ᠭᠦᠷᠭᠦᠮGürgemГүргэм ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠭᠦᠷᠭᠦᠮGürgemГүргэм

ᠭᠦᠷᠭᠦᠮGürgemГүргэм

2025-09-25

95

ᠭᠦᠷᠭᠦᠮ

   ᠲᠤᠰ ᠡᠮ ᠪᠣᠯ ᠤᠳ᠋ᠪᠠᠯ᠎ᠠ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠭᠦᠷᠭᠦᠮ ᠦ᠋ᠨ ᠴᠡᠴᠡᠭ ᠮᠥᠨ᠃ ᠪᠠᠰᠠ ᠡᠪᠡᠰᠦᠨ ᠭᠦᠷᠭᠦᠮ ᠭᠡᠳᠡᠭ᠃
   [ ᠤᠤᠯ ᠤᠷᠭᠤᠮᠠᠯ] ᠨᠢᠭᠡ ᠨᠠᠰᠤᠲᠤ ᠡᠪᠡᠰᠦᠯᠢᠭ ᠤᠷᠭᠤᠮᠠᠯ᠃30~90m ᠥᠨᠳᠥᠷ᠂ ᠪᠦᠬᠦ ᠪᠡᠶ᠎ᠡ ᠨᠢ ᠦᠰᠦ ᠦᠭᠡᠢ ᠭᠥᠯᠢᠭᠡᠷ᠂ ᠰᠢᠯᠤᠭᠤᠨ ᠤᠷᠭᠤᠨ᠎ᠠ᠃ ᠳᠣᠣᠷᠠᠲᠤ ᠬᠡᠰᠡᠭ ᠨᠢ ᠮᠣᠳᠣᠯᠢᠬᠵᠢᠵᠦ᠂ ᠳᠡᠭᠡᠷ᠎ᠡ ᠬᠡᠰᠡᠭ ᠨᠢ ᠣᠯᠠᠨ ᠰᠠᠯᠠᠭᠠᠯᠠᠨ᠎ᠠ᠃ ᠨᠠᠪᠴᠢ ᠨᠢ ᠴᠤᠪᠤᠷᠠᠨ ᠤᠷᠭᠤᠨ᠎ᠠ᠂ ᠰᠠᠷᠢᠰᠤᠯᠢᠭ᠂ ᠥᠨᠳᠡᠭᠡᠯᠵᠢᠨ᠂ ᠤᠷᠲᠤᠯᠵᠢᠨ ᠵᠤᠤᠪᠠᠩ ᠪᠤᠶᠤ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂3~9cm ᠤᠷᠲᠤ᠂ 1~3cm ᠥᠷᠭᠡᠨ᠂ ᠬᠤᠷᠴᠠ ᠱᠣᠪᠬᠣ ᠦᠵᠦᠭᠦᠷ ᠲᠡᠢ᠂ ᠪᠠᠷᠤᠭ ᠪᠠᠷᠢᠭᠤᠯ ᠦᠭᠡᠢ᠂ ᠱᠣᠪᠲᠣᠭᠣᠷ ᠤᠭ ᠲᠠᠢ᠂ ᠬᠥᠪᠡᠭᠡ ᠳ᠋ᠦ᠍ᠨᠢ ᠥᠷᠭᠡᠰᠦ ᠪᠦᠬᠦᠢ ᠬᠢᠷᠥᠭᠡᠨ ᠰᠢᠲᠦ ᠲᠡᠢ᠂ ᠬᠣᠶᠠᠷ ᠲᠠᠯ᠎ᠠ ᠳ᠋ᠤᠨᠢ ᠪᠦᠷ ᠦᠰᠦ ᠦᠭᠡᠢ᠃ ᠳᠡᠭᠡᠷ᠎ᠡ ᠬᠡᠰᠡᠭ ᠦ᠋ᠨ ᠨᠠᠪᠴᠢ ᠨᠢ ᠳᠡᠭᠡᠭᠰᠢᠯᠡᠬᠦ ᠳᠣᠳᠣᠮ ᠵᠢᠵᠢᠭ ᠪᠣᠯᠬᠤ ᠪᠥᠭᠡᠳ ᠬᠠᠮᠤᠭ ᠳᠡᠭᠡᠷᠡᠬᠢ ᠨᠢ ᠪᠠᠭᠯᠠᠭᠴᠢ ᠰᠢᠭ᠋ ᠪᠣᠯᠤᠭᠠᠳ ᠲᠣᠯᠣᠭᠠᠢ ᠬᠡᠯᠪᠡᠷᠢᠲᠦ ᠪᠠᠭ ᠴᠡᠴᠡᠭ ᠢ᠋ᠶ᠋ᠡᠨ ᠬᠦᠷᠢᠶᠡᠯᠡᠳᠡᠭ᠃ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠂ ᠳ᠋ᠢᠶᠠᠮᠧᠲ᠋ᠷ ᠨᠢ 3~4cm᠂ ᠶᠡᠷᠦᠩᠬᠡᠢ ᠪᠠᠭᠯᠠᠭᠴᠢ ᠨᠢ ᠪᠥᠮᠪᠥᠭᠡᠯᠢᠭ ᠰᠢᠬᠠᠭᠤ ᠪᠤᠶᠤ ᠥᠷᠭᠡᠨ ᠥᠨᠳᠡᠭᠡᠯᠵᠢᠨ ᠬᠡᠯᠪᠡᠷᠢ ᠲᠡᠢ᠂2cm ᠣᠷᠴᠢᠮ ᠤᠷᠲᠤ᠂2.5cm ᠣᠷᠴᠢᠮ ᠥᠷᠭᠡᠨ᠂ ᠣᠯᠠᠨ ᠮᠥᠷ ᠶᠡᠷᠦᠩᠬᠡᠢ ᠪᠠᠭᠯᠠᠭᠴᠢ ᠢᠯᠲᠠᠰᠤ ᠲᠠᠢ᠂ ᠭᠠᠳᠠᠷ ᠮᠥᠷ ᠳᠠᠬᠢ ᠨᠢ ᠨᠣᠭᠣᠭᠠᠨ᠂ ᠥᠨᠳᠡᠭᠡᠯᠵᠢᠨ ᠲᠡᠪᠡᠨᠡ ᠬᠡᠯᠪᠡᠷᠢ ᠲᠡᠢ᠂ ᠳᠡᠭᠡᠷ᠎ᠡ ᠬᠡᠰᠡᠭ ᠦ᠋ᠨ ᠬᠥᠪᠡᠭᠡ ᠪᠡᠷ ᠨᠢ ᠢᠵᠢᠯ ᠪᠤᠰᠤ ᠤᠷᠲᠤ ᠵᠡᠭᠦᠯᠢᠭ ᠥᠷᠭᠡᠰᠦ ᠲᠡᠢ᠂ ᠳᠣᠲᠣᠷ᠎ᠠ ᠮᠥᠷ ᠳᠠᠬᠢ ᠨᠢ ᠥᠨᠳᠡᠭᠡᠯᠵᠢᠨ ᠵᠤᠤᠪᠠᠩ ᠬᠡᠯᠪᠡᠷᠢ ᠲᠡᠢ᠂ ᠳᠤᠮᠳᠠ ᠠ᠋ᠴᠠ ᠳᠣᠷᠣᠭᠰᠢ ᠪᠦᠲᠦᠨ ᠬᠥᠪᠡᠭᠡ ᠲᠡᠢ᠂ ᠳᠡᠭᠡᠷ᠎ᠡ ᠬᠡᠰᠡᠭ ᠦ᠋ᠨ ᠬᠥᠪᠡᠭᠡ ᠪᠡᠷ ᠨᠢ ᠣᠬᠣᠷ ᠥᠷᠭᠡᠰᠦ ᠲᠡᠢ᠂ ᠬᠠᠮᠤᠭ ᠳᠣᠲᠣᠷ᠎ᠠ ᠮᠥᠷ ᠳᠠᠬᠢ ᠨᠢ ᠪᠦᠰᠡᠯᠢᠭ ᠬᠠᠢᠷᠰᠤᠯᠢᠭ ᠢᠯᠲᠠᠰᠤ ᠰᠢᠭ᠋᠂ ᠲᠤᠩᠭᠠᠯᠠᠭ ᠪᠥᠭᠡᠳ ᠬᠠᠯᠢᠰᠤᠯᠢᠭ᠃ ᠴᠣᠷᠭᠣ ᠬᠡᠯᠪᠡᠷᠢᠲᠦ ᠴᠡᠴᠡᠭ ᠨᠢ ᠵᠦᠷᠵᠢᠨ ᠤᠯᠠᠭᠠᠨ ᠥᠩᠭᠡ ᠲᠡᠢ᠂ 5 ᠰᠡᠵᠢᠭᠦᠷ ᠢᠯᠲᠠᠰᠤ ᠲᠠᠢ᠃ ᠲᠣᠭᠣᠰᠣᠪᠴᠢ ᠶ᠋ᠢᠨ ᠤᠭ ᠨᠢ ᠰᠤᠮᠤᠨ ᠬᠡᠯᠪᠡᠷᠢ ᠲᠡᠢ᠃ ᠲᠤᠷᠠᠩᠬᠠᠢ ᠵᠢᠮᠢᠰ ᠨᠢ ᠵᠤᠤᠪᠠᠩ ᠪᠤᠶᠤ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ 5mm ᠰᠢᠬᠠᠮ ᠤᠷᠲᠤ᠂ ᠴᠠᠭᠠᠨ ᠥᠩᠭᠡ ᠲᠡᠢ᠂ ᠲᠢᠲᠢᠮ ᠦᠰᠦ ᠲᠡᠢ᠃ 6~7 ᠳ᠋ᠤᠭᠠᠷ ᠰᠠᠷ᠎ᠠ ᠳ᠋ᠤ᠌ ᠴᠡᠴᠡᠭᠯᠡᠵᠦ᠂ 8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠪᠦᠬᠦ ᠤᠯᠤᠰ ᠤ᠋ᠨ ᠡᠯ᠎ᠡ ᠭᠠᠵᠠᠷ ᠲᠤ᠌ ᠪᠦᠷ ᠠᠷᠠᠴᠢᠯᠠᠨ ᠲᠠᠷᠢᠵᠤ ᠪᠠᠢᠨ᠎ᠠ᠃
   [ ᠲᠡᠭᠦᠵᠦ ᠪᠣᠯᠪᠠᠰᠤᠷᠠᠭᠤᠯᠬᠤ] ᠵᠤᠨ᠂ ᠴᠡᠴᠡᠭ ᠨᠢ ᠰᠢᠷ᠎ᠠ ᠠ᠋ᠴᠠ ᠪᠠᠨ ᠤᠯᠠᠢᠬᠤ ᠦᠶ᠎ᠡ ᠳ᠋ᠦ᠍ ᠴᠣᠷᠭᠣ ᠬᠡᠯᠪᠡᠷᠢᠲᠦ ᠴᠡᠴᠡᠭ ᠢ᠋ ᠨᠢ ᠲᠡᠭᠦᠵᠦ᠂ ᠬᠣᠯᠢᠮᠠᠭ ᠵᠦᠢᠯ ᠢ᠋ ᠨᠢ ᠠᠷᠢᠯᠭᠠᠭᠠᠳ ᠰᠡᠭᠦᠳᠡᠷ ᠲᠦ᠍ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠥᠴᠦᠬᠡᠨ ᠭᠠᠰᠢᠭᠤᠨ ᠠᠮᠲᠠ ᠲᠠᠢ; ᠰᠡᠷᠢᠭᠦᠨ ᠴᠢᠨᠠᠷ ᠲᠠᠢ; ᠬᠦᠨᠳᠦ᠂ ᠮᠣᠬᠣᠳᠠᠭ᠂ ᠡᠶᠡᠯᠳᠡᠭ᠂ ᠵᠥᠭᠡᠯᠡᠨ᠂ ᠪᠠᠲᠤᠯᠢᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠴᠢᠰᠤᠨ ᠬᠠᠯᠠᠭᠤᠨ ᠢ᠋ ᠠᠷᠢᠯᠭᠠᠬᠤ᠂ ᠰᠤᠳᠠᠯ ᠤ᠋ᠨ ᠰᠦᠪᠡ ᠶ᠋ᠢ ᠪᠣᠭᠣᠬᠤ᠂ ᠰᠠᠷ᠎ᠠ ᠶ᠋ᠢᠨ ᠭᠬᠢᠷ ᠢ᠋ ᠲᠡᠭᠰᠢᠳᠬᠡᠬᠦ᠂ ᠡᠯᠢᠭᠡᠨ ᠦ᠌ ᠬᠠᠯᠠᠭᠤᠨ ᠢ᠋ ᠠᠷᠢᠯᠭᠠᠬᠤ᠂ ᠲᠠᠮᠢᠷ ᠢ᠋ ᠰᠠᠢᠵᠢᠷᠠᠭᠤᠯᠬᠤ᠂ ᠡᠪᠡᠳᠬᠦ ᠶ᠋ᠢ ᠵᠣᠭᠰᠣᠭᠠᠬᠤ᠂ ᠬᠠᠪᠤᠳᠠᠷ ᠢ᠋ ᠬᠠᠷᠢᠭᠤᠯᠬᠤ ᠴᠢᠳᠠᠯ ᠲᠠᠢ᠃ ᠡᠯᠢᠭᠡᠨ ᠦ᠌ ᠬᠠᠯᠠᠭᠤᠨ᠂ ᠴᠢᠰᠤᠨ ᠬᠠᠯᠠᠭᠤᠨ᠂ ᠰᠠᠷ᠎ᠠ ᠶ᠋ᠢᠨ ᠭᠬᠢᠷ ᠲᠡᠭᠰᠢ ᠦᠭᠡᠢ᠂ ᠬᠠᠮᠠᠷ ᠠᠮᠠᠨ ᠠ᠋ᠴᠠ ᠴᠢᠰᠤ ᠭᠠᠷᠬᠤ᠂ ᠲᠣᠯᠣᠭᠠᠢ ᠡᠪᠡᠳᠬᠦ᠂ ᠵᠢᠷᠦᠬᠡᠨ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 红花
   ᠠᠩᠭ᠌ᠯᠢ ᠨᠡᠷ᠎ᠡ᠄Carthamus tinctorius L.

   ᠦᠰᠦᠭ ᠠᠮᠢᠯᠠᠭᠤᠯᠤᠭᠴᠢ᠄ ᠡᠷᠳᠡᠨᠢᠭᠣᠸ᠎ᠠ
   ᠬᠢᠨᠠᠭᠴᠢ᠄ ᠤᠷᠠᠨᠴᠢᠮᠡᠭ