ᠤᠯᠠᠭᠠᠨ ᠽᠠᠨᠳᠠᠨUlaan zandanУлаан зандан ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠤᠯᠠᠭᠠᠨ ᠽᠠᠨᠳᠠᠨUlaan zandanУлаан зандан

ᠤᠯᠠᠭᠠᠨ ᠽᠠᠨᠳᠠᠨUlaan zandanУлаан зандан

2025-09-28

101

ᠤᠯᠠᠭᠠᠨ ᠽᠠᠨᠳᠠᠨ 

   ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠤᠯᠠᠭᠠᠨ ᠽᠠᠨᠳᠠᠨ ᠤ᠋ ᠬᠠᠲᠠᠭᠠᠭᠰᠠᠨ ᠡᠰᠢᠨ ᠦ᠌ ᠭᠣᠣᠯ ᠮᠥᠨ᠃ ᠪᠠᠰᠠ ᠽᠠᠨᠳᠠᠨᠮᠠᠷᠪᠤ ᠭᠡᠳᠡᠭ᠃
   [ ᠤᠤᠯ ᠤᠷᠭᠤᠮᠠᠯ] ᠲᠤᠷᠤᠭ ᠮᠣᠳᠣ᠃10~25m ᠥᠨᠳᠥᠷ᠂ ᠬᠣᠯᠲᠣᠰᠣ ᠨᠢ ᠴᠠᠢᠪᠤᠷ᠂ ᠮᠣᠳᠣ ᠨᠢ ᠪᠡᠬᠢ ᠬᠠᠲᠠᠭᠤ ᠮᠥᠷᠲᠡᠭᠡᠨ ᠨᠢᠭᠲᠠ᠂ ᠭᠣᠣᠯ ᠨᠢ ᠤᠯᠠᠭᠠᠨ ᠪᠤᠶᠤ ᠤᠯᠠᠪᠢᠷ᠃ ᠰᠣᠨᠳᠣᠭᠣᠢ ᠥᠳᠥᠯᠢᠭ ᠨᠡᠢᠯᠡᠮᠡᠯ ᠨᠠᠪᠴᠢ ᠨᠢ ᠴᠤᠪᠤᠷᠠᠨ ᠤᠷᠭᠤᠨ᠎ᠠ᠃ ᠵᠢᠵᠢᠭ ᠨᠠᠪᠴᠢ ᠨᠢ3~5 ᠬᠣᠣᠰ᠃ ᠵᠢᠵᠢᠭ ᠨᠠᠪᠴᠢᠨ ᠢᠯᠲᠠᠰᠤ ᠨᠢ ᠴᠤᠪᠤᠷᠠᠨ ᠤᠷᠭᠤᠨ᠎ᠠ᠂ ᠥᠨᠳᠡᠭᠡᠯᠵᠢᠨ ᠬᠡᠯᠪᠡᠷᠢ ᠲᠡᠢ᠂6~11cm ᠤᠷᠲᠤ᠂4~5cm ᠥᠷᠭᠡᠨ᠂ ᠱᠣᠪᠬᠣ ᠦᠵᠦᠭᠦᠷ ᠲᠡᠢ᠂ ᠲᠣᠭᠣᠷᠢᠭ ᠤᠭ ᠲᠠᠢ᠃ ᠬᠣᠶᠠᠷ ᠲᠠᠯ᠎ᠠ ᠳ᠋ᠤᠨᠢ ᠦᠰᠦ ᠦᠭᠡᠢ᠃ ᠲᠣᠰᠬᠣᠭᠤᠷ ᠨᠠᠪᠴᠢ ᠨᠢ ᠵᠢᠵᠢᠭ᠂ ᠡᠷᠲᠡ ᠵᠤᠯᠭᠠᠷᠠᠳᠠᠭ᠃ ᠴᠡᠴᠡᠭ ᠨᠢ ᠰᠢᠷ᠎ᠠ᠂ ᠱᠣᠷᠣᠯᠵᠢᠨ ᠪᠠᠭ ᠴᠡᠴᠡᠭ ᠡᠰᠢᠨ ᠦ᠌ ᠣᠷᠣᠢ ᠪᠤᠶᠤ ᠨᠠᠪᠴᠢᠨ ᠰᠤᠭᠤ ᠳ᠋ᠤ᠌ ᠳᠡᠯᠭᠡᠷᠡᠨ᠎ᠡ᠂ ᠣᠬᠣᠷ ᠵᠥᠭᠡᠯᠡᠨ ᠦᠰᠦ ᠲᠡᠢ᠃ ᠴᠡᠴᠡᠭ ᠦ᠋ᠨ ᠪᠠᠷᠢᠭᠤᠯ ᠳᠡᠭᠡᠷ᠎ᠡ ᠨᠢ ᠢᠯᠡᠬᠡᠨ ᠦᠶ᠎ᠡ ᠲᠡᠢ᠂ ᠣᠷᠣᠢ ᠳ᠋ᠤᠨᠢ2 ᠤᠲᠠᠰᠤᠯᠢᠭ ᠵᠢᠵᠢᠭ ᠪᠠᠭᠯᠠᠭᠴᠢ ᠢᠯᠲᠠᠰᠤ ᠲᠠᠢ᠂ ᠬᠢᠯᠪᠠᠷ ᠵᠤᠯᠭᠠᠷᠠᠨ᠎ᠠ᠃ ᠴᠡᠴᠡᠭ ᠦ᠋ᠨ ᠲᠣᠭᠳᠣᠢ ᠨᠢ5mm ᠤᠷᠲᠤ᠂ ᠵᠢᠭᠠᠬᠠᠨ ᠮᠤᠷᠤᠢ᠂5 ᠬᠡᠷᠴᠢᠶᠡᠰᠦ ᠣᠨᠢ ᠲᠠᠢ᠂ ᠳᠡᠭᠡᠷ᠎ᠡ ᠲᠠᠯ᠎ᠠ ᠶ᠋ᠢᠨ2 ᠨᠢ ᠪᠠᠷᠤᠭ ᠨᠡᠢᠯᠡᠭᠰᠡᠨ ᠪᠠᠢᠳᠠᠭ᠃ ᠴᠡᠴᠡᠭ ᠦ᠋ᠨ ᠳᠡᠯᠪᠢ ᠨᠢ ᠡᠷᠪᠡᠬᠡᠢ ᠬᠡᠯᠪᠡᠷᠢ ᠲᠡᠢ᠂ ᠴᠡᠴᠡᠭ ᠦ᠋ᠨ ᠲᠣᠭᠳᠣᠢ ᠠ᠋ᠴᠠ ᠪᠠᠨ ᠴᠤᠬᠤᠢᠵᠤ ᠭᠠᠷᠤᠨ᠎ᠠ᠃ ᠴᠡᠴᠡᠭ ᠦ᠋ᠨ ᠬᠡᠯᠲᠡᠰ ᠨᠢ ᠤᠷᠲᠤ ᠪᠠᠷᠢᠭᠤᠯ ᠲᠠᠢ᠂ ᠳᠣᠯᠭᠢᠶᠠᠯᠢᠭ ᠬᠥᠪᠡᠭᠡ ᠲᠡᠢ᠃10 ᠭᠠᠭᠴᠠ ᠪᠡᠶᠡᠲᠦ ᠡᠷ᠎ᠡ ᠲᠣᠭᠣᠷᠴᠣᠭ ᠲᠠᠢ᠂ ᠬᠠᠮᠤᠭ ᠡᠴᠦᠰ ᠲᠦ᠍2 ᠪᠡᠶᠡᠲᠦ ᠪᠣᠯᠳᠠᠭ᠃ ᠪᠤᠷᠴᠠᠭ ᠵᠢᠮᠢᠰ ᠨᠢ ᠲᠣᠭᠣᠷᠢᠭ ᠬᠠᠪᠲᠠᠭᠠᠢ5cm ᠣᠷᠴᠢᠮ ᠥᠷᠭᠡᠨ᠂ ᠦᠷ᠎ᠡ ᠶ᠋ᠢᠨ ᠬᠡᠰᠡᠭ ᠨᠢ ᠶᠠᠯᠢᠮ ᠦᠭᠡᠢ ᠦᠰᠦ ᠲᠡᠢ ᠪᠤᠶᠤ ᠲᠣᠣᠷᠯᠢᠭ ᠠᠷᠲᠠᠢ᠂ ᠥᠷᠭᠡᠨ ᠳᠠᠯᠠᠪᠴᠢ ᠲᠠᠢ᠂ ᠳᠠᠯᠠᠪᠴᠢ ᠶ᠋ᠢᠨ ᠥᠷᠭᠡᠨ ᠨᠢ2cm ᠬᠦᠷᠳᠡᠭ᠃1~2 ᠦᠷ᠎ᠡ ᠲᠡᠢ᠃
   [ ᠤᠷᠭᠤᠬᠤ ᠣᠷᠴᠢᠨ ᠬᠢᠭᠡᠳ ᠲᠠᠷᠬᠠᠴᠠ] ᠭᠤᠸᠠᠩᠳᠥ᠋ᠩ᠂ ᠬᠠᠢᠨᠠᠨ᠂ ᠲᠠᠢᠸᠠᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠮᠣᠳᠣ ᠶ᠋ᠢ ᠨᠢ ᠣᠭᠲᠣᠯᠤᠨ ᠠᠪᠴᠤ᠂ ᠬᠠᠯᠢᠰᠤ ᠪᠠ ᠬᠥᠪᠡᠭᠡ ᠶ᠋ᠢ ᠨᠢ ᠵᠣᠷᠭᠣᠨ ᠬᠠᠶᠠᠭᠠᠳ ᠭᠣᠣᠯ ᠢ᠋ ᠨᠢ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠡᠬᠡᠭᠦᠨ᠂ ᠳᠠᠪᠤᠰᠤᠯᠢᠭ ᠠᠮᠲᠠ ᠲᠠᠢ᠂ ᠰᠡᠷᠢᠭᠦᠨ ᠴᠢᠨᠠᠷ ᠲᠠᠢ᠂ ᠮᠣᠬᠣᠳᠠᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠴᠢᠰᠤᠨ ᠬᠠᠯᠠᠭᠤᠨ ᠢ᠋ ᠠᠷᠢᠯᠭᠠᠬᠤ᠂ ᠬᠡᠢ ᠴᠢᠰᠤ ᠬᠠᠷᠰᠢᠭᠰᠠᠨ ᠢ᠋ ᠳᠠᠷᠤᠬᠤ᠂ ᠬᠠᠪᠤᠳᠠᠷ ᠢ᠋ ᠬᠠᠷᠢᠭᠤᠯᠬᠤ ᠴᠢᠳᠠᠯ ᠲᠠᠢ᠃ ᠭᠣᠣᠯᠳᠠᠭᠤ ᠴᠢᠰᠤᠨ ᠬᠠᠯᠠᠭᠤᠨ᠂ ᠴᠢᠰᠤᠨ ᠬᠠᠳᠬᠤᠯᠭ᠎ᠠ᠂ ᠨᠢᠷᠠᠢ ᠬᠠᠯᠠᠭᠤᠨ᠂ ᠬᠡᠢ ᠴᠢᠰᠤ ᠬᠠᠷᠰᠢᠯᠳᠤᠬᠤ᠂ ᠪᠣᠷᠣ ᠶ᠋ᠢᠨ ᠬᠠᠯᠠᠭᠤᠨ᠂ ᠡᠯᠢᠭᠡ ᠵᠢᠷᠦᠬᠡᠨ ᠦ᠌ ᠬᠠᠯᠠᠭᠤᠨ᠂ ᠬᠠᠪᠤᠳᠠᠷ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄紫檀香 (青龙木)
   ᠠᠩᠭ᠌ᠯᠢ ᠨᠡᠷ᠎ᠡ᠄Pterocarpus indicus Willd.

   ᠦᠰᠦᠭ ᠠᠮᠢᠯᠠᠭᠤᠯᠤᠭᠴᠢ᠄ ᠤᠷᠠᠨᠴᠢᠮᠡᠭ
   ᠬᠢᠨᠠᠭᠴᠢ᠄ ᠴᠡᠪᠡᠷᠴᠡᠴᠡᠭ