ᠭᠠᠷᠤᠳᠢ ᠶ᠋ᠢᠨ ᠬᠢᠮᠤᠰᠤGardiin khumsГардийн хумс
ᠭᠠᠷᠤᠳᠢ ᠶ᠋ᠢᠨ ᠬᠢᠮᠤᠰᠤ
ᠲᠤᠰ ᠡᠮ ᠪᠣᠯ ᠮᠠᠷᠢᠨ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠭᠠᠷᠤᠳᠢ ᠶ᠋ᠢᠨ ᠬᠢᠮᠤᠰᠤ᠂ ᠳᠥᠷᠪᠡᠯᠵᠢᠨ ᠭᠠᠷᠤᠳᠢ ᠶ᠋ᠢᠨ ᠬᠢᠮᠤᠰᠤ᠂ ᠴᠠᠭᠠᠨ ᠭᠠᠷᠤᠳᠢ ᠶ᠋ᠢᠨ ᠬᠢᠮᠤᠰᠤ᠂ ᠲᠣᠮᠣ ᠨᠠᠪᠴᠢᠲᠤ ᠭᠠᠷᠤᠳᠢ ᠶ᠋ᠢᠨ ᠬᠢᠮᠤᠰᠤ ᠶ᠋ᠢᠨ ᠬᠠᠲᠠᠭᠠᠭᠰᠠᠨ ᠭᠣᠬ᠎ᠠ ᠲᠠᠢ ᠡᠰᠢ ᠮᠥᠴᠢᠷ ᠮᠥᠨ᠃ ᠪᠠᠰᠠ ᠴᠦᠩᠳ᠌ᠸᠷ ᠭᠡᠳᠡᠭ᠃
[ ᠤᠤᠯ ᠤᠷᠭᠤᠮᠠᠯ]1. ᠭᠠᠷᠤᠳᠢ ᠶ᠋ᠢᠨ ᠬᠢᠮᠤᠰᠤ ᠳᠠᠩᠰᠠ ᠤᠷᠭᠤᠮᠠᠯ᠃ ᠤᠷᠲᠤ ᠨᠢ10m᠂ ᠵᠢᠵᠢᠭ ᠮᠥᠴᠢᠷ ᠨᠢ ᠳᠥᠷᠪᠡᠯᠵᠢᠨ ᠪᠠᠭᠠᠨ᠎ᠠ ᠬᠡᠯᠪᠡᠷᠢ ᠲᠡᠢ᠂ ᠭᠢᠯᠦᠭᠡᠷ᠂ ᠨᠢᠯᠬ᠎ᠠ ᠦᠶᠡᠰ ᠲᠡᠭᠡᠨ ᠴᠠᠭᠠᠨ ᠣ ᠲᠠᠢ᠂ ᠬᠤᠪᠢᠷᠠᠮᠠᠯ ᠮᠥᠴᠢᠷ ᠨᠢ ᠭᠣᠬ᠎ᠠ ᠰᠢᠭ᠋᠂1~2cm ᠤᠷᠲᠤ᠂ ᠳᠣᠷᠣᠭᠰᠢ ᠮᠤᠷᠤᠢ᠂ ᠨᠠᠪᠴᠢ ᠨᠢ ᠴᠢᠭᠲᠠᠯᠠᠨ᠎ᠠ᠃ ᠴᠠᠭᠠᠰᠤᠯᠢᠭ᠂ ᠵᠤᠤᠪᠠᠩ ᠬᠡᠯᠪᠡᠷᠢ ᠲᠡᠢ᠂6~10cm ᠤᠷᠲᠤ᠂3~6cm ᠥᠷᠭᠡᠨ ᠰᠡᠭᠦᠯ ᠰᠢᠭ ᠦᠵᠦᠭᠦᠷ ᠲᠡᠢ᠂ ᠥᠷᠭᠡᠨ ᠱᠠᠭᠠᠨᠲᠠᠭ ᠤᠭ ᠲᠠᠢ᠂ ᠪᠦᠲᠦᠨ ᠬᠥᠪᠡᠭᠡ ᠲᠡᠢ᠂ ᠲᠣᠰᠬᠣᠭᠤᠷ ᠨᠠᠪᠴᠢ ᠨᠢ2 ᠭᠦᠨ ᠣᠨᠢ ᠲᠠᠢ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠭᠠᠭᠴᠠᠭᠠᠷ ᠨᠠᠪᠴᠢᠨ ᠰᠤᠭᠤᠨ ᠳ᠋ᠤ᠌ ᠳᠡᠯᠭᠡᠷᠡᠬᠦ ᠪᠤᠶᠤ ᠴᠠᠴᠤᠭ ᠬᠡᠯᠪᠡᠷᠢᠲᠦ ᠪᠣᠯᠵᠤ ᠮᠥᠴᠢᠷ ᠦ᠋ᠨ ᠣᠷᠣᠢ ᠳ᠋ᠤ᠌ ᠳᠡᠯᠭᠡᠷᠡᠨ᠎ᠡ᠂ ᠲᠣᠭᠳᠣᠢ ᠳᠡᠭᠡᠷ᠎ᠡ ᠨᠢ ᠪᠦᠳᠦᠭᠦᠨ ᠦᠰᠦ ᠲᠡᠢ᠃ ᠴᠡᠴᠡᠭ ᠦ᠋ᠨ ᠳᠡᠯᠪᠢ ᠨᠢ ᠰᠢᠷ᠎ᠠ᠃ ᠬᠣᠩᠭᠣᠷᠴᠣᠭᠲᠤ ᠵᠢᠮᠢᠰ ᠨᠢ ᠱᠣᠷᠣᠯᠵᠢᠨ᠂ ᠲᠠᠷᠠᠮᠠᠭ ᠵᠥᠭᠡᠯᠡᠨ ᠦᠰᠦ ᠲᠡᠢ᠃6~8 ᠳ᠋ᠤᠭᠠᠷ ᠰᠠᠷ᠎ᠠ ᠳ᠋ᠤ᠌ ᠴᠡᠴᠡᠭᠯᠡᠵᠦ᠂10~11 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
2. ᠳᠥᠷᠪᠡᠯᠵᠢᠨ ᠭᠠᠷᠤᠳᠢ ᠶ᠋ᠢᠨ ᠬᠢᠮᠤᠰᠤ ᠳᠠᠩᠰᠠ ᠤᠷᠭᠤᠮᠠᠯ᠃ ᠵᠢᠵᠢᠭ ᠮᠥᠴᠢᠷ ᠨᠢ ᠳᠥᠷᠪᠡᠯᠵᠢᠨ᠂ ᠭᠣᠬ᠎ᠠ ᠶ᠋ᠢᠨ ᠤᠷᠲᠤ ᠨᠢ1.5cm ᠣᠷᠴᠢᠮ᠂ ᠨᠠᠪᠴᠢ ᠨᠢ ᠴᠢᠭᠲᠠᠯᠠᠨ᠎ᠠ᠃ ᠨᠠᠪᠴᠢᠨ ᠢᠯᠲᠠᠰᠤ ᠨᠢ ᠬᠠᠯᠢᠰᠤᠯᠢᠭ᠂ ᠵᠤᠤᠪᠠᠩ ᠪᠤᠶᠤ ᠥᠨᠳᠡᠭᠡᠯᠵᠢᠨ ᠵᠤᠤᠪᠠᠩ ᠬᠡᠯᠪᠡᠷᠢ ᠲᠡᠢ᠂10~14cm ᠤᠷᠲᠤ᠂5~8cm ᠥᠷᠭᠡᠨ᠂ ᠪᠦᠲᠦᠨ ᠬᠥᠪᠡᠭᠡ ᠲᠡᠢ᠂ ᠲᠣᠰᠬᠣᠭᠤᠷ ᠨᠠᠪᠴᠢ ᠨᠢ ᠲᠣᠭᠣᠷᠢᠭ ᠰᠢᠭ᠋᠂ ᠪᠦᠲᠦᠨ ᠬᠥᠪᠡᠭᠡ ᠲᠡᠢ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠨᠠᠪᠴᠢᠨ ᠰᠤᠭᠤ ᠳ᠋ᠤ᠌ ᠭᠠᠭᠴᠠᠭᠠᠷ ᠳᠡᠯᠭᠡᠷᠡᠨ᠎ᠡ᠃ ᠪᠥᠮᠪᠦᠭᠡᠨ ᠬᠡᠯᠪᠡᠷᠢ ᠲᠡᠢ᠂ ᠲᠣᠭᠳᠣᠢ ᠳᠡᠭᠡᠷ᠎ᠡ ᠨᠢ ᠨᠢᠭ᠋ ᠪᠦᠷᠬᠦᠭᠰᠡᠨ ᠴᠠᠢᠪᠤᠷ ᠥᠩᠭᠡ ᠲᠡᠢ ᠵᠢᠵᠢᠭ ᠠᠷᠵᠠᠭᠠᠷ ᠦᠰᠦ ᠲᠡᠢ᠃ ᠬᠣᠩᠭᠣᠷᠴᠣᠭᠲᠤ ᠵᠢᠮᠢᠰ ᠨᠢ ᠰᠢᠲᠠᠮ ᠰᠢᠭ᠂ ᠲᠠᠷᠠᠮᠠᠭ ᠦᠰᠦ ᠲᠡᠢ᠃
3. ᠴᠠᠭᠠᠨ ᠭᠠᠷᠤᠳᠢ ᠶ᠋ᠢᠨ ᠬᠢᠮᠤᠰᠤ ᠳᠠᠩᠰᠠ ᠤᠷᠭᠤᠮᠠᠯ᠃4~7cm ᠤᠷᠲᠤ᠂ ᠵᠢᠵᠢᠭ ᠮᠥᠴᠢᠷ ᠨᠢ ᠳᠥᠷᠪᠡᠯᠵᠢᠨ ᠪᠠᠭᠠᠨ᠎ᠠ ᠬᠡᠯᠪᠡᠷᠢ ᠲᠡᠢ᠂ ᠦᠶ᠎ᠡ ᠳᠡᠭᠡᠷ᠎ᠡ ᠨᠢ ᠦᠰᠦ ᠲᠡᠢ᠃ ᠨᠢᠯᠬ᠎ᠠ ᠦᠶᠡᠰ ᠭᠣᠬ᠎ᠠ ᠳᠡᠭᠡᠷ᠎ᠡ ᠨᠢ ᠦᠰᠦ ᠲᠡᠢ᠂ ᠥᠲᠡᠯᠪᠡᠯ ᠭᠥᠯᠢᠭᠡᠷ ᠪᠣᠯᠳᠠᠭ᠃ ᠨᠠᠪᠴᠢ ᠨᠢ ᠨᠢᠮᠭᠡᠨ ᠰᠠᠷᠢᠰᠤᠯᠢᠭ᠂8~12cm ᠤᠷᠲᠤ᠂4~7cm ᠥᠷᠭᠡᠨ᠂ ᠲᠣᠰᠬᠣᠭᠤᠷ ᠨᠠᠪᠴᠢ ᠨᠢ2 ᠣᠨᠢ ᠲᠠᠢ᠂ ᠰᠡᠵᠢᠭᠦᠷ ᠢᠯᠲᠠᠰᠤ ᠨᠢ ᠪᠦᠰᠡ ᠬᠡᠯᠪᠡᠷᠢ ᠲᠡᠢ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠨᠠᠪᠴᠢᠨ ᠰᠤᠭᠤ ᠳ᠋ᠤ᠌ ᠳᠡᠯᠭᠡᠷᠡᠬᠦ ᠪᠤᠶᠤ ᠴᠠᠴᠤᠭ ᠬᠡᠯᠪᠡᠷᠢ ᠲᠡᠢ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠂ ᠴᠡᠴᠡᠭ ᠦ᠋ᠨ ᠳᠡᠯᠪᠢ ᠨᠢ ᠴᠠᠭᠠᠨ ᠪᠤᠶᠤ ᠰᠢᠷᠠᠩᠭᠤᠢ᠃ ᠬᠣᠩᠭᠣᠷᠴᠣᠭᠲᠤ ᠵᠢᠮᠢᠰ ᠨᠢ ᠡᠭᠡᠷᠡᠦᠯ ᠬᠡᠯᠪᠡᠷᠢ ᠲᠡᠢ᠃
4. ᠲᠣᠮᠣ ᠨᠠᠪᠴᠢᠲᠤ ᠭᠠᠷᠤᠳᠢ ᠶ᠋ᠢᠨ ᠬᠢᠮᠤᠰᠤ ᠳᠠᠩᠰᠠ ᠤᠷᠭᠤᠮᠠᠯ᠃12~15m ᠤᠷᠲᠤ᠂ ᠵᠢᠵᠢᠭ ᠮᠥᠴᠢᠷ ᠨᠢ ᠵᠢᠭᠠᠬᠠᠨ ᠬᠠᠪᠲᠠᠭᠠᠢ᠂ ᠥᠲᠡᠯᠦᠭᠰᠡᠨ ᠮᠥᠴᠢᠷ ᠨᠢ ᠳᠥᠷᠪᠡᠯᠵᠢᠨ ᠪᠠᠭᠠᠨ᠎ᠠ ᠬᠡᠯᠪᠡᠷᠢ ᠲᠡᠢ᠂ ᠨᠢᠯᠬ᠎ᠠ ᠦᠶ᠎ᠡ ᠳ᠋ᠦ᠍ ᠡᠰᠢ ᠮᠥᠴᠢᠷ᠂ ᠭᠣᠬ᠎ᠠ ᠳᠡᠭᠡᠷ᠎ᠡ ᠨᠢ ᠪᠦᠷ ᠬᠦᠷᠡᠩ ᠠᠷᠵᠠᠭᠠᠷ ᠦᠰᠦ ᠲᠡᠢ᠂ ᠰᠡᠭᠦᠯᠡᠷ ᠨᠢ ᠵᠤᠯᠭᠠᠷᠠᠳᠠᠭ᠃ ᠨᠠᠪᠴᠢ ᠨᠢ ᠰᠠᠷᠢᠰᠤᠯᠢᠭ᠂ ᠥᠷᠭᠡᠨ ᠵᠤᠤᠪᠠᠩ ᠪᠤᠶᠤ ᠤᠷᠲᠤ ᠵᠤᠤᠪᠠᠩ ᠬᠡᠯᠪᠡᠷᠢ ᠲᠡᠢ᠂10~16cm ᠤᠷᠲᠤ᠂6~12cm ᠥᠷᠭᠡᠨ᠂ ᠲᠣᠰᠬᠣᠭᠤᠷ ᠨᠠᠪᠴᠢ ᠨᠢ2 ᠣᠨᠢ ᠲᠠᠢ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠪᠥᠮᠪᠥᠭᠡᠯᠵᠢᠨ᠂ ᠨᠠᠪᠴᠢᠨ ᠰᠤᠭᠤ ᠪᠤᠶᠤ ᠡᠰᠢᠨ ᠦ᠌ ᠣᠷᠣᠢ ᠳ᠋ᠤ᠌ ᠳᠡᠯᠭᠡᠷᠡᠨ᠎ᠡ᠃ ᠴᠡᠴᠡᠭ ᠳᠡᠭᠡᠷ᠎ᠡ ᠨᠢ ᠬᠦᠷᠡᠩ ᠥᠩᠭᠡ ᠲᠡᠢ ᠠᠷᠵᠠᠭᠠᠷ ᠦᠰᠦ ᠲᠡᠢ᠂ ᠠᠩᠬᠢᠯᠤᠮ᠎ᠠ ᠦᠨᠦᠷ ᠲᠡᠢ᠂ ᠲᠣᠭᠳᠣᠢ ᠨᠢ ᠬᠣᠭᠣᠯᠠᠢ ᠬᠡᠯᠪᠡᠷᠢ ᠲᠡᠢ᠂ ᠴᠡᠴᠡᠭ ᠦ᠋ᠨ ᠳᠡᠯᠪᠢ ᠨᠢ ᠭᠦᠢᠬᠡᠨ ᠰᠢᠷ᠎ᠠ᠃ ᠬᠣᠩᠭᠣᠷᠴᠣᠭᠲᠤ ᠵᠢᠮᠢᠰ ᠨᠢ ᠢᠯᠡᠬᠡᠨ ᠪᠠᠷᠢᠭᠤᠯ ᠲᠠᠢ᠂ ᠡᠭᠡᠷᠡᠦᠯ ᠬᠡᠯᠪᠡᠷᠢ ᠲᠡᠢ᠃
[ ᠤᠷᠭᠤᠬᠤ ᠣᠷᠴᠢᠨ ᠬᠢᠭᠡᠳ ᠲᠠᠷᠬᠠᠴᠠ] ᠴᠢᠭᠢᠭᠯᠢᠭ ᠣᠢ ᠳᠤᠮᠳᠠ ᠤᠷᠭᠤᠨ᠎ᠠ᠃ ᠭᠠᠷᠤᠳᠢ ᠶ᠋ᠢᠨ ᠬᠢᠮᠤᠰᠤ ᠪᠣᠯ ᠹᠦᠵᠢᠶᠠᠨ᠂ ᠵᠢᠶᠠᠩᠰᠢ᠂ ᠬᠤᠨᠠᠨ᠂ ᠭᠣᠸᠠᠩᠳᠦ᠋ᠩ᠂ ᠭᠤᠸᠠᠩᠰᠢ᠂ ᠭᠦᠢᠵᠧᠦ ᠳ᠋ᠦ᠍ ᠲᠠᠷᠬᠠᠴᠠ ᠲᠠᠢ᠃ ᠳᠥᠷᠪᠡᠯᠵᠢᠨ ᠭᠠᠷᠤᠳᠢ ᠶ᠋ᠢᠨ ᠬᠢᠮᠤᠰᠤ ᠪᠣᠯ ᠭᠤᠸᠠᠩᠰᠢ᠂ ᠬᠤᠨᠠᠨ᠂ ᠭᠦᠢᠵᠧᠦ᠂ ᠬᠤᠪᠧᠢ᠂ ᠰᠧᠴᠤᠸᠠᠨ ᠳ᠋ᠤ᠌ ᠲᠠᠷᠬᠠᠴᠠ ᠲᠠᠢ᠃ ᠴᠠᠭᠠᠨ ᠭᠠᠷᠤᠳᠢ ᠶ᠋ᠢᠨ ᠬᠢᠮᠤᠰᠤ ᠪᠣᠯᠤᠨ ᠲᠣᠮᠣ ᠨᠠᠪᠴᠢᠲᠤ ᠭᠠᠷᠤᠳᠢ ᠶ᠋ᠢᠨ ᠬᠢᠮᠤᠰᠤ ᠪᠣᠯ ᠭᠤᠸᠠᠩᠳᠦ᠋ᠩ᠂ ᠭᠤᠸᠠᠩᠰᠢ᠂ ᠶᠦᠨᠨᠠᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ]9 ᠳ᠋ᠦ᠍ᠭᠡᠷ ᠰᠠᠷ᠎ᠠ ᠠ᠋ᠴᠠ ᠳᠠᠷᠠᠭ᠎ᠠ ᠵᠢᠯ ᠦ᠋ᠨ4 ᠳ᠋ᠦ᠍ᠭᠡᠷ ᠰᠠᠷ᠎ᠠ ᠶ᠋ᠢᠨ ᠬᠣᠭᠣᠷᠣᠨᠳᠣ ᠭᠣᠬ᠎ᠠ ᠲᠠᠢ ᠡᠰᠢ ᠶ᠋ᠢ ᠨᠢ ᠬᠠᠢᠴᠢᠯᠠᠨ ᠠᠪᠴᠤ᠂ ᠦᠯᠡᠳᠡᠭᠳᠡᠯ ᠨᠠᠪᠴᠢ ᠶ᠋ᠢ ᠨᠢ ᠠᠷᠢᠯᠭᠠᠨ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠮᠣᠬᠣᠳᠠᠭ᠂ ᠬᠥᠩᠭᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ ᠴᠢᠳᠠᠯ ᠲᠠᠢ᠃ ᠭᠣᠣᠯᠳᠠᠭᠤ ᠬᠣᠣᠷ ᠤ᠋ᠨ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄钩藤、华钩藤、白钩藤、大叶钩藤
ᠠᠩᠭ᠌ᠯᠢ ᠨᠡᠷ᠎ᠡ᠄1.Uncaria rhynchopylla(Miq.)Jacks
2.Uncaria sinensis(Oliv.)Hauil.
3.Uncaria sessilifructus Rorb.
4.Uncaria macrophylla Wall.
ᠦᠰᠦᠭ ᠠᠮᠢᠯᠠᠭᠤᠯᠤᠭᠴᠢ᠄ ᠴᠡᠪᠡᠷᠴᠡᠴᠡᠭ
ᠬᠢᠨᠠᠭᠴᠢ᠄ ᠣᠶᠤᠨᠴᠢᠮᠡᠭ