ᠮᠣᠳᠣᠨ ᠬᠥᠪᠥᠩ ᠦ᠋ᠨ ᠴᠡᠴᠡᠭModon güvengiin tsetsegМодон гүвэнгийн цэцэг
ᠮᠣᠳᠣᠨ ᠬᠥᠪᠥᠩ ᠦ᠋ᠨ ᠴᠡᠴᠡᠭ
ᠲᠤᠰ ᠡᠮ ᠪᠣᠯ ᠮᠣᠳᠣᠨ ᠬᠥᠪᠥᠩ ᠦ᠋ᠨ ᠢᠵᠠᠭᠤᠷ ᠤ᠋ᠨ ᠤᠷᠭᠤᠮᠠᠯ ᠪᠣᠯᠬᠤ ᠮᠣᠳᠣᠨ ᠬᠥᠪᠥᠩ ᠦ᠋ᠨ ᠬᠠᠲᠠᠭᠠᠭᠰᠠᠨ ᠴᠡᠴᠡᠭ ᠦ᠋ᠨ ᠲᠣᠭᠳᠣᠢ ᠪᠤᠶᠤ ᠴᠣᠮᠣᠷᠯᠢᠭ( ᠪᠣᠰᠪᠠᠭᠡᠰᠡᠷ)᠂ ᠬᠡᠯᠲᠡᠰ( ᠪᠠᠳᠮᠠᠭᠡᠰᠡᠷ)᠂ ᠲᠣᠭᠣᠷᠴᠣᠭ( ᠨᠠᠭᠠᠭᠡᠰᠡᠷ) ᠮᠥᠨ᠃
[ ᠤᠤᠯ ᠤᠷᠭᠤᠮᠠᠯ] ᠨᠠᠪᠴᠢ ᠵᠤᠯᠭᠠᠷᠠᠬᠤ ᠲᠤᠷᠤᠭ ᠮᠣᠳᠣ᠃25m ᠣᠷᠴᠢᠮ ᠥᠨᠳᠥᠷ᠂ ᠡᠰᠢ ᠪᠠ ᠮᠥᠴᠢᠷ ᠳᠡᠭᠡᠷ᠎ᠡ ᠨᠢ ᠣᠬᠣᠷ ᠮᠥᠷᠲᠡᠭᠡᠨ ᠲᠣᠮᠣ ᠱᠣᠷᠣᠯᠵᠢᠨ ᠥᠷᠭᠡᠰᠦ ᠲᠡᠢ᠂ ᠮᠥᠴᠢᠷ ᠨᠢ ᠰᠠᠷᠪᠠᠭᠠᠷ᠃ ᠠᠯᠠᠭᠠᠯᠢᠭ ᠨᠡᠢᠯᠡᠮᠡᠯ ᠨᠠᠪᠴᠢ ᠲᠠᠢ᠂ ᠨᠠᠪᠴᠢᠨ ᠪᠠᠷᠢᠭᠤᠯ ᠨᠢ8~12cm ᠤᠷᠲᠤ᠂ ᠪᠠᠷᠢᠭᠤᠯ ᠪᠦᠬᠦᠢ5~7 ᠵᠢᠵᠢᠭ ᠨᠠᠪᠴᠢ ᠲᠠᠢ᠂ ᠨᠢᠮᠭᠡᠨ ᠰᠠᠷᠢᠰᠤᠯᠢᠭ᠂ ᠬᠠᠪᠲᠠᠭᠠᠢ ᠲᠣᠭᠣᠷᠢᠭ ᠠ᠋ᠴᠠ ᠵᠤᠤᠪᠠᠩᠯᠢᠭ ᠬᠠᠪᠲᠠᠭᠠᠢ ᠲᠣᠭᠣᠷᠢᠭ ᠬᠡᠯᠪᠡᠷᠢ ᠲᠡᠢ᠂10~20cm ᠤᠷᠲᠤ᠂5~7cm ᠥᠷᠭᠡᠨ᠂ ᠱᠣᠪᠲᠤᠭᠣᠷ ᠦᠵᠦᠭᠦᠷ ᠲᠡᠢ᠂ ᠱᠣᠪᠲᠤᠭᠣᠷ ᠤᠭ ᠲᠠᠢ᠂ ᠪᠦᠲᠦᠨ ᠬᠥᠪᠡᠭᠡ ᠲᠡᠢ᠂ ᠬᠣᠶᠠᠷ ᠲᠠᠯ᠎ᠠ ᠨᠢ ᠪᠦᠷ ᠦᠰᠦ ᠦᠭᠡᠢ᠃ ᠴᠡᠴᠡᠭ ᠨᠢ ᠲᠣᠮᠣ᠂ ᠤᠯᠠᠭᠠᠨ ᠥᠩᠭᠡ ᠲᠡᠢ᠂ ᠳ᠋ᠢᠶᠠᠮᠧᠲ᠋ᠷ ᠨᠢ12cm ᠣᠷᠴᠢᠮ ᠪᠤᠶᠤ ᠢᠯᠡᠭᠦᠦ᠂ ᠨᠠᠪᠴᠢᠨ ᠠ᠋ᠴᠠ ᠪᠠᠨ ᠡᠮᠦᠨ᠎ᠡ ᠳᠡᠯᠭᠡᠷᠡᠨ᠎ᠡ᠃ ᠴᠡᠴᠡᠭ ᠦ᠋ᠨ ᠲᠣᠭᠳᠣᠢ ᠨᠢ ᠵᠤᠵᠠᠭᠠᠨ ᠰᠠᠷᠢᠰᠤᠯᠢᠭ᠂3.5~4.5cm ᠤᠷᠲᠤ᠂ ᠭᠠᠳᠠᠷ ᠲᠠᠯ᠎ᠠ ᠨᠢ ᠦᠰᠦ ᠦᠭᠡᠢ ᠴᠡᠪᠡᠷᠬᠡᠨ᠂ ᠳᠣᠲᠣᠷ᠎ᠠ ᠨᠢ ᠰᠢᠷᠬᠡᠭᠯᠢᠭ ᠦᠰᠦ ᠲᠡᠢ᠂ ᠥᠷᠭᠡᠨ ᠮᠥᠷᠲᠡᠭᠡᠨ ᠮᠤᠬᠤᠷ ᠰᠡᠵᠢᠭᠦᠷ ᠢᠯᠲᠠᠰᠤ ᠲᠠᠢ᠂ ᠴᠡᠴᠡᠭ ᠦ᠋ᠨ ᠬᠡᠯᠲᠡᠰ ᠨᠢ5᠂ ᠮᠢᠬᠠᠯᠢᠭ᠂ ᠬᠠᠪᠲᠠᠭᠠᠢ ᠲᠣᠭᠣᠷᠢᠭ ᠬᠡᠯᠪᠡᠷᠢ ᠲᠡᠢ᠂8~10cm ᠤᠷᠲᠤ᠂ ᠬᠣᠶᠠᠷ ᠲᠠᠯ᠎ᠠ ᠳ᠋ᠤᠨᠢ ᠣᠳᠣᠯᠢᠭ ᠵᠥᠭᠡᠯᠡᠨ ᠦᠰᠦ ᠲᠡᠢ ᠪᠣᠯᠪᠠᠴᠤ ᠳᠣᠲᠣᠷ᠎ᠠ ᠲᠠᠯ᠎ᠠ ᠶ᠋ᠢᠨ ᠬᠢᠨᠢ ᠵᠢᠭᠠᠬᠠᠨ ᠲᠠᠷᠠᠮᠠᠭ᠃ ᠡᠷ᠎ᠡ ᠲᠣᠭᠣᠷᠴᠣᠭ ᠤ᠋ᠨ ᠬᠣᠭᠣᠯᠠᠢ ᠨᠢ ᠣᠬᠣᠷ ᠪᠥᠭᠡᠳ ᠣᠯᠠᠨ ᠮᠥᠷ ᠢ᠋ᠶ᠋ᠡᠷ ᠪᠠᠢᠷᠢᠯᠠᠨ᠎ᠠ᠃ ᠬᠠᠮᠤᠭ ᠳᠣᠲᠣᠷᠠᠬᠢ5 ᠨᠢ ᠣᠷᠣᠢ ᠶ᠋ᠢᠨ ᠬᠡᠰᠡᠭ ᠲᠡᠭᠡᠨ ᠰᠠᠯᠠᠭᠠᠯᠠᠨ᠎ᠠ᠃ ᠰᠠᠯᠠᠭ᠎ᠠ ᠪᠦᠷᠢ ᠳ᠋ᠦ᠍ᠨᠢ1 ᠲᠣᠭᠣᠰᠣᠪᠴᠢ ᠲᠠᠢ᠂ ᠳᠤᠮᠳᠠᠬᠢ10 ᠨᠢ ᠨᠡᠯᠢᠶᠡᠳ ᠣᠬᠣᠷ᠂ ᠬᠠᠮᠤᠭ ᠭᠠᠳᠠᠨᠠᠬᠢ ᠨᠢ ᠣᠯᠠᠨ᠂ ᠨᠡᠢᠯᠡᠭᠡᠳ5 ᠪᠠᠭᠴᠠ ᠪᠣᠯᠳᠠᠭ᠃ ᠤᠮᠠᠢ ᠨᠢ5 ᠲᠠᠰᠤᠯᠭ᠎ᠠ ᠲᠠᠢ᠂ ᠣᠯᠠᠨ ᠦᠷ᠎ᠡ ᠨᠠᠬᠢᠶ᠎ᠠ ᠲᠠᠢ᠂ ᠪᠠᠭᠠᠨ᠎ᠠ ᠶ᠋ᠢᠨ ᠠᠮᠠᠰᠠᠷ ᠨᠢ5 ᠣᠨᠢ ᠲᠠᠢ᠃ ᠬᠣᠩᠭᠣᠷᠴᠣᠭᠲᠤ ᠵᠢᠮᠢᠰ ᠨᠢ ᠲᠣᠮᠣ᠂ ᠬᠠᠪᠲᠠᠭᠠᠢ ᠲᠣᠭᠣᠷᠢᠭ ᠬᠡᠯᠪᠡᠷᠢ ᠲᠡᠢ᠂ ᠮᠣᠳᠣᠯᠢᠭ᠂10~15cm ᠤᠷᠲᠤ᠂4.5~5cm ᠥᠷᠭᠡᠨ᠂ ᠵᠢᠮᠢᠰ ᠦ᠋ᠨ ᠬᠡᠯᠲᠡᠰ ᠦ᠋ᠨ ᠳᠣᠲᠣᠷ᠎ᠠ ᠨᠢ ᠬᠥᠪᠥᠩ ᠦᠰᠦ ᠲᠡᠢ᠂ ᠲᠣᠩᠭᠣᠷᠤᠤ ᠥᠨᠳᠡᠭᠡᠯᠵᠢᠨ ᠬᠡᠯᠪᠡᠷᠢᠲᠦ ᠣᠯᠠᠨ ᠦᠷ᠎ᠡ ᠲᠡᠢ᠃3 ᠳ᠋ᠤᠭᠠᠷ ᠰᠠᠷ᠎ᠠ ᠳ᠋ᠤ᠌ ᠴᠡᠴᠡᠭᠯᠡᠵᠦ᠂5 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠵᠡᠷᠯᠢᠭ ᠤᠷᠭᠤᠬᠤ ᠪᠤᠶᠤ ᠠᠷᠠᠴᠢᠯᠠᠨ ᠲᠠᠷᠢᠵᠤ ᠪᠠᠢᠨ᠎ᠠ᠃ ᠹᠦᠵᠢᠶᠠᠨ᠂ ᠲᠠᠢᠸᠠᠨ᠂ ᠭᠤᠸᠠᠩᠳᠥ᠋ᠩ᠂ ᠭᠤᠸᠠᠩᠰᠢ᠂ ᠶᠦᠨᠨᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ᠲᠡᠭᠦᠵᠦ ᠪᠣᠯᠪᠠᠰᠤᠷᠠᠭᠤᠯᠬᠤ]3 ᠳ᠋ᠤᠭᠠᠷ ᠰᠠᠷ᠎ᠠ ᠳ᠋ᠤ᠌ ᠥᠷᠨᠢᠭᠦᠨ ᠳᠡᠯᠭᠡᠷᠡᠭᠰᠡᠨ ᠴᠡᠴᠡᠭ ᠢ᠋ ᠨᠢ ᠲᠡᠭᠦᠵᠦ᠂ ᠨᠠᠷᠠᠨ ᠳ᠋ᠤ᠌ ᠬᠠᠲᠠᠭᠠᠬᠤ ᠪᠤᠶᠤ ᠬᠠᠭᠰᠠᠭᠠᠨ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠡᠬᠡᠭᠦᠨ ᠠᠮᠲᠠ ᠲᠠᠢ᠃ ᠰᠡᠷᠢᠭᠦᠨ ᠴᠢᠨᠠᠷ ᠲᠠᠢ᠃ ᠮᠣᠬᠣᠳᠠᠭ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠠᠭᠤᠰᠬᠢ᠂ ᠵᠢᠷᠦᠬᠡ᠂ ᠡᠯᠢᠭᠡᠨ ᠦ᠌ ᠬᠠᠯᠠᠭᠤᠨ ᠢ᠋ ᠠᠷᠢᠯᠭᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄木棉花 (木棉)
ᠠᠩᠭ᠌ᠯᠢ ᠨᠡᠷ᠎ᠡ᠄Gossampinus malabarica (DC.)Merr.
ᠦᠰᠦᠭ ᠠᠮᠢᠯᠠᠭᠤᠯᠤᠭᠴᠢ᠄ ᠲᠤᠤᠬᠤᠸᠠᠷ
ᠬᠢᠨᠠᠭᠴᠢ᠄ ᠤᠷᠠᠨᠴᠢᠮᠡᠭ