳᠡᠭᠦᠵᠢᠯᠡᠨ ᠬᠠᠲᠠᠭᠠᠨ᠎ᠠ᠃
[ᠠᠮᠲᠠ᠂ ᠴᠢᠨᠠᠷ᠂ ᠡᠷᠳᠡᠮ] ᠠᠮᠲᠠᠯᠢᠭ ᠠᠮᠲᠠ ᠲᠠᠢ; ᠰᠡᠷᠢᠭᠦᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠬᠣᠣᠷ ᠲᠠᠢᠯᠬᠤ᠂ ᠬᠠᠨᠢᠶᠠᠬᠤ ᠶ᠋ᠢ ᠵᠣᠭᠰᠣᠭᠠᠬᠤ᠂ ᠬᠣᠭᠣᠯᠠᠢ ᠳ᠋ᠤ᠌ ᠲᠤᠰᠠᠯᠠᠬᠤ ᠴᠢᠳᠠᠯ ᠲᠠᠢ᠃ ᠭᠣᠣᠯᠳᠠᠭᠤ ᠬᠣᠭᠣᠯᠠᠢ ᠡᠪᠡᠳᠴᠦ ᠬᠠᠭᠠᠭᠳᠠᠬᠤ᠂ ᠬᠣᠭᠣᠯᠠᠢ ᠰᠥᠭᠡᠬᠦ᠂ ᠪᠠᠬᠤᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄玉簪花
ᠠᠩᠭ᠌ᠯᠢ ᠨᠡᠷ᠎ᠡ᠄Hosta plantaginea (Lam.) Aschers.
ᠦᠰᠦᠭ ᠠᠮᠢᠯᠠᠭᠤᠯᠤᠭᠴᠢ᠄ ᠡᠷᠳᠡᠨᠢᠭᠣᠸ᠎ᠠ
ᠬᠢᠨᠠᠭᠴᠢ᠄ ᠲᠤᠶᠠᠭ᠎ᠠ