ᠭᠣᠣᠯᠲᠤ ᠪᠣᠷᠣGolt borГолт бор
ᠭᠣᠣᠯᠲᠤ ᠪᠣᠷᠣ
ᠲᠤᠰ ᠡᠮ ᠪᠣᠯ ᠭᠠᠪᠢᠷᠠᠯᠢᠭ ᠤᠨ ᠢᠵᠠᠭᠤᠷ ᠤᠨ ᠤᠷᠭᠤᠮᠠᠯ ᠪᠣᠯᠬᠤ ᠭᠣᠣᠯᠲᠤ ᠪᠣᠷᠣ ᠶ᠋ᠢᠨ ᠬᠠᠲᠠᠭᠠᠭᠰᠠᠨ ᠴᠡᠴᠡᠭ ᠦ᠋ᠨ ᠴᠣᠮᠣᠷᠯᠢᠭ ᠮᠥᠨ᠃ ᠪᠠᠰᠠ ᠯᠢᠰᠢ᠂ ᠯᠢᠰᠢᠰᠡᠩᠰᠧᠷ᠂ ᠡᠷ᠎ᠡ ᠭᠣᠣᠯᠲᠤ ᠪᠣᠷᠣ ᠭᠡᠳᠡᠭ᠃
[ ᠤᠤᠯ ᠤᠷᠭᠤᠮᠠᠯ] ᠮᠥᠩᠬᠡ ᠬᠥᠬᠡᠷᠡᠭᠴᠢ ᠲᠤᠷᠤᠭ ᠮᠣᠳᠣ᠃10m ᠥᠨᠳᠥᠷ᠂ ᠨᠠᠪᠴᠢ ᠨᠢ ᠴᠢᠬᠲᠠᠯᠠᠨ ᠤᠷᠭᠤᠨ᠎ᠠ᠃ ᠢᠯᠡᠬᠡᠨ ᠪᠠᠷᠢᠭᠤᠯ ᠲᠠᠢ᠂ ᠨᠠᠪᠴᠢᠨ ᠢᠯᠲᠠᠰᠤ ᠨᠢ ᠤᠷᠲᠤ ᠳᠥᠷᠪᠡᠯᠵᠢᠨ ᠰᠢᠭ᠌ ᠥᠨᠳᠡᠭᠡᠯᠵᠢᠨ ᠪᠤᠶᠤ ᠤᠷᠲᠤ ᠳᠥᠷᠪᠡᠯᠵᠢᠨ ᠰᠢᠭ᠌ ᠲᠣᠩᠭᠤᠷᠤᠤ ᠥᠨᠳᠡᠭᠡᠯᠵᠢᠨ ᠬᠡᠯᠪᠡᠷᠢ ᠲᠡᠢ᠃5~10cm ᠤᠷᠲᠤ᠂2.5~5cm ᠥᠷᠭᠡᠨ᠂ ᠱᠣᠪᠲᠤᠭᠤᠷ ᠪᠤᠶᠤ ᠱᠣᠪᠣᠭᠣᠷ ᠦᠵᠦᠭᠦᠷ ᠲᠡᠢ᠂ ᠤᠭ ᠨᠢ ᠨᠠᠷᠢᠰᠴᠤ ᠰᠤᠨᠤᠭᠠᠳ ᠪᠠᠷᠢᠭᠤᠯ ᠪᠣᠯᠳᠠᠭ᠂ ᠪᠦᠲᠦᠨ ᠬᠥᠪᠡᠭᠡ ᠲᠡᠢ᠃ ᠴᠡᠴᠡᠭ ᠨᠢ ᠠᠩᠬᠢᠯᠤᠮ᠎ᠠ ᠦᠨᠦᠷ ᠲᠡᠢ᠂ ᠴᠣᠮᠬᠠᠨ ᠱᠣᠷᠣᠯᠵᠢᠨ ᠬᠡᠯᠪᠡᠷᠢᠲᠦ ᠪᠠᠭ ᠴᠡᠴᠡᠭ ᠨᠢ ᠣᠷᠣᠢ ᠳ᠋ᠤᠨᠢ ᠳᠡᠯᠭᠡᠷᠡᠨ᠎ᠡ᠂ ᠴᠡᠴᠡᠭ ᠦ᠋ᠨ ᠳ᠋ᠢᠶᠠᠮᠧᠲ᠋ᠷ ᠨᠢ6mm ᠣᠷᠴᠢᠮ᠃ ᠴᠡᠴᠡᠭ ᠦ᠋ᠨ ᠲᠣᠭᠳᠣᠢ ᠨᠢ ᠵᠤᠵᠠᠭᠠᠨ᠂ ᠨᠣᠭᠣᠭᠠᠨ ᠠ᠋ᠴᠠ ᠪᠠᠨ ᠪᠣᠷᠣ ᠥᠩᠭᠡ ᠲᠡᠢ ᠪᠣᠯᠵᠤ ᠬᠤᠪᠢᠷᠠᠨ᠎ᠠ᠃ ᠤᠷᠲᠤ ᠬᠣᠭᠣᠯᠠᠢ ᠰᠢᠭ᠌ ᠬᠡᠯᠪᠡᠷᠢ ᠲᠡᠢ᠂ ᠦᠵᠦᠭᠦᠷ ᠨᠢ4 ᠤᠨᠢ ᠲᠠᠢ᠃ ᠣᠯᠠᠨ ᠡᠷ᠎ᠡ ᠲᠣᠭᠣᠷᠴᠣᠭ ᠲᠠᠢ᠂ ᠲᠣᠭᠣᠰᠣᠪᠴᠢ ᠨᠢ ᠭᠤᠯᠳᠤ ᠪᠠᠷ ᠬᠠᠭᠠᠷᠠᠨ᠎ᠠ᠃ ᠲᠣᠭᠳᠣᠢ ᠬᠣᠭᠣᠯᠠᠢ ᠲᠠᠢ ᠪᠠᠨ ᠨᠡᠶ᠋ᠢᠯᠡᠨ ᠤᠷᠭᠤᠭᠰᠠᠨ ᠳᠣᠣᠷᠠᠳᠤ ᠣᠷᠣᠨᠲᠤ ᠤᠮᠠᠢ ᠲᠠᠢ᠂ ᠴᠡᠴᠡᠭ ᠦ᠋ᠨ ᠪᠠᠭᠠᠨ᠎ᠠ ᠨᠢ ᠪᠦᠳᠦᠭᠦᠨ᠂ ᠵᠤᠵᠠᠭᠠᠨ᠂ ᠪᠠᠭᠠᠨ᠎ᠠ ᠶ᠋ᠢᠨ ᠣᠷᠣᠢ ᠨᠢ ᠲᠣᠳᠣᠷᠬᠠᠢ ᠦᠭᠡᠢ᠃ ᠰᠢᠭᠦᠰᠦᠯᠢᠭ ᠵᠢᠮᠢᠰ ᠨᠢ ᠤᠯᠠᠪᠤᠷ ᠬᠦᠷᠡᠩ ᠥᠩᠭᠡ ᠲᠡᠢ᠂ ᠤᠷᠲᠤᠯᠵᠢᠨ ᠵᠤᠤᠪᠠᠩ ᠬᠡᠯᠪᠡᠷᠢ ᠲᠡᠢ᠂1~1.5cm᠂ ᠳ᠋ᠢᠶᠠᠮᠧᠲ᠋ᠷ ᠨᠢ5~8mm᠂ ᠦᠵᠦᠭᠦᠷ ᠲᠤᠨᠢ ᠮᠥᠩᠬᠡ ᠣᠷᠣᠰᠢᠬᠤ ᠴᠡᠴᠡᠭ ᠦ᠋ᠨ ᠲᠣᠭᠳᠣᠢ ᠲᠠᠢ᠃ ᠤᠷᠲᠤ ᠳᠥᠷᠪᠡᠯᠵᠢᠨ ᠦᠷ᠎ᠡ ᠲᠡᠢ᠃
[ ᠤᠷᠭᠤᠬᠤ ᠣᠷᠴᠢᠨ ᠬᠢᠭᠡᠳ ᠲᠠᠷᠬᠠᠴᠠ] ᠭᠤᠸᠠᠩᠳᠦ᠋ᠩ᠂ ᠭᠤᠸᠠᠩᠰᠢ᠂ ᠵᠡᠷᠭᠡ ᠭᠠᠵᠠᠷ ᠣᠷᠣᠨ ᠳ᠋ᠤ ᠠᠷᠠᠴᠢᠯᠠᠨ ᠲᠠᠷᠢᠵᠤ ᠪᠤᠢ᠃ ᠮᠡᠯᠡᠢ ᠣᠯᠲᠣᠷᠢᠭ ᠵᠢᠴᠢ ᠠᠹᠷᠢᠺᠠ ᠲᠢᠪ ᠲᠦ ᠪᠠᠰᠠ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ]9 ᠳ᠋ᠦ᠍ᠭᠡᠷ ᠰᠠᠷ᠎ᠠ ᠠ᠋ᠴᠠ ᠳᠠᠷᠠᠭ᠎ᠠ ᠵᠢᠯ ᠦ᠋ᠨ ᠬᠢᠨᠢ3 ᠳ᠋ᠤᠭᠠᠷ ᠰᠠᠷ᠎ᠠ ᠶ᠋ᠢᠨ ᠬᠣᠭᠣᠷᠣᠨᠳᠣ ᠴᠡᠴᠡᠭ ᠦ᠋ᠨ ᠴᠣᠮᠣᠷᠯᠢᠭ ᠨᠢ ᠬᠥᠬᠡ ᠡᠴᠡ ᠪᠡᠨ ᠰᠣᠷᠭᠣᠭ ᠤᠯᠠᠭᠠᠨ ᠪᠣᠯᠬᠤ ᠦᠶ᠎ᠡ ᠳ᠋ᠤᠨᠢ ᠲᠡᠭᠦᠵᠦ᠂ ᠴᠡᠴᠡᠭ ᠦ᠋ᠨ ᠪᠠᠷᠢᠭᠤᠯ ᠊ᠢ ᠨᠢ ᠠᠷᠢᠯᠭᠠᠭᠠᠳ ᠨᠠᠷᠠᠨ ᠳ᠋ᠤ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠤᠱᠤᠭᠤᠨ᠂ ᠥᠴᠦᠬᠡᠨ ᠭᠠᠰᠢᠭᠤᠨ ᠠᠮᠲᠠ ᠲᠠᠢ᠂ ᠪᠦᠯᠢᠶᠡᠨ ᠴᠢᠨᠠᠷ ᠲᠠᠢ᠂ ᠬᠦᠨᠳᠦ᠂ ᠲᠣᠰᠣᠯᠢᠭ᠂ ᠪᠠᠲᠤᠯᠢᠭ᠂ ᠵᠥᠭᠡᠯᠡᠨ᠂ ᠬᠠᠭᠤᠷᠠᠢ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠦᠢᠲᠡᠨ ᠬᠡᠢ ᠶ᠋ᠢ ᠠᠷᠢᠯᠭᠠᠬᠤ᠂ ᠢᠯᠴᠢ ᠶ᠋ᠢ ᠰᠡᠯᠪᠢᠬᠦ᠂ ᠢᠲᠡᠭᠡᠨ ᠊ᠢ ᠰᠢᠩᠭᠡᠭᠡᠬᠦ᠂ ᠳᠤᠷ᠎ᠠ ᠶ᠋ᠢ ᠨᠡᠭᠡᠭᠡᠬᠦ᠂ ᠬᠣᠣᠷ ᠊ᠢ ᠲᠠᠶ᠋ᠢᠯᠬᠤ᠂ ᠬᠣᠭᠣᠯᠠᠢ ᠳ᠋ᠤ ᠲᠤᠰᠠᠯᠠᠬᠤ ᠴᠢᠳᠠᠯ ᠲᠠᠢ᠃ ᠭᠣᠣᠯᠳᠠᠭᠤ ᠭᠣᠣᠯ ᠰᠤᠳᠠᠯ ᠤᠨ ᠬᠡᠢ ᠡᠪᠡᠳᠴᠢᠨ᠂ ᠵᠢᠷᠦᠬᠡᠨ ᠬᠡᠢ᠂ ᠨᠣᠶ᠋ᠢᠷ ᠬᠤᠯᠵᠢᠬᠤ᠂ ᠰᠣᠯᠢᠶ᠎ᠠ᠂ ᠬᠣᠭᠣᠯᠠᠢ ᠬᠠᠭᠠᠭᠳᠠᠬᠤ᠂ ᠪᠣᠳᠣ ᠭᠦᠪᠳᠦᠷᠦᠦ ᠵᠡᠷᠭᠡ ᠶ᠋ᠢ ᠵᠠᠰᠠᠬᠤ ᠳ᠋ᠤ ᠬᠡᠷᠡᠭᠯᠡᠨ᠎ᠡ᠃
ᠬᠢᠲᠠᠳ ᠨᠡᠷ᠎ᠡ᠄丁香
ᠠᠩᠭ᠌ᠯᠢ ᠨᠡᠷ᠎ᠡ᠄Euagenia caryophyllata Thunb.
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠲᠤᠶᠠᠭ᠎ᠠ