ᠴᠠᠭᠠᠨ ᠵᠦᠯᠭᠡᠨ ᠴᠢᠮᠡᠭTsagaan zülgen chimgeeЦагаан зүлгэн чимгээ
ᠲᠤᠰ ᠡᠮ ᠪᠣᠯ ᠵᠦᠯᠭᠡᠨ ᠴᠢᠮᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠴᠠᠭᠠᠨ ᠵᠦᠯᠭᠡᠨ ᠴᠢᠮᠡᠭ ᠦ᠋ᠨ ᠴᠡᠴᠡᠭ ᠮᠥᠨ᠃ ᠪᠠᠰᠠ ᠴᠠᠭᠠᠨ ᠪᠠᠩᠵᠠᠨ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃5~20cm ᠥᠨᠳᠥᠷ᠂ ᠡᠰᠢ ᠨᠢ ᠰᠢᠯᠤᠭᠤᠨ᠂ ᠰᠠᠯᠠᠭᠠᠯᠠᠬᠤ ᠦᠭᠡᠢ᠃ ᠨᠠᠪᠴᠢ ᠨᠢ ᠴᠢᠭᠲᠠᠯᠠᠨ᠎ᠠ᠃ ᠬᠠᠪᠲᠠᠭᠠᠢ ᠲᠡᠪᠡᠨᠡ ᠡᠴᠡ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂3~10cm ᠤᠷᠲᠤ᠂0.2~0.8cm ᠥᠷᠭᠡᠨ᠂ ᠮᠣᠬᠣᠭᠣ ᠱᠣᠪᠬᠣ ᠦᠵᠦᠭᠦᠷ ᠲᠡᠢ᠂ ᠤᠭ ᠢ᠋ᠶ᠋ᠠᠷ ᠢ᠋ᠶ᠋ᠠᠨ ᠨᠡᠢᠯᠡᠵᠦ ᠲᠣᠭᠳᠣᠢ ᠰᠢᠭ᠋ ᠪᠣᠯᠳᠠᠭ᠂ ᠪᠦᠳᠦᠭᠦᠨ ᠬᠥᠪᠡᠭᠡ ᠲᠡᠢ᠃ ᠲᠡᠵᠢᠭᠡᠯ ᠦ᠋ᠨ ᠡᠰᠢᠨ ᠦ᠌ ᠨᠠᠪᠴᠢ ᠨᠢ ᠯᠢᠩᠬᠤ᠎ᠠ ᠶ᠋ᠢᠨ ᠲᠠᠪᠴᠠᠩ ᠮᠡᠲᠦ᠃2~5 ᠬᠦᠢᠰ ᠲᠣᠮᠣ ᠴᠠᠭᠠᠨ ᠴᠡᠴᠡᠭ ᠲᠡᠢ ᠪᠥᠭᠡᠳ ᠡᠰᠢᠨ ᠦ᠌ ᠣᠷᠣᠢ ᠪᠤᠶᠤ ᠨᠠᠪᠴᠢᠨ ᠤ᠋ ᠥᠪᠥᠷ ᠲᠦ᠍ ᠳᠡᠯᠭᠡᠷᠡᠨ᠎ᠡ᠃ ᠴᠡᠴᠡᠭ ᠦ᠋ᠨ ᠲᠣᠭᠳᠣᠢ ᠨᠢ ᠬᠣᠭᠣᠯᠠᠢ ᠰᠢᠭ᠋᠂5 ᠣᠨᠢ ᠲᠠᠢ᠂ ᠰᠡᠵᠢᠭᠦᠷ ᠢᠯᠲᠠᠰᠤ ᠨᠢ ᠭᠤᠷᠪᠠᠯᠵᠢᠨ ᠰᠢᠭ᠋ ᠬᠠᠪᠲᠠᠭᠠᠢ ᠲᠡᠪᠡᠨᠡ ᠬᠡᠯᠪᠡᠷᠢ ᠲᠡᠢ᠂ ᠬᠤᠨᠢᠶᠠᠰᠤ ᠨᠢ ᠲᠡᠭᠰᠢᠬᠡᠨ ᠪᠤᠶᠤ2 ᠭᠦᠢᠬᠡᠨ ᠣᠨᠢ ᠲᠠᠢ᠃5 ᠡᠷ᠎ᠡ ᠲᠣᠭᠣᠷᠴᠣᠭ ᠲᠠᠢ᠂ ᠴᠡᠴᠡᠭ ᠦ᠋ᠨ ᠪᠠᠭᠠᠨ᠎ᠠ ᠨᠢ ᠪᠣᠭᠣᠨᠢ᠂ ᠪᠠᠭᠠᠨ᠎ᠠ ᠶ᠋ᠢᠨ ᠠᠮᠠᠰᠠᠷ ᠨᠢ2 ᠣᠨᠢ ᠲᠠᠢ᠃ ᠤᠮᠠᠢ ᠨᠢ ᠳᠡᠭᠡᠳᠦ ᠣᠷᠣᠨ ᠲᠠᠢ᠃ ᠬᠣᠩᠭᠣᠷᠴᠣᠭᠲᠤ ᠵᠢᠮᠢᠰ ᠨᠢ ᠤᠷᠲᠤᠯᠵᠢᠨ ᠲᠣᠭᠣᠷᠢᠭ ᠱᠣᠷᠣᠯᠵᠢᠨ ᠬᠡᠯᠪᠡᠷᠢ ᠲᠡᠢ᠂ ᠭᠠᠳᠠᠭᠰᠢ ᠴᠤᠬᠤᠢᠨ᠎ᠠ᠃ ᠪᠠᠷᠢᠭᠤᠯ ᠤ᠋ᠨ ᠤᠷᠲᠤ ᠨᠢ5cm᠃ ᠣᠯᠠᠨ ᠦᠷ᠎ᠡ ᠲᠡᠢ᠂ ᠬᠦᠷᠡᠩ ᠥᠩᠭᠡ ᠲᠡᠢ ᠪᠥᠭᠡᠳ ᠵᠤᠤᠪᠠᠩ ᠬᠡᠯᠪᠡᠷᠢ ᠲᠡᠢ᠂ ᠭᠠᠳᠠᠷᠭᠤ ᠳ᠋ᠤᠨᠢ ᠣᠯᠠᠨ ᠰᠡᠪᠰᠡᠭᠡᠷ ᠳᠠᠯᠠᠪᠴᠢ ᠲᠠᠢ᠃8~9 ᠳ᠋ᠦ᠍ᠭᠡᠷ ᠰᠠᠷ᠎ᠠ ᠳ᠋ᠤ᠌ ᠴᠡᠴᠡᠭᠯᠡᠵᠦ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠲᠠᠭ ᠤ᠋ᠨ ᠪᠡᠯᠴᠢᠭᠡᠷ ᠲᠦ᠍ ᠤᠷᠭᠤᠨ᠎ᠠ᠃ ᠬᠢᠷᠢᠨ᠂ ᠭᠠᠨᠰᠦ᠂ ᠰᠢᠨᠵᠢᠶᠠᠩ ᠬᠢᠭᠡᠳ ᠲᠥᠪᠡᠳ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ]7~9 ᠳ᠋ᠦ᠍ᠭᠡᠷ ᠰᠠᠷ᠎ᠠ ᠳ᠋ᠤ᠌ ᠴᠡᠴᠡᠭᠯᠡᠭᠰᠡᠨ ᠪᠦᠬᠦᠯᠢ ᠡᠪᠡᠰᠦ ᠶ᠋ᠢ ᠨᠢ ᠠᠪᠴᠤ᠂ ᠠᠷᠢᠯᠭᠠᠨ ᠴᠡᠪᠡᠷᠯᠡᠭᠡᠳ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠡᠬᠡᠭᠦᠨ᠂᠂ ᠭᠠᠰᠢᠭᠤᠨ ᠠᠮᠲᠠ ᠲᠠᠢ᠂ ᠬᠦᠢᠲᠡᠨ ᠴᠢᠨᠠᠷ ᠲᠠᠢ᠂ ᠰᠢᠩᠭᠡᠨ᠂ ᠵᠥᠭᠡᠯᠡᠨ᠂ ᠡᠶᠡᠯᠳᠡᠭ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ᠂ ᠬᠠᠨᠢᠶᠠᠳᠤ ᠶ᠋ᠢ ᠵᠣᠭᠰᠣᠭᠠᠬᠤ᠂ ᠬᠣᠭᠣᠯᠠᠢ ᠳ᠋ᠤ᠌ ᠲᠤᠰᠠᠯᠠᠬᠤ ᠴᠢᠳᠠᠯ ᠲᠠᠢ᠃ ᠭᠣᠣᠯᠳᠠᠭᠤ ᠬᠣᠭᠣᠯᠠᠢ ᠡᠪᠡᠳᠴᠦ ᠬᠠᠭᠠᠭᠳᠠᠬᠤ᠂ ᠳᠠᠭᠤ ᠰᠥᠭᠡᠬᠦ᠂ ᠪᠠᠬᠤᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ ᠄白花龙胆花
ᠠᠩᠭ᠌ᠯᠢ ᠨᠡᠷ᠎ᠡ ᠄ Gentiana algida pall.
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠲᠤᠶᠠᠭ᠎ᠠ