ᠬᠠᠷ᠎ᠠ ᠠᠭᠠᠷᠤKhar agaХар агарr ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠠᠷ᠎ᠠ ᠠᠭᠠᠷᠤKhar agaХар агарr

ᠬᠠᠷ᠎ᠠ ᠠᠭᠠᠷᠤKhar agaХар агарr

2025-10-11

18

ᠬᠠᠷ᠎ᠠ ᠠᠭᠠᠷᠤ

   ᠲᠤᠰ ᠡᠮ ᠪᠣᠯ ᠪᠡᠯᠡᠭᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠠᠭᠠᠷᠤ ᠶ᠋ᠢᠨ ᠳᠠᠪᠠᠷᠬᠠᠢᠲᠤ ᠬᠠᠲᠠᠭᠰᠠᠨ ᠡᠰᠢ ᠮᠥᠨ᠃ ᠪᠠᠰᠠ ᠠᠷᠨᠠᠭ ᠭᠡᠳᠡᠭ᠃
   [ ᠤᠤᠯ ᠤᠷᠭᠤᠮᠠᠯ] ᠮᠥᠩᠬᠡ ᠬᠥᠬᠡᠷᠡᠭᠴᠢ ᠲᠤᠷᠤᠭ ᠮᠣᠳᠣ᠃30m ᠥᠨᠳᠥᠷ᠂ ᠨᠢᠯᠬ᠎ᠠ ᠮᠥᠴᠢᠷ ᠳᠡᠭᠡᠷ᠎ᠡ ᠨᠢ ᠲᠣᠷᠭᠠᠯᠢᠭ ᠦᠰᠦ ᠲᠡᠢ᠃ ᠨᠠᠪᠴᠢ ᠨᠢ ᠴᠤᠪᠤᠷᠠᠨ ᠤᠷᠭᠤᠨ᠎ᠠ᠂ ᠵᠢᠭᠠᠬᠠᠨ ᠰᠠᠷᠢᠰᠤᠯᠢᠭ᠂ ᠵᠤᠤᠪᠠᠩᠯᠢᠭ ᠬᠠᠪᠲᠠᠭᠠᠢ ᠲᠡᠪᠡᠨᠡ ᠪᠤᠶᠤ ᠲᠣᠩᠭᠣᠷᠤᠤ ᠬᠠᠪᠲᠠᠭᠠᠢ ᠲᠡᠪᠡᠨᠡ ᠬᠡᠯᠪᠡᠷᠢ ᠲᠡᠢ᠂5.5~9cm ᠤᠷᠲᠤ᠂ ᠱᠣᠪᠲᠣᠭᠣᠷ ᠦᠵᠦᠭᠦᠷ ᠲᠡᠢ᠂ ᠪᠦᠲᠦᠨ ᠬᠥᠪᠡᠭᠡ ᠲᠡᠢ᠂ ᠳᠣᠣᠷ᠎ᠠ ᠬᠡᠰᠡᠭ ᠦ᠋ᠨ ᠨᠠᠪᠴᠢᠨ ᠰᠤᠳᠠᠯ ᠳᠡᠭᠡᠷ᠎ᠡ ᠨᠢ ᠲᠣᠷᠭᠠᠯᠢᠭ ᠦᠰᠦ ᠲᠡᠢ᠃3mm ᠣᠷᠴᠢᠮ ᠣᠬᠣᠷ ᠪᠠᠷᠢᠭᠤᠯ ᠲᠠᠢ᠃ ᠰᠢᠭᠦᠷ ᠬᠡᠯᠪᠡᠷᠢᠲᠦ ᠪᠠᠭ ᠴᠡᠴᠡᠭ ᠨᠢ ᠪᠠᠷᠢᠭᠤᠯ ᠦᠭᠡᠢ ᠪᠤᠶᠤ ᠣᠬᠣᠷᠬᠠᠨ ᠶᠡᠷᠦᠩᠬᠡᠢ ᠪᠠᠷᠢᠭᠤᠯ ᠲᠠᠢ᠂ ᠲᠣᠷᠭᠠᠯᠢᠭ ᠦᠰᠦ ᠲᠡᠢ᠃ ᠴᠡᠴᠡᠭ ᠨᠢ ᠴᠠᠭᠠᠨ᠂ ᠵᠢᠵᠢᠭ ᠴᠡᠴᠡᠭ ᠦ᠋ᠨ ᠪᠠᠷᠢᠭᠤᠯ ᠲᠠᠢ ᠪᠠᠨ ᠠᠳᠠᠯᠢ ᠤᠷᠲᠤ ᠪᠤᠶᠤ ᠨᠡᠯᠢᠶᠡᠳ ᠣᠬᠣᠷ᠃ ᠴᠡᠴᠡᠭ ᠦ᠋ᠨ ᠰᠢᠳᠠᠷ ᠨᠢ ᠬᠤᠩᠬ᠎ᠠ ᠬᠡᠯᠪᠡᠷᠢ ᠲᠡᠢ᠂5 ᠣᠨᠢ ᠲᠠᠢ᠂ ᠰᠡᠵᠢᠭᠦᠷ ᠢᠯᠲᠠᠰᠤ ᠨᠢ ᠥᠨᠳᠡᠭᠡᠯᠵᠢᠨ ᠬᠡᠯᠪᠡᠷᠢ ᠲᠡᠢ᠂0.7~1cm ᠤᠷᠲᠤ᠂ ᠬᠣᠭᠣᠯᠠᠢ ᠶ᠋ᠢᠨ ᠬᠡᠰᠡᠭ ᠲᠤᠨᠢ ᠴᠠᠭᠠᠨ ᠨᠣᠣᠯᠣᠭᠤᠷ ᠦᠰᠦ ᠲᠡᠢ᠂ ᠴᠡᠴᠡᠭ ᠦ᠋ᠨ ᠳᠡᠯᠪᠢ ᠶ᠋ᠢᠨ ᠬᠣᠭᠣᠯᠠᠢ ᠪᠣᠯᠤᠨ ᠴᠡᠴᠡᠭ ᠦ᠋ᠨ ᠰᠢᠳᠠᠷ ᠤ᠋ᠨ ᠰᠡᠵᠢᠭᠦᠷ ᠢᠯᠲᠠᠰᠤ ᠨᠢ ᠲᠡᠩᠴᠡᠭᠦᠦ ᠰᠢᠬᠠᠮ᠃10 ᠡᠷ᠎ᠡ ᠲᠣᠭᠣᠷᠴᠣᠭ ᠨᠢ ᠴᠡᠴᠡᠭ ᠦ᠋ᠨ ᠰᠢᠳᠠᠷ ᠤ᠋ᠨ ᠬᠣᠭᠣᠯᠠᠢ ᠳᠡᠭᠡᠷ᠎ᠡ ᠣᠷᠣᠰᠢᠨ᠎ᠠ᠃ ᠡᠭᠦᠨ ᠦ᠌5 ᠨᠢ ᠨᠡᠯᠢᠶᠡᠳ ᠤᠷᠲᠤ᠃ ᠤᠮᠠᠢ ᠨᠢ ᠳᠡᠭᠡᠳᠦ ᠣᠷᠣᠨ ᠲᠠᠢ᠂ ᠤᠷᠲᠤ ᠥᠨᠳᠡᠭᠡᠯᠵᠢᠨ ᠬᠡᠯᠪᠡᠷᠢ ᠲᠡᠢ᠂ ᠨᠢᠭ ᠵᠥᠭᠡᠯᠡᠨ ᠦᠰᠦ ᠲᠡᠢ᠂2 ᠲᠠᠰᠤᠭ ᠲᠠᠢ᠂ ᠴᠡᠴᠡᠭ ᠦ᠋ᠨ ᠪᠠᠭᠠᠨ᠎ᠠ ᠨᠢ ᠮᠠᠰᠢ ᠣᠬᠣᠷ᠂ ᠪᠠᠭᠠᠨ᠎ᠠ ᠶ᠋ᠢᠨ ᠠᠮᠠᠰᠠᠷ ᠨᠢ ᠲᠣᠮᠣ᠂ ᠬᠠᠪᠲᠠᠭᠠᠢ ᠪᠥᠮᠪᠦᠭᠡᠨ ᠬᠡᠯᠪᠡᠷᠢ ᠲᠡᠢ᠃ ᠬᠣᠩᠭᠣᠷᠴᠣᠭᠲᠤ ᠵᠢᠮᠢᠰ ᠨᠢ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠮᠣᠳᠣᠯᠢᠭ᠂ ᠬᠠᠮᠰᠢᠭᠢᠷ᠂4.6~5.2cm ᠤᠷᠲᠤ᠂ ᠨᠢᠭ ᠴᠠᠢᠪᠤᠷ ᠴᠠᠭᠠᠨ ᠨᠣᠣᠯᠣᠭᠤᠷ ᠦᠰᠦ ᠲᠡᠢ᠂ ᠤᠭ ᠤ᠋ᠨ ᠬᠡᠰᠡᠭ ᠲᠤᠨᠢ ᠵᠢᠭᠠᠬᠠᠨ ᠮᠣᠳᠤᠯᠢᠬᠵᠢᠬᠰᠠᠨ ᠮᠥᠩᠬᠡ ᠣᠷᠣᠰᠢᠬᠤ ᠴᠡᠴᠡᠭ ᠦ᠋ᠨ ᠰᠢᠳᠠᠷ ᠲᠠᠢ᠂ ᠦᠷ᠎ᠡ ᠨᠢ ᠶᠡᠷᠦ ᠳ᠋ᠡᠭᠡᠨ1 ᠮᠥᠬᠥᠯᠢᠭ᠂ ᠥᠨᠳᠡᠭᠡᠯᠵᠢᠨ ᠬᠡᠯᠪᠡᠷᠢ ᠲᠡᠢ᠂ ᠤᠭ ᠤ᠋ᠨ ᠬᠡᠰᠡᠭ  ᠲᠤᠨᠢ ᠡᠪᠡᠷᠯᠢᠭ ᠳᠠᠭᠠᠯᠳᠤᠪᠤᠷᠢ ᠡᠳ᠋ ᠪᠣᠢ ᠪᠥᠭᠡᠳ ᠤᠷᠲᠤ ᠨᠢ ᠪᠠᠷᠤᠭ ᠦᠷ᠎ᠡ ᠶ᠋ᠢᠨ ᠢ᠋ᠶ᠋ᠡᠨ2 ᠳᠠᠬᠢᠨ ᠪᠠᠢᠳᠠᠭ᠃3~4 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂5~6 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠬᠠᠯᠠᠭᠤᠨ ᠪᠦᠰᠡ ᠶ᠋ᠢᠨ ᠣᠷᠣᠨ ᠳ᠋ᠤ᠌ ᠵᠡᠷᠯᠢᠭ ᠤᠷᠭᠤᠳᠠᠭ ᠪᠤᠶᠤ ᠠᠷᠠᠴᠢᠯᠠᠨ ᠲᠠᠷᠢᠵᠤ ᠪᠠᠢᠨ᠎ᠠ᠃ ᠮᠠᠨ ᠤ᠋ ᠤᠯᠤᠰ ᠤ᠋ᠨ ᠲᠠᠢᠸᠠᠨ᠂ ᠭᠣᠸᠠᠩᠳᠥ᠋ᠩ᠂ ᠭᠤᠸᠠᠩᠰᠢ ᠳ᠋ᠤ᠌ ᠠᠷᠠᠴᠢᠯᠠᠨ ᠲᠠᠷᠢᠵᠤ ᠪᠣᠢ᠃ ᠢᠨᠳᠦᠨᠧᠰᠢᠶ᠎ᠠ᠂ ᠡᠨᠡᠳᠬᠡᠭ᠂ ᠸᠢᠶᠸᠲ᠋ᠨᠠᠮ᠂ ᠮᠠᠯᠠᠢᠰᠢᠶ᠎ᠠ ᠵᠡᠷᠭᠡ ᠤᠯᠤᠰ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠴᠠᠭᠠᠨ ᠠᠭᠠᠷᠤ ᠲᠠᠢ ᠠᠳᠠᠯᠢ᠃
   [ ᠠᠮᠲᠠ᠂ ᠴᠢᠨᠠᠷ᠂ ᠡᠷᠳᠡᠮ] ᠭᠤᠱᠤᠭᠤᠨ᠂ ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠬᠦᠨᠳᠦ᠂ ᠵᠥᠭᠡᠯᠡᠨ᠂ ᠲᠣᠰᠣᠯᠢᠭ᠂ ᠬᠠᠭᠤᠷᠠᠢ᠂ ᠮᠣᠬᠣᠳᠠᠭ᠂ ᠡᠶᠡᠯᠳᠡᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠡᠢ ᠶ᠋ᠢ ᠳᠠᠷᠤᠬᠤ᠂ ᠬᠠᠯᠠᠭᠤᠨ ᠢ᠋ ᠠᠷᠢᠯᠭᠠᠬᠤ᠂ ᠬᠠᠳᠬᠤᠯᠭ᠎ᠠ ᠶ᠋ᠢ ᠳᠠᠷᠤᠬᠤ᠂ ᠠᠮᠢᠰᠬᠤᠯ ᠢ᠋ ᠠᠭᠤᠵᠢᠷᠠᠭᠤᠯᠬᠤ ᠴᠢᠳᠠᠯ ᠲᠠᠢ᠃ ᠭᠣᠣᠯᠳᠠᠭᠤ ᠭᠣᠣᠯ ᠰᠤᠳᠠᠯ ᠪᠣᠯᠤᠨ ᠵᠢᠷᠦᠬᠡᠨ ᠦ᠌ ᠬᠡᠢ ᠬᠠᠯᠠᠭᠤᠨ᠂ ᠠᠮᠢᠰᠬᠤᠯ ᠳᠠᠪᠬᠤᠴᠠᠬᠤ᠂ ᠨᠣᠢᠷ ᠬᠤᠯᠵᠢᠬᠤ᠂ ᠵᠢᠷᠦᠬᠡ ᠲᠦᠭᠰᠢᠬᠦ᠂ ᠵᠢᠷᠦᠬᠡᠨ ᠬᠠᠳᠬᠤᠯᠭ᠎ᠠ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄沉香
   ᠠᠩᠭ᠌ᠯᠢ ᠨᠡᠷ᠎ᠡ᠄Aquilaria agallocha Roxb

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄ ᠲᠤᠶᠠᠭ᠎ᠠ