ᠢᠲᠡᠭᠡᠯᠲᠦ ᠬᠠᠮᠪᠤ ᠪᠯᠠᠮ᠎ᠠ ᠶᠢᠨ ᠰᠤᠷᠭᠠᠯ(2025.09) ᠱᠠᠰᠢᠨ ᠰᠢᠲᠦᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠢᠲᠡᠭᠡᠯᠲᠦ ᠬᠠᠮᠪᠤ ᠪᠯᠠᠮ᠎ᠠ ᠶᠢᠨ ᠰᠤᠷᠭᠠᠯ(2025.09)

ᠢᠲᠡᠭᠡᠯᠲᠦ ᠬᠠᠮᠪᠤ ᠪᠯᠠᠮ᠎ᠠ ᠶᠢᠨ ᠰᠤᠷᠭᠠᠯ(2025.09)

2025-10-06

91

ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ - 2025 ᠣᠨ ᠤ᠋ 9 ᠰᠠᠷ᠎ᠠ


ᠬᠠᠮᠪᠤ ᠪᠯᠠᠮ᠎ᠠ ᠳ᠋ᠠᠮᠪᠠ ᠠᠶᠤᠰᠢᠶᠸᠪ/
ᠢᠲᠡᠭᠡᠯᠲᠦ ᠬᠠᠮᠪᠤ ᠪᠯᠠᠮ᠎ᠠ ᠶ᠋ᠢᠨ ᠵᠠᠯᠪᠠᠷᠢᠯ
ᠰᠠᠢᠨ ᠴᠢᠮᠡᠭ ᠲᠡᠢ ᠯᠠᠭᠱᠠᠨ ᠤ᠋ ᠮᠠᠨᠳᠠᠯ ᠳᠡᠯᠭᠡᠷᠡᠭᠰᠡᠨ
ᠥᠯᠵᠡᠢ ᠲᠡᠢ ᠵᠠᠷᠯᠢᠭ ᠢ᠋ᠶ᠋ᠠᠷ ᠮᠠᠨ ᠤ᠋ ᠰᠡᠳᠬᠢᠯ ᠨᠣᠮᠣᠬᠠᠷᠠᠭᠰᠠᠨ
ᠸᠴᠢᠷ ᠮᠡᠲᠦ ᠭᠦᠨᠵᠡᠭᠡᠢ ᠲᠠᠭᠠᠯᠠᠯ ᠡᠷᠬᠡᠰᠢᠶᠡᠭᠰᠡᠨ
ᠢᠲᠡᠭᠡᠯᠲᠦ ᠬᠠᠮᠪᠤ ᠪᠯᠠᠮ᠎ᠠ ᠶ᠋ᠢᠨ ᠥᠯᠮᠡᠢ ᠳ᠋ᠦ᠍ ᠵᠠᠯᠪᠠᠷᠢᠨᠠᠮ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
2025.09.01
ᠮᠣᠭᠠᠢ ᠵᠢᠯ᠂ ᠪᠡᠴᠢ ᠰᠠᠷ᠎ᠠ ᠶ᠋ᠢᠨ 9 ᠦ᠌ ᠬᠠᠷᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠬᠡᠳᠦᠨ ᠬᠥᠮᠦᠰ ᠮᠠᠭᠤᠬᠠᠢ ᠡᠷᠬᠡᠨ ᠳ᠋ᠦ᠍ ᠠᠪᠲᠠᠭᠠᠳ ᠪᠡᠶ᠎ᠡ ᠪᠡᠶ᠎ᠡ ᠪᠡᠨ ᠶᠡᠬᠡ ᠪᠡᠷ ᠮᠠᠭᠤᠯᠠᠨ᠎ᠠ᠃ ᠢᠲᠡᠭᠡᠯᠲᠦ ᠪᠠᠭᠰᠢ᠄《ᠮᠠᠭᠤ ᠤᠬᠠᠭᠠᠨ ᠪᠣᠳᠣᠯᠭ᠎ᠠ ᠪᠣᠯ ᠵᠣᠪᠠᠯᠠᠩ ᠠᠪᠴᠢᠷᠠᠨ᠎ᠠ》ᠭᠡᠮᠡᠨ ᠠᠢᠯᠠᠳᠤᠯ᠎ᠠ᠃
2025.09.02
ᠮᠣᠭᠠᠢ ᠵᠢᠯ᠂ ᠪᠡᠴᠢ ᠰᠠᠷ᠎ᠠ ᠶ᠋ᠢᠨ 10 ᠤ᠋ ᠬᠥᠬᠡ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠪᠢᠯᠢᠭ ᠦ᠋ᠨ ᠴᠢᠨᠠᠳᠤ ᠬᠦᠷᠬᠦ ᠶ᠋ᠢ ᠬᠦᠰᠡᠨ᠎ᠡ᠃ ᠢᠲᠡᠭᠡᠯᠲᠦ ᠪᠠᠭᠰᠢ᠄《ᠠᠮᠢᠲᠠᠨ ᠪᠦᠭᠦᠳᠡ ᠶ᠋ᠢᠨ ᠴᠠᠭᠠᠨ᠎ᠠ ᠴᠢᠨᠠᠷ ᠨᠢ ᠨᠢᠷᠸᠠᠨ》ᠭᠡᠮᠡᠨ ᠠᠢᠯᠠᠳᠤᠯ᠎ᠠ᠃
2025.09.03
ᠮᠣᠭᠠᠢ ᠵᠢᠯ᠂ ᠪᠡᠴᠢ ᠰᠠᠷ᠎ᠠ ᠶ᠋ᠢᠨ 11 ᠤ ᠬᠥᠬᠡᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠪᠢᠰᠢᠯᠭᠠᠭᠴᠢ ᠶ᠋ᠢᠨ ᠶᠡᠬᠡ ᠬᠤᠷᠠᠯ ᠪᠣᠯᠵᠤ ᠪᠠᠢᠨ᠎ᠠ᠃ ᠢᠲᠡᠭᠡᠯᠲᠦ ᠪᠠᠭᠰᠢ᠄《ᠦᠯᠡᠮᠵᠢ ᠬᠠᠷᠠᠬᠤ ᠶ᠋ᠢᠨ ᠦᠵᠡᠭᠳᠡᠯ》ᠭᠡᠮᠡᠨ ᠠᠢᠯᠠᠳᠤᠯ᠎ᠠ᠃
2025.09.04
ᠮᠣᠭᠠᠢ ᠵᠢᠯ᠂ ᠪᠠᠴᠢ ᠰᠠᠷ᠎ᠠ ᠶ᠋ᠢᠨ 12 ᠤᠨ ᠤᠯᠠᠭᠠᠨ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠪᠤᠷᠬᠠᠨ ᠪᠠᠭᠰᠢ ᠳ᠋ᠤ᠌ ᠡᠷᠭᠦᠯ ᠡᠷᠭᠦᠨ᠎ᠡ᠃ ᠢᠲᠡᠭᠡᠯᠲᠦ ᠪᠠᠭᠰᠢ᠄《ᠣᠶᠤᠨ ᠪᠢᠯᠢᠭ ᠡᠴᠡ ᠳᠡᠭᠡᠭᠰᠢ ᠪᠡᠨ ᠦᠭᠡᠢ》ᠭᠡᠮᠡᠨ ᠠᠢᠯᠠᠳᠤᠯ᠎ᠠ᠃
2025.09.05
ᠮᠣᠭᠠᠢ ᠵᠢᠯ᠂ ᠪᠡᠴᠢ ᠰᠠᠷ᠎ᠠ ᠶ᠋ᠢᠨ 13 ᠤ᠋ ᠤᠯᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠪᠤᠷᠬᠠᠨ ᠪᠠᠭᠰᠢ ᠪᠣᠯᠤᠨ ᠪᠣᠳᠢᠰᠠᠳ᠋ᠸ᠎ᠠ ᠶ᠋ᠢᠨ ᠠᠳᠢᠰ ᠰᠢᠩᠭᠡᠭᠡᠵᠦ ᠴᠢᠳᠠᠳᠠᠭ ᠪᠯᠠᠮ᠎ᠠ ᠳ᠋ᠤ᠌ ᠢᠲᠡᠭᠡᠯᠲᠦ ᠪᠠᠭᠰᠢ᠄《ᠰᠡᠳᠬᠢᠯᠲᠡᠨ ᠳ᠋ᠦ᠍ ᠯᠠᠭᠱᠠᠨ ᠵᠠᠷᠯᠢᠭ ᠲᠠᠭᠠᠯᠠᠯ ᠤ᠋ᠨ ᠰᠢᠳᠢ ᠪᠦᠲᠦᠭᠡᠯ ᠬᠠᠢᠷᠠᠯᠠ》ᠭᠡᠮᠡᠨ ᠠᠢᠯᠠᠳᠤᠯ᠎ᠠ᠃
2025.09.06
ᠮᠣᠭᠠᠢ ᠵᠢᠯ᠂ ᠪᠠᠴᠢ ᠰᠠᠷ᠎ᠠ ᠶ᠋ᠢᠨ 14 ᠦ᠌ ᠰᠢᠷ᠎ᠠ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠭᠠᠳᠠᠭᠠᠳᠤ ᠳᠣᠲᠣᠭᠠᠳᠤ ᠶᠢᠷᠲᠢᠨᠴᠦ ᠶ᠋ᠢ ᠭᠡᠷᠡᠯᠲᠦᠭᠦᠯ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ᠄《ᠠᠮᠤᠭᠤᠯᠠᠩ ᠳᠡᠯᠭᠡᠷᠡᠭᠦᠯᠬᠦ ᠤᠷᠢᠯᠭ᠎ᠠ ᠲᠠᠢ ᠵᠠᠯᠠᠷᠠᠭᠰᠠᠨ ᠪᠯᠠᠮ᠎ᠠ》ᠭᠡᠮᠡᠨ ᠠᠢᠯᠠᠳᠤᠯ᠎ᠠ᠃
2025.09.07
ᠮᠣᠭᠠᠢ ᠵᠢᠯ᠂ ᠪᠡᠴᠢ ᠰᠠᠷ᠎ᠠ ᠶ᠋ᠢᠨ 15 ᠤ᠋ ᠰᠢᠷᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠯᠠᠮᠠ᠄ 《ᠪᠤᠤ ᠱᠤᠤᠭᠢ ᠂ᠪᠤᠤ ᠱᠤᠤᠭᠢ》ᠭᠡᠨ᠎ᠡ᠃ ᠢᠲᠡᠭᠡᠯᠲᠦ ᠪᠠᠭᠰᠢ᠄《 ᠬᠡᠢ  ᠪᠡᠨ ᠲᠠᠭᠠᠷᠠᠭᠤᠯᠬᠤ ᠶ᠋ᠢᠨ ᠲᠥᠯᠥᠭᠡ ᠪᠣᠳᠢᠰᠠᠳ᠋ᠸ᠎ᠠ ᠮᠠᠨᠽᠤᠰᠢᠷᠢ ᠳ᠋ᠤ᠌ ᠵᠠᠯᠪᠠᠷᠢ》ᠭᠡᠮᠡᠨ ᠠᠢᠯᠠᠳᠤᠯ᠎ᠠ᠃
2025.09.08
ᠮᠣᠭᠠᠢ ᠵᠢᠯ᠂ ᠪᠡᠴᠢ ᠰᠠᠷ᠎ᠠ ᠶ᠋ᠢᠨ 16 ᠤ᠋ ᠴᠠᠭᠠᠨ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠭᠡᠷ ᠪᠦᠯᠢ ᠪᠡᠷ ᠢ᠋ᠶ᠋ᠡᠨ ᠰᠠᠢᠨ ᠪᠠᠢᠬᠤ ᠶ᠋ᠢᠨ ᠠᠪᠤᠷᠠᠯ ᠠᠰᠠᠭᠤᠨ᠎ᠠ᠃ ᠢᠲᠡᠭᠡᠯᠲᠦ ᠪᠠᠭᠰᠢ᠄《ᠠᠪᠤ ᠡᠵᠢ ᠶ᠋ᠢᠨ ᠭᠣᠯᠣᠮᠲᠠ ᠨᠠᠢᠳᠠᠯᠲᠠᠢ》ᠭᠡᠮᠡᠨ ᠠᠢᠯᠠᠳᠤᠯ᠎ᠠ᠃
2025.09.09
ᠮᠣᠭᠠᠢ ᠵᠢᠯ ᠂ ᠪᠡᠴᠢ ᠰᠠᠷ᠎ᠠ ᠶ᠋ᠢᠨ 17 ᠤ᠋ ᠴᠠᠭᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠤᠲᠤᠭ ᠤ᠋ᠨ ᠢᠳᠢ ᠰᠢᠳᠢ ᠲᠡᠢ ᠯᠠᠮᠠ ᠨᠠᠷ ᠦᠵᠡᠭᠳᠡᠨ᠎ᠡ᠃ ᠢᠲᠡᠭᠡᠯᠲᠦ ᠪᠠᠭᠰᠢ᠄《ᠪᠤᠷᠬᠠᠳ ᠰᠠᠬᠢᠭᠤᠰᠤᠳ ᠤ᠋ᠨ ᠦᠷ᠎ᠡ ᠮᠡᠨᠳᠦᠯᠡᠬᠦ ᠳ᠋ᠦ᠍ ᠨᠢ ᠪᠤᠶᠠᠨ ᠤ᠋ ᠬᠦᠴᠦ ᠴᠢᠳᠠᠯ》ᠭᠡᠮᠡᠨ ᠠᠢᠯᠠᠳᠤᠯ᠎ᠠ᠃
2025.09.10
ᠮᠣᠭᠠᠢ ᠵᠢᠯ᠂ ᠪᠠᠴᠢ ᠰᠠᠷ᠎ᠠ ᠶ᠋ᠢᠨ 18 ᠤ᠋ ᠬᠠᠷ᠎ᠠ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠬᠣᠶᠠᠷ ᠡᠷᠳᠡᠮᠲᠡᠳ ᠨᠤᠲᠤᠭ ᠢ᠋ᠶ᠋ᠠᠨ ᠤᠯᠠᠮ ᠰᠠᠢᠵᠢᠷᠠᠭᠤᠯᠵᠤ ᠪᠠᠢᠨ᠎ᠠ᠃ ᠢᠲᠡᠭᠡᠯᠲᠦ ᠪᠠᠭᠰᠢ᠄《ᠪᠤᠶᠠᠨ ᠬᠡᠰᠢᠭ ᠲᠡᠢ ᠥᠷᠭᠡᠨ ᠴᠡᠭᠡᠵᠢ ᠲᠡᠢ ᠡᠷᠬᠡ ᠴᠢᠯᠥᠭᠡ》ᠭᠡᠮᠡᠨ ᠠᠢᠯᠠᠳᠤᠯ᠎ᠠ᠃
2025.09.11
ᠮᠣᠭᠠᠢ ᠵᠢᠯ ᠂ ᠪᠠᠴᠢ ᠰᠠᠷ᠎ᠠ ᠶ᠋ᠢᠨ 19 ᠦ᠌ ᠬᠠᠷᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠯᠠᠮᠠ ᠬᠡᠯᠡ ᠠᠮᠠᠨ ᠤ᠋ ᠬᠠᠷᠢᠭᠤᠯᠭ᠎ᠠ ᠪᠦᠲᠦᠭᠡᠪᠡ᠃ ᠢᠲᠡᠭᠡᠯᠲᠦ ᠪᠠᠭᠰᠢ᠄《 ᠬᠥᠮᠦᠨ ᠳ᠋ᠦ᠍ ᠠᠲᠠᠭ᠎ᠠ ᠵᠢᠲᠥᠭᠡ ᠬᠦᠷᠭᠡᠬᠦ ᠦᠭᠡᠢ ᠳ᠋ᠦ᠍ ᠳᠡᠭᠡᠳᠦ ᠪᠠᠭᠰᠢ ᠪᠣᠯᠤᠨ ᠪᠤᠷᠬᠠᠳ ᠪᠠᠶᠠᠷᠯᠠᠬᠤ》ᠭᠡᠮᠡᠨ ᠠᠢᠯᠠᠳᠤᠯ᠎ᠠ᠃
2025.09.12
ᠮᠣᠭᠠᠢ ᠵᠢᠯ᠂ ᠪᠡᠴᠢ ᠰᠠᠷ᠎ᠠ ᠶ᠋ᠢᠨ 20 ᠤ᠋ ᠬᠥᠬᠡ ᠪᠠᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠠᠷᠠᠳ ᠵᠤᠨ ᠶᠡᠬᠡ ᠰᠢᠲᠦᠭᠡᠨ ᠪᠠᠢᠭᠤᠯᠤᠭᠠᠳ ᠰᠠᠩ ᠤᠭᠤᠭᠢᠭᠤᠯᠵᠤ ᠪᠠᠢᠨ᠎ᠠ ᠃ ᠢᠲᠡᠭᠡᠯᠲᠦ ᠪᠠᠭᠰᠢ᠄《ᠳᠡᠭᠡᠳᠦ ᠪᠠᠭᠰᠢ ᠶ᠋ᠢᠨ ᠥᠯᠮᠡᠢ ᠪᠠᠲᠤ ᠣᠷᠣᠰᠢᠬᠤ》ᠭᠡᠮᠡᠨ ᠠᠢᠯᠠᠳᠤᠯ᠎ᠠ᠃
2025.09.13
ᠮᠣᠭᠠᠢ ᠵᠢᠯ᠂ ᠪᠡᠴᠢ ᠰᠠᠷ᠎ᠠ ᠶ᠋ᠢᠨ 21 ᠦ᠌ ᠬᠥᠬᠡᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠵᠢᠷᠤᠮ ᠲᠠᠢ ᠵᠥᠪ ᠪᠠᠢᠳᠠᠯ ᠢ᠋ᠶ᠋ᠠᠷ ᠠᠮᠢᠳᠤᠷᠠᠬᠤ ᠬᠡᠷᠡᠭᠲᠡᠢ》 ᠭᠡᠨ᠎ᠡ᠃ ᠢᠲᠡᠭᠡᠯᠲᠦ ᠪᠠᠭᠰᠢ᠄《ᠲᠠᠬᠢᠯ ᠡᠷᠭᠦᠵᠦ ᠮᠥᠷᠭᠥᠯ ᠦᠢᠯᠡᠳᠴᠦ ᠳᠠᠭᠠᠭ ᠪᠡᠶᠡᠰᠴᠦ ᠵᠠᠯᠪᠠᠷᠢ》ᠭᠡᠮᠡᠨ ᠠᠢᠯᠠᠳᠤᠯ᠎ᠠ᠃
2025.09.14
ᠮᠣᠭᠠᠢ ᠵᠢᠯ᠂ ᠪᠠᠴᠢ ᠰᠠᠷ᠎ᠠ ᠶ᠋ᠢᠨ 22 ᠤᠨ ᠤᠯᠠᠭᠠᠨ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠣᠨᠳᠣᠣ ᠭᠠᠵᠠᠷ ᠤ᠋ᠨ ᠬᠥᠮᠦᠨ ᠦᠵᠡᠭᠳᠡᠨ᠎ᠡ᠃ ᠢᠲᠡᠭᠡᠯᠲᠦ ᠪᠠᠭᠰᠢ᠄《 ᠲᠣᠳᠬᠠᠷ ᠦᠭᠡᠢ ᠠᠶᠠᠨᠳᠠᠭᠠᠨ ᠪᠦᠲᠦᠬᠦ ᠶ᠋ᠢᠨ ᠥᠯᠵᠡᠢ ᠬᠤᠲᠤᠭ》ᠭᠡᠮᠡᠨ ᠠᠢᠯᠠᠳᠤᠯ᠎ᠠ᠃
2025.09.15
ᠮᠣᠭᠠᠢ ᠵᠢᠯ᠂ ᠪᠠᠴᠢ ᠰᠠᠷ᠎ᠠ ᠶ᠋ᠢᠨ 23 ᠤ᠋ ᠤᠯᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠬᠡᠳᠦᠨ ᠬᠥᠮᠦᠨ ᠡᠨᠳᠡ ᠲᠡᠨᠳᠡ ᠭᠦᠶᠦᠯᠳᠦᠭᠡᠳ ᠯᠤᠩ ᠸᠠᠩ ᠬᠦᠷᠲᠡᠪᠳᠢ ᠭᠡᠯᠡᠯᠳᠦᠨ᠎ᠡ᠃ ᠢᠲᠡᠭᠡᠯᠲᠦ ᠪᠠᠭᠰᠢ᠄《 ᠬᠥᠲᠥᠯᠵᠦ ᠶᠠᠪᠤᠭᠰᠠᠨ ᠰᠠᠷᠲᠠᠸᠠᠬᠢ ᠪᠠᠭᠰᠢ ᠲᠠᠨ ᠢ ᠭᠡᠭᠡᠷᠡᠯ ᠳ᠋ᠦ᠍ ᠬᠦᠷᠭᠡᠬᠦ》ᠭᠡᠮᠡᠨ ᠠᠢᠯᠠᠳᠤᠯ᠎ᠠ᠃
2025.09.16
ᠮᠣᠭᠠᠢ ᠵᠢᠯ᠂ ᠪᠠᠴᠢ ᠰᠠᠷ᠎ᠠ ᠶ᠋ᠢᠨ 25 ᠤ᠋ ᠰᠢᠷ᠎ᠠ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠰᠤᠷᠭᠠᠭᠤᠯᠢ ᠳ᠋ᠤ᠌ ᠦᠭᠡ ᠶ᠋ᠢᠨ ᠲᠠᠢᠯᠪᠤᠷᠢ ᠭᠠᠷᠭᠠᠵᠤ ᠪᠠᠢᠨ᠎ᠠ᠃ ᠢᠲᠡᠭᠡᠯᠲᠦ ᠪᠠᠭᠰᠢ᠄《ᠳᠡᠭᠡᠳᠦ ᠰᠤᠳᠤᠷ ᠤ᠋ᠨ ᠰᠢᠳᠢ ᠲᠡᠢ ᠦᠭᠡ ᠨᠦ᠍ᠭᠦᠳ ᠦ᠋ᠨ ᠬᠦᠴᠦ ᠴᠢᠳᠠᠯ》ᠭᠡᠮᠡᠨ ᠠᠢᠯᠠᠳᠤᠯ᠎ᠠ᠃
2025.09.17
ᠮᠣᠭᠠᠢ ᠵᠢᠯ᠂ ᠪᠡᠴᠢ ᠰᠠᠷ᠎ᠠ ᠶ᠋ᠢᠨ 26 ᠤ᠋ ᠰᠢᠷᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠡᠯᠳᠡᠪ ᠶᠠᠩᠵᠤ ᠶ᠋ᠢᠨ ᠬᠥᠮᠦᠰ ᠲᠣᠮᠣᠭᠠᠷᠠᠭᠰᠠᠨ ᠰᠢᠭ᠋ ᠨᠢᠳᠦ ᠪᠡᠨ ᠠᠨᠢᠭᠠᠳ ᠰᠠᠭᠤᠨ᠎ᠠ᠃ ᠢᠲᠡᠭᠡᠯᠲᠦ ᠪᠠᠭᠰᠢ᠄《ᠰᠠᠨᠸᠠᠷ ᠰᠠᠬᠢᠭᠠᠳ ᠲᠠᠩᠭᠠᠷᠢᠭᠲᠠᠨ ᠪᠣᠯᠪᠠᠯ ᠰᠠᠢᠨ》ᠭᠡᠮᠡᠨ ᠠᠢᠯᠠᠳᠤᠯ᠎ᠠ᠃
2025.09.18
ᠮᠣᠭᠠᠢ ᠵᠢᠯ᠂ ᠪᠡᠴᠢ ᠰᠠᠷ᠎ᠠ ᠶ᠋ᠢᠨ 27 ᠤ᠋ ᠴᠠᠭᠠᠨ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠯᠠᠮᠠ ᠠᠷᠬᠠᠳ ᠤ᠋ᠨ ᠵᠡᠷᠭᠡ ᠳ᠋ᠦ᠍ ᠬᠦᠷᠦᠮᠡᠷ ᠪᠠᠢᠨ᠎ᠠ᠃ ᠢᠲᠡᠭᠡᠯᠲᠦ ᠪᠠᠭᠰᠢ᠄《ᠬᠣᠲᠠ ᠮᠠᠨᠳᠠᠯ ᠳ᠋ᠤ᠌ ᠰᠦᠨᠡᠰᠦ ᠭᠣᠣᠯ ᠪᠤᠷᠬᠠᠨ ᠪᠣᠯᠤᠭᠠᠳ ᠨᠥᠬᠥᠷ ᠯᠦ᠍ᠭᠡ ᠰᠡᠯᠲᠡ ᠡᠯ᠎ᠡ ᠬᠠᠯᠢᠬᠤ》ᠭᠡᠮᠡᠨ ᠠᠢᠯᠠᠳᠤᠯ᠎ᠠ᠃
2025.09.19
ᠮᠣᠭᠠᠢ ᠵᠢᠯ᠂ ᠪᠡᠴᠢ ᠰᠠᠷ᠎ᠠ ᠶ᠋ᠢᠨ 28 ᠤ᠋ ᠴᠠᠭᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠰᠠᠢᠨ ᠠᠷᠢᠭᠤᠨ ᠶᠠᠪᠤᠳᠠᠯ ᠲᠠᠢ ᠬᠥᠮᠦᠨ ᠳ᠋ᠦ᠍ ᠢᠲᠡᠭᠡᠯᠲᠦ ᠪᠠᠭᠰᠢ᠄《 ᠡᠩᠬᠦᠷᠡᠢ ᠰᠦᠵᠢᠭ ᠪᠢᠰᠢᠯᠭᠠᠵᠤ ᠦᠢᠯᠡᠳ》ᠭᠡᠮᠡᠨ ᠠᠢᠯᠠᠳᠤᠯ᠎ᠠ᠃
2025.09.20
ᠮᠣᠭᠠᠢ ᠵᠢᠯ᠂ ᠪᠡᠴᠢ ᠰᠠᠷ᠎ᠠ ᠶ᠋ᠢᠨ 29 ᠦ᠌ ᠬᠠᠷ᠎ᠠ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠡᠷᠳᠡᠨᠢᠲᠦ ᠪᠡᠶ᠎ᠡ ᠠᠮᠢᠲᠠᠨ ᠳ᠋ᠤ᠌ ᠵᠣᠷᠢᠭᠤᠯᠤᠭᠲᠤᠨ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ᠄《ᠳᠠᠢᠰᠤᠨ ᠳ᠋ᠤ᠌ ᠰᠠᠢᠨ ᠢ ᠬᠦᠷᠭᠡᠵᠦ ᠢᠯᠡᠬᠡᠨ ᠤᠭᠲᠤᠭᠲᠤᠨ》ᠭᠡᠮᠡᠨ ᠠᠢᠯᠠᠳᠤᠯ᠎ᠠ᠃
2025.09.21
ᠮᠣᠭᠠᠢ ᠵᠢᠯ᠂ ᠪᠡᠴᠢ ᠰᠠᠷ᠎ᠠ ᠶ᠋ᠢᠨ 30 ᠤ᠋ ᠬᠠᠷᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠰᠡᠳᠬᠢᠯ ᠢ᠋ᠶ᠋ᠡᠷ ᠰᠢᠨᠠᠯᠤᠭᠰᠠᠨ ᠬᠥᠮᠦᠨ ᠳ᠋ᠦ᠍ ᠢᠲᠡᠭᠡᠯᠲᠦ ᠪᠠᠭᠰᠢ᠄《ᠠᠭᠯᠠᠭ ᠰᠡᠳᠬᠢᠯ ᠢ᠋ᠶ᠋ᠡᠷ ᠪᠢᠰᠢᠯᠭᠠᠯ ᠤ᠋ᠨ ᠭᠡᠭᠡ ᠣᠷᠭᠣᠭᠤᠯ》ᠭᠡᠮᠡᠨ ᠠᠢᠯᠠᠳᠤᠯ᠎ᠠ᠃
2025.09.22
ᠮᠣᠭᠠᠢ ᠵᠢᠯ᠂ ᠪᠠᠴᠢ ᠰᠠᠷ᠎ᠠ ᠶ᠋ᠢᠨ 1 ᠦ᠌ ᠬᠥᠬᠡ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄ 《ᠳᠡᠮᠡᠢ ᠶᠠᠪᠤᠳᠠᠯ ᠢ᠋ᠶ᠋ᠠᠨ ᠣᠷᠬᠢᠭᠠᠳ ᠦᠨᠡᠨ ᠵᠠᠮ ᠳ᠋ᠤ᠌ ᠭᠠᠷᠤᠭᠲᠤᠨ》ᠭᠡᠨ᠎ᠡ᠃ ᠢᠲᠡᠭᠡᠯᠲᠦ ᠪᠠᠭᠰᠢ᠄《 ᠪᠤᠶᠠᠨ ᠤ᠋ ᠦᠷ᠎ᠡ ᠰᠢᠮ᠎ᠡ ᠪᠡᠷ ᠦᠨᠡᠨ ᠰᠡᠳᠬᠢᠯ ᠣᠯᠬᠤ ᠲᠠ》ᠭᠡᠮᠡᠨ ᠠᠢᠯᠠᠳᠤᠯ᠎ᠠ᠃
2025.09.23
ᠮᠣᠭᠠᠢ ᠵᠢᠯ᠂ ᠲᠠᠬᠢᠶ᠎ᠠ ᠰᠠᠷ᠎ᠠ ᠶ᠋ᠢᠨ 2 ᠤᠨ ᠬᠥᠬᠡᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠢᠲᠡᠭᠡᠯᠲᠦ ᠪᠠᠭᠰᠢ᠄《ᠠᠷᠭ᠎ᠠ ᠪᠢᠯᠢᠭ ᠬᠣᠶᠠᠷ ᠢ᠋ ᠬᠠᠮᠲᠤᠷᠠᠭᠤᠯᠬᠤ ᠶ᠋ᠢᠨ ᠲᠥᠯᠥᠭᠡ ᠨᠣᠮ ᠤ᠋ᠨ ᠬᠦᠷᠳᠦ ᠡᠷᠭᠢᠭᠦᠯ》ᠭᠡᠮᠡᠨ ᠨᠢᠭᠡ ᠪᠯᠠᠮ᠎ᠠ ᠳ᠋ᠤ᠌ ᠵᠠᠷᠯᠢᠭ ᠠᠢᠯᠠᠳᠬᠠᠯ᠎ᠠ᠃
2025.09.24
ᠮᠣᠭᠠᠢ ᠵᠢᠯ᠂ ᠲᠠᠬᠢᠶ᠎ᠠ ᠰᠠᠷ᠎ᠠ ᠶ᠋ᠢᠨ 3 ᠤ᠋ ᠤᠯᠠᠭᠠᠨ ᠪᠡᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠳᠠᠷᠤᠤ ᠵᠠᠩ ᠲᠠᠢ ᠡᠭᠡᠯ ᠬᠥᠮᠦᠨ ᠳ᠋ᠦ᠍ ᠢᠲᠡᠭᠡᠯᠲᠦ ᠪᠠᠭᠰᠢ᠄《 ᠬᠢᠯᠢᠨᠴᠡ ᠲᠦᠢᠳᠬᠡᠷ ᠲᠦ᠍ ᠠᠪᠲᠠᠭᠳᠠᠬᠤ ᠦᠭᠡᠢ》ᠭᠡᠮᠡᠨ ᠠᠢᠯᠠᠳᠤᠯ᠎ᠠ᠃
2025.09.25
ᠮᠣᠭᠠᠢ ᠵᠢᠯ ᠂ ᠲᠠᠬᠢᠶ᠎ᠠ ᠰᠠᠷ᠎ᠠ ᠶ᠋ᠢᠨ 4 ᠦ᠌ ᠤᠯᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠯᠠᠮᠠ ᠴᠢᠯᠥᠭᠡ ᠦᠭᠡᠢ ᠶᠠᠪᠤᠵᠤ ᠯᠠ ᠪᠠᠢᠨ᠎ᠠ᠃ ᠢᠲᠡᠭᠡᠯᠲᠦ ᠪᠠᠭᠰᠢ᠄《ᠴᠢᠯᠥᠭᠡ ᠤᠴᠠᠷᠠᠯ ᠰᠤᠳᠤᠯᠵᠤ ᠪᠡᠶ᠎ᠡ ᠬᠡᠯᠡ ᠰᠡᠳᠬᠢᠯ ᠢ ᠴᠢᠯᠥᠭᠡᠯᠡ》ᠭᠡᠮᠡᠨ ᠠᠢᠯᠠᠳᠤᠯ᠎ᠠ᠃
2025.09.26
ᠮᠣᠭᠠᠢ ᠵᠢᠯ᠂ ᠲᠠᠬᠢᠶ᠎ᠠ ᠰᠠᠷ᠎ᠠ ᠶ᠋ᠢᠨ 5 ᠤ᠋ ᠰᠢᠷ᠎ᠠ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠭᠡᠭᠡᠷᠡᠯ ᠡᠴᠡ ᠬᠣᠯᠠᠳᠠᠵᠤ ᠶᠠᠪᠤᠭᠰᠠᠨ ᠬᠥᠮᠦᠨ ᠳ᠋ᠦ᠍ ᠢᠲᠡᠭᠡᠯᠲᠦ ᠪᠠᠭᠰᠢ᠄《ᠳᠠᠢᠰᠤᠨ ᠳ᠋ᠤ᠌ ᠰᠠᠢᠨ ᠢ ᠬᠦᠰᠡᠭᠡᠳ ᠡᠩᠬᠦᠷᠡᠢᠯᠡᠬᠦ ᠪᠣᠯ ᠲᠡᠷᠡ ᠳᠣᠣᠷ᠎ᠠ ᠪᠠᠨ ᠵᠠᠰᠠᠷᠠᠨ᠎ᠠ》ᠭᠡᠮᠡᠨ ᠠᠢᠯᠠᠳᠤᠯ᠎ᠠ᠃
2025.09.27
ᠮᠣᠭᠠᠢ ᠵᠢᠯ᠂ ᠲᠠᠬᠢᠶ᠎ᠠ ᠰᠠᠷ᠎ᠠ ᠶ᠋ᠢᠨ5 ᠤ᠋ ᠰᠢᠷᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠶᠧᠯᠸᠢ ᠶ᠋ᠢᠨ ᠨᠠᠭᠠᠳᠤᠮ ᠳ᠋ᠤ᠌ ᠠᠪᠲᠠᠭᠰᠠᠨ ᠯᠠᠮᠠ ᠨᠠᠷ ᠲᠤ᠌ ᠢᠲᠡᠭᠡᠯᠲᠦ ᠪᠠᠭᠰᠢ᠄《 ᠲᠠᠬᠢᠵᠤ᠂ ᠮᠥᠷᠭᠥᠵᠦ ᠨᠠᠮᠠᠨᠴᠢᠯᠠᠭᠠᠳ ᠲᠠᠭᠠᠨ ᠪᠡᠶᠡᠰᠴᠦ ᠳᠤᠷᠠᠳᠤᠨ ᠵᠠᠯᠪᠠᠷᠢᠭᠠᠳ ᠬᠠᠮᠤᠭ ᠬᠤᠷᠢᠶᠠᠭᠰᠠᠨ ᠥᠴᠦᠬᠡᠨ ᠪᠤᠶᠠᠨ ᠢ᠋ᠶ᠋ᠠᠨ ᠪᠣᠳᠢ ᠬᠤᠲᠤᠭᠲᠤ ᠶ᠋ᠢᠨ ᠲᠥᠯᠥᠭᠡ ᠵᠣᠷᠢᠭᠤᠯ》ᠭᠡᠮᠡᠨ ᠠᠢᠯᠠᠳᠤᠯ᠎ᠠ᠃
2025.09.28
ᠮᠣᠭᠠᠢ ᠵᠢᠯ᠂ ᠲᠠᠬᠢᠶ᠎ᠠ ᠰᠠᠷ᠎ᠠ ᠶ᠋ᠢᠨ 6 ᠤ᠋ ᠴᠠᠭᠠᠨ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠣᠨᠳᠣᠣ ᠱᠠᠵᠢᠨ ᠤ᠋ ᠵᠤᠨ ᠪᠤᠳ᠋ᠳ᠋ᠾᠠ ᠶ᠋ᠢᠨ ᠱᠠᠵᠢᠨ ᠤ᠋ ᠨᠣᠮ ᠳ᠋ᠤ᠌ ᠬᠦᠷᠲᠡᠬᠦᠮ ᠨᠢ ᠭᠡᠯᠴᠡᠨ᠎ᠡ᠃ ᠢᠲᠡᠭᠡᠯᠲᠦ ᠪᠠᠭᠰᠢ ᠄《 ᠬᠣᠶᠠᠷ ᠲᠠᠯ᠎ᠠ ᠳ᠋ᠤ᠌ ᠬᠦᠴᠦᠨ ᠲᠡᠢ ᠢᠲᠡᠭᠡᠯ ᠬᠠᠮᠢᠭ᠎ᠠ ᠪᠠᠢᠨ᠎ᠠ ᠪᠣᠢ》 ᠭᠡᠮᠡᠨ ᠠᠢᠯᠠᠳᠤᠯ᠎ᠠ ᠃
2025.09.29
ᠮᠣᠭᠠᠢ ᠵᠢᠯ᠂ ᠲᠠᠬᠢᠶ᠎ᠠ ᠰᠠᠷ᠎ᠠ ᠶ᠋ᠢᠨ7 ᠤ᠋ ᠴᠠᠭᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠢᠲᠡᠭᠡᠯᠲᠦ ᠪᠠᠭᠰᠢ ᠡᠷᠳᠡᠮᠲᠡᠳ ᠲᠦ᠍᠄《 ᠥᠪᠡᠷ ᠦ᠋ᠨ ᠢ᠋ᠶ᠋ᠡᠨ ᠳᠣᠲᠣᠷ᠎ᠠ ᠪᠠᠢᠭᠰᠠᠨ ᠪᠦᠭᠦᠳᠡ ᠶ᠋ᠢ ᠭᠡᠷᠡᠯᠲᠦᠭᠦᠯᠬᠦ ᠪᠣᠯ ᠡᠨᠡ ᠬᠣᠭᠣᠰᠣᠨ ᠴᠢᠨᠠᠷ ᠮᠥᠨ》 ᠭᠡᠮᠡᠨ ᠠᠢᠯᠠᠳᠤᠯ᠎ᠠ ᠃
2025.09.30
ᠮᠣᠭᠠᠢ ᠵᠢᠯ᠂ ᠲᠠᠬᠢᠶ᠎ᠠ ᠰᠠᠷ᠎ᠠ ᠶ᠋ᠢᠨ8 ᠤ᠋ ᠬᠠᠷ᠎ᠠ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠠᠢᠯ ᠤ᠋ᠨ ᠪᠠᠭᠤᠴᠠ ᠳ᠋ᠤ᠌ ᠬᠤᠳᠳᠤᠭ ᠤ᠋ᠨ ᠤᠰᠤ ᠨᠡᠮᠡᠭᠳᠡᠪᠡ᠃ ᠢᠲᠡᠭᠡᠯᠲᠦ ᠪᠠᠭᠰᠢ᠄《ᠣᠷᠴᠢᠯᠠᠩ ᠤ᠋ᠨ ᠲᠥᠷᠥᠯ ᠳᠣᠳᠣᠮ ᠬᠡᠰᠢᠭ ᠲᠡᠢ ᠰᠠᠢᠨ ᠵᠠᠶᠠᠭ᠎ᠠ ᠪᠠᠷ ᠵᠢᠷᠭᠠᠯ ᠡᠳ᠋ᠯᠡᠭ》ᠭᠡᠮᠡᠨ ᠠᠢᠯᠠᠳᠤᠯ᠎ᠠ ᠃
ᠢᠷᠡᠯᠲᠡ᠄ ᠢᠪᠠᠯᠭ᠎ᠠ ᠶ᠋ᠢᠨ ᠳ᠋ᠠᠼᠠᠩ 《 ᠬᠠᠮᠪᠤ ᠶ᠋ᠢᠨ ᠬᠦᠷᠢᠶ᠎ᠡ》

ᠦᠰᠦᠭ ᠠᠮᠢᠯᠠᠭᠤᠯᠤᠭᠴᠢ᠄ ᠠᠯᠲᠠᠨᠨᠠᠪᠴᠢ
ᠬᠢᠨᠠᠭᠴᠢ᠄ ᠣᠳᠬᠠᠨᠰᠣ᠎ᠠ