ᠲᠠᠬᠢᠶᠠᠨ ᠰᠡᠴᠢᠭ ᠴᠡᠴᠡᠭTakhian sechig tsetsegТахиан сэчиг цэцэг ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠠᠬᠢᠶᠠᠨ ᠰᠡᠴᠢᠭ ᠴᠡᠴᠡᠭTakhian sechig tsetsegТахиан сэчиг цэцэг

ᠲᠠᠬᠢᠶᠠᠨ ᠰᠡᠴᠢᠭ ᠴᠡᠴᠡᠭTakhian sechig tsetsegТахиан сэчиг цэцэг

2025-09-23

71

ᠲᠠᠬᠢᠶᠠᠨ ᠰᠡᠴᠢᠭ ᠴᠡᠴᠡᠭ

   ᠲᠤᠰ ᠡᠮ ᠪᠣᠯ ᠰᠠᠷᠪᠠᠯᠵᠢ ᠶ᠋ᠢᠨ ᠢᠵᠠᠭᠤᠷ ᠤ᠋ᠨ ᠤᠷᠭᠤᠮᠠᠯ ᠪᠣᠯᠬᠤ ᠲᠠᠬᠢᠶᠠᠨ ᠰᠡᠴᠢᠭ ᠴᠡᠴᠡᠭ ᠦ᠋ᠨ ᠬᠠᠲᠠᠭᠠᠭᠰᠠᠨ ᠪᠠᠭ ᠴᠡᠴᠡᠭ ᠮᠥᠨ᠃ ᠪᠠᠰᠠ ᠲᠠᠬᠢᠶᠠᠨ ᠥᠷᠪᠡᠯᠭᠡ ᠴᠡᠴᠡᠭ ᠭᠡᠳᠡᠭ᠃
   [ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃60~90cm ᠥᠨᠳᠥᠷ ᠰᠢᠯᠤᠭᠤᠨ ᠤᠷᠭᠤᠨ᠎ᠠ᠂ ᠲᠤᠷᠤᠭ ᠪᠦᠳᠦᠭᠦᠨ᠃ ᠳᠠᠩ ᠨᠠᠪᠴᠢ ᠨᠢ ᠴᠤᠪᠤᠷᠠᠨ ᠤᠷᠭᠤᠨ᠎ᠠ᠂ ᠤᠷᠲᠤᠯᠵᠢᠨ ᠵᠤᠤᠪᠠᠩ ᠠ᠋ᠴᠠ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂5~12cm ᠤᠷᠲᠤ᠂3.5~6.5cm ᠥᠷᠭᠡᠨ᠂ ᠱᠣᠪᠲᠣᠭᠣᠷ ᠦᠵᠦᠭᠦᠷ ᠲᠡᠢ᠂ ᠪᠦᠲᠦᠨ ᠬᠥᠪᠡᠭᠡ ᠲᠡᠢ᠂ ᠤᠭ ᠨᠢ ᠨᠠᠷᠢᠰᠤᠭᠠᠳ ᠨᠠᠪᠴᠢᠨ ᠪᠠᠷᠢᠭᠤᠯ ᠪᠣᠯᠳᠠᠭ᠃ ᠲᠦᠷᠦᠭᠦᠦ ᠬᠡᠯᠪᠡᠷᠢᠲᠦ ᠪᠠᠭ ᠴᠡᠴᠡᠭ ᠨᠢ ᠶᠡᠷᠦ ᠳ᠋ᠡᠭᠡᠨ ᠬᠤᠪᠢᠷᠠᠯᠲᠠ ᠶᠡᠬᠡ᠂ ᠲᠠᠬᠢᠶᠠᠨ ᠰᠡᠴᠢᠭ ᠰᠢᠭ ᠴᠡᠴᠡᠭ ᠨᠢ ᠶᠡᠷᠦ ᠳ᠋ᠡᠭᠡᠨ ᠡᠰᠢᠨ ᠦ᠌ ᠣᠷᠣᠢ ᠪᠤᠶᠤ ᠰᠠᠯᠠᠭ᠎ᠠ ᠶ᠋ᠢᠨ ᠦᠵᠦᠭᠦᠷ ᠲᠦ᠍ ᠳᠡᠯᠭᠡᠷᠡᠨ᠎ᠡ᠃ ᠪᠣᠷᠣ᠂ ᠤᠯᠠᠭᠠᠨ᠂ ᠤᠯᠠᠪᠤᠷ᠂ ᠰᠢᠷ᠎ᠠ ᠪᠤᠶᠤ ᠠᠯᠠᠭ ᠥᠩᠭᠡ ᠲᠡᠢ᠃ ᠴᠡᠴᠡᠭ ᠨᠢ ᠢᠬᠴᠤ᠂ ᠴᠡᠴᠡᠭ ᠪᠦᠷᠢ3 ᠪᠠᠭᠯᠠᠭᠴᠢ ᠢᠯᠲᠠᠰᠤ ᠲᠠᠢ᠃ ᠴᠡᠴᠡᠭ ᠦ᠋ᠨ ᠰᠢᠳᠠᠷ ᠨᠢ5᠂ ᠥᠷᠭᠡᠨ ᠬᠠᠪᠲᠠᠭᠠᠢ᠂ ᠲᠡᠪᠡᠨᠡ ᠬᠡᠯᠪᠡᠷᠢ ᠲᠡᠢ᠂5~8mm ᠤᠷᠲᠤ᠂ ᠬᠠᠭᠤᠷᠠᠢ ᠬᠠᠯᠢᠰᠤᠯᠢᠭ᠂ ᠲᠤᠩᠭᠠᠯᠠᠭ ᠪᠠᠢᠳᠠᠭ᠃5 ᠡᠷ᠎ᠡ ᠲᠣᠭᠣᠷᠴᠣᠭ ᠲᠠᠢ᠂ ᠴᠡᠴᠡᠭ ᠦ᠋ᠨ ᠳᠣᠬᠢᠭᠤᠷ ᠤ᠋ᠨ ᠳᠣᠣᠷ᠎ᠠ ᠬᠡᠰᠡᠭ ᠨᠢ ᠨᠡᠢᠯᠡᠭᠡᠳ ᠴᠠᠭᠠᠷᠢᠭ ᠰᠢᠭ᠋ ᠪᠣᠯᠳᠠᠭ᠃1 ᠡᠮ᠎ᠡ ᠲᠣᠭᠣᠷᠴᠣᠭ ᠲᠠᠢ᠂ ᠪᠠᠭᠠᠨ᠎ᠠ ᠶ᠋ᠢᠨ ᠠᠮᠠᠰᠠᠷ ᠨᠢ2 ᠭᠦᠢᠬᠡᠨ ᠣᠨᠢ ᠲᠠᠢ᠃ ᠤᠭᠤᠲᠠᠲᠤ ᠵᠢᠮᠢᠰ ᠨᠢ ᠪᠣᠯᠪᠠᠰᠤᠷᠠᠪᠠᠯ ᠬᠥᠨᠳᠡᠯᠡᠨ ᠬᠠᠭᠠᠷᠠᠨ᠎ᠠ᠂ ᠳᠣᠲᠣᠷ᠎ᠠ ᠨᠢ2 ᠠ᠋ᠴᠠ ᠳᠡᠭᠡᠭᠰᠢ ᠮᠥᠬᠥᠯᠢᠭ ᠵᠢᠵᠢᠭᠬᠡᠨ ᠦᠷ᠎ᠡ ᠲᠡᠢ᠃7~9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂9~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠪᠦᠬᠦ ᠤᠯᠤᠰ ᠤ᠋ᠨ ᠣᠯᠠᠩᠬᠢ ᠭᠠᠵᠠᠷ ᠣᠷᠣᠨ ᠳ᠋ᠤ᠌ ᠪᠦᠷ ᠠᠷᠠᠴᠢᠯᠠᠨ ᠲᠠᠷᠢᠵᠤ ᠪᠣᠢ᠃
   [ ᠲᠡᠭᠦᠵᠦ ᠪᠣᠯᠪᠠᠰᠤᠷᠠᠭᠤᠯᠬᠤ]8~10 ᠳ᠋ᠤᠭᠠᠷ ᠰᠠᠷ᠎ᠠ ᠳ᠋ᠤ᠌ ᠴᠡᠴᠡᠭ ᠨᠢ ᠭᠦᠢᠴᠡᠳ ᠳᠡᠯᠭᠡᠷᠡᠵᠦ᠂ ᠬᠡᠰᠡᠭ ᠵᠢᠮᠢᠰ ᠨᠢ ᠪᠣᠯᠪᠠᠰᠤᠷᠠᠬᠤ ᠦᠶ᠎ᠡ ᠳ᠋ᠦ᠍᠂ ᠪᠠᠭ ᠴᠡᠴᠡᠭ ᠢ᠋ ᠨᠢ ᠬᠠᠢᠴᠢᠯᠠᠨ ᠠᠪᠴᠤ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ ᠠᠮᠲᠠ ᠲᠠᠢ᠂ ᠰᠡᠷᠢᠭᠦᠨ ᠴᠢᠨᠠᠷ ᠲᠠᠢ᠂ ᠬᠥᠩᠭᠡᠨ᠂ ᠬᠠᠭᠤᠷᠠᠢ᠂ ᠡᠶᠡᠯᠳᠡᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠴᠢᠰᠤ ᠶ᠋ᠢ ᠵᠣᠭᠰᠣᠭᠠᠬᠤ᠂ ᠰᠠᠭᠤᠯᠭᠠᠬᠤ ᠶ᠋ᠢ ᠵᠣᠭᠰᠣᠭᠠᠬᠤ ᠴᠢᠳᠠᠯ ᠲᠠᠢ᠃ ᠡᠯ᠎ᠡ ᠵᠦᠢᠯ ᠦ᠋ᠨ ᠴᠢᠰᠤ ᠭᠠᠷᠬᠤ᠂ ᠰᠠᠷ᠎ᠠ ᠶ᠋ᠢᠨ ᠭ᠌ᠭᠢᠷ ᠴᠤᠪᠤᠷᠠᠬᠤ᠂ ᠴᠠᠭᠠᠨ ᠴᠢᠭᠢᠭ ᠠᠷᠪᠢᠳᠠᠬᠤ᠂ ᠭᠡᠳᠡᠰᠦᠨ ᠬᠠᠳᠬᠤᠯᠭ᠎ᠠ᠂ ᠭᠡᠳᠡᠰᠦ ᠡᠪᠡᠳᠴᠦ ᠰᠠᠭᠤᠯᠭᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄鸡冠花
   ᠠᠩᠭ᠌ᠯᠢ ᠨᠡᠷ᠎ᠡ᠄Celosia cristata L.

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄ ᠤᠷᠠᠨᠴᠢᠮᠡᠭ