ᠮᠣᠩᠭᠣᠯ ᠦᠨᠳᠦᠰᠦᠲᠡᠨ ᠦ ᠰᠢᠯᠭᠠᠷᠠᠭᠰᠠᠨ ᠠᠷᠠᠳᠴᠢᠯᠠᠭᠰᠠᠨ ᠬᠤᠪᠢᠰᠬᠠᠯᠴᠢ ᠰᠢᠨᠡᠯᠠᠮ᠎ᠠ - ᠬᠣᠶᠠᠳᠤᠭᠠᠷ ᠪᠦᠯᠦᠭ᠂ᠥᠯᠵᠡᠢᠵᠢᠷᠭᠠᠯ– ᠭᠢᠯᠠᠯᠵᠠᠭᠰᠠᠨ ᠨᠢᠭᠡ ᠨᠠᠰᠤ7(2) Шинэлам – 2-р бүлэг᠂ Өлзийжаргал– гялалзсан нэг нас 7(2) ᠲᠡᠥᠬᠡ ᠰᠣᠶᠣᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠣᠩᠭᠣᠯ ᠦᠨᠳᠦᠰᠦᠲᠡᠨ ᠦ ᠰᠢᠯᠭᠠᠷᠠᠭᠰᠠᠨ ᠠᠷᠠᠳᠴᠢᠯᠠᠭᠰᠠᠨ ᠬᠤᠪᠢᠰᠬᠠᠯᠴᠢ ᠰᠢᠨᠡᠯᠠᠮ᠎ᠠ - ᠬᠣᠶᠠᠳᠤᠭᠠᠷ ᠪᠦᠯᠦᠭ᠂ᠥᠯᠵᠡᠢᠵᠢᠷᠭᠠᠯ– ᠭᠢᠯᠠᠯᠵᠠᠭᠰᠠᠨ ᠨᠢᠭᠡ ᠨᠠᠰᠤ7(2) Шинэлам – 2-р бүлэг᠂ Өлзийжаргал– гялалзсан нэг нас 7(2)

ᠮᠣᠩᠭᠣᠯ ᠦᠨᠳᠦᠰᠦᠲᠡᠨ ᠦ ᠰᠢᠯᠭᠠᠷᠠᠭᠰᠠᠨ ᠠᠷᠠᠳᠴᠢᠯᠠᠭᠰᠠᠨ ᠬᠤᠪᠢᠰᠬᠠᠯᠴᠢ ᠰᠢᠨᠡᠯᠠᠮ᠎ᠠ - ᠬᠣᠶᠠᠳᠤᠭᠠᠷ ᠪᠦᠯᠦᠭ᠂ᠥᠯᠵᠡᠢᠵᠢᠷᠭᠠᠯ– ᠭᠢᠯᠠᠯᠵᠠᠭᠰᠠᠨ ᠨᠢᠭᠡ ᠨᠠᠰᠤ7(2) Шинэлам – 2-р бүлэг᠂ Өлзийжаргал– гялалзсан нэг нас 7(2)

ᠠᠩᠭᠢᠯᠠᠯ:ᠲᠡᠥᠬᠡ ᠰᠣᠶᠣᠯ
2025-10-11

6

ᠳᠣᠯᠣᠭ᠎ᠠ᠂ ᠭᠠᠳᠠᠭᠠᠳᠤ ᠳ᠋ᠤ᠌ ᠰᠤᠷᠤᠯᠴᠠᠬᠤ ᠪᠠᠷ ᠶᠠᠪᠤᠭᠰᠠᠨ ᠨᠢ

(ᠬᠣᠶᠠᠷ) ᠂ ᠤᠯᠠᠭᠠᠨᠪᠠᠭᠠᠲᠤᠷ ᠬᠣᠲᠠᠨ ᠳ᠋ᠤ᠌ ᠠᠵᠢᠯᠯᠠᠵᠤ ᠰᠤᠷᠤᠯᠴᠠᠭᠰᠠᠨ

   
       ᠰᠢᠨᠠᠯᠠᠮ᠎ᠠ ᠲᠦᠷᠦᠭᠦᠲᠠᠢ ᠠᠷᠪᠠᠨ ᠵᠢᠷᠭᠤᠭᠠᠨ ᠬᠥᠮᠦᠨ ᠮᠣᠩᠭᠣᠯ ᠤᠯᠤᠰ ᠤ᠋ᠨ ᠤᠯᠠᠭᠠᠨᠪᠠᠭᠠᠲᠤᠷ ᠲᠤ᠌ ᠬᠦᠷᠦᠮᠡᠭᠴᠡ ᠤᠷᠢᠳ ᠢ᠋ᠶ᠋ᠠᠷ ᠮᠣᠩᠭᠣᠯ ᠤ᠋ᠨ ᠬᠤᠪᠢᠰᠬᠠᠯᠲᠤ ᠨᠠᠮ ᠤ᠋ᠨ ᠤᠳᠤᠷᠢᠳᠤᠭᠴᠢ ᠮᠠᠷᠱᠧᠯ ᠴᠣᠢᠪᠠᠯᠰᠠᠩ ᠳ᠋ᠤ᠌  ᠪᠠᠷ᠎ᠠ ᠠᠢᠯᠠᠳᠬᠠᠵᠤ᠂ ᠣᠷᠳᠣᠰ ᠤ᠋ᠨ ᠦᠦᠰᠢᠨ ᠬᠤᠰᠢᠭᠤᠨ ᠠ᠋ᠴᠠ ᠢᠷᠡᠭᠰᠡᠨ ᠤᠴᠢᠷ ᠢ᠋ᠶ᠋ᠠᠨ ᠬᠠᠷᠢᠭᠤ ᠮᠡᠳᠡᠭᠦᠯᠪᠡ᠃ ᠲᠡᠷᠡ ᠶᠡᠬᠡ ᠬᠠᠯᠠᠭᠤᠨ ᠢ᠋ᠶ᠋ᠠᠷ ᠤᠭᠲᠤᠵᠤ ᠪᠠᠢᠭ᠎ᠠ ᠪᠠᠨ ᠢᠯᠡᠷᠬᠡᠢᠯᠡᠵᠦ᠂ ᠭᠤᠷᠪᠠᠳᠤᠭᠠᠷ ᠡᠳᠦᠷ ᠲᠦ᠍ ᠪᠦᠬᠦ ᠬᠥᠮᠦᠰ ᠢ᠋ ᠬᠦᠯᠢᠶᠡᠨ ᠠᠪᠴᠤ ᠠᠭᠤᠯᠵᠠᠯᠲᠠ ᠬᠢᠵᠦ᠄《ᠲᠠ ᠨᠠᠷ ᠤ᠋ᠨ ᠢᠷᠡᠬᠦ ᠶ᠋ᠢ ᠮᠠᠨ ᠤ᠋ ᠡᠯᠴᠢᠨ ᠰᠠᠢᠳ ᠨᠠᠰᠤᠨᠪᠠᠲᠤ ᠪᠡᠭᠡᠵᠢᠩ ᠡᠴᠡ ᠢᠷᠡᠭᠡᠳ ᠨᠠᠳᠠᠳᠤ ᠬᠡᠯᠡᠵᠦ ᠥᠩᠭᠡᠷᠡᠵᠡᠢ᠃ ᠣᠳᠣ ᠲᠠ ᠨᠠᠷ ᠢᠷᠡᠭᠰᠡᠨ ᠨᠢ ᠰᠠᠢᠨ》 ᠭᠡᠪᠡ᠃ ᠮᠣᠩᠭᠣᠯ ᠤᠯᠤᠰ ᠤ᠋ᠨ ᠤᠯᠤᠰ ᠤ᠋ᠨ ᠬᠤᠷᠠᠯ ᠠ᠋ᠴᠠ ᠲᠡᠳᠡᠨ ᠦ᠌ ᠰᠠᠭᠤᠬᠤ ᠣᠷᠣᠨ ᠪᠣᠯᠤᠨ ᠠᠮᠢᠳᠤᠷᠠᠯ ᠢ᠋ ᠵᠣᠬᠢᠰᠲᠠᠢ ᠰᠠᠢᠬᠠᠨ ᠲᠣᠬᠢᠷᠠᠭᠤᠯᠵᠤ ᠰᠠᠷ᠎ᠠ ᠳ᠋ᠤ᠌ ᠭᠤᠴᠢᠨ ᠮᠥᠩᠭᠥᠨ ᠵᠣᠭᠣᠰᠤᠨ ᠣᠯᠭᠣᠮᠵᠢ ᠥᠭᠴᠦ ᠰᠤᠷᠤᠯᠴᠠᠭᠤᠯᠤᠭᠰᠠᠨ ᠪᠥᠭᠡᠳ ᠰᠢᠨᠡᠯᠡᠮ᠎ᠡ ᠶ᠋ᠢ ᠴᠣᠢᠪᠠᠯᠰᠠᠩ ᠤ᠋ᠨ ᠭᠡᠷ ᠦ᠋ᠨ ᠬᠠᠵᠠᠭᠤ ᠳ᠋ᠠᠬᠢ ᠪᠢᠴᠢᠬᠠᠨ ᠭᠡᠷ ᠲᠦ᠍ ᠰᠠᠭᠤᠯᠭᠠᠵᠠᠢ᠃   
       ᠰᠢᠨᠠᠯᠠᠮ᠎ᠠ ᠮᠣᠩᠭᠣᠯ ᠤᠯᠤᠰ ᠤ᠋ᠨ ᠨᠣᠮ ᠤ᠋ᠨ ᠰᠠᠩ ᠳ᠋ᠤ᠌ ᠰᠤᠷᠤᠯᠴᠠᠵᠤ ᠠᠵᠢᠯᠯᠠᠪᠠ᠃  ᠬᠥᠪᠡᠭᠦᠨ ᠭᠦᠩᠭ᠎ᠠ ᠨᠢ ᠰᠦᠬᠡᠪᠠᠭᠠᠲᠤᠷ ᠨᠡᠷᠡᠮᠵᠢᠲᠦ ᠰᠤᠷᠭᠠᠭᠤᠯᠢ ᠳ᠋ᠤ᠌ ᠰᠤᠷᠤᠯᠴᠠᠵᠤ᠂ ᠮᠠᠨᠳᠤᠬᠤᠥ᠌ᠯᠵᠡᠢ᠂ ᠰᠠᠢᠰᠢᠩᠭ᠎ᠠ᠂ ᠰᠡᠷᠪᠡᠵᠠᠪ᠂ ᠨᠢᠮᠠᠷᠢᠨᠴᠢᠨ᠂ ᠲᠦᠪᠰᠢᠨ ᠨᠠᠷ ᠮᠣᠩᠭᠣᠯ ᠤ᠋ᠨ ᠴᠡᠷᠢᠭ ᠵᠠᠰᠠᠭ ᠤ᠋ᠨ ᠰᠤᠷᠭᠠᠭᠤᠯᠢ ᠳ᠋ᠤ᠌ ᠰᠤᠷᠤᠯᠴᠠᠵᠤ ᠳᠠᠨᠽᠠᠨ ᠲᠥᠪᠡᠳ ᠡᠮᠨᠡᠯᠭᠡ ᠶ᠋ᠢᠨ ᠤᠬᠠᠭᠠᠨ ᠢ᠋ ᠰᠤᠷᠤᠯᠴᠠᠪᠠ᠃  
       ᠡᠨᠡ ᠬᠦ᠌ ᠬᠤᠭᠤᠴᠠᠭᠠᠨ ᠳ᠋ᠤ᠌ ᠰᠢᠨᠠᠯᠠᠮ᠎ᠠ《ᠵᠡᠪᠰᠡᠭ ᠡᠴᠡ ᠵᠠᠰᠠᠭ ᠤ᠋ᠨ ᠡᠷᠬᠡ ᠶ᠋ᠢ ᠲᠡᠮᠡᠴᠡᠨ ᠣᠯᠬᠤ》 ᠦᠨᠡᠨ ᠶᠣᠰᠣ ᠶ᠋ᠢ ᠣᠢᠯᠠᠭᠠᠵᠤ᠂ ᠵᠥᠪᠬᠡᠨ ᠳᠤᠭᠤᠢᠯᠠᠩ ᠪᠣᠯᠵᠤ ᠳᠤᠭᠤᠢᠯᠠᠭᠠᠳ ᠤᠴᠢᠷ ᠶᠠᠪᠤᠳᠠᠯ ᠭᠣᠮᠣᠳᠠᠯ ᠢ᠋ᠶ᠋ᠠᠨ ᠬᠡᠯᠡᠭᠡᠳ ᠪᠣᠯᠬᠤ ᠦᠭᠡᠢ᠂ ᠡᠷᠬᠡᠪᠰᠢ ᠪᠠᠲᠤ ᠴᠢᠩᠭ᠎ᠠ ᠬᠤᠷᠴᠠ ᠴᠡᠷᠢᠭ ᠪᠠᠢᠮᠠᠨᠵᠢᠨ ᠰᠠᠶᠢ ᠡᠷᠬᠡ ᠴᠢᠯᠥᠭᠡ ᠪᠡᠨ ᠣᠯᠵᠤ ᠨᠤᠲᠤᠭ ᠤᠰᠤ ᠪᠠᠨ ᠬᠠᠮᠠᠭᠠᠯᠠᠵᠤ ᠴᠢᠳᠠᠨ᠎ᠠ ᠭᠡᠳᠡᠭ ᠢ᠋ ᠭᠦᠨ ᠲᠠᠨᠢᠵᠠᠢ᠃   

— — — —

           ᠳᠠᠭᠠᠯᠳᠤᠭᠤᠯᠤᠯ  

       ᠥᠪᠥᠷ ᠮᠣᠩᠭᠣᠯ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠦ᠋ᠨ ᠰᠤᠳᠤᠯᠤᠭᠴᠢ ᠵᠣᠣ ᠰᠢᠶᠠᠩ ᠪᠢ ᠨᠥᠬᠥᠷ ᠦ᠋ᠨ ᠪᠢᠴᠢᠭᠰᠡᠨ《ᠰᠢᠨᠡᠯᠡᠮ᠎ᠡ ᠶ᠋ᠢᠨ ᠦᠢᠯᠡ ᠶᠠᠪᠤᠳᠠᠯ ᠤ᠋ᠨ ᠲᠣᠪᠴᠢ》 ᠭᠡᠬᠦ ᠥᠭᠦᠯᠡᠯ(ᠬᠢᠲᠠᠳ ᠬᠡᠪᠯᠡᠯ) ᠦ᠋ᠨ3 ᠳ᠋ᠤᠭᠠᠷ ᠪᠦᠯᠦᠭ ᠳᠠᠬᠢ ᠰᠢᠨᠠᠯᠠᠮ᠎ᠠ ᠶ᠋ᠢᠨ ᠤᠯᠠᠭᠠᠨᠪᠠᠭᠠᠲᠤᠷ ᠳᠠᠬᠢ ᠵᠠᠷᠢᠮ ᠤᠴᠢᠷ ᠢ᠋ ᠣᠷᠴᠢᠭᠤᠯᠤᠨ ᠰᠡᠢᠷᠡᠭᠦᠯᠪᠡ᠃ ᠲᠤᠰ ᠥᠭᠦᠯᠡᠯ ᠳ᠋ᠡᠭᠡᠨ᠄《᠁1924 ᠣᠨ ᠳ᠋ᠤ᠌ ᠭᠠᠳᠠᠭᠠᠳᠤ ᠮᠣᠩᠭᠣᠯ᠂ ᠠᠷᠠᠳ ᠤ᠋ᠨ ᠬᠤᠪᠢᠰᠬᠠᠯᠲᠤ ᠨᠠᠮ ᠤ᠋ᠨ ᠤᠳᠤᠷᠢᠳᠤᠯᠭ᠎ᠠ ᠳᠣᠣᠷ᠎ᠠ ᠵᠢᠪᠽᠦᠨᠳᠠᠮᠪᠠ ᠬᠤᠲᠤᠭᠲᠤ ᠶ᠋ᠢᠨ ᠹᠧᠣᠳᠠᠯ ᠤ᠋ᠨ ᠤᠯᠠᠮᠵᠢᠯᠠᠯᠲᠤ ᠨᠣᠶᠠᠷᠬᠠᠯ ᠢ᠋ ᠲᠦᠯᠬᠢᠨ ᠤᠨᠠᠭᠠᠵᠤ᠂ ᠦᠭᠡᠢᠭᠦᠦ ᠠᠩᠭᠢ ᠶ᠋ᠢᠨ ᠤᠳᠤᠷᠢᠳᠤᠭᠰᠠᠨ ᠪᠦᠭᠦᠳᠡ ᠨᠠᠢᠷᠠᠮᠳᠠᠬᠤ ᠮᠣᠩᠭᠣᠯ ᠠᠷᠠᠳ ᠤᠯᠤᠰ ᠢ᠋ ᠪᠠᠢᠭᠤᠯᠪᠠ᠃ ᠪᠦᠭᠦᠳᠡ ᠨᠠᠢᠷᠠᠮᠳᠠᠬᠤ ᠮᠣᠩᠭᠣᠯ ᠠᠷᠠᠳ ᠤᠯᠤᠰ ᠪᠠᠢᠭᠤᠯᠤᠭᠳᠠᠭᠰᠠᠨ ᠨᠢ ᠳᠣᠲᠣᠭᠠᠳᠤ ᠮᠣᠩᠭᠣᠯ ᠤ᠋ᠨ ᠠᠷᠠᠳ ᠤ᠋ᠨ ᠬᠤᠪᠢᠰᠬᠠᠯᠲᠤ ᠬᠥᠳᠡᠯᠭᠡᠭᠡᠨ ᠳ᠋ᠦ᠍ ᠲᠤᠩ ᠶᠡᠬᠡ  ᠨᠥᠯᠥᠭᠡ ᠲᠤᠰᠬᠠᠯ ᠪᠣᠯᠵᠠᠢ᠃ ᠲᠤᠬᠠᠢ ᠶ᠋ᠢᠨ ᠦᠶ᠎ᠡ ᠳ᠋ᠦ᠍ ᠦᠦᠰᠢᠨ ᠬᠤᠰᠢᠭᠤᠨ ᠤ᠋ ᠳᠤᠭᠤᠢᠯᠠᠩ ᠤ᠋ᠨ ᠬᠥᠳᠡᠯᠭᠡᠭᠡᠨ ᠨᠢ ᠬᠦᠴᠢᠷ ᠪᠡᠷᠬᠡᠰᠢᠶᠡᠯᠲᠦ ᠴᠠᠭ ᠦᠶ᠎ᠡ ᠳ᠋ᠦ᠍ ᠪᠠᠢᠭᠰᠠᠨ ᠲᠤᠯᠠ ᠸᠠᠩᠳᠠᠨᠨᠢᠮ᠎ᠠ ᠠ᠋ᠴᠠ ᠰᠢᠨᠡᠯᠡᠮ᠎ᠡ ᠶ᠋ᠢ ᠮᠣᠩᠭᠣᠯ ᠠᠷᠠᠳ ᠤᠯᠤᠰ ᠲᠤ᠌ ᠣᠴᠢᠵᠤ ᠰᠤᠷᠤᠯᠴᠠᠵᠤ ᠲᠡᠳᠡᠨ ᠡᠴᠡ ᠬᠠᠪᠰᠤᠷᠤᠯᠭ᠎ᠠ ᠲᠤᠰᠠᠯᠠᠮᠵᠢ ᠣᠯᠰᠤᠭᠠᠢ ᠭᠡᠮᠡᠨ ᠵᠢᠭᠠᠪᠤᠷᠢᠯᠠᠭᠰᠠᠨ ᠪᠠᠢᠵᠠᠢ》᠃  
     《᠁ ᠰᠢᠨᠠᠯᠠᠮ᠎ᠠ ᠵᠡᠷᠭᠡ ᠬᠥᠮᠦᠰ ᠪᠦᠭᠦᠳᠡ ᠨᠠᠢᠷᠠᠮᠳᠠᠬᠤ ᠮᠣᠩᠭᠣᠯ ᠠᠷᠠᠳ ᠤᠯᠤᠰ ᠲᠤ᠌ ᠣᠴᠢᠭᠰᠠᠨ ᠤ᠋ ᠰᠡᠭᠦᠯᠡᠷ ᠴᠣᠢᠪᠠᠯᠰᠠᠩ ᠨᠥᠬᠥᠷ ᠦ᠋ᠨ ᠬᠠᠯᠠᠭᠤᠨ ᠤᠭᠲᠤᠯᠭ᠎ᠠ ᠶ᠋ᠢ ᠣᠯᠵᠠᠢ᠃ ᠰᠢᠨᠠᠯᠠᠮ᠎ᠠ ᠶ᠋ᠢᠨ ᠬᠥᠪᠡᠭᠦᠨ ᠭᠦᠩᠭ᠎ᠠ ᠶ᠋ᠢᠨ ᠡᠷᠭᠢᠴᠡᠭᠦᠯᠦᠨ ᠶᠠᠷᠢᠬᠤ ᠪᠠᠷ ᠮᠣᠩᠭᠣᠯ ᠤᠯᠤᠰ ᠤ᠋ᠨ ᠬᠢᠨ᠂ ᠰᠢᠨᠠᠯᠠᠮ᠎ᠠ ᠶ᠋ᠢ ᠴᠣᠢᠪᠠᠯᠰᠠᠩ ᠤ᠋ᠨ ᠰᠠᠭᠤᠭ᠎ᠠ ᠭᠠᠵᠠᠷ ᠤ᠋ᠨ ᠳᠡᠷᠭᠡᠳᠡ ᠰᠠᠭᠤᠯᠭᠠᠵᠤ ᠴᠣᠢᠪᠠᠯᠰᠠᠩ ᠴᠠᠭ ᠦᠷᠭᠦᠯᠵᠢ ᠰᠢᠨᠡᠯᠡᠮ᠎ᠡ ᠶ᠋ᠢᠨ ᠳᠡᠷᠭᠡᠳᠡ ᠤᠷᠲᠤ ᠴᠠᠭ ᠢ᠋ᠶ᠋ᠠᠷ ᠲᠡᠭᠦᠨ ᠲᠡᠢ ᠶᠠᠷᠢᠯᠴᠠᠳᠠᠭ ᠪᠥᠭᠡᠳ ᠵᠥᠪᠯᠡᠯᠲᠦ ᠬᠣᠯᠪᠣᠭᠠᠲᠤ ᠤᠯᠤᠰ ᠠ᠋ᠴᠠ ᠳᠤᠮᠳᠠᠳᠤ ᠤᠯᠤᠰ ᠤ᠋ᠨ ᠬᠤᠪᠢᠰᠬᠠᠯ ᠬᠦᠷᠲᠡᠯ᠎ᠡ ᠶᠠᠷᠢᠯᠴᠠᠳᠠᠭ᠃ ᠡᠨᠡ ᠨᠢ ᠰᠢᠨᠡᠯᠡᠮ᠎ᠡ ᠶ᠋ᠢᠨ ᠬᠣᠢᠰᠢ ᠶ᠋ᠢᠨ ᠬᠤᠪᠢᠰᠬᠠᠯᠲᠤ ᠠᠵᠢᠯᠯᠠᠭᠠᠨ ᠳ᠋ᠤ᠌ ᠲᠤᠩ ᠶᠡᠬᠡ ᠬᠠᠪᠰᠤᠷᠤᠯᠭ᠎ᠠ ᠪᠣᠯᠤᠨ ᠤᠳᠤᠷᠢᠳᠤᠮᠵᠢ ᠪᠣᠯᠵᠠᠢ᠃ ᠰᠢᠨᠠᠯᠠᠮ᠎ᠠ ᠤᠷᠢᠳ ᠢ᠋ᠶ᠋ᠠᠷ ᠮᠣᠩᠭᠣᠯ ᠤᠯᠤᠰ ᠤ᠋ᠨ ᠨᠠᠮ ᠤ᠋ᠨ ᠰᠤᠷᠭᠠᠭᠤᠯᠢ ᠳ᠋ᠤ᠌ ᠰᠤᠷᠤᠯᠴᠠᠵᠤ᠂ ᠳᠠᠷᠠᠭ᠎ᠠ ᠨᠢ ᠮᠣᠩᠭᠣᠯ ᠤᠯᠤᠰ ᠤ᠋ᠨ ᠨᠣᠮ ᠤ᠋ᠨ ᠰᠠᠩ ᠳ᠋ᠤ᠌ ᠠᠵᠢᠯᠯᠠᠵᠤ ᠬᠤᠪᠢᠰᠬᠠᠯ ᠤ᠋ᠨ ᠲᠤᠬᠠᠢ ᠮᠠᠰᠢ ᠠᠷᠪᠢᠨ ᠨᠣᠮ ᠮᠠᠲ᠋ᠧᠷᠢᠶᠠᠯ ᠢ᠋ ᠰᠤᠷᠴᠤ ᠰᠤᠳᠤᠯᠤᠭᠰᠠᠨ ᠶᠤᠮ᠃ ᠡᠨᠡ ᠬᠦ᠌ ᠬᠤᠭᠤᠴᠠᠭᠠᠨ ᠳ᠋ᠤ᠌ 《ᠣᠷᠳᠣᠰ ᠤ᠋ᠨ ᠦᠦᠰᠢᠨ ᠬᠤᠰᠢᠭᠤᠨ ᠤ᠋ ᠬᠤᠪᠢᠰᠬᠠᠯ ᠤ᠋ᠨ ᠣᠴᠢ ᠳᠦᠷᠡᠯᠵᠡᠭᠰᠡᠨ》 ᠭᠡᠬᠦ ᠵᠣᠬᠢᠶᠠᠯ ᠢ᠋ ᠪᠢᠴᠢᠵᠦ᠂ ᠳᠤᠭᠤᠢᠯᠠᠩ ᠤ᠋ᠨ ᠬᠥᠳᠡᠯᠭᠡᠭᠡᠨ ᠢ᠋ ᠳ᠋ᠦᠩᠨᠡᠨ ᠳᠣᠲᠣᠭᠠᠳᠤ ᠭᠠᠳᠠᠭᠠᠳᠤ ᠳ᠋ᠤ᠌ ᠲᠠᠨᠢᠯᠴᠠᠭᠤᠯᠤᠭᠰᠠᠨ ᠪᠠᠢᠵᠠᠢ᠃  ᠰᠢᠨᠡᠯᠡᠮ᠎ᠡ ᠮᠣᠩᠭᠣᠯ ᠤᠯᠤᠰ ᠲᠤ᠌ ᠪᠠᠢᠬᠤ ᠰᠡᠭᠦᠯ ᠦ᠋ᠨ ᠬᠤᠭᠤᠴᠠᠭᠠᠨ ᠳ᠋ᠤ᠌ ᠮᠣᠩᠭᠣᠯ ᠤᠯᠤᠰ ᠤ᠋ᠨ ᠴᠡᠷᠢᠭ ᠦ᠋ᠨ ᠰᠤᠷᠭᠠᠭᠤᠯᠢ ᠳ᠋ᠤ᠌ ᠰᠤᠷᠤᠯᠴᠠᠵᠤ ᠴᠡᠷᠢᠭ ᠲᠡᠢᠨ ᠦ᠌ ᠮᠡᠳᠡᠯᠭᠡ ᠪᠣᠯᠤᠨ ᠴᠡᠷᠢᠭ ᠳᠠᠢᠴᠢᠯᠠᠨ ᠲᠡᠢᠨ ᠪᠠᠢᠯᠳᠤᠭᠠᠨ ᠢ᠋ ᠵᠢᠯᠣᠭᠣᠳᠬᠤ ᠶ᠋ᠢ ᠰᠤᠷᠴᠤ ᠡᠵᠡᠮᠰᠢᠵᠡᠢ᠂ ᠡᠨᠡ ᠨᠢ ᠲᠡᠭᠦᠨ ᠦ᠌ ᠬᠣᠵᠢᠮ ᠤ᠋ᠨ ᠬᠤᠪᠢᠰᠬᠠᠯ ᠪᠣᠯᠤᠨ ᠴᠡᠷᠢᠭ ᠲᠡᠢᠨ ᠳ᠋ᠦ᠍ ᠲᠤᠩ ᠶᠡᠬᠡ ᠦᠢᠯᠡᠳᠦᠯ ᠪᠣᠯᠤᠭᠰᠠᠨ ᠭᠡᠳᠡᠭ ᠢ᠋ ᠬᠣᠵᠢᠮ ᠤ᠋ᠨ ᠤᠴᠢᠷ ᠶᠠᠪᠤᠳᠠᠯ ᠠ᠋ᠴᠠ ᠣᠢᠯᠠᠭᠠᠵᠤ ᠪᠣᠯᠬᠤ ᠶᠤᠮ》᠃ 
      《ᠥᠪᠥᠷ ᠮᠣᠩᠭᠣᠯ ᠤ᠋ᠨ ᠲᠡᠦᠬᠡᠲᠦ ᠬᠥᠮᠦᠰ ᠦ᠋ᠨ ᠲᠤᠬᠠᠢ ᠥᠭᠦᠯᠡᠯ ᠦ᠋ᠳ》 ᠦ᠋ᠨ1984 ᠣᠨ ᠤ᠋ ᠬᠡᠪᠯᠡᠯ ᠳ᠋ᠦ᠍ ᠪᠣᠢ᠃ ᠤᠤᠯ ᠨᠢ ᠲᠠᠪᠢᠭᠠᠳ ᠣᠨ ᠤ᠋ ᠰᠡᠭᠦᠯᠡᠷ ᠲᠥᠪ ᠦ᠋ᠨ ᠴᠥᠭᠡᠨ ᠲᠣᠭᠠᠲᠤ ᠦᠨᠳᠦᠰᠦᠲᠡᠨ ᠦ᠌ ᠨᠡᠢᠭᠡᠮ ᠦ᠋ᠨ ᠲᠡᠦᠬᠡ ᠶ᠋ᠢ ᠪᠠᠢᠴᠠᠭᠠᠨ ᠰᠤᠳᠤᠯᠬᠤ ᠪᠦᠯᠬᠦᠮ ᠦ᠋ᠨ ᠨᠠᠢᠷᠠᠭᠤᠯᠤᠭᠰᠠᠨ《ᠥᠯᠵᠡᠢᠵᠢᠷᠭᠠᠯ ᠤ᠋ᠨ ᠲᠤᠰᠬᠠᠢ ᠪᠦᠯᠦᠭ》 ᠭᠡᠬᠦ ᠲᠣᠰᠣᠨ ᠪᠠᠷ ᠤ᠋ᠨ ᠳᠡᠪᠲᠡᠷ ᠡᠴᠡ ᠲᠤᠰ ᠡᠷᠳᠡᠮᠲᠡᠨ ᠡᠰᠢᠯᠡᠭᠰᠡᠨ ᠦᠭᠡᠰ ᠪᠣᠯᠤᠨ᠎ᠠ᠃   

            ᠦᠰᠦᠭ ᠠᠮᠢᠯᠠᠭᠤᠯᠤᠭᠴᠢ᠄ ᠪᠠᠯ᠂ ᠣᠶᠤᠨᠪᠠᠲᠤ᠂ ᠰᠠᠷᠠᠨᠲᠤᠶᠠᠭ᠎ᠠ
               ᠬᠢᠨᠠᠭᠴᠢ᠄  ᠣᠳᠬᠤᠨᠴᠡᠴᠡᠭ