ᠺᠠᠴᠧ ᠭᠦᠷᠭᠦᠮKchye gürgemКче гүргэм ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠺᠠᠴᠧ ᠭᠦᠷᠭᠦᠮKchye gürgemКче гүргэм

ᠺᠠᠴᠧ ᠭᠦᠷᠭᠦᠮKchye gürgemКче гүргэм

2025-10-02

59

ᠺᠠᠴᠧ ᠭᠦᠷᠭᠦᠮ

   ᠲᠤᠰ ᠡᠮ ᠪᠣᠯ ᠴᠠᠬᠢᠯᠳᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠺᠠᠰᠢᠮᠠᠷ ᠭᠦᠷᠭᠦᠮ ᠦ᠋ᠨ ᠬᠠᠲᠠᠭᠠᠭᠰᠠᠨ ᠴᠡᠴᠡᠭ ᠦ᠋ᠨ ᠪᠠᠭᠠᠨ᠎ᠠ ᠪᠠ ᠪᠠᠭᠠᠨ᠎ᠠ ᠶ᠋ᠢᠨ ᠠᠮᠠᠰᠠᠷ ᠮᠥᠨ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠬᠠᠢᠷᠰᠤᠯᠢᠭ ᠡᠰᠢ ᠨᠢ ᠵᠢᠭᠠᠬᠠᠨ ᠬᠠᠪᠲᠠᠭᠠᠢ ᠪᠥᠮᠪᠥᠭᠡᠯᠵᠢᠨ᠂ ᠭᠠᠳᠠᠭᠤᠷ ᠨᠢ ᠰᠢᠷᠠᠪᠲᠤᠷ ᠬᠦᠷᠡᠩ ᠬᠠᠯᠢᠰᠤᠯᠢᠭ ᠬᠠᠢᠷᠰᠤᠯᠢᠭ ᠢᠯᠲᠠᠰᠤ ᠲᠠᠢ᠃ ᠨᠠᠪᠴᠢ ᠨᠢ ᠤᠵᠠᠭᠤᠷ ᠠ᠋ᠴᠠ ᠪᠠᠨ ᠤᠷᠭᠤᠨ᠎ᠠ᠂ ᠪᠦᠰᠡ ᠬᠡᠯᠪᠡᠷᠢ ᠲᠡᠢ᠂15~20cm ᠤᠷᠲᠤ᠂2~3cm ᠥᠷᠭᠡᠨ᠂ ᠮᠠᠲᠠᠷᠢᠭᠰᠠᠨ ᠬᠥᠪᠡᠭᠡ ᠲᠡᠢ᠂ ᠳᠣᠣᠷ᠎ᠠ ᠬᠡᠰᠡᠭ ᠦ᠋ᠨ4~5 ᠨᠠᠪᠴᠢ ᠨᠢ ᠲᠣᠭᠳᠣᠢ ᠰᠢᠭ᠋᠂ ᠬᠠᠯᠢᠰᠤᠯᠢᠭ᠃ ᠴᠡᠴᠡᠭ ᠦ᠋ᠨ ᠡᠰᠢ ᠨᠢ ᠨᠠᠪᠴᠢᠨ ᠠ᠋ᠴᠠ ᠪᠠᠨ ᠣᠬᠣᠷ᠃ ᠴᠡᠴᠡᠭ ᠦ᠋ᠨ ᠡᠰᠢᠨ ᠳᠡᠭᠡᠷ᠎ᠡ ᠨᠢ1~2 ᠬᠦᠢᠰ ᠴᠡᠴᠡᠭ ᠳᠡᠯᠭᠡᠷᠡᠨ᠎ᠡ᠂ ᠠᠩᠬᠢᠯᠤᠮ᠎ᠠ ᠦᠨᠦᠷ ᠲᠡᠢ᠂ ᠭᠦᠢᠬᠡᠨ ᠬᠥᠬᠡ᠂ ᠪᠣᠷᠣᠪᠲᠤᠷ ᠤᠯᠠᠭᠠᠨ ᠪᠤᠶᠤ ᠴᠠᠭᠠᠨ ᠥᠩᠭᠡ ᠲᠡᠢ᠂ ᠳ᠋ᠢᠶᠠᠮᠧᠲ᠋ᠷ ᠨᠢ3cm ᠣᠷᠴᠢᠮ᠃ ᠴᠡᠴᠡᠭ ᠦ᠋ᠨ ᠰᠢᠳᠠᠷ ᠨᠢ6᠂ ᠬᠣᠶᠠᠷ ᠮᠥᠷᠯᠡᠨ ᠪᠠᠢᠷᠢᠯᠠᠨ᠎ᠠ᠂ ᠲᠣᠩᠭᠣᠷᠤᠤ ᠥᠨᠳᠡᠭᠡᠯᠵᠢᠨ᠂4~5cm ᠤᠷᠲᠤ᠂ ᠮᠤᠬᠤᠷ ᠦᠵᠦᠭᠦᠷ ᠲᠡᠢ᠃ ᠡᠷ᠎ᠡ ᠲᠣᠭᠣᠷᠴᠣᠭ ᠨᠢ ᠰᠢᠯᠤᠭᠤᠨ᠂2.5cm ᠤᠷᠲᠤ᠂ ᠲᠣᠭᠣᠰᠣᠪᠴᠢ ᠨᠢ ᠰᠢᠷ᠎ᠠ᠂1~1.5cm ᠤᠷᠲᠤ᠂ ᠱᠣᠪᠬᠣ ᠦᠵᠦᠭᠦᠷ ᠲᠡᠢ᠃ ᠴᠡᠴᠡᠭ ᠦ᠋ᠨ ᠪᠠᠭᠠᠨ᠎ᠠ ᠨᠢ ᠵᠦᠷᠵᠢᠨ ᠤᠯᠠᠭᠠᠨ᠂ ᠪᠠᠷᠤᠭ4cm ᠤᠷᠲᠤ᠂ ᠦᠵᠦᠭᠦᠷ ᠲᠤᠨᠢ3 ᠰᠠᠯᠠᠭ᠎ᠠ ᠲᠠᠢ᠂ ᠰᠢᠳᠠᠮ ᠬᠡᠯᠪᠡᠷᠢ ᠲᠡᠢ᠂ ᠮᠤᠷᠤᠢ ᠮᠥᠷᠲᠡᠭᠡᠨ ᠤᠨᠵᠢᠭᠢᠷ᠃ ᠬᠣᠩᠭᠣᠷᠴᠣᠭᠲᠤ ᠵᠢᠮᠢᠰ ᠨᠢ ᠵᠤᠤᠪᠠᠩ ᠬᠡᠯᠪᠡᠷᠢ ᠲᠡᠢ᠂3cm ᠣᠷᠴᠢᠮ ᠤᠷᠲᠤ᠃ ᠦᠷ᠎ᠡ ᠨᠢ ᠤᠯᠠᠪᠢᠷ ᠬᠦᠷᠡᠩ ᠥᠩᠭᠡ ᠲᠡᠢ᠂ ᠪᠥᠮᠪᠥᠭᠡᠯᠢᠭ᠂ ᠳ᠋ᠢᠶᠠᠮᠧᠲ᠋ᠷ ᠨᠢ3~4mm᠃8~12 ᠳ᠋ᠤᠭᠠᠷ ᠰᠠᠷ᠎ᠠ ᠳ᠋ᠤ᠌ ᠴᠡᠴᠡᠭᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠤᠤᠯ ᠳ᠋ᠠᠭᠠᠨ ᠧᠦ᠋ᠷᠣᠫᠠ ᠲᠢᠪ᠂ ᠭᠠᠵᠠᠷ ᠤ᠋ᠨ ᠳᠤᠮᠳᠠᠳᠤ ᠲᠠᠩᠭᠢᠰ ᠲᠤ ᠭᠠᠷᠳᠠᠭ᠃ ᠣᠳᠣ ᠮᠠᠨ ᠤ᠋ ᠤᠯᠤᠰ ᠲᠤ ᠠᠷᠠᠴᠢᠯᠠᠨ ᠲᠠᠷᠢᠵᠤ ᠪᠠᠢᠨ᠎ᠠ᠃
   [ ᠲᠡᠭᠦᠵᠦ ᠪᠣᠯᠪᠠᠰᠤᠷᠠᠭᠤᠯᠬᠤ] ᠴᠡᠴᠡᠭ ᠨᠢ ᠥᠷᠨᠢᠭᠦᠨ ᠳᠡᠯᠭᠡᠷᠡᠭᠰᠡᠨ ᠦᠶ᠎ᠡ ᠳ᠋ᠦ᠍ ᠲᠤᠩᠭᠠᠯᠠᠭ ᠥᠷᠯᠥᠭᠡ ᠶ᠋ᠢ ᠰᠣᠩᠭᠣᠵᠤ᠂ ᠴᠡᠴᠡᠭ ᠢ᠋ ᠨᠢ ᠲᠡᠭᠦᠵᠦ ᠪᠠᠭᠠᠨ᠎ᠠ ᠵᠢᠴᠢ ᠪᠠᠭᠠᠨ᠎ᠠ ᠶ᠋ᠢᠨ ᠠᠮᠠᠰᠠᠷ ᠢ᠋ ᠨᠢ ᠢᠯᠭᠠᠵᠤ ᠠᠪᠤᠭᠠᠳ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠥᠴᠦᠬᠡᠨ ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠬᠦᠨᠳᠦ᠂ ᠮᠣᠬᠣᠳᠠᠭ᠂ ᠵᠥᠭᠡᠯᠡᠨ᠂ ᠡᠶᠡᠯᠳᠡᠭ᠂ ᠪᠠᠲᠤᠯᠢᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠴᠢᠰᠤᠨ ᠬᠠᠯᠠᠭᠤᠨ ᠢ᠋ ᠠᠷᠢᠯᠭᠠᠬᠤ᠂ ᠰᠤᠳᠠᠯ ᠤ᠋ᠨ ᠰᠦᠪᠡ ᠶ᠋ᠢ ᠪᠣᠭᠣᠬᠤ᠂ ᠰᠠᠷ᠎ᠠ ᠶ᠋ᠢᠨ ᠬᠭᠢᠷ ᠢ᠋ ᠲᠡᠭᠰᠢᠳᠬᠡᠬᠦ᠂ ᠡᠯᠢᠭᠡᠨ ᠦ᠌ ᠬᠠᠯᠠᠭᠤᠨ ᠢ᠋ ᠠᠷᠢᠯᠭᠠᠬᠤ᠂ ᠲᠠᠮᠢᠷ ᠢ᠋ ᠰᠠᠢᠵᠢᠷᠠᠭᠤᠯᠬᠤ᠂ ᠡᠪᠡᠳᠬᠦ ᠶ᠋ᠢ ᠵᠣᠭᠰᠣᠭᠠᠬᠤ᠂ ᠬᠠᠪᠤᠳᠠᠷ ᠢ᠋ ᠬᠠᠷᠢᠭᠤᠯᠬᠤ ᠴᠢᠳᠠᠯ ᠲᠠᠢ᠃ ᠭᠣᠣᠯᠳᠠᠭᠤ ᠡᠯᠢᠭᠡᠨ ᠬᠠᠯᠠᠭᠤᠨ᠂ ᠴᠢᠰᠤᠨ ᠬᠠᠯᠠᠭᠤᠨ᠂ ᠰᠠᠷ᠎ᠠ ᠶ᠋ᠢᠨ ᠬᠭᠢᠷ ᠲᠡᠭᠰᠢ ᠦᠭᠡᠢ ᠪᠣᠯᠬᠤ᠂ ᠬᠠᠮᠠᠷ ᠠᠮᠠᠨ ᠠ᠋ᠴᠠ ᠴᠢᠰᠤ ᠭᠠᠷᠬᠤ᠂ ᠲᠣᠯᠣᠭᠠᠢ ᠡᠪᠡᠳᠬᠦ᠂ ᠵᠢᠷᠦᠬᠡᠨ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄西红花 (番红花)
   ᠠᠩᠭ᠌ᠯᠢ ᠨᠡᠷ᠎ᠡ᠄Crocus satiuus L.

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄ ᠴᠡᠪᠡᠷᠴᠡᠴᠡᠭ