ᠤᠯᠠᠭᠠᠨ ᠠᠭᠠᠷᠤUlaan agarУлаан агар ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠤᠯᠠᠭᠠᠨ ᠠᠭᠠᠷᠤUlaan agarУлаан агар

ᠤᠯᠠᠭᠠᠨ ᠠᠭᠠᠷᠤUlaan agarУлаан агар

2025-09-30

103

ᠤᠯᠠᠭᠠᠨ ᠠᠭᠠᠷᠤ

   ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠤᠯᠠᠭᠠᠨ ᠠᠭᠠᠷᠤ ᠶ᠋ᠢᠨ ᠦᠨᠳᠦᠰᠦᠨ ᠦ᠌ ᠭᠣᠣᠯ ᠮᠥᠨ᠃ ᠪᠠᠰᠠ ᠠᠷᠮᠠᠷ ᠭᠡᠳᠡᠭ᠃
   [ ᠤᠤᠯ ᠤᠷᠭᠤᠮᠠᠯ] ᠮᠥᠩᠬᠡ ᠬᠥᠬᠡᠷᠡᠭᠴᠢ ᠲᠤᠷᠤᠭ ᠮᠣᠳᠣ᠃10~15m ᠥᠨᠳᠥᠷ᠂ ᠨᠢᠯᠵᠠᠷᠠᠢ ᠬᠡᠰᠡᠭ᠂ ᠪᠠᠭ ᠴᠡᠴᠡᠭ ᠪᠣᠯᠤᠨ ᠤᠮᠠᠢ ᠳᠡᠭᠡᠷ᠎ᠡ ᠨᠢ ᠵᠢᠭᠠᠬᠠᠨ ᠣᠬᠣᠷ ᠵᠥᠭᠡᠯᠡᠨ ᠦᠰᠦ ᠲᠡᠢ ᠡᠴᠡ ᠭᠠᠳᠠᠨ᠎ᠠ᠂ ᠪᠤᠰᠤᠳ ᠬᠡᠰᠡᠭ  ᠲᠤᠨᠢ ᠦᠰᠦ ᠦᠭᠡᠢ᠃ ᠵᠢᠵᠢᠭ ᠰᠠᠯᠠᠭ᠎ᠠ ᠨᠢ ᠬᠥᠬᠡᠮᠳᠦᠭ ᠴᠠᠭᠠᠨ ᠥᠩᠭᠡ ᠲᠡᠢ᠂ ᠢᠭᠴᠤ ᠬᠠᠯᠢᠰᠤᠨ ᠰᠦᠪᠡ ᠲᠡᠢ᠃ ᠰᠣᠨᠳᠣᠭᠣᠢ ᠥᠳᠥᠯᠢᠭ ᠨᠡᠢᠯᠡᠮᠡᠯ ᠨᠠᠪᠴᠢ ᠨᠢ12~15cm ᠤᠷᠲᠤ᠂9~13 ᠢᠯᠲᠠᠰᠤ ᠵᠢᠵᠢᠭ ᠨᠠᠪᠴᠢ ᠲᠠᠢ᠂7 ᠢᠯᠲᠠᠰᠤ ᠲᠠᠢ ᠨᠢ ᠬᠣᠪᠣᠷ᠂ ᠨᠠᠪᠴᠢᠨ ᠪᠠᠷᠢᠭᠤᠯ ᠨᠢ12~15cm ᠤᠷᠲᠤ᠃ ᠵᠢᠵᠢᠭ ᠨᠠᠪᠴᠢ ᠨᠢ ᠰᠠᠷᠢᠰᠤᠯᠢᠭ ᠰᠢᠭ᠋᠂ ᠥᠨᠳᠡᠭᠡᠯᠵᠢᠨ ᠪᠤᠶᠤ ᠵᠤᠤᠪᠠᠩ ᠬᠡᠯᠪᠡᠷᠢ ᠲᠡᠢ᠂4~7cm ᠤᠷᠲᠤ᠂2~3cm ᠥᠷᠭᠡᠨ᠂ ᠬᠤᠷᠴᠠ ᠱᠣᠪᠬᠣ ᠦᠵᠦᠭᠦᠷ ᠲᠡᠢ᠂ ᠮᠣᠬᠣᠭᠣ ᠣᠷᠣᠢ ᠲᠠᠢ᠂ ᠲᠣᠭᠣᠷᠢᠭ ᠪᠤᠶᠤ ᠥᠷᠭᠡᠨ ᠱᠠᠭᠠᠨᠲᠠᠭ ᠤᠭ ᠲᠠᠢ᠃ ᠵᠢᠵᠢᠭ ᠨᠠᠪᠴᠢᠨ ᠪᠠᠷᠢᠭᠤᠯ ᠨᠢ4~5mm ᠤᠷᠲᠤ᠃ ᠱᠣᠷᠣᠯᠵᠢᠨ ᠪᠠᠭ ᠴᠡᠴᠡᠭ ᠨᠢ ᠨᠠᠪᠴᠢᠨ ᠤ᠋ ᠰᠤᠭᠤ ᠳ᠋ᠤ᠌ ᠤᠷᠭᠤᠬᠤ ᠪᠥᠭᠡᠳ ᠶᠡᠷᠦᠩᠬᠡᠢ ᠴᠡᠴᠡᠭ ᠦ᠋ᠨ ᠪᠠᠷᠢᠭᠤᠯ ᠲᠠᠢ ᠪᠠᠨ ᠨᠡᠢᠯᠡᠭᠡᠳ8~10cm ᠤᠷᠲᠤ᠃ ᠪᠠᠭᠯᠠᠭᠴᠢ ᠢᠯᠲᠠᠰᠤ ᠪᠠ ᠵᠢᠵᠢᠭ ᠪᠠᠭᠯᠠᠭᠴᠢ ᠢᠯᠲᠠᠰᠤ ᠨᠢ ᠥᠷᠭᠡᠨ ᠥᠨᠳᠡᠭᠡᠯᠵᠢᠨ ᠬᠡᠯᠪᠡᠷᠢ ᠲᠡᠢ᠂1mm ᠣᠷᠴᠢᠮ ᠤᠷᠲᠤ᠃ ᠮᠠᠰᠢ ᠣᠯᠠᠨ ᠵᠢᠵᠢᠭ ᠴᠡᠴᠡᠭ ᠲᠡᠢ᠂5mm ᠣᠷᠴᠢᠮ ᠤᠷᠲᠤ᠃ ᠲᠣᠭᠳᠣᠢ ᠨᠢ ᠬᠤᠩᠬ᠎ᠠ ᠬᠡᠯᠪᠡᠷᠢ ᠲᠡᠢ᠂2mm ᠣᠷᠴᠢᠮ ᠤᠷᠲᠤ᠂5 ᠰᠡᠵᠢᠭᠦᠷ ᠣᠨᠢ ᠲᠠᠢ᠂ ᠳᠣᠣᠷᠠᠬᠢ1 ᠰᠡᠵᠢᠭᠦᠷ ᠣᠨᠢ ᠨᠢ ᠨᠡᠯᠢᠶᠡᠳ ᠤᠷᠲᠤ᠃ ᠴᠡᠴᠡᠭ ᠦ᠋ᠨ ᠳᠡᠯᠪᠢ ᠨᠢ ᠰᠢᠷᠠᠩᠭᠤᠢ ᠪᠤᠶᠤ ᠴᠠᠭᠠᠨ ᠥᠩᠭᠡ ᠲᠡᠢ᠂ ᠳᠠᠯᠪᠠᠭ᠎ᠠ ᠬᠡᠯᠲᠡᠰ ᠨᠢ ᠲᠣᠩᠭᠣᠷᠤᠤ ᠵᠢᠷᠦᠬᠡ ᠰᠢᠭ ᠬᠡᠯᠪᠡᠷᠢ ᠲᠡᠢ᠂ ᠣᠷᠣᠢ ᠨᠢ ᠵᠢᠭᠠᠬᠠᠨ ᠬᠣᠲᠣᠭᠣᠷ᠂ ᠰᠡᠯᠢᠭᠦᠷ ᠬᠡᠯᠲᠡᠰ ᠨᠢ ᠤᠷᠲᠤᠯᠵᠢᠨ ᠵᠤᠤᠪᠠᠩ ᠬᠡᠯᠪᠡᠷᠢ ᠲᠡᠢ᠂ ᠵᠠᠪᠢ ᠬᠡᠯᠲᠡᠰ ᠨᠢ ᠲᠠᠯ᠎ᠠ ᠰᠠᠷᠠ ᠬᠡᠯᠪᠡᠷᠢ ᠲᠡᠢ᠂ ᠬᠡᠯᠲᠡᠰ ᠦ᠋ᠳ ᠨᠢ ᠪᠦᠷ ᠰᠢᠯᠪᠢ ᠲᠡᠢ᠃ ᠡᠷ᠎ᠡ ᠲᠣᠭᠣᠷᠴᠣᠭ ᠨᠢ9 ᠪᠠ1 ᠪᠡᠷ ᠬᠣᠶᠠᠷ ᠪᠠᠭᠴᠠ ᠪᠣᠯᠳᠠᠭ᠃ ᠤᠮᠠᠢ ᠨᠢ ᠢᠪᠴᠤᠤ ᠵᠤᠤᠪᠠᠩ ᠬᠡᠯᠪᠡᠷᠢ ᠲᠡᠢ᠂ ᠣᠬᠣᠷ ᠵᠥᠭᠡᠯᠡᠨ ᠦᠰᠦ ᠲᠡᠢ᠃ ᠴᠡᠴᠡᠭ  ᠦ᠋ᠨ ᠪᠠᠭᠠᠨ᠎ᠠ ᠨᠢ ᠪᠣᠭᠣᠨᠢ᠃ ᠪᠤᠷᠴᠠᠭ ᠵᠢᠮᠢᠰ ᠨᠢ ᠬᠡᠯᠡ ᠰᠢᠭ ᠤᠷᠲᠤᠯᠵᠢᠨ ᠵᠤᠤᠪᠠᠩ ᠬᠡᠯᠪᠡᠷᠢ ᠲᠡᠢ᠂4.5~8cm ᠤᠷᠲᠤ᠂ ᠵᠢᠮᠢᠰ ᠦ᠋ᠨ ᠬᠡᠯᠲᠡᠰ ᠨᠢ ᠰᠠᠷᠢᠰᠤᠯᠢᠭ ᠪᠥᠭᠡᠳ ᠲᠣᠣᠷᠯᠢᠭ ᠠᠷᠲᠠᠢ᠃1 ᠮᠥᠬᠥᠯᠢᠭ ᠦᠷ᠎ᠡ ᠲᠡᠢ᠂2 ᠮᠥᠬᠥᠯᠢᠭ ᠲᠡᠢ ᠨᠢ ᠬᠣᠪᠣᠷ ᠲᠣᠬᠢᠶᠠᠯᠳᠤᠨ᠎ᠠ᠃4~6 ᠳ᠋ᠤᠭᠠᠷ ᠰᠠᠷ᠎ᠠ ᠳ᠋ᠤ᠌ ᠴᠡᠴᠡᠭᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠭᠣᠣᠯᠳᠠᠭᠤ ᠢᠷᠡᠨ ᠦ᠌ ᠵᠡᠭᠦᠨ ᠬᠡᠰᠡᠭ ᠡᠴᠡ ᠡᠨᠡᠳᠬᠡᠭ ᠬᠦᠷᠲᠡᠯ᠎ᠡ ᠲᠠᠷᠬᠠᠴᠠ ᠲᠠᠢ᠃ ᠣᠳᠣ ᠬᠠᠯᠠᠭᠤᠨ ᠪᠦᠰᠡ ᠶ᠋ᠢᠨ ᠡᠯ᠎ᠡ ᠭᠠᠵᠠᠷ ᠲᠤ ᠠᠷᠠᠴᠢᠯᠠᠨ ᠲᠠᠷᠢᠵᠤ ᠪᠣᠢ᠃ ᠮᠠᠨ ᠤ᠋ ᠤᠯᠤᠰ ᠤ᠋ᠨ ᠬᠠᠢᠨᠠᠨ ᠮᠣᠵᠢ ᠳ᠋ᠤ᠌ ᠪᠠᠰᠠ ᠲᠠᠷᠢᠵᠤ ᠪᠣᠢ᠃
   [ ᠲᠡᠭᠦᠵᠦ ᠪᠣᠯᠪᠠᠰᠤᠷᠠᠭᠤᠯᠬᠤ] ᠳᠥᠷᠪᠡᠨ ᠤᠯᠠᠷᠢᠯ ᠳ᠋ᠤ᠌ ᠴᠥᠮ ᠠᠪᠴᠤ ᠪᠣᠯᠤᠨ᠎ᠠ᠃ ᠦᠨᠳᠦᠰᠦ ᠶ᠋ᠢ ᠨᠢ ᠮᠠᠯᠲᠠᠨ ᠠᠪᠤᠭᠰᠠᠨ ᠤ᠋ ᠬᠣᠢᠨ᠎ᠠ ᠭᠠᠳᠠᠷ ᠬᠠᠯᠢᠰᠤ ᠶ᠋ᠢ ᠨᠢ ᠵᠣᠷᠭᠣᠨ ᠬᠠᠶᠠᠭᠠᠳ50cm ᠣᠷᠴᠢᠮ ᠬᠡᠰᠡᠭᠯᠡᠨ ᠬᠢᠷᠥᠭᠡᠳᠡᠵᠦ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠤᠱᠤᠭᠤᠨ ᠠᠮᠲᠠ ᠲᠠᠢ;ᠰᠡᠷᠢᠭᠦᠨ ᠴᠢᠨᠠᠷ ᠲᠠᠢ;ᠲᠣᠰᠣᠯᠢᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠡᠢ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ᠂ ᠬᠠᠳᠬᠤᠯᠭ᠎ᠠ ᠶ᠋ᠢ ᠳᠠᠷᠤᠬᠤ ᠴᠢᠳᠠᠯ ᠲᠠᠢ᠃ ᠭᠣᠣᠯᠳᠠᠭᠤ ᠬᠡᠢ ᠬᠠᠯᠠᠭᠤᠨ᠂ ᠵᠢᠷᠦᠬᠡᠨ ᠦ᠌ ᠬᠡᠢ᠂ ᠬᠡᠢ ᠪᠡᠷ ᠲᠣᠯᠣᠭᠠᠢ ᠡᠪᠡᠳᠬᠦ᠂ ᠠᠮᠢᠰᠬᠤᠯ ᠳᠠᠪᠬᠤᠴᠠᠬᠤ᠂ ᠨᠣᠢᠷ ᠬᠤᠯᠵᠢᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄降香 降香檀
   ᠠᠩᠭ᠌ᠯᠢ ᠨᠡᠷ᠎ᠡ᠄Dalbergia odorifera T. Chen

   ᠦᠰᠦᠭ ᠠᠮᠢᠯᠠᠭᠤᠯᠤᠭᠴᠢ᠄ ᠲᠣᠣᠬᠣᠸᠠᠷ
   ᠬᠢᠨᠠᠭᠴᠢ᠄ ᠴᠡᠪᠡᠷᠴᠡᠴᠡᠭ