ᠪᠠᠯᠢᠭ᠎ᠠBaligaБалига ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠪᠠᠯᠢᠭ᠎ᠠBaligaБалига

ᠪᠠᠯᠢᠭ᠎ᠠBaligaБалига

2025-10-05

35

ᠪᠠᠯᠢᠭ᠎ᠠ

   ᠲᠤᠰ ᠡᠮ ᠪᠣᠯ ᠬᠥᠭᠡᠨ᠎ᠡ ᠶ᠋ᠢᠨ ᠢᠵᠠᠭᠤᠷ ᠤ᠋ᠨ ᠤᠷᠭᠤᠮᠠᠯ ᠪᠣᠯᠬᠤ ᠮᠣᠳᠣᠯᠢᠭ ᠬᠥᠭᠡᠨ᠎ᠡ ᠶ᠋ᠢᠨ ᠬᠠᠲᠠᠭᠠᠭᠰᠠᠨ ᠡᠰᠢ ᠮᠥᠨ᠃ ᠪᠠᠰᠠ ᠪᠡᠯᠸᠭ᠎ᠠ᠂ ᠴᠢᠨᠳᠠᠮᠤᠨᠢ ᠮᠣᠳᠣ ᠭᠡᠳᠡᠭ᠃
   [ᠤᠤᠯ ᠤᠷᠭᠤᠮᠠᠯ] ᠣᠷᠢᠶᠠᠵᠤ ᠤᠷᠭᠤᠬᠤ ᠲᠣᠮᠣᠬᠠᠨ ᠲᠡᠩᠰᠡᠯᠢᠭ ᠤᠷᠭᠤᠮᠠᠯ᠃ ᠡᠰᠢᠨ ᠳᠡᠭᠡᠷ᠎ᠡ ᠨᠢ ᠴᠠᠢᠪᠤᠷ ᠢᠯᠴᠦᠦᠯᠢᠭ ᠬᠠᠯᠢᠰᠤ ᠲᠠᠢ ᠪᠥᠭᠡᠳ ᠭᠤᠯᠳᠤ ᠬᠤᠨᠢᠶᠠᠰᠤ ᠠᠷᠲᠠᠢ᠃ ᠨᠠᠪᠴᠢ ᠨᠢ ᠴᠢᠭᠲᠠᠯᠠᠨ ᠤᠷᠭᠤᠨ᠎ᠠ᠃ ᠨᠠᠪᠴᠢᠨ ᠪᠠᠷᠢᠭᠤᠯ ᠨᠢ10~13cm ᠤᠷᠲᠤ᠂ ᠨᠠᠪᠴᠢᠨ ᠢᠯᠲᠠᠰᠤ ᠨᠢ12~20cm ᠤᠷᠲᠤ᠂15~23cm ᠥᠷᠭᠡᠨ᠂ ᠲᠣᠭᠣᠷᠢᠭ ᠵᠢᠷᠦᠬᠡᠨ ᠬᠡᠯᠪᠡᠷᠢ ᠲᠡᠢ᠂ ᠵᠢᠭᠠᠬᠠᠨ ᠮᠤᠬᠤᠷ ᠪᠤᠶᠤ ᠱᠣᠪᠬᠣ ᠦᠵᠦᠭᠦᠷ ᠲᠡᠢ᠂ ᠵᠢᠷᠦᠬᠡᠨ ᠬᠡᠯᠪᠡᠷᠢᠲᠦ ᠤᠭ ᠲᠠᠢ᠂ ᠪᠦᠲᠦᠨ ᠪᠤᠶᠤ ᠵᠢᠭᠠᠬᠠᠨ ᠳᠣᠯᠭᠢᠶᠠᠯᠢᠭ ᠬᠥᠪᠡᠭᠡ ᠲᠡᠢ᠂ ᠨᠠᠪᠴᠢᠨ ᠠᠷᠤ ᠳ᠋ᠤᠨᠢ ᠲᠠᠷᠠᠮᠠᠭ ᠣᠬᠣᠷ ᠦᠰᠦ ᠲᠡᠢ᠂ ᠤᠭ ᠠ᠋ᠴᠠ ᠰᠠᠯᠪᠤᠷᠢᠯᠠᠭᠰᠠᠨ5 ᠵᠤᠷᠪᠤᠰ ᠭᠣᠣᠯ ᠰᠤᠳᠠᠯ ᠲᠠᠢ᠃ ᠴᠡᠴᠡᠭ ᠨᠢ ᠨᠠᠪᠴᠢᠨ ᠥᠪᠥᠷ ᠲᠦ᠍ ᠳᠡᠯᠭᠡᠷᠡᠨ᠎ᠡ᠃ ᠴᠡᠴᠡᠭ ᠦ᠋ᠨ ᠪᠠᠷᠢᠭᠤᠯ ᠤ᠋ᠨ ᠤᠭ ᠤ᠋ᠨ ᠬᠡᠰᠡᠭ ᠲᠦ᠍ ᠭᠦᠢᠬᠡᠨ ᠬᠦᠷᠡᠩ ᠥᠩᠭᠡᠲᠦ1~2 ᠬᠠᠢᠷᠰᠤᠯᠢᠭ ᠢᠯᠲᠠᠰᠤ ᠲᠠᠢ ᠪᠥᠭᠡᠳ ᠨᠢᠭ᠋ ᠴᠡᠯᠮᠡᠨ ᠦᠰᠦ ᠲᠡᠢ᠃ ᠴᠡᠴᠡᠭ ᠦ᠋ᠨ ᠰᠢᠳᠠᠷ ᠤ᠋ᠨ ᠬᠣᠭᠣᠯᠠᠢ ᠨᠢ5~6cm ᠤᠷᠲᠤ᠂ ᠲᠠᠬ᠎ᠠ ᠮᠡᠲᠦ ᠮᠤᠷᠤᠢ᠂ ᠳᠡᠭᠡᠷ᠎ᠡ ᠬᠡᠰᠡᠭ ᠨᠢ ᠲᠣᠮᠣᠷᠠᠭᠰᠠᠨ ᠪᠥᠭᠡᠳ ᠭᠠᠳᠠᠷ ᠲᠠᠯ᠎ᠠ ᠨᠢ ᠨᠣᠭᠣᠪᠲᠤᠷ ᠥᠩᠭᠡ ᠲᠡᠢ᠃ ᠨᠡᠢᠯᠡᠮᠡᠯ ᠲᠣᠭᠣᠷᠴᠣᠭ ᠤ᠋ᠨ ᠪᠠᠭᠠᠨ᠎ᠠ ᠶ᠋ᠢᠨ ᠬᠡᠰᠡᠭ ᠲᠤᠨᠢ ᠦᠰᠦ ᠲᠡᠢ᠂ ᠬᠣᠭᠣᠯᠠᠢ ᠶ᠋ᠢᠨ ᠬᠡᠰᠡᠭ ᠨᠢ ᠪᠣᠷᠣ ᠪᠤᠶᠤ ᠰᠢᠷᠠᠩᠭᠤᠢ ᠨᠣᠭᠣᠭᠠᠨ ᠥᠩᠭᠡ ᠲᠡᠢ᠂3 ᠭᠦᠨ ᠣᠨᠢ ᠲᠠᠢ᠂ ᠰᠡᠵᠢᠭᠦᠷ ᠢᠯᠲᠠᠰᠤ ᠨᠢ ᠥᠷᠭᠡᠨ ᠭᠤᠷᠪᠠᠯᠵᠢᠨ ᠬᠡᠯᠪᠡᠷᠢ ᠲᠡᠢ᠂6 ᠡᠷ᠎ᠡ ᠲᠣᠭᠣᠷᠴᠣᠭ ᠲᠠᠢ ᠪᠥᠭᠡᠳ ᠬᠣᠣᠰ ᠬᠣᠣᠰ ᠢ᠋ᠶ᠋ᠠᠷ ᠴᠡᠴᠡᠭ ᠦ᠋ᠨ ᠪᠠᠭᠠᠨ᠎ᠠ ᠶ᠋ᠢᠨ ᠣᠷᠣᠢ ᠶ᠋ᠢᠨ ᠭᠠᠳᠠᠷ ᠲᠠᠯ᠎ᠠ ᠳ᠋ᠤᠨᠢ ᠨᠠᠭᠠᠯᠳᠤᠵᠤ ᠪᠠᠢᠳᠠᠭ᠃ ᠨᠡᠢᠯᠡᠮᠡᠯ ᠲᠣᠭᠣᠷᠴᠣᠭ ᠤ᠋ᠨ ᠪᠠᠭᠠᠨ᠎ᠠ ᠨᠢ ᠭᠤᠷᠪᠠᠯᠵᠢᠨ ᠢᠷᠮᠡᠭ ᠲᠡᠢ᠂ ᠪᠠᠭᠠᠨ᠎ᠠ ᠶ᠋ᠢᠨ ᠠᠮᠠᠰᠠᠷ ᠨᠢ3 ᠭᠦᠢᠬᠡᠨ ᠣᠨᠢ ᠲᠠᠢ᠃ ᠤᠮᠠᠢ ᠨᠢ ᠪᠥᠭᠡᠷᠡᠩᠬᠡᠢ ᠬᠣᠭᠣᠯᠠᠢ ᠬᠡᠯᠪᠡᠷᠢ ᠲᠡᠢ᠃ ᠬᠣᠩᠭᠣᠷᠴᠣᠭᠲᠤ ᠵᠢᠮᠢᠰ ᠨᠢ ᠵᠢᠷᠭᠤᠭᠠᠯᠵᠢᠨ ᠪᠥᠭᠡᠷᠡᠩᠬᠡᠢ ᠬᠣᠭᠣᠯᠠᠢ ᠬᠡᠯᠪᠡᠷᠢ ᠲᠡᠢ᠂9~11cm ᠤᠷᠲᠤ᠂ ᠳ᠋ᠢᠶᠠᠮᠧᠲ᠋ᠷ ᠨᠢ3~4cm᠂ ᠰᠢᠷᠠᠩᠭᠤᠢ ᠨᠣᠭᠣᠭᠠᠨ ᠠ᠋ᠴᠠ ᠪᠠᠨ ᠪᠦᠳᠡᠭᠢ ᠬᠦᠷᠡᠩ ᠪᠣᠯᠵᠤ ᠬᠤᠪᠢᠷᠠᠨ᠎ᠠ᠂ ᠣᠷᠣᠢ ᠠ᠋ᠴᠠ ᠪᠠᠨ6 ᠬᠡᠯᠲᠡᠰᠯᠡᠨ ᠬᠠᠭᠠᠷᠠᠨ᠎ᠠ᠃ ᠦᠷ᠎ᠡ ᠨᠢ ᠵᠢᠷᠦᠬᠡ ᠰᠢᠭ ᠭᠤᠷᠪᠠᠯᠵᠢᠨ ᠬᠡᠯᠪᠡᠷᠢ ᠲᠡᠢ᠂ ᠴᠠᠢᠪᠤᠷᠯᠢᠭ ᠬᠦᠷᠡᠩ ᠥᠩᠭᠡ ᠲᠡᠢ᠃5 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠶᠡᠷᠦ ᠳ᠋ᠡᠭᠡᠨ ᠭᠣᠣᠯ ᠭᠣᠷᠣᠬ᠎ᠠ ᠶ᠋ᠢᠨ ᠣᠢᠷᠠᠯᠴᠠᠭ᠎ᠠ ᠬᠢ ᠨᠣᠢᠲᠠᠨ ᠴᠢᠭᠢᠭᠯᠢᠭ ᠭᠠᠵᠠᠷ ᠪᠣᠯᠤᠨ ᠰᠡᠭᠦᠳᠡᠷᠯᠢᠭ ᠭᠠᠵᠠᠷ ᠲᠤ ᠤᠷᠭᠤᠨ᠎ᠠ᠃ ᠵᠡᠭᠦᠨ ᠬᠣᠢᠲᠤ ᠣᠷᠣᠨ᠂ ᠱᠠᠨ ᠰᠢ᠂ ᠱᠠᠨᠰᠢ᠂ ᠭᠠᠨᠰᠦ ᠵᠡᠷᠭᠡ ᠮᠣᠵᠢ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ]9 ᠳ᠋ᠦ᠍ᠭᠡᠷ ᠰᠠᠷ᠎ᠠ ᠠ᠋ᠴᠠ ᠳᠠᠷᠠᠭ᠎ᠠ ᠵᠢᠯ ᠦ᠋ᠨ3 ᠳ᠋ᠤᠭᠠᠷ ᠰᠠᠷ᠎ᠠ ᠶ᠋ᠢᠨ ᠬᠣᠭᠣᠷᠣᠨᠳᠣ ᠬᠠᠳᠤᠵᠤ ᠠᠪᠤᠭᠠᠳ᠂ ᠬᠡᠰᠡᠭᠯᠡᠨ ᠬᠡᠷᠴᠢᠵᠦ ᠭᠠᠳᠠᠷ ᠠᠷᠵᠠᠭᠠᠷ ᠬᠠᠯᠢᠰᠤ ᠶ᠋ᠢ ᠨᠢ ᠠᠷᠢᠯᠭᠠᠭᠠᠳ ᠨᠠᠷᠠᠨ ᠳ᠋ᠤ᠌ ᠬᠠᠲᠠᠭᠠᠬᠤ ᠪᠤᠶᠤ ᠬᠠᠭᠰᠠᠭᠠᠨ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠰᠢᠷᠦᠭᠦᠨ᠂ ᠨᠦᠮᠵᠦᠭ ᠦᠭᠡᠢ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠬᠠᠳᠬᠤᠯᠭ᠎ᠠ ᠶ᠋ᠢ ᠳᠠᠷᠤᠬᠤ᠂ ᠰᠠᠭᠤᠯᠭᠠᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠡᠯᠢᠭᠡ ᠠᠭᠤᠰᠬᠢᠨ ᠤ᠋ ᠬᠠᠯᠠᠭᠤᠨ᠂ ᠰᠠᠪᠠᠨ ᠤ᠋ ᠬᠠᠯᠠᠭᠤᠨ᠂ ᠭᠡᠳᠡᠰᠦᠨ ᠬᠠᠳᠬᠤᠯᠭ᠎ᠠ᠂ ᠰᠠᠭᠤᠯᠭᠠᠬᠤ᠂ ᠤᠯᠠᠭᠠᠨ ᠨᠣᠳ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄关木通 (东北马兜铃)
   ᠠᠩᠭ᠌ᠯᠢ ᠨᠡᠷ᠎ᠡ᠄Aristolochin mandshuriensis kom.

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄ ᠴᠡᠪᠡᠷᠴᠡᠴᠡᠭ