ᠰᠡᠩᠳᠡᠩSendenСэндэн ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠡᠩᠳᠡᠩSendenСэндэн

ᠰᠡᠩᠳᠡᠩSendenСэндэн

2025-10-18

176

ᠰᠡᠩᠳᠡᠩ

   ᠲᠤᠰ ᠡᠮ ᠪᠣᠯ ᠵᠢᠭᠮᠡᠳ ᠵᠢᠮᠢᠰ ᠦ᠋ᠨ ᠢᠵᠠᠭᠤᠷ ᠤ᠋ᠨ ᠤᠷᠭᠤᠮᠠᠯ ᠪᠣᠯᠬᠤ ᠰᠡᠩᠳᠡᠩ ᠦ᠋ᠨ ᠡᠰᠢ ᠮᠥᠴᠢᠷ ᠮᠥᠨ᠃ ᠪᠠᠰᠠ ᠰᠢᠷ᠎ᠠ ᠰᠡᠩᠳᠡᠩ᠂ ᠬᠡᠭᠡᠷ᠎ᠡ ᠶ᠋ᠢᠨ ᠲᠠᠤᠯᠠᠢ ᠶ᠋ᠢᠨ ᠪᠥᠭᠡᠷ᠎ᠡ᠂ ᠭᠡᠷᠡᠯᠲᠦ ᠵᠢᠮᠢᠰ ᠭᠡᠳᠡᠭ᠃
   [ ᠤᠤᠯ ᠤᠷᠭᠤᠮᠠᠯ] ᠨᠠᠪᠴᠢ ᠵᠤᠯᠭᠠᠷᠠᠬᠤ ᠪᠤᠲᠠ ᠮᠣᠳᠣ ᠪᠤᠶᠤ ᠪᠠᠭᠠᠪᠲᠤᠷ ᠲᠤᠷᠤᠭ ᠮᠣᠳᠣ᠃8m ᠥᠨᠳᠥᠷ᠂ ᠴᠠᠢᠪᠤᠷ ᠬᠦᠷᠡᠩ ᠬᠣᠯᠲᠣᠰᠣ ᠲᠠᠢ᠃ ᠨᠢᠯᠬ᠎ᠠ ᠮᠥᠴᠢᠷ ᠨᠢ ᠪᠣᠷᠣ ᠬᠦᠷᠡᠩ ᠬᠣᠯᠲᠣᠰᠣ ᠲᠠᠢ ᠪᠥᠭᠡᠳ ᠣᠬᠣᠷ ᠴᠡᠯᠮᠡᠨ ᠦᠰᠦ ᠲᠡᠢ᠃ ᠰᠣᠨᠳᠣᠭᠣᠢ ᠥᠳᠥᠯᠢᠭ ᠨᠡᠢᠯᠡᠮᠡᠯ ᠨᠠᠪᠴᠢ ᠨᠢ ᠴᠤᠪᠤᠷᠠᠨ ᠤᠷᠭᠤᠨ᠎ᠠ᠂ ᠪᠠᠷᠢᠭᠤᠯ ᠲᠠᠢ᠂9~19 ᠵᠢᠵᠢᠭ ᠨᠠᠪᠴᠢ ᠲᠠᠢ᠂ ᠣᠬᠣᠷ ᠪᠠᠷᠢᠭᠤᠯ ᠲᠠᠢ ᠪᠤᠶᠤ ᠪᠠᠷᠢᠭᠤᠯ ᠦᠭᠡᠢ᠂ ᠤᠷᠲᠤᠯᠵᠢᠨ ᠲᠣᠭᠣᠷᠢᠭ ᠠ᠋ᠴᠠ ᠬᠠᠪᠲᠠᠭᠠᠢ ᠲᠡᠪᠡᠨᠡ ᠬᠡᠯᠪᠡᠷᠢ ᠲᠡᠢ᠂2~5cm ᠤᠷᠲᠤ᠂1~1.5cm ᠥᠷᠭᠡᠨ᠂ ᠱᠠᠭᠠᠨᠲᠠᠭ ᠤᠭ ᠲᠠᠢ᠂ ᠬᠤᠷᠴᠠ ᠱᠣᠪᠬᠣ ᠦᠵᠦᠭᠦᠷ ᠲᠡᠢ᠂ ᠭᠣᠣᠯ ᠰᠤᠳᠠᠯ ᠨᠢ ᠲᠣᠳᠣᠷᠬᠠᠢ᠃ ᠴᠡᠴᠡᠭ ᠨᠢ ᠬᠣᠯᠢᠮᠠᠭ ᠪᠡᠯᠭᠡ ᠲᠡᠢ᠂ ᠴᠠᠴᠤᠭ ᠬᠡᠯᠪᠡᠷᠢᠲᠦ ᠪᠠᠭ ᠴᠡᠴᠡᠭ ᠨᠢ ᠮᠥᠴᠢᠷ ᠦ᠋ᠨ ᠣᠷᠣᠢ ᠪᠤᠶᠤ ᠨᠠᠪᠴᠢᠨ ᠰᠤᠭᠤ ᠳ᠋ᠤ᠌ ᠤᠷᠭᠤᠨ᠎ᠠ14~25cm ᠤᠷᠲᠤ᠃ ᠴᠡᠴᠡᠭ ᠦ᠋ᠨ ᠲᠣᠭᠳᠣᠢ ᠨᠢ5᠂ ᠵᠤᠤᠪᠠᠩ ᠬᠡᠯᠪᠡᠷᠢ ᠲᠡᠢ᠂ ᠣᠬᠣᠷ ᠵᠥᠭᠡᠯᠡᠨ ᠦᠰᠦ ᠲᠡᠢ᠃ ᠴᠡᠴᠡᠭ ᠦ᠋ᠨ ᠬᠡᠯᠲᠡᠰ ᠨᠢ5᠂ ᠴᠠᠭᠠᠨ ᠥᠩᠭᠡ ᠲᠡᠢ᠂ ᠤᠭ ᠤ᠋ᠨ ᠬᠡᠰᠡᠭ ᠦ᠋ᠨ ᠳᠣᠲᠣᠷ᠎ᠠ ᠲᠠᠯ᠎ᠠ ᠳ᠋ᠤᠨᠢ ᠪᠣᠷᠣᠪᠲᠤᠷ ᠤᠯᠠᠭᠠᠨ ᠲᠣᠯᠪᠣ ᠲᠠᠢ᠂ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠤᠷᠲᠤ ᠨᠢ ᠲᠣᠭᠳᠣᠢ ᠢᠯᠲᠠᠰᠤ ᠶ᠋ᠢᠨ ᠢ᠋ᠶ᠋ᠡᠨ3 ᠳᠠᠬᠢᠨ ᠣᠷᠴᠢᠮ᠃ ᠴᠡᠴᠡᠭ ᠦ᠋ᠨ ᠲᠠᠪᠠᠭ ᠨᠢ ᠨᠢᠮᠭᠡᠨ ᠮᠥᠷᠲᠡᠭᠡᠨ5 ᠣᠨᠢ ᠲᠠᠢ ᠂ᠢᠯᠲᠠᠰᠤ ᠪᠦᠷᠢ ᠶ᠋ᠢᠨ ᠠᠷᠤ ᠳ᠋ᠤᠨᠢ ᠡᠪᠡᠷ ᠮᠡᠲᠦ ᠳᠠᠭᠠᠯᠳᠤᠪᠤᠷᠢ ᠡᠳ᠋1 ᠪᠣᠢ᠃8 ᠡᠷ᠎ᠡ ᠲᠣᠭᠣᠷᠴᠣᠭ ᠲᠠᠢ᠂ ᠴᠡᠴᠡᠭ ᠦ᠋ᠨ ᠳᠣᠬᠢᠭᠤᠷ ᠨᠢ ᠤᠷᠲᠤ ᠮᠥᠷᠲᠡᠭᠡᠨ ᠰᠠᠯᠤᠩᠭᠢ᠃ ᠤᠮᠠᠢ ᠨᠢ ᠤᠷᠲᠤᠯᠵᠢᠨ ᠲᠣᠭᠣᠷᠢᠭ ᠬᠡᠯᠪᠡᠷᠢ ᠲᠡᠢ᠂3 ᠲᠠᠰᠤᠭ ᠲᠠᠢ᠂ ᠴᠡᠴᠡᠭ ᠦ᠋ᠨ ᠪᠠᠭᠠᠨ᠎ᠠ ᠨᠢ ᠣᠬᠣᠷ ᠮᠢᠬᠠᠯᠢᠭ᠂ ᠪᠠᠭᠠᠨ᠎ᠠ ᠶ᠋ᠢᠨ ᠠᠮᠠᠰᠠᠷ ᠨᠢ3 ᠣᠨᠢ ᠲᠠᠢ᠃ ᠬᠣᠩᠭᠣᠷᠴᠣᠭᠲᠤ ᠵᠢᠮᠢᠰ ᠨᠢ ᠨᠣᠭᠣᠭᠠᠨ ᠥᠩᠭᠡ ᠲᠡᠢ᠂ ᠳ᠋ᠢᠶᠠᠮᠧᠲ᠋ᠷ ᠨᠢ4~6cm᠂3 ᠬᠡᠯᠲᠡᠰᠯᠡᠨ ᠬᠠᠭᠠᠷᠠᠨ᠎ᠠ᠃ ᠦᠷ᠎ᠡ ᠨᠢ ᠪᠥᠮᠪᠦᠭᠡᠯᠵᠢᠨ᠂ ᠬᠠᠷ᠎ᠠ ᠬᠦᠷᠡᠩ ᠥᠩᠭᠡ ᠲᠡᠢ᠂ ᠳ᠋ᠢᠶᠠᠮᠧᠲ᠋ᠷ ᠨᠢ1cm ᠣᠷᠴᠢᠮ᠃4~5 ᠳ᠋ᠤᠭᠠᠷ ᠰᠠᠷ᠎ᠠ ᠳ᠋ᠤ᠌ ᠴᠡᠴᠡᠭᠯᠡᠵᠦ᠂7~8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ᠂ ᠭᠣᠣ ᠵᠢᠯᠠᠭ᠎ᠠ ᠳ᠋ᠤ᠌ ᠤᠷᠭᠤᠨ᠎ᠠ᠃ ᠯᠢᠶᠣᠤᠨᠢᠩ᠂ ᠥᠪᠥᠷ ᠮᠣᠩᠭᠣᠯ᠂ ᠾᠧᠪᠧᠢ᠂ ᠾᠧᠨᠠᠨ᠂ ᠱᠠᠨ ᠰᠢ᠂ ᠱᠠᠨᠰᠢ᠂ ᠭᠠᠨᠰᠦ᠂ ᠱᠠᠨᠳᠦ᠋ᠩ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠡᠰᠢ ᠮᠥᠴᠢᠷ ᠢ᠋ ᠨᠢ ᠠᠪᠴᠤ᠂ ᠡᠰᠢ ᠶ᠋ᠢ ᠨᠢ ᠬᠡᠰᠡᠭᠯᠡᠵᠦ ᠨᠠᠷᠠᠨ ᠳ᠋ᠤ᠌ ᠬᠠᠲᠠᠭᠠᠬᠤ᠂ ᠮᠥᠴᠢᠷ ᠢ᠋ ᠨᠢ ᠬᠡᠷᠴᠢᠭᠡᠳ ᠨᠣᠢᠲᠠᠨ ᠢ᠋ᠶ᠋ᠠᠷ ᠬᠠᠨᠳᠠᠯᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠡᠬᠡᠭᠦᠨ᠂ ᠥᠴᠦᠬᠡᠨ ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠬᠠᠭᠤᠷᠠᠢ᠂ ᠰᠢᠷᠦᠭᠦᠨ᠂ ᠬᠥᠯᠪᠡᠷᠢᠭᠦᠨ᠂ ᠬᠥᠩᠭᠡᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠮᠠᠭᠤ ᠴᠢᠰᠤ᠂ ᠰᠢᠷ᠎ᠠ ᠤᠰᠤ ᠶ᠋ᠢ ᠬᠠᠲᠠᠭᠠᠬᠤ᠂ ᠬᠠᠯᠠᠭᠤᠨ ᠢ᠋ ᠠᠷᠢᠯᠭᠠᠬᠤ᠂ ᠬᠠᠪᠤᠳᠠᠷ ᠢ᠋ ᠬᠠᠷᠢᠭᠤᠯᠬᠤ᠂ ᠡᠪᠡᠳᠬᠦ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠠᠷᠠᠰᠤᠨ ᠡᠪᠡᠳᠴᠢᠨ᠂ ᠰᠢᠷ᠎ᠠ ᠤᠰᠤᠨ ᠡᠪᠡᠳᠴᠢᠨ᠂ ᠤᠶᠠᠮᠠᠨ᠂ ᠲᠤᠯᠠᠢ᠂ ᠬᠡᠷᠦᠬᠦ᠂ ᠨᠢᠶᠠᠨ ᠪᠤᠯᠴᠢᠷᠬᠠᠢ᠂ ᠪᠤᠯᠠᠩᠭᠢᠷᠲᠤᠭᠰᠠᠨ ᠬᠠᠯᠠᠭᠤᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄文冠木(文冠果)
   ᠠᠩᠭ᠌ᠯᠢ ᠨᠡᠷ᠎ᠡ᠄Xianthoceas sorbifolia Bunge.