ᠲᠣᠰᠣᠨ ᠲᠣᠣᠷᠮ᠎ᠠToson tooromТосон тоором ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠲᠣᠰᠣᠨ ᠲᠣᠣᠷᠮ᠎ᠠToson tooromТосон тоором

ᠲᠣᠰᠣᠨ ᠲᠣᠣᠷᠮ᠎ᠠToson tooromТосон тоором

2025-09-24

67

ᠲᠣᠰᠣᠨ ᠲᠣᠣᠷᠮ᠎ᠠ 

   ᠲᠤᠰ ᠡᠮ ᠪᠣᠯ ᠲᠣᠰᠣᠨ ᠲᠣᠣᠷᠮ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠲᠣᠰᠣᠨ ᠲᠣᠣᠷᠮ᠎ᠠ ᠶ᠋ᠢᠨ ᠬᠠᠲᠠᠭᠠᠭᠰᠠᠨ ᠪᠠᠭ ᠴᠡᠴᠡᠭ ᠮᠥᠨ᠃ ᠪᠠᠰᠠ ᠦᠬᠡᠷ ᠦ᠋ᠨ ᠰᠢᠯᠦᠰᠦ ᠡᠪᠡᠰᠦ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃20~60cm ᠥᠨᠳᠥᠷ᠂ ᠰᠢᠯᠤᠭᠤᠨ ᠤᠷᠭᠤᠵᠤ ᠰᠠᠯᠠᠭᠠᠯᠠᠨ᠎ᠠ᠂ ᠣᠬᠣᠷ ᠵᠥᠭᠡᠯᠡᠨ ᠦᠰᠦ ᠲᠡᠢ᠃ ᠤᠵᠠᠭᠤᠷ ᠠ᠋ᠴᠠ ᠨᠢ ᠤᠷᠭᠤᠭᠰᠠᠨ ᠨᠠᠪᠴᠢ ᠨᠢ ᠪᠤᠲᠠᠯᠠᠨ᠎ᠠ᠂ ᠢᠪᠴᠤᠤ ᠵᠤᠤᠪᠠᠩ ᠬᠡᠯᠪᠡᠷᠢ ᠲᠡᠢ᠂ ᠥᠳᠥᠯᠢᠭ ᠭᠦᠢᠴᠡᠳ ᠣᠨᠢ ᠲᠠᠢ᠂ ᠰᠡᠵᠢᠭᠦᠷ ᠢᠯᠲᠠᠰᠤ ᠨᠢ ᠪᠦᠰᠡᠯᠢᠭ᠂1~1.5mm ᠥᠷᠭᠡᠨ᠃ ᠡᠰᠢᠨ ᠳ᠋ᠡᠬᠢ ᠨᠠᠪᠴᠢ ᠨᠢ ᠴᠢᠭᠲᠠᠯᠠᠨ ᠤᠷᠭᠤᠨ᠎ᠠ᠂ ᠤᠷᠲᠤ ᠵᠤᠤᠪᠠᠩᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠨᠢᠭᠡ ᠡᠴᠡ ᠬᠣᠶᠠᠷᠳᠠᠭᠰᠠᠨ ᠥᠳᠥᠯᠢᠭ ᠭᠦᠨ ᠣᠨᠢ ᠲᠠᠢ᠂ ᠰᠡᠵᠢᠭᠦᠷ ᠢᠯᠲᠠᠰᠤ ᠨᠢ ᠪᠦᠰᠡᠯᠢᠭ ᠡᠴᠡ ᠨᠠᠷᠢᠨ ᠬᠠᠪᠲᠠᠭᠠᠢ ᠲᠡᠪᠡᠨᠡ ᠬᠡᠯᠪᠡᠷᠢ ᠲᠡᠢ᠃ ᠨᠠᠪᠴᠢᠨ ᠠᠷᠤ ᠲᠠᠷᠠᠮᠠᠭ ᠦᠰᠦ ᠲᠡᠢ᠂ ᠨᠠᠪᠴᠢᠨ ᠪᠠᠷᠢᠭᠤᠯ ᠨᠢ ᠣᠬᠣᠷ᠃ ᠲᠣᠯᠣᠭᠠᠢ ᠬᠡᠯᠪᠡᠷᠢᠲᠦ ᠪᠠᠭ ᠴᠡᠴᠡᠭ ᠡᠰᠢᠨ ᠦ᠌ ᠣᠷᠣᠢ ᠳ᠋ᠤ᠌ ᠳᠡᠯᠭᠡᠷᠡᠨ᠎ᠡ᠂ ᠳ᠋ᠢᠶᠠᠮᠧᠲ᠋ᠷ ᠨᠢ2~4cm᠂ ᠤᠭ ᠲᠤᠨᠢ ᠦᠷᠦᠮ ᠰᠢᠭ ᠪᠦᠰᠡᠯᠢᠭ ᠬᠡᠯᠪᠡᠷᠢᠲᠦ ᠶᠡᠷᠦᠩᠬᠡᠢ ᠪᠠᠭᠯᠠᠭᠴᠢ ᠲᠠᠢ᠂ ᠶᠡᠷᠦᠩᠬᠡᠢ ᠴᠡᠴᠡᠭ ᠦ᠋ᠨ ᠪᠠᠷᠢᠭᠤᠯ ᠨᠢ30cm ᠬᠦᠷᠳᠡᠭ᠃ ᠴᠡᠴᠡᠭ ᠨᠢ ᠵᠢᠵᠢᠭ᠂ ᠬᠥᠬᠡ ᠡᠴᠡ ᠬᠥᠬᠡᠪᠲᠦᠷ ᠪᠣᠷᠣ ᠥᠩᠭᠡ ᠲᠡᠢ᠃ ᠴᠡᠴᠡᠭ ᠦ᠋ᠨ ᠲᠣᠭᠳᠣᠢ ᠨᠢ5 ᠣᠨᠢ ᠲᠠᠢ᠂ ᠰᠡᠵᠢᠭᠦᠷ ᠢᠯᠲᠠᠰᠤ ᠨᠢ ᠨᠠᠷᠢᠨ ᠤᠷᠲᠤ ᠵᠡᠭᠦᠯᠢᠭ᠃ ᠬᠥᠪᠡᠭᠡ ᠳ᠋ᠡᠬᠢ ᠴᠡᠴᠡᠭ ᠦ᠋ᠨ ᠳᠡᠯᠪᠢ ᠨᠢ ᠤᠷᠤᠭᠤᠯ ᠬᠡᠯᠪᠡᠷᠢ ᠲᠡᠢ᠂ ᠤᠷᠲᠤ ᠨᠢ2cm᠂ ᠬᠣᠭᠣᠯᠠᠢ ᠨᠢ ᠣᠬᠣᠷ᠂ ᠭᠠᠳᠠᠭᠤᠷ ᠨᠢ ᠨᠢᠭ ᠣᠬᠣᠷ ᠦᠰᠦ ᠲᠡᠢ᠂ ᠳᠡᠭᠡᠷ᠎ᠡ ᠤᠷᠤᠭᠤᠯ ᠨᠢ ᠲᠣᠮᠣ ᠪᠥᠭᠡᠳ ᠤᠷᠲᠤ᠂3 ᠣᠨᠢ ᠲᠠᠢ᠂ ᠭᠣᠣᠯ ᠳ᠋ᠠᠬᠢ ᠰᠡᠵᠢᠭᠦᠷ ᠨᠢ ᠨᠡᠯᠢᠶᠡᠳ ᠤᠷᠲᠤ᠂ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠮᠤᠬᠤᠷ ᠪᠤᠶᠤ ᠵᠢᠭᠠᠬᠠᠨ ᠬᠣᠲᠣᠢᠭᠰᠠᠨ ᠦᠵᠦᠭᠦᠷ ᠲᠡᠢ᠂ ᠳᠣᠣᠷ᠎ᠠ ᠤᠷᠤᠭᠤᠯ ᠨᠢ ᠣᠬᠣᠷ᠂2 ᠭᠦᠢᠴᠡᠳ ᠣᠨᠢ ᠲᠠᠢ᠃ ᠭᠣᠣᠯ ᠳ᠋ᠠᠬᠢ ᠴᠡᠴᠡᠭ ᠦ᠋ᠨ ᠳᠡᠯᠪᠢ ᠨᠢ ᠵᠢᠵᠢᠭ᠂5 ᠣᠨᠢ ᠲᠠᠢ᠂ ᠳᠡᠭᠡᠷ᠎ᠡ ᠢᠯᠲᠠᠰᠤ ᠨᠢ ᠨᠡᠯᠢᠶᠡᠳ ᠲᠣᠮᠣ᠃ ᠰᠠᠯᠤᠩᠭᠢ4 ᠡᠷ᠎ᠡ ᠲᠣᠭᠣᠷᠴᠣᠭ ᠲᠠᠢ᠂ ᠳᠣᠣᠷᠠᠲᠤ ᠣᠷᠣᠨᠲᠤ ᠤᠮᠠᠢ ᠲᠠᠢ ᠪᠥᠭᠡᠳ ᠴᠣᠮᠣ ᠰᠢᠭ᠋ ᠵᠢᠵᠢᠭ ᠶᠡᠷᠦᠩᠬᠡᠢ ᠪᠠᠭᠯᠠᠭᠴᠢ ᠳ᠋ᠤ᠌ ᠪᠠᠭᠯᠠᠭᠳᠠᠵᠤ ᠪᠣᠢ᠃ ᠵᠢᠵᠢᠭ ᠶᠡᠷᠦᠩᠬᠡᠢ ᠪᠠᠭᠯᠠᠭᠴᠢ ᠨᠢ ᠳᠥᠷᠪᠡᠯᠵᠢᠨ ᠪᠠᠭᠠᠨ᠎ᠠ ᠰᠢᠭ᠋ ᠬᠡᠯᠪᠡᠷᠢ ᠲᠡᠢ᠂ ᠣᠷᠣᠢ ᠳ᠋ᠤᠨᠢ8 ᠬᠣᠲᠣᠢᠭᠰᠠᠨ ᠨᠦᠬᠡ ᠲᠡᠢ᠂ ᠰᠠᠷᠠᠪᠴᠢ ᠶ᠋ᠢᠨ ᠬᠡᠰᠡᠭ ᠨᠢ ᠬᠠᠯᠢᠰᠤᠯᠢᠭ᠂ ᠵᠢᠮᠢᠰ ᠨᠢ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠣᠷᠣᠢ ᠳ᠋ᠤᠨᠢ ᠮᠥᠩᠬᠡ ᠣᠷᠣᠰᠢᠬᠤ5 ᠰᠤᠷ ᠰᠢᠭ᠋ ᠲᠣᠭᠳᠣᠢ ᠶ᠋ᠢᠨ ᠰᠡᠵᠢᠭᠦᠷ ᠲᠡᠢ ᠪᠥᠭᠡᠳ ᠵᠢᠵᠢᠭ ᠶᠡᠷᠦᠩᠬᠡᠢ ᠪᠠᠭᠯᠠᠭᠴᠢ ᠠ᠋ᠴᠠ ᠪᠠᠨ ᠴᠤᠬᠤᠢᠵᠤ ᠭᠠᠷᠳᠠᠭ᠃6~9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂8~10 ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠬᠠᠢᠷ ᠴᠢᠯᠠᠭᠤ ᠲᠠᠢ ᠠᠭᠤᠯᠠ ᠶ᠋ᠢᠨ ᠬᠠᠵᠠᠭᠤ ᠪᠡᠯᠴᠢᠭᠡᠷ ᠲᠦ᠍ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ ᠳ᠋ᠦ᠍ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠴᠡᠴᠡᠭᠯᠡᠭᠰᠡᠨ ᠦᠶ᠎ᠡ ᠳ᠋ᠦ᠍ ᠪᠠᠭ ᠴᠡᠴᠡᠭ ᠢ᠋ ᠨᠢ ᠲᠡᠭᠦᠵᠦ᠂ ᠰᠡᠭᠦᠳᠡᠷ ᠲᠦ᠍ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠡᠬᠡᠭᠦᠨ ᠠᠮᠲᠠ ᠲᠠᠢ; ᠰᠡᠷᠢᠭᠦᠨ ᠴᠢᠨᠠᠷ ᠲᠠᠢ; ᠮᠣᠬᠣᠳᠠᠭ᠂ ᠬᠠᠭᠤᠷᠠᠢ ᠲᠣᠰᠣᠯᠢᠭ᠂ ᠬᠦᠨᠳᠦ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠰᠢᠷ᠎ᠠ ᠶ᠋ᠢ ᠳᠠᠷᠤᠬᠤ ᠴᠢᠳᠠᠯ ᠲᠠᠢ᠃ ᠭᠣᠣᠯᠳᠠᠭᠤ ᠠᠭᠤᠰᠬᠢ ᠡᠯᠢᠭᠡᠨ ᠦ᠌ ᠬᠠᠯᠠᠭᠤᠨ᠂ ᠬᠠᠯᠠᠭᠤᠨ ᠢ᠋ᠶ᠋ᠠᠷ ᠬᠣᠭᠣᠯᠠᠢ ᠬᠠᠭᠠᠭᠳᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄蓝盆花 (窄叶蓝盆花)
   ᠠᠩᠭ᠌ᠯᠢ ᠨᠡᠷ᠎ᠡ᠄Scabiosa comosa Fish. ex    . et Schult.

   ᠦᠰᠦᠭ ᠠᠮᠢᠯᠠᠭᠤᠯᠤᠭᠴᠢ᠄ ᠲᠤᠶᠠᠭ᠎ᠠ
   ᠬᠢᠨᠠᠭᠴᠢ᠄ ᠴᠡᠪᠡᠷᠴᠡᠴᠡᠭ