ᠥᠭᠦᠯᠡᠪᠦᠷᠢ ᠶ᠋ᠢᠨ ᠵᠦᠢ02ᠮᠣᠩᠭᠣᠯ ᠬᠡᠯᠡᠨ ᠦ᠌ ᠥᠭᠦᠯᠡᠪᠦᠷᠢ ᠬᠡᠯᠡ ᠪᠢᠴᠢᠭ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠥᠭᠦᠯᠡᠪᠦᠷᠢ ᠶ᠋ᠢᠨ ᠵᠦᠢ02ᠮᠣᠩᠭᠣᠯ ᠬᠡᠯᠡᠨ ᠦ᠌ ᠥᠭᠦᠯᠡᠪᠦᠷᠢ

ᠥᠭᠦᠯᠡᠪᠦᠷᠢ ᠶ᠋ᠢᠨ ᠵᠦᠢ02ᠮᠣᠩᠭᠣᠯ ᠬᠡᠯᠡᠨ ᠦ᠌ ᠥᠭᠦᠯᠡᠪᠦᠷᠢ

ᠠᠩᠭᠢᠯᠠᠯ:ᠬᠡᠯᠡ ᠪᠢᠴᠢᠭ
2025-10-12

46

ᠬᠣᠶᠠᠷ᠃ ᠮᠣᠩᠭᠣᠯ ᠬᠡᠯᠡᠨ ᠦ᠌ ᠥᠭᠦᠯᠡᠪᠦᠷᠢ

ᠦᠭᠡ ᠬᠡᠯᠡ ᠭᠡᠳᠡᠭ ᠡᠨᠡ ᠬᠦ᠌ ᠶᠠᠭᠤᠮ᠎ᠠ ᠪᠣᠯ ᠬᠥᠮᠦᠰ ᠦ᠋ᠨ ᠬᠠᠷᠢᠯᠴᠠᠭᠠᠨ ᠤ᠋ ᠵᠡᠪᠰᠡᠭ ᠬᠡᠷᠡᠭᠯᠡᠭᠦᠷ ᠮᠥᠨ᠃ ᠡᠢᠮᠦ ᠤᠴᠢᠷ ᠠ᠋ᠴᠠ᠂ ᠥᠴᠢᠨᠡᠨ ᠲᠥᠴᠢᠨᠡᠨ ᠦᠭᠡ ᠪᠤᠶᠤ ᠡᠰᠡᠬᠦᠯ᠎ᠡ ᠬᠣᠯᠪᠣᠭ᠎ᠠ ᠦᠭᠡ ᠡᠴᠡ ᠪᠦᠷᠢᠯᠳᠦᠭᠰᠡᠨ᠂ ᠶᠠᠮᠠᠷ ᠨᠢᠭᠡᠨ ᠦᠵᠡᠯ ᠰᠠᠨᠠᠭ᠎ᠠ ᠶ᠋ᠢ ᠪᠦᠷᠢᠨ ᠢᠯᠡᠳᠬᠡᠭᠰᠡᠨ ᠬᠥᠮᠦᠰ ᠦ᠋ᠨ ᠬᠠᠷᠢᠯᠴᠠᠭᠠᠨ ᠤ᠋ ᠬᠠᠮᠤᠭ ᠤ᠋ᠨ ᠦᠨᠳᠦᠰᠦᠨ ᠨᠢᠭᠡᠴᠢ ᠶ᠋ᠢ ᠥᠭᠦᠯᠡᠪᠦᠷᠢ ᠭᠡᠨ᠎ᠡ᠃ ᠥᠭᠦᠯᠡᠪᠦᠷᠢ ᠨᠢ ᠨᠢᠭᠡ ᠪᠤᠶᠤ ᠥᠴᠢᠨᠡᠨ ᠲᠥᠴᠢᠨᠡᠨ ᠦᠭᠡ ᠪᠡᠷ ᠪᠦᠲᠦᠳᠡᠭ᠃
ᠥᠭᠦᠯᠡᠪᠦᠷᠢ ᠶ᠋ᠢᠨ ᠰᠢᠨᠵᠢ ᠴᠢᠨᠠᠷ ᠤ᠋ᠨ ᠲᠠᠯ᠎ᠠ ᠠ᠋ᠴᠠ ᠠᠪᠴᠤ ᠦᠵᠡᠪᠡᠯ᠄

1 ᠬᠠᠷᠢᠴᠠᠩᠭᠤᠢ ᠤᠳᠬ᠎ᠠ ᠲᠡᠭᠦᠰᠦᠭᠰᠡᠨ ᠰᠠᠨᠠᠭ᠎ᠠ ᠶ᠋ᠢ ᠢᠯᠡᠷᠡᠭᠦᠯᠬᠦ ᠤᠳᠬ᠎ᠠ ᠶ᠋ᠢᠨ ᠮᠡᠳᠡᠭᠳᠡᠯ ᠦ᠋ᠨ ᠨᠢᠭᠡᠴᠢ ᠪᠠᠢᠨ᠎ᠠ᠃
2 ᠬᠡᠯᠡᠯᠴᠡᠭᠴᠢ ᠡᠲᠡᠭᠡᠳ ᠡᠴᠡ ᠪᠣᠳᠠᠲᠤ ᠪᠠᠢᠳᠠᠯ ᠲᠠᠢ ᠬᠠᠷᠢᠯᠴᠠᠭᠰᠠᠨ ᠵᠣᠷᠢᠯᠭ᠎ᠠ ᠶ᠋ᠢ ᠵᠢᠭᠠᠭᠰᠠᠨ ᠪᠠᠢᠨ᠎ᠠ᠃
3 ᠲᠤᠰᠬᠠᠢ ᠬᠡᠯᠡᠨ ᠦ᠌ ᠲᠡᠭᠦᠰ ᠠᠶᠠᠯᠭᠤ ᠲᠠᠢ ᠪᠠᠢᠨ᠎ᠠ᠃
4 ᠲᠤᠬᠠᠢ ᠶ᠋ᠢᠨ ᠬᠡᠯᠡᠨ ᠦ᠌ ᠬᠡᠯᠡᠨ ᠵᠦᠢ ᠶ᠋ᠢᠨ ᠶᠣᠰᠣ ᠪᠠᠷ ᠬᠡᠯᠪᠡᠷᠢᠵᠢᠭᠰᠡᠨ ᠪᠠᠢᠨ᠎ᠠ᠃
ᠵᠢᠱ᠌ᠢᠶᠡᠯᠡᠪᠡᠯ᠄ <1> ᠪᠦᠲᠦᠭᠡᠳᠡᠭ᠂ ᠲᠡᠦᠬᠡ ᠶ᠋ᠢ᠂ ᠰᠠᠶᠢ᠂ ᠳᠡᠯᠡᠬᠡᠢ ᠶ᠋ᠢᠨ᠂ ᠬᠦᠴᠦᠨ᠂ ᠮᠥᠨ᠂ ᠬᠥᠳᠡᠯᠭᠡᠬᠦ᠂ ᠠᠷᠠᠳ ᠲᠦᠮᠡᠨ᠂
_ᠠᠷᠠᠳ ᠲᠦᠮᠡᠨ ᠪᠣᠯ᠂ ᠭᠠᠭᠴᠠ ᠬᠦ᠌ — ᠠᠷᠠᠳ ᠲᠦᠮᠡᠨ᠂ ᠭᠠᠭᠴᠠ ᠬᠦ᠌ ᠠᠷᠠᠳ ᠲᠦᠮᠡᠨ ᠪᠣᠯ ᠰᠠᠶᠢ ᠳᠡᠯᠡᠬᠡᠢ ᠶ᠋ᠢᠨ ᠲᠡᠦᠬᠡ ᠶ᠋ᠢ ᠪᠦᠲᠦᠭᠡᠳᠡᠭ ᠬᠥᠳᠡᠯᠭᠡᠬᠦ ᠬᠦᠴᠦᠨ ᠮᠥᠨ᠃
<2> ᠨᠢᠭᠡᠳᠦᠭᠡᠷ ᠲᠦ᠍᠂ ᠰᠤᠷ᠂ ᠬᠣᠶᠠᠳᠤᠭᠠᠷ ᠲᠤ᠌᠂ ᠰᠤᠷ᠂ᠭᠤᠷᠪᠠᠳᠤᠭᠠᠷ ᠲᠤ᠌᠂ ᠪᠠᠰᠠ ᠳᠠᠬᠢᠨ ᠰᠤᠷ᠂ ᠳᠠᠷᠠᠭ᠎ᠠ ᠨᠢ ᠪᠠᠢᠴᠠᠭᠠᠯᠲᠠ ᠬᠢᠵᠦ᠂ ᠡᠷᠳᠡᠮ ᠢ᠋ᠶ᠋ᠡᠨ ᠮᠠᠨ ᠤ᠋ ᠴᠢᠰᠤ ᠮᠢᠬᠠᠨ ᠳ᠋ᠤ᠌ ᠭᠦᠨᠵᠡᠭᠡᠢᠷᠡᠭᠦᠯᠵᠦ᠂ ᠦᠨᠡᠨ ᠢ᠋ᠶ᠋ᠡᠷ᠂ ᠪᠦᠷᠢᠮᠦᠰᠦᠨ ᠠᠮᠢᠳᠤᠷᠠᠯ ᠤ᠋ᠨ ᠪᠦᠷᠢᠯᠳᠦᠬᠦᠨ ᠬᠡᠰᠡᠭ ᠪᠣᠯᠭᠠᠬᠤ ᠬᠡᠷᠡᠭᠲᠡᠢ᠁