ᠪᠤᠭᠤᠨ ᠪᠤᠯᠳᠤᠢBugan boldoiБуган болдой
ᠪᠤᠭᠤᠨ ᠪᠤᠯᠳᠤᠢ
ᠲᠤᠰ ᠡᠮ ᠪᠣᠯ ᠳᠠᠯᠠᠨ ᠬᠠᠯᠢᠰᠤ ᠶ᠋ᠢᠨ ᠢᠵᠠᠭᠤᠷ ᠤ᠋ᠨ ᠤᠷᠭᠤᠮᠠᠯ ᠪᠣᠯᠬᠤ ᠮᠠᠨᠵᠤᠤᠷ ᠪᠣᠭᠣᠨ ᠪᠤᠯᠳᠤᠢ ᠶ᠋ᠢᠨ ᠬᠠᠲᠠᠭᠠᠭᠰᠠᠨ ᠡᠰᠢ ᠮᠥᠨ᠃
[ ᠤᠤᠯ ᠤᠷᠭᠤᠮᠠᠯ] ᠨᠠᠪᠴᠢ ᠵᠤᠯᠭᠠᠷᠠᠬᠤ ᠪᠤᠲᠠ ᠮᠣᠳᠣ᠃4~5m ᠥᠨᠳᠥᠷ᠂ ᠵᠢᠵᠢᠭ ᠮᠥᠴᠢᠷ ᠨᠢ ᠴᠠᠢᠪᠤᠷ ᠬᠦᠷᠡᠩ ᠡᠴᠡ ᠭᠦᠨ ᠬᠦᠷᠡᠩ ᠥᠩᠭᠡ ᠲᠡᠢ᠂ ᠵᠥᠭᠡᠯᠡᠨ ᠦᠰᠦ ᠲᠡᠢ᠃ ᠨᠤᠭᠤᠰᠤ ᠨᠢ ᠬᠦᠷᠡᠩ ᠥᠩᠭᠡ ᠲᠡᠢ᠃ ᠰᠣᠨᠳᠣᠭᠣᠢ ᠥᠳᠥᠯᠢᠭ ᠨᠡᠢᠯᠡᠮᠡᠯ ᠨᠠᠪᠴᠢ ᠨᠢ5~9cm ᠤᠷᠲᠤ᠂10cm ᠣᠷᠴᠢᠮ ᠥᠷᠭᠡᠨ᠂ ᠵᠢᠵᠢᠭ ᠨᠠᠪᠴᠢ ᠨᠢ5᠂ ᠬᠠᠪᠲᠠᠭᠠᠢ ᠲᠡᠪᠡᠨᠡ᠂ ᠵᠤᠤᠪᠠᠩᠯᠢᠭ ᠬᠠᠪᠲᠠᠭᠠᠢ ᠲᠡᠪᠡᠨᠡ ᠪᠤᠶᠤ ᠲᠣᠩᠭᠣᠷᠤᠤ ᠥᠨᠳᠡᠭᠡᠯᠵᠢᠨ ᠰᠢᠭ ᠲᠡᠭᠰᠢ ᠲᠣᠭᠣᠷᠢᠭ ᠬᠡᠯᠪᠡᠷᠢ ᠲᠡᠢ᠂3.5~10cm ᠤᠷᠲᠤ᠂1.5~4cm ᠥᠷᠭᠡᠨ᠂ ᠦᠵᠦᠭᠦᠷ ᠨᠢ ᠱᠤᠪᠲᠤᠢᠭᠠᠳ ᠤᠷᠲᠤ ᠱᠣᠪᠣᠭᠣᠷ ᠪᠣᠯᠳᠠᠭ᠃ ᠱᠠᠭᠠᠨᠲᠠᠭ ᠤᠭ ᠲᠠᠢ᠂ ᠨᠠᠪᠴᠢᠨ ᠤ᠋ ᠠᠷᠤ ᠲᠠᠯ᠎ᠠ ᠨᠢ ᠭᠦᠨ ᠨᠣᠭᠣᠭᠠᠨ ᠥᠩᠭᠡ ᠲᠡᠢ᠂ ᠥᠪᠥᠷ ᠲᠠᠯ᠎ᠠ ᠨᠢ ᠨᠡᠯᠢᠶᠡᠳ ᠭᠦᠢᠬᠡᠨ᠂ ᠬᠣᠶᠠᠷ ᠲᠠᠯ᠎ᠠ ᠳ᠋ᠤᠨᠢ ᠪᠦᠷ ᠵᠥᠭᠡᠯᠡᠨ ᠦᠰᠦ ᠲᠡᠢ ᠪᠥᠭᠡᠳ ᠰᠤᠳᠠᠯ ᠢ᠋ᠶ᠋ᠠᠨ ᠳᠠᠭᠠᠭᠠᠳ ᠨᠡᠩ ᠢᠬᠴᠤ ᠪᠠᠢᠳᠠᠭ᠃ ᠨᠠᠷᠢᠨ ᠬᠢᠷᠥᠭᠡᠨ ᠰᠢᠳᠦᠲᠦ ᠬᠥᠪᠡᠭᠡ ᠲᠡᠢ ᠪᠥᠭᠡᠳ ᠬᠤᠷᠴᠠ ᠠᠷᠠᠭ᠎ᠠ ᠲᠠᠢ᠃ ᠣᠷᠣᠢ ᠳ᠋ᠠᠬᠢ ᠴᠣᠮᠬᠠᠨ ᠪᠠᠭ ᠴᠡᠴᠡᠭ ᠨᠢ ᠱᠣᠷᠣᠯᠵᠢᠨ ᠪᠠᠭ ᠴᠡᠴᠡᠭ ᠪᠣᠯᠵᠤ ᠪᠦᠷᠢᠯᠳᠦᠳᠡᠭ᠃ ᠴᠡᠴᠡᠭ ᠦ᠋ᠨ ᠲᠡᠩᠭᠡᠯᠢᠭ᠂ ᠴᠡᠴᠡᠭ ᠦ᠋ᠨ ᠪᠠᠷᠢᠭᠤᠯ᠂ ᠴᠡᠴᠡᠭ ᠦ᠋ᠨ ᠵᠢᠵᠢᠭ ᠪᠠᠷᠢᠭᠤᠯ ᠳ᠋ᠤᠨᠢ ᠪᠦᠷ ᠦᠰᠦ ᠲᠡᠢ᠃ ᠴᠡᠴᠡᠭ ᠦ᠋ᠨ ᠲᠣᠭᠳᠣᠢ ᠨᠢ5 ᠣᠨᠢ ᠲᠠᠢ᠂ ᠰᠡᠵᠢᠭᠦᠷ ᠢᠯᠲᠠᠰᠤ ᠨᠢ ᠥᠷᠭᠡᠨ ᠭᠤᠷᠪᠠᠯᠵᠢᠨ ᠬᠡᠯᠪᠡᠷᠢ ᠲᠡᠢ᠂ ᠦᠰᠦ ᠦᠭᠡᠢ᠂0.6mm ᠤᠷᠲᠤ᠂0.5mm ᠥᠷᠭᠡᠨ᠂ ᠮᠣᠬᠣᠭᠣ ᠦᠵᠦᠭᠦᠷ ᠲᠡᠢ᠃ ᠴᠡᠴᠡᠭ ᠨᠢ ᠪᠦᠳᠡᠭᠢ ᠰᠢᠷ᠎ᠠ ᠪᠤᠶᠤ ᠭᠦᠢᠬᠡᠨ ᠨᠣᠭᠣᠪᠲᠤᠷ ᠴᠠᠭᠠᠨ ᠥᠩᠭᠡ ᠲᠡᠢ᠂ ᠴᠡᠴᠡᠭ ᠦ᠋ᠨ ᠳᠡᠯᠪᠢ ᠶ᠋ᠢᠨ ᠰᠡᠵᠢᠭᠦᠷ ᠢᠯᠲᠠᠰᠤ ᠨᠢ ᠲᠡᠭᠰᠢ ᠲᠣᠭᠣᠷᠢᠭ ᠬᠡᠯᠪᠡᠷᠢ ᠲᠡᠢ᠂ ᠦᠰᠦ ᠦᠭᠡᠢ᠂2mm ᠤᠷᠲᠤ᠂1mm ᠥᠷᠭᠡᠨ᠂ ᠮᠣᠬᠣᠭᠣ ᠲᠣᠭᠣᠷᠢᠭ ᠦᠵᠦᠭᠦᠷ ᠲᠡᠢ᠃ ᠡᠷ᠎ᠡ ᠲᠣᠭᠣᠷᠴᠣᠭ ᠨᠢ5᠂ ᠳᠣᠬᠢᠭᠤᠷ ᠨᠢ0.5mm ᠤᠷᠲᠤ᠂ ᠲᠣᠭᠣᠰᠣᠪᠴᠢ ᠨᠢ ᠪᠥᠮᠪᠥᠭᠡᠯᠢᠭ ᠬᠡᠯᠪᠡᠷᠢ ᠲᠡᠢ᠂ ᠳ᠋ᠢᠶᠠᠮᠧᠲ᠋ᠷ ᠨᠢ ᠪᠠᠷᠤᠭ0.7mm᠃ ᠤᠮᠠᠢ ᠨᠢ ᠲᠡᠭᠰᠢ ᠲᠣᠭᠣᠷᠢᠭ ᠬᠡᠯᠪᠡᠷᠢ ᠲᠡᠢ᠂2.5mm ᠤᠷᠲᠤ᠂2mm ᠥᠷᠭᠡᠨ᠂ ᠦᠰᠦ ᠦᠭᠡᠢ᠃ ᠶᠠᠰᠤᠲᠤ ᠵᠢᠮᠢᠰ ᠨᠢ ᠵᠦᠷᠵᠢᠨ ᠤᠯᠠᠭᠠᠨ ᠥᠩᠭᠡ ᠲᠡᠢ᠂ ᠦᠰᠦ ᠦᠭᠡᠢ᠂ ᠪᠥᠮᠪᠥᠭᠡᠯᠢᠭ ᠰᠢᠬᠠᠮ᠂ ᠳ᠋ᠢᠶᠠᠮᠧᠲ᠋ᠷ ᠨᠢ3mm ᠣᠷᠴᠢᠮ᠃2~3 ᠮᠥᠬᠥᠯᠢᠭ ᠦᠷ᠎ᠡ ᠲᠡᠢ ᠪᠥᠭᠡᠳ ᠥᠨᠳᠡᠭᠡᠯᠵᠢᠨ ᠵᠤᠤᠪᠠᠩ ᠬᠡᠯᠪᠡᠷᠢ ᠲᠡᠢ᠂ ᠠᠲᠤᠷᠢᠶ᠎ᠠ ᠠᠷᠲᠠᠢ᠃5 ᠳ᠋ᠤᠭᠠᠷ ᠰᠠᠷ᠎ᠠ ᠳ᠋ᠤ᠌ ᠴᠡᠴᠡᠭᠯᠡᠵᠦ᠂7~8 ᠳ᠋ᠤᠭᠠᠷ ᠰᠠᠷ᠎ᠠ ᠳ᠋ᠤ᠌ ᠵᠢᠮᠢᠰ ᠨᠢ ᠪᠣᠯᠪᠠᠰᠤᠷᠠᠨ᠎ᠠ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠤ᠋ ᠪᠤᠷᠤᠭᠤ ᠬᠠᠵᠠᠭᠤ ᠶ᠋ᠢᠨ ᠣᠢ ᠶ᠋ᠢᠨ ᠬᠥᠪᠡᠭᠡ ᠪᠣᠯᠤᠨ ᠪᠤᠲᠠ ᠰᠥᠭᠡᠭ ᠳᠤᠮᠳᠠ ᠪᠤᠶᠤ ᠡᠯᠡᠰᠦᠨ ᠭᠠᠵᠠᠷ ᠤ᠋ᠨ ᠪᠤᠲᠠ ᠰᠥᠭᠡᠭ ᠳᠤᠮᠳᠠ ᠤᠷᠭᠤᠨ᠎ᠠ᠃ ᠵᠡᠭᠦᠨ ᠬᠣᠢᠲᠤ ᠣᠷᠣᠨ ᠤ᠋ ᠴᠠᠩᠪᠠᠢᠱᠠᠨ᠂ ᠥᠪᠥᠷ ᠮᠣᠩᠭᠣᠯ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠬᠠᠳᠤᠵᠤ ᠠᠪᠤᠭᠠᠳ ᠭᠠᠳᠠᠷ ᠬᠠᠯᠢᠰᠤ ᠪᠣᠯᠤᠨ ᠵᠥᠭᠡᠯᠡᠨ ᠭᠣᠣᠯ ᠢ᠋ ᠨᠢ ᠠᠷᠢᠯᠭᠠᠵᠤ᠂ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠥᠴᠦᠬᠡᠨ ᠭᠤᠱᠤᠭᠤᠨ ᠠᠮᠲᠠ ᠲᠠᠢ᠂ ᠲᠡᠭᠰᠢ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠬᠢᠵᠢᠭ ᠢ᠋ ᠪᠣᠯᠪᠠᠰᠤᠷᠠᠭᠤᠯᠬᠤ᠂ ᠬᠠᠨᠢᠶᠠᠬᠤ ᠶ᠋ᠢ ᠵᠣᠭᠰᠣᠭᠠᠬᠤ᠂ ᠮᠠᠬᠠᠪᠣᠳ ᠢ᠋ ᠲᠡᠭᠰᠢᠳᠬᠡᠬᠦ ᠴᠢᠳᠠᠯ ᠲᠠᠢ᠃ ᠭᠣᠣᠯᠳᠠᠭᠤ ᠡᠰᠡ ᠪᠣᠯᠪᠠᠰᠤᠷᠠᠭᠰᠠᠨ ᠬᠠᠯᠠᠭᠤᠨ᠂ ᠬᠢᠮᠤᠷᠠᠭᠰᠠᠨ ᠬᠠᠯᠠᠭᠤᠨ᠂ ᠬᠡᠢ ᠬᠠᠪᠰᠤᠷᠤᠭᠰᠠᠨ ᠬᠠᠯᠠᠭᠤᠨ᠂ ᠲᠠᠭᠰᠢᠭᠤᠷ ᠬᠠᠨᠢᠶᠠᠳᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 接骨木( 东北接骨木)
ᠠᠩᠭ᠌ᠯᠢ ᠨᠡᠷ᠎ᠡ᠄ Sambucus manchurica Kitag.
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠴᠡᠪᠡᠷᠴᠡᠴᠡᠭ