ᠸᠠᠨᠳᠧᠦ ᠶ᠋ᠢᠨ ᠴᠡᠴᠡᠭVanduin tsetsegВандуйн цэцэг
ᠸᠠᠨᠳᠧᠦ ᠶ᠋ᠢᠨ ᠴᠡᠴᠡᠭ
ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠸᠠᠨᠳᠧᠦ ᠪᠤᠷᠴᠠᠭ ᠤ᠋ᠨ ᠬᠠᠲᠠᠭᠠᠭᠰᠠᠨ ᠴᠡᠴᠡᠭ ᠮᠥᠨ᠃ ᠪᠠᠰᠠ ᠰᠠᠷᠠᠮᠮᠧᠳᠤᠭ᠂ ᠪᠤᠷᠴᠠᠭ ᠤ᠋ᠨ ᠴᠡᠴᠡᠭ᠂ ᠪᠣᠷᠣ ᠪᠤᠷᠴᠠᠭ ᠤ᠋ᠨ ᠴᠡᠴᠡᠭ ᠭᠡᠳᠡᠭ᠃
[ ᠤᠤᠯ ᠤᠷᠭᠤᠮᠠᠯ] ᠨᠢᠭᠡ ᠨᠠᠰᠤᠲᠤ ᠠᠪᠠᠷᠢᠵᠤ ᠤᠷᠭᠤᠬᠤ ᠡᠪᠡᠰᠦᠯᠢᠭ ᠤᠷᠭᠤᠮᠠᠯ᠃ ᠬᠤᠵᠢᠭᠠᠷ ᠴᠡᠪᠡᠷᠬᠡᠨ ᠮᠥᠷᠲᠡᠭᠡᠨ ᠣ ᠲᠠᠢ᠂ 1~2m ᠥᠨᠳᠥᠷ ᠤᠷᠭᠤᠨ᠎ᠠ᠃ ᠥᠳᠥᠯᠢᠭ ᠨᠡᠢᠯᠡᠮᠡᠯ ᠨᠠᠪᠴᠢ ᠨᠢ ᠴᠤᠪᠤᠷᠠᠨ ᠤᠷᠭᠤᠨ᠎ᠠ᠃ ᠴᠡᠴᠡᠭ ᠦ᠋ᠨ ᠲᠡᠩᠭᠡᠯᠢᠭ ᠦ᠋ᠨ ᠦᠵᠦᠭᠦᠷ ᠦ᠋ᠨ ᠬᠡᠰᠡᠭ ᠲᠦ᠋ᠨᠢ ᠥᠳᠥᠯᠢᠭ ᠰᠠᠯᠠᠭ᠎ᠠ ᠪᠦᠬᠦᠢ ᠣᠷᠢᠶᠠᠩᠭᠤ ᠲᠠᠢ᠃ ᠲᠣᠰᠬᠣᠭᠤᠷ ᠨᠠᠪᠴᠢ ᠨᠢ ᠥᠨᠳᠡᠭᠡᠯᠵᠢᠨ ᠬᠡᠯᠪᠡᠷᠢ ᠲᠡᠢ᠂ ᠨᠠᠪᠴᠢᠯᠢᠭ᠂ ᠶᠡᠷᠦ ᠳ᠋ᠡᠭᠡᠨ ᠵᠢᠵᠢᠭ ᠨᠠᠪᠴᠢ ᠠ᠋ᠴᠠ ᠪᠠᠨ ᠲᠣᠮᠣ᠂ ᠤᠨᠵᠢᠯᠭᠠᠨ ᠤᠭ ᠲᠠᠢ ᠪᠥᠭᠡᠳ ᠨᠠᠪᠴᠢᠨ ᠪᠠᠷᠢᠭᠤᠯ ᠪᠤᠶᠤ ᠡᠰᠢ ᠪᠡᠨ ᠪᠣᠭᠣᠵᠤ ᠪᠠᠢᠳᠠᠭ᠃ ᠬᠥᠪᠡᠭᠡ ᠶ᠋ᠢᠨ ᠳᠣᠣᠷ᠎ᠠ ᠬᠡᠰᠡᠭ ᠲᠦ᠋ᠨᠢ ᠨᠠᠷᠢᠨ ᠬᠡᠷᠴᠢᠶᠡᠰᠦ ᠲᠡᠢ᠂ ᠵᠢᠵᠢᠭ ᠨᠠᠪᠴᠢ ᠨᠢ 2~6᠂ ᠥᠷᠭᠡᠨ ᠵᠤᠤᠪᠠᠩ ᠪᠤᠶᠤ ᠲᠡᠭᠰᠢ ᠬᠡᠯᠪᠡᠷᠢ ᠲᠡᠢ᠂25~50mm ᠤᠷᠲᠤ᠂ ᠪᠦᠲᠦᠨ ᠬᠥᠪᠡᠭᠡ ᠲᠡᠢ᠃ ᠴᠡᠴᠡᠭ ᠦ᠋ᠨ ᠪᠠᠷᠢᠭᠤᠯ ᠨᠢ ᠨᠠᠪᠴᠢᠨ ᠤ᠋ ᠥᠪᠥᠷ ᠡᠴᠡ ᠭᠠᠷᠬᠤ ᠪᠥᠭᠡᠳ ᠨᠠᠪᠴᠢᠨ ᠪᠠᠷᠢᠭᠤᠯ ᠠ᠋ᠴᠠ ᠪᠠᠨ ᠣᠬᠣᠷ᠃ 1~3 ᠬᠦᠢᠰ ᠴᠡᠴᠡᠭ ᠲᠡᠢ᠂ ᠴᠠᠭᠠᠨ ᠪᠤᠶᠤ ᠪᠣᠷᠣ ᠥᠩᠭᠡ ᠲᠡᠢ᠃ ᠲᠣᠭᠳᠣᠢ ᠨᠢ ᠬᠤᠩᠬ᠎ᠠ ᠬᠡᠯᠪᠡᠷᠢ ᠲᠡᠢ᠂ 5 ᠣᠨᠢ ᠲᠠᠢ᠂ ᠰᠡᠵᠢᠭᠦᠷ ᠢᠯᠲᠠᠰᠤ ᠨᠢ ᠬᠠᠪᠲᠠᠭᠠᠢ ᠲᠡᠪᠡᠨᠡ ᠬᠡᠯᠪᠡᠷᠢ ᠲᠡᠢ᠂ ᠴᠡᠴᠡᠭ ᠦ᠋ᠨ ᠳᠡᠯᠪᠢ ᠨᠢ ᠡᠷᠪᠡᠬᠡᠢ ᠬᠡᠯᠪᠡᠷᠢ ᠲᠡᠢ᠂ ᠳᠠᠯᠪᠠᠭ᠎ᠠ ᠬᠡᠯᠲᠡᠰ ᠨᠢ ᠲᠣᠭᠣᠷᠢᠭ᠂ ᠰᠡᠯᠢᠭᠦᠷ ᠬᠡᠯᠲᠡᠰ ᠪᠣᠯᠤᠨ ᠵᠠᠪᠢ ᠬᠡᠯᠲᠡᠰ ᠨᠢ ᠨᠠᠭᠠᠯᠳᠤᠨ ᠤᠷᠭᠤᠨ᠎ᠠ᠃10 ᠡᠷ᠎ᠡ ᠲᠣᠭᠣᠷᠴᠣᠭ ᠲᠠᠢ ᠪᠥᠭᠡᠳ 9 ᠪᠠ1 ᠪᠡᠷ ᠬᠣᠶᠠᠷ ᠪᠠᠭᠴᠠ ᠪᠣᠯᠳᠠᠭ᠃ ᠴᠡᠴᠡᠭ ᠦ᠋ᠨ ᠪᠠᠭᠠᠨ᠎ᠠ ᠨᠢ ᠲᠡᠭᠰᠢ ᠬᠠᠪᠲᠠᠭᠠᠢ᠂ ᠣᠷᠣᠢ ᠶ᠋ᠢᠨ ᠬᠡᠰᠡᠭ ᠨᠢ ᠲᠣᠮᠣᠷᠠᠨ᠎ᠠ᠂ ᠳᠣᠲᠣᠷ᠎ᠠ ᠲᠠᠯ᠎ᠠ ᠳ᠋ᠤᠨᠢ ᠳᠡᠯ ᠦᠰᠦ ᠲᠡᠢ᠃ ᠪᠤᠷᠴᠠᠭ ᠵᠢᠮᠢᠰ ᠨᠢ ᠤᠷᠲᠤᠯᠵᠢᠨ ᠵᠤᠤᠪᠠᠩ ᠬᠡᠯᠪᠡᠷᠢ ᠲᠡᠢ᠂5~10cm ᠤᠷᠲᠤ᠂2~10 ᠮᠥᠬᠥᠯᠢᠭ ᠪᠥᠮᠪᠦᠭᠡᠯᠵᠢᠨ ᠦᠷ᠎ᠡ ᠲᠡᠢ᠃6~7 ᠳ᠋ᠤᠭᠠᠷ ᠰᠠᠷ᠎ᠠ ᠳ᠋ᠤ᠌ ᠴᠡᠴᠡᠭᠯᠡᠵᠦ᠂7~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠴᠠ ᠬᠢᠭᠡᠳ ᠲᠠᠷᠬᠠᠴᠠ] ᠪᠦᠬᠦ ᠤᠯᠤᠰ ᠤ᠋ᠨ ᠡᠯ᠎ᠡ ᠭᠠᠵᠠᠷ ᠲᠤ᠌ ᠠᠷᠠᠴᠢᠯᠠᠨ ᠲᠠᠷᠢᠵᠤ ᠪᠠᠢᠨ᠎ᠠ᠃
[ ᠲᠡᠭᠦᠵᠦ ᠪᠣᠯᠪᠠᠰᠤᠷᠠᠭᠤᠯᠬᠤ] 6~7 ᠳ᠋ᠤᠭᠠᠷ ᠰᠠᠷ᠎ᠠ ᠳ᠋ᠤ᠌ ᠴᠡᠴᠡᠭ ᠢ᠋ ᠨᠢ ᠲᠡᠭᠦᠵᠦ᠂ ᠰᠡᠭᠦᠳᠡᠷ ᠲᠦ᠍ ᠳᠡᠯᠭᠡᠨ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠡᠬᠡᠭᠦᠨ ᠠᠮᠲᠠ ᠲᠠᠢ; ᠰᠡᠷᠢᠭᠦᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠴᠢᠰᠤ ᠶ᠋ᠢ ᠵᠣᠭᠰᠣᠭᠠᠬᠤ᠂ ᠰᠠᠭᠤᠯᠭᠠᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠴᠢᠰᠤ ᠪᠠᠷ ᠪᠥᠭᠡᠯᠵᠢᠬᠦ᠂ ᠰᠠᠷ᠎ᠠ ᠶ᠋ᠢᠨ ᠭᠬᠢᠷ ᠴᠤᠪᠤᠷᠠᠬᠤ᠂ ᠴᠢᠰᠤ ᠪᠠᠷ ᠰᠠᠭᠤᠯᠭᠠᠬᠤ ᠵᠡᠷᠭᠡ ᠡᠯ᠎ᠡ ᠵᠦᠢᠯ ᠦ᠋ᠨ ᠴᠢᠰᠤ ᠭᠠᠷᠬᠤ ᠡᠪᠡᠳᠴᠢᠨ᠂ ᠭᠡᠳᠡᠰᠦᠨ ᠬᠠᠳᠬᠤᠯᠭ᠎ᠠ᠂ ᠭᠡᠳᠡᠰᠦ ᠡᠪᠡᠳᠴᠦ ᠰᠠᠭᠤᠯᠭᠠᠬᠤ᠂ ᠤᠯᠠᠭᠠᠨ ᠴᠠᠭᠠᠨ ᠢ᠋ᠶ᠋ᠠᠷ ᠪᠠᠭᠤᠯᠭᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄豌豆
ᠠᠩᠭ᠌ᠯᠢ ᠨᠡᠷ᠎ᠡ᠄Pisum sativum L.
ᠦᠰᠦᠭ ᠠᠮᠢᠯᠠᠭᠤᠯᠤᠭᠴᠢ᠄ ᠡᠷᠳᠡᠨᠢᠭᠣᠸ᠎ᠠ
ᠬᠢᠨᠠᠭᠴᠢ᠄ ᠲᠤᠶᠠᠭ᠎ᠠ