ᠬᠣᠷᠣᠲᠤ ᠪᠣᠷᠣKhort borХорт бор
ᠬᠣᠷᠣᠲᠤ ᠪᠣᠷᠣ
ᠲᠤᠰ ᠡᠮ ᠪᠣᠯ ᠢᠯᠠᠮᠠᠨ ᠰᠣᠭᠰᠣᠷ ᠤ᠋ᠨ ᠢᠵᠠᠭᠤᠷ ᠤ᠋ᠨ ᠤᠷᠭᠤᠮᠠᠯ ᠪᠣᠯᠬᠤ ᠴᠠᠷᠠᠰᠤᠨ ᠰᠣᠭᠰᠣᠷ ᠤ᠋ᠨ ᠬᠠᠲᠠᠭᠠᠭᠰᠠᠨ ᠡᠰᠢ ᠮᠥᠴᠢᠷ ᠮᠥᠨ᠃ ᠪᠠᠰᠠ ᠮᠣᠳᠣᠨ ᠳ᠋ᠧᠸᠠ ᠭᠡᠳᠡᠭ᠃
[ ᠤᠤᠯ ᠤᠷᠭᠤᠮᠠᠯ] ᠮᠥᠩᠬᠡ ᠨᠣᠭᠣᠭᠠᠨ ᠵᠢᠵᠢᠭ ᠪᠤᠲᠠ ᠮᠣᠳᠣ᠃30~60cm ᠥᠨᠳᠥᠷ᠂ ᠡᠰᠢ ᠮᠥᠴᠢᠷ ᠨᠢ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠰᠢᠷᠠᠩᠭᠤᠢ ᠨᠣᠭᠣᠭᠠᠨ ᠪᠤᠶᠤ ᠨᠣᠭᠣᠭᠠᠨ ᠥᠩᠭᠡ ᠲᠡᠢ᠂ ᠥᠴᠦᠬᠡᠨ ᠮᠢᠬᠠᠯᠢᠭ᠂2~3 ᠠᠴᠠᠯᠠᠨ ᠰᠠᠯᠠᠭᠠᠯᠠᠨ᠎ᠠ᠃ ᠰᠠᠯᠠᠭᠠᠯᠠᠭᠰᠠᠨ ᠬᠡᠰᠡᠭ ᠲᠡᠭᠡᠨ ᠲᠣᠮᠣᠷᠠᠵᠤ ᠦᠶ᠎ᠡ ᠪᠣᠯᠳᠠᠭ᠂ ᠦᠶ᠎ᠡ ᠶ᠋ᠢᠨ ᠵᠠᠢ ᠨᠢ5~10cm ᠤᠷᠲᠤ᠃ ᠨᠠᠪᠴᠢ ᠨᠢ ᠮᠥᠴᠢᠷ ᠦ᠋ᠨ ᠦᠵᠦᠭᠦᠷ ᠪᠤᠶᠤ ᠦᠶ᠎ᠡ ᠳᠡᠭᠡᠷ᠎ᠡ ᠨᠢ ᠴᠢᠭᠲᠠᠯᠠᠨ ᠤᠷᠭᠤᠨ᠎ᠠ᠂ ᠪᠠᠷᠢᠭᠤᠯ ᠦᠭᠡᠢ᠃ ᠨᠠᠪᠴᠢᠨ ᠢᠯᠲᠠᠰᠤ ᠨᠢ ᠮᠢᠬᠠᠯᠢᠭ ᠵᠤᠵᠠᠭᠠᠨ᠂ ᠰᠢᠷᠠᠩᠭᠤᠢ ᠨᠣᠭᠣᠭᠠᠨ ᠥᠩᠭᠡ ᠲᠡᠢ᠂ ᠵᠤᠤᠪᠠᠩᠯᠢᠭ ᠬᠠᠪᠲᠠᠭᠠᠢ ᠲᠡᠪᠡᠨᠡ ᠬᠡᠯᠪᠡᠷᠢ ᠲᠡᠢ ᠪᠤᠶᠤ ᠲᠣᠩᠭᠤᠤᠷᠤ ᠬᠠᠪᠲᠠᠭᠠᠢ ᠲᠡᠪᠡᠨᠡ ᠬᠡᠯᠪᠡᠷᠢ ᠲᠡᠢ᠂3~7cm ᠤᠷᠲᠤ᠂7~15mm ᠥᠷᠭᠡᠨ᠂ ᠮᠤᠬᠤᠷ ᠲᠣᠭᠣᠷᠢᠭ ᠦᠵᠦᠭᠦᠷ ᠲᠡᠢ᠂ ᠱᠠᠭᠠᠨᠲᠠᠭ ᠤᠭ ᠲᠠᠢ᠂ ᠪᠦᠲᠦᠨ ᠬᠥᠪᠡᠭᠡ ᠲᠡᠢ᠂ ᠭᠢᠯᠦᠭᠡᠷ᠃ ᠲᠠᠪᠤᠳᠠᠭᠰᠠᠨ ᠭᠣᠣᠯ ᠰᠤᠳᠠᠯ ᠤ᠋ᠨ ᠬᠢᠨᠢ ᠭᠣᠣᠯ ᠳ᠋ᠠᠬᠢ3 ᠨᠢ ᠲᠣᠳᠣᠷᠬᠠᠢ᠃ ᠴᠡᠴᠡᠭ ᠨᠢ ᠭᠠᠭᠴᠠ ᠪᠡᠯᠭᠡ ᠲᠡᠢ᠂ ᠣᠨᠳᠣᠣ ᠬᠡᠷᠲᠡᠢ᠂ ᠪᠠᠷᠢᠭᠤᠯ ᠦᠭᠡᠢ᠂ ᠨᠣᠭᠣᠪᠲᠤᠷ ᠰᠢᠷ᠎ᠠ ᠪᠤᠶᠤ ᠪᠠᠷᠤᠭ ᠮᠢᠬᠠᠨ ᠤ᠋ ᠥᠩᠭᠡ ᠲᠡᠢ ᠴᠡᠴᠡᠭ ᠮᠥᠴᠢᠷ ᠦ᠋ᠨ ᠣᠷᠣᠢ ᠳ᠋ᠠᠬᠢ ᠬᠣᠶᠠᠷ ᠨᠠᠪᠴᠢᠨ ᠤ᠋ ᠳᠤᠮᠳᠠ ᠳᠡᠯᠭᠡᠷᠡᠨ᠎ᠡ᠃ ᠡᠷ᠎ᠡ ᠴᠡᠴᠡᠭ ᠨᠢ3~5 ᠬᠦᠢᠰ᠂ ᠪᠠᠭᠯᠠᠭᠴᠢ ᠢᠯᠲᠠᠰᠤ ᠨᠢ ᠴᠣᠮᠣ ᠬᠡᠯᠪᠡᠷᠢ ᠲᠡᠢ᠂ ᠪᠠᠷᠤᠭ2mm ᠤᠷᠲᠤ᠂ ᠴᠡᠴᠡᠭ ᠦ᠋ᠨ ᠰᠢᠳᠠᠷ ᠨᠢ ᠬᠤᠩᠬ᠎ᠠ ᠬᠡᠯᠪᠡᠷᠢ ᠲᠡᠢ᠂4 ᠰᠡᠵᠢᠭᠦᠷ ᠣᠨᠢ ᠲᠠᠢ᠂ ᠵᠤᠵᠠᠭᠠᠨ᠃4 ᠡᠷ᠎ᠡ ᠲᠣᠭᠣᠷᠴᠣᠭ ᠲᠠᠢ᠂ ᠳᠣᠬᠢᠭᠤᠷ ᠦᠭᠡᠢ᠂ ᠣᠯᠠᠨ ᠲᠠᠰᠤᠭᠲᠤ ᠲᠣᠭᠣᠰᠣᠪᠴᠢ ᠲᠠᠢ᠃ ᠡᠮ᠎ᠡ ᠴᠡᠴᠡᠭ ᠨᠢ1~3 ᠬᠦᠢᠰ᠂ ᠴᠡᠴᠡᠭ ᠦ᠋ᠨ ᠰᠢᠳᠠᠷ ᠨᠢ ᠤᠮᠠᠢ ᠲᠠᠢ ᠪᠠᠨ ᠨᠡᠢᠯᠡᠭᠰᠡᠨ ᠬᠤᠩᠬ᠎ᠠ ᠬᠡᠯᠪᠡᠷᠢ ᠲᠡᠢ ᠪᠥᠭᠡᠳ ᠦᠵᠦᠭᠦᠷ ᠲᠤᠨᠢ4 ᠰᠡᠵᠢᠭᠦᠷ ᠲᠡᠢ᠂ ᠪᠠᠷᠤᠭ1mm ᠤᠷᠲᠤ᠃ ᠳᠣᠣᠷᠠᠲᠤ ᠣᠷᠣᠨᠲᠤ ᠤᠮᠠᠢ ᠲᠠᠢ᠂1 ᠲᠠᠰᠤᠭ ᠲᠠᠢ᠂ ᠴᠡᠴᠡᠭ ᠦ᠋ᠨ ᠪᠠᠭᠠᠨ᠎ᠠ ᠦᠭᠡᠢ᠂ ᠪᠠᠭᠠᠨ᠎ᠠ ᠶ᠋ᠢᠨ ᠠᠮᠠᠰᠠᠷ ᠨᠢ ᠲᠣᠯᠣᠭᠠᠢ ᠬᠡᠯᠪᠡᠷᠢ ᠲᠡᠢ᠃ ᠰᠢᠭᠦᠰᠦᠯᠢᠭ ᠵᠢᠮᠢᠰ ᠨᠢ ᠪᠥᠮᠪᠥᠯᠢᠭ ᠬᠡᠯᠪᠡᠷᠢ ᠲᠡᠢ᠂ ᠬᠠᠭᠠᠰ ᠲᠤᠩᠭᠠᠯᠠᠭ᠂ ᠳ᠋ᠢᠶᠠᠮᠧᠲ᠋ᠷ ᠨᠢ6~7mm᠂ ᠪᠣᠯᠪᠠᠰᠤᠷᠠᠪᠠᠯ ᠰᠢᠷ᠎ᠠ ᠪᠤᠶᠤ ᠰᠢᠷᠠᠪᠲᠤᠷ ᠤᠯᠠᠭᠠᠨ ᠥᠩᠭᠡ ᠲᠡᠢ᠂ ᠵᠢᠮᠢᠰ ᠦ᠋ᠨ ᠬᠠᠯᠢᠰᠤ ᠨᠢ ᠨᠢᠯᠴᠠᠭᠠᠢ ᠴᠠᠪᠠᠤᠯᠢᠭ ᠡᠳ᠋ ᠲᠡᠢ᠃1 ᠮᠥᠬᠥᠯᠢᠭ ᠦᠷ᠎ᠡ ᠲᠡᠢ᠂ ᠬᠠᠮᠰᠢᠭᠢᠷ ᠪᠠᠢᠳᠠᠭ᠃4~5 ᠳ᠋ᠤᠭᠠᠷ ᠰᠠᠷ᠎ᠠ ᠳ᠋ᠤ᠌ ᠴᠡᠴᠡᠭᠯᠡᠵᠦ᠂9~11 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠶᠡᠷᠦ ᠳ᠋ᠡᠭᠡᠨ ᠬᠠᠢᠯᠠᠰᠤ᠂ ᠬᠤᠰᠤ᠂ ᠪᠤᠷᠭᠠᠰᠤ᠂ ᠬᠠᠲᠠᠭᠤ ᠴᠠᠭᠠᠨ᠂ ᠤᠯᠢᠶᠠᠰᠤ ᠵᠡᠷᠭᠡ ᠮᠣᠳᠣᠨ ᠳᠡᠭᠡᠷ᠎ᠡ ᠮᠥᠯᠵᠢᠵᠦ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ᠂ ᠾᠧᠨᠠᠨ᠂ ᠱᠠᠨ ᠰᠢ᠂ ᠭᠠᠨᠰᠦ᠂ ᠬᠥᠬᠡᠨᠠᠭᠤᠷ᠂ ᠱᠠᠨᠳᠦ᠋ᠩ᠂ ᠵᠢᠶᠠᠩᠰᠦ᠂ ᠠᠨᠾᠥ᠋ᠢ᠂ ᠵᠧᠵᠢᠶᠠᠩ᠂ ᠵᠢᠶᠠᠩᠰᠢ᠂ ᠹᠦᠵᠢᠶᠠᠨ᠂ ᠬᠤᠪᠧᠢ᠂ ᠬᠤᠨᠠᠨ᠂ ᠰᠧᠴᠤᠸᠠᠨ᠂ ᠶᠦᠨᠨᠠᠨ ᠵᠡᠷᠭᠡ ᠮᠣᠵᠢ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠶᠡᠷᠦ ᠳ᠋ᠡᠭᠡᠨ ᠡᠪᠦᠯ ᠠᠪᠤᠨ᠎ᠠ᠃ ᠾᠧᠨᠠᠨ᠂ ᠬᠤᠨᠠᠨ ᠳ᠋ᠤ᠌ ᠪᠣᠯ3~8 ᠳ᠋ᠤᠭᠠᠷ ᠰᠠᠷ᠎ᠠ ᠳ᠋ᠤ᠌ ᠲᠡᠭᠦᠳᠡᠭ᠃ ᠬᠠᠳᠤᠵᠤ ᠠᠪᠤᠭᠠᠳ ᠲᠣᠮᠣ ᠰᠠᠯᠠᠭ᠎ᠠ ᠶ᠋ᠢ ᠨᠢ ᠠᠷᠢᠯᠭᠠᠨ ᠬᠠᠶᠠᠭᠠᠳ᠂ ᠰᠡᠭᠦᠳᠡᠷ ᠲᠦ᠍ ᠬᠠᠲᠠᠭᠠᠬᠤ ᠪᠤᠶᠤ ᠨᠠᠷᠠᠨ ᠳ᠋ᠤ᠌ ᠬᠠᠲᠠᠭᠠᠨ᠎ᠠ᠃ ᠡᠰᠡᠬᠦᠯ᠎ᠡ ᠪᠤᠴᠠᠯᠤᠮ᠎ᠠ ᠤᠰᠤᠨ ᠳ᠋ᠤ᠌ ᠲᠡᠩᠨᠡᠵᠦ ᠭᠠᠷᠭᠠᠭᠠᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠬᠦᠢᠲᠡᠨ ᠴᠢᠨᠢ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ᠂ ᠨᠢᠶᠠᠨ ᠢ᠋ ᠨᠢᠲᠤᠯᠬᠤ ᠴᠢᠳᠠᠯ ᠲᠠᠢ᠃ ᠭᠣᠣᠯᠳᠠᠭᠤ ᠳᠡᠯᠭᠡᠷᠡᠭᠰᠡᠨ ᠬᠠᠯᠠᠭᠤᠨ᠂ ᠬᠢᠵᠢᠭ ᠬᠠᠯᠠᠭᠤᠨ᠂ ᠲᠣᠯᠣᠭᠠᠢ ᠪᠣᠯᠤᠨ ᠦᠶ᠎ᠡ ᠭᠡᠰᠢᠭᠦᠦ ᠡᠪᠡᠳᠬᠦ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 槲寄生
ᠠᠩᠭ᠌ᠯᠢ ᠨᠡᠷ᠎ᠡ᠄Uiscum coioratum (Kom.) Nakai
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠲᠤᠶᠠᠭ᠎ᠠ