ᠮᠣᠩᠭᠣᠯ ᠦᠨᠳᠦᠰᠦᠲᠡᠨ ᠦ ᠰᠢᠯᠭᠠᠷᠠᠭᠰᠠᠨ ᠠᠷᠠᠳᠴᠢᠯᠠᠭᠰᠠᠨ ᠬᠤᠪᠢᠰᠬᠠᠯᠴᠢ ᠰᠢᠨᠡᠯᠠᠮ᠎ᠠ - ᠬᠣᠶᠠᠳᠤᠭᠠᠷ ᠪᠦᠯᠦᠭ᠂ᠥᠯᠵᠡᠢᠵᠢᠷᠭᠠᠯ– ᠭᠢᠯᠠᠯᠵᠠᠭᠰᠠᠨ ᠨᠢᠭᠡ ᠨᠠᠰᠤ8 Шинэлам – 2-р бүлэг᠂ Өлзийжаргал– гялалзсан нэг нас 8 ᠲᠡᠦᠬᠡ ᠰᠣᠶᠣᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠣᠩᠭᠣᠯ ᠦᠨᠳᠦᠰᠦᠲᠡᠨ ᠦ ᠰᠢᠯᠭᠠᠷᠠᠭᠰᠠᠨ ᠠᠷᠠᠳᠴᠢᠯᠠᠭᠰᠠᠨ ᠬᠤᠪᠢᠰᠬᠠᠯᠴᠢ ᠰᠢᠨᠡᠯᠠᠮ᠎ᠠ - ᠬᠣᠶᠠᠳᠤᠭᠠᠷ ᠪᠦᠯᠦᠭ᠂ᠥᠯᠵᠡᠢᠵᠢᠷᠭᠠᠯ– ᠭᠢᠯᠠᠯᠵᠠᠭᠰᠠᠨ ᠨᠢᠭᠡ ᠨᠠᠰᠤ8 Шинэлам – 2-р бүлэг᠂ Өлзийжаргал– гялалзсан нэг нас 8

ᠮᠣᠩᠭᠣᠯ ᠦᠨᠳᠦᠰᠦᠲᠡᠨ ᠦ ᠰᠢᠯᠭᠠᠷᠠᠭᠰᠠᠨ ᠠᠷᠠᠳᠴᠢᠯᠠᠭᠰᠠᠨ ᠬᠤᠪᠢᠰᠬᠠᠯᠴᠢ ᠰᠢᠨᠡᠯᠠᠮ᠎ᠠ - ᠬᠣᠶᠠᠳᠤᠭᠠᠷ ᠪᠦᠯᠦᠭ᠂ᠥᠯᠵᠡᠢᠵᠢᠷᠭᠠᠯ– ᠭᠢᠯᠠᠯᠵᠠᠭᠰᠠᠨ ᠨᠢᠭᠡ ᠨᠠᠰᠤ8 Шинэлам – 2-р бүлэг᠂ Өлзийжаргал– гялалзсан нэг нас 8

ᠠᠩᠭᠢᠯᠠᠯ:ᠲᠡᠦᠬᠡ ᠰᠣᠶᠣᠯ
2025-10-16

136

ᠨᠠᠢ᠍ᠮᠠ᠂ ᠳᠣᠲᠣᠭᠠᠳᠤ ᠮᠣᠩᠭᠣᠯ ᠤ᠋ᠨ ᠠᠷᠠᠳ ᠤ᠋ᠨ ᠬᠤᠪᠢᠰᠬᠠᠯᠲᠤ ᠨᠠᠮ ᠤ᠋ᠨ ᠠᠩᠬᠠᠳᠤᠭᠠᠷ ᠬᠤᠷᠠᠯᠳᠤᠭᠠᠨ

            
       1917 ᠣᠨ ᠳ᠋ᠤ᠌ ᠣᠷᠣᠰ ᠤ᠋ᠨ ᠬᠠᠭᠠᠨᠲᠤ ᠲᠥᠷᠥ ᠮᠥᠬᠥᠵᠦ ᠵᠥᠪᠯᠡᠯ ᠦ᠋ᠨ ᠵᠠᠰᠠᠭᠲᠤ ᠨᠡᠢᠭᠡᠮ ᠵᠢᠷᠤᠮᠲᠤ ᠬᠣᠯᠪᠣᠭᠠᠲᠤ ᠤᠯᠤᠰ ᠪᠠᠢᠭᠤᠯᠤᠭᠳᠠᠵᠤ᠂1924 ᠣᠨ ᠳ᠋ᠤ᠌ ᠬᠠᠯᠬ᠎ᠠ ᠮᠣᠩᠭᠣᠯ ᠤ᠋ᠨ ᠪᠦᠭᠦᠳᠡ ᠨᠠᠢᠷᠠᠮᠳᠠᠬᠤ ᠮᠣᠩᠭᠣᠯ ᠠᠷᠠᠳ ᠤᠯᠤᠰ ᠪᠠᠢᠭᠤᠯᠤᠭᠳᠠᠵᠠᠢ᠃ ᠤᠯᠤᠰ ᠤ᠋ᠨ ᠳᠣᠲᠣᠭᠠᠳᠤ ᠳ᠋ᠤ᠌ ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠵᠤ᠂ ᠲᠥᠷᠥ ᠶ᠋ᠢᠨ ᠡᠷᠬᠡ ᠶ᠋ᠢ ᠲᠡᠮᠡᠴᠡᠨ ᠣᠯᠬᠤ ᠠᠷᠠᠳ ᠤ᠋ᠨ ᠬᠤᠪᠢᠰᠬᠠᠯ ᠥᠷᠨᠢᠯ᠎ᠡ᠃ ᠡᠳᠡᠭᠡᠷ ᠭᠠᠳᠠᠭᠠᠳᠤ ᠳᠣᠲᠣᠭᠠᠳᠤ ᠶ᠋ᠢᠨ ᠴᠠᠭ ᠤ᠋ᠨ ᠪᠠᠢᠳᠠᠯ ᠨᠢ ᠥᠪᠥᠷ ᠮᠣᠩᠭᠣᠯᠴᠤᠳ ᠢ᠋ ᠨᠥᠯᠥᠭᠡᠯᠡᠵᠦ᠂ ᠥᠪᠥᠷ ᠮᠣᠩᠭᠣᠯ ᠤ᠋ᠨ ᠨᠢᠭᠡᠨ ᠪᠦᠯᠦᠭ ᠳᠠᠪᠰᠢᠭᠰᠠᠨ ᠬᠥᠮᠦᠰ᠂  ᠰᠡᠬᠡᠭᠡᠷᠡᠭᠰᠡᠨ ᠲᠣᠮᠣᠭᠠᠲᠠᠨ ᠳᠣᠲᠣᠭᠠᠳᠤ ᠮᠣᠩᠭᠣᠯ ᠤ᠋ᠨ ᠠᠷᠠᠳ ᠤ᠋ᠨ ᠬᠤᠪᠢᠰᠬᠠᠯᠲᠤ ᠨᠠᠮ ᠢ᠋ ᠪᠠᠢᠭᠤᠯᠬᠤ ᠠᠷᠠᠳ ᠤ᠋ᠨ ᠬᠤᠪᠢᠰᠬᠠᠯ ᠤ᠋ᠨ ᠵᠠᠮ ᠢ᠋ᠶ᠋ᠠᠷ ᠵᠠᠮᠨᠠᠵᠠᠢ᠃  
       ᠡᠢᠮᠦ ᠪᠠᠢᠳᠠᠯ ᠳᠣᠣᠷ᠎ᠠ ᠡᠪ ᠬᠠᠮᠲᠤ ᠶ᠋ᠢᠨ ᠢᠨᠲ᠋ᠧᠷᠨᠠᠼᠢᠣᠨᠠᠯ ᠪᠣᠯᠤᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠪᠣᠳᠠᠲᠤ ᠳᠡᠮᠵᠢᠯᠭᠡ ᠪᠡᠷ ᠳᠣᠲᠣᠭᠠᠳᠤ ᠮᠣᠩᠭᠣᠯ ᠤ᠋ᠨ ᠠᠷᠠᠳ ᠤ᠋ᠨ ᠬᠤᠪᠢᠰᠬᠠᠯᠲᠤ ᠨᠠᠮ ᠤ᠋ᠨ ᠠᠩᠬᠠᠳᠤᠭᠠᠷ ᠤᠳᠠᠭᠠᠨ ᠤ᠋ ᠲᠥᠯᠥᠭᠡᠯᠡᠭᠴᠢᠳ ᠦ᠋ᠨ ᠶᠡᠬᠡ ᠬᠤᠷᠠᠯ1925 ᠣᠨ ᠤ᠋10 ᠰᠠᠷ᠎ᠠ ᠶ᠋ᠢᠨ 12 ᠤ᠋ ᠡᠳᠦᠷ ᠴᠢᠭᠤᠯᠤᠯᠲᠤ ᠬᠠᠭᠠᠯᠭ᠎ᠠ ᠬᠣᠲᠠ ᠳ᠋ᠤ᠌ ᠬᠤᠷᠠᠯᠳᠤᠪᠠ᠃ ᠬᠤᠷᠠᠯ ᠳ᠋ᠤ᠌ ᠬᠥᠯᠥᠨ ᠪᠤᠢᠷ᠂ ᠵᠢᠷᠢᠮ᠂ ᠵᠣᠰᠣᠲᠤ᠂ ᠵᠣᠣ ᠤᠳᠠ᠂ ᠰᠢᠯᠢ ᠶ᠋ᠢᠨ ᠭᠣᠣᠯ᠂ ᠤᠯᠠᠭᠠᠨᠴᠠᠪ᠂ ᠶᠡᠬᠡ ᠵᠣᠣ᠂ ᠴᠠᠬᠠᠷ᠂ ᠠᠯᠠᠱᠠ ᠵᠡᠷᠭᠡ ᠭᠠᠵᠠᠷ ᠤ᠋ᠨ ᠵᠠᠭᠤ ᠭᠠᠷᠤᠢ ᠬᠥᠮᠦᠰ ᠣᠷᠣᠯᠴᠠᠵᠤ᠂ ᠳᠣᠲᠣᠭᠠᠳᠤ ᠮᠣᠩᠭᠣᠯ ᠤ᠋ᠨ ᠠᠷᠠᠳ ᠤ᠋ᠨ ᠬᠤᠪᠢᠰᠬᠠᠯᠲᠤ ᠨᠠᠮ ᠤ᠋ᠨ ᠲᠣᠭᠲᠠᠭᠠᠯ ᠪᠣᠯᠤᠨ ᠲᠤᠩᠬᠠᠭ ᠵᠡᠷᠭᠡ ᠶ᠋ᠢ ᠪᠠᠲᠤᠯᠠᠭᠰᠠᠨ ᠪᠥᠭᠡᠳ ᠰᠡᠷᠡᠩᠳᠤᠩᠷᠤᠪ (ᠪᠠᠢ ᠶᠦᠨ ᠲᠢ) ᠲᠥᠪ ᠬᠣᠷᠢᠶᠠᠨ ᠳᠠᠷᠤᠭ᠎ᠠ᠂ ᠮᠧᠷᠰᠧ ᠨᠠᠷᠢᠨ ᠪᠢᠴᠢᠭ ᠦ᠋ᠨ ᠳᠠᠷᠤᠭ᠎ᠠ ᠪᠠᠷ ᠰᠣᠩᠭᠣᠭᠳᠠᠪᠠ᠃ ᠲᠥᠪ ᠬᠣᠷᠢᠶᠠᠨ ᠤ᠋ ᠪᠠᠢᠩᠭᠤ ᠶ᠋ᠢᠨ ᠭᠡᠰᠢᠭᠦᠨ  7 ᠨᠡᠷ᠎ᠡ᠂ ᠭᠦᠢᠴᠡᠳᠬᠡᠬᠦ ᠭᠡᠰᠢᠭᠦᠨ 14 ᠨᠡᠷ᠎ᠡ ᠰᠣᠩᠭᠣᠭᠳᠠᠪᠠ᠃ ᠰᠢᠨᠠᠯᠠᠮ᠎ᠠ ᠭᠦᠢᠴᠡᠳᠬᠡᠬᠦ ᠭᠡᠰᠢᠭᠦᠨ ᠢ᠋ᠶ᠋ᠡᠷ ᠰᠣᠩᠭᠣᠭᠳᠠᠭᠰᠠᠨ ᠪᠠᠢᠵᠠᠢ᠃   

— — — —
             ᠵᠡᠭᠦᠯᠲᠡ   
    《ᠳᠣᠲᠣᠭᠠᠳᠤ ᠮᠣᠩᠭᠣᠯ ᠤ᠋ᠨ ᠠᠷᠠᠳ ᠤ᠋ᠨ ᠬᠤᠪᠢᠰᠬᠠᠯᠲᠤ ᠨᠠᠮ ᠤ᠋ᠨ ᠠᠩᠬᠠᠳᠤᠭᠠᠷ ᠤᠳᠠᠭᠠᠨ ᠤ᠋ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠤᠩᠬᠠᠭ ᠪᠢᠴᠢᠭ》
    《ᠨᠢᠭᠡ᠂ ᠮᠣᠩᠭᠣᠯ ᠪᠣᠯ ᠴᠢᠩ ᠤᠯᠤᠰ ᠤ᠋ᠨ ᠡᠵᠡᠷᠬᠡᠭᠯᠡᠯ ᠦ᠋ᠨ ᠳᠣᠣᠷ᠎ᠠ ᠤᠳᠠᠪᠠ᠃ 14 ᠵᠢᠯ ᠦ᠋ᠨ ᠡᠮᠦᠨ᠎ᠡ ᠳᠤᠮᠳᠠᠳᠤ ᠤᠯᠤᠰ ᠤ᠋ᠨ ᠬᠤᠪᠢᠰᠬᠠᠯ ᠬᠥᠭᠵᠢᠨ ᠡᠭᠦᠰᠴᠦ ᠴᠢᠩ ᠤᠯᠤᠰ ᠮᠥᠬᠥᠵᠦ ᠲᠠᠪᠤᠨ ᠦᠨᠳᠦᠰᠦᠲᠡᠨ ᠦ᠌ ᠪᠦᠭᠦᠳᠡ ᠨᠠᠢᠷᠠᠮᠳᠠᠬᠤ ᠨᠡᠢᠲᠡ ᠶ᠋ᠢᠨ ᠰᠠᠬᠢᠯᠭ᠎ᠠ ᠶ᠋ᠢ ᠲᠣᠭᠲᠠᠭᠠᠭᠰᠠᠨ ᠪᠣᠯᠪᠠᠴᠤ᠂ ᠥᠨᠥ ᠬᠦᠷᠲᠡᠯ᠎ᠡ ᠡᠨᠡ ᠨᠡᠢᠲᠡ ᠶ᠋ᠢᠨ ᠰᠠᠬᠢᠯᠭ᠎ᠠ ᠶ᠋ᠢ ᠬᠡᠷᠡᠭᠵᠢᠭᠦᠯᠦᠭᠰᠡᠨ ᠦᠭᠡᠢ᠃ ᠳᠣᠲᠣᠭᠠᠳᠤ ᠮᠣᠩᠭᠣᠯ ᠪᠣᠯ ᠳᠤᠮᠳᠠᠳᠤ ᠤᠯᠤᠰ ᠤ᠋ᠨ ᠳᠣᠲᠣᠷ᠎ᠠ ᠭᠠᠵᠠᠷ ᠲᠠᠢ ᠠᠳᠠᠯᠢ ᠪᠠᠷ  ᠴᠡᠷᠢᠭ ᠦ᠋ᠨ  ᠡᠷᠬᠡᠲᠡᠨ ᠦ᠌ ᠬᠠᠷᠭᠢᠰ ᠬᠡᠷᠴᠡᠭᠡᠢ ᠳᠠᠷᠤᠯᠠᠯ ᠤ᠋ᠨ ᠳᠣᠣᠷ᠎ᠠ ᠪᠠᠢᠬᠤ ᠤᠴᠢᠷ ᠠ᠋ᠴᠠ ᠲᠡᠳᠡᠨ ᠦ᠌ ᠠᠷᠠᠳ ᠲᠦᠮᠡᠨ ᠢ᠋ ᠡᠷᠬᠡ ᠳᠤᠷ᠎ᠠ ᠪᠠᠷ ᠢ᠋ᠶ᠋ᠠᠨ ᠬᠠᠯᠳᠠᠨ ᠬᠥᠨᠥᠭᠡᠵᠦ ᠪᠠᠢᠭ᠎ᠠ ᠪᠠᠢᠳᠠᠯ ᠢ᠋ ᠤᠷᠢᠳ ᠢ᠋ᠶ᠋ᠠᠷ ᠴᠣᠬᠢᠵᠤ ᠤᠨᠠᠭᠠᠬᠤ ᠦᠭᠡᠢ ᠪᠣᠯ ᠪᠣᠯᠬᠤ ᠦᠭᠡᠢ᠃ 
       ᠬᠣᠶᠠᠷ᠂14 ᠵᠢᠯ ᠦ᠋ᠨ ᠳᠣᠲᠣᠷ᠎ᠠ  ᠴᠡᠷᠢᠭ ᠦ᠋ᠨ ᠡᠷᠬᠡᠲᠡᠨ ᠦ᠌  ᠬᠣᠭᠣᠷᠣᠨᠳᠣᠬᠢ ᠲᠡᠮᠡᠴᠡᠯᠳᠦᠭᠡᠨ ᠢ᠋ ᠠᠰᠢᠭᠯᠠᠵᠤ᠂ ᠡᠵᠡᠷᠬᠡᠭ ᠲᠦᠷᠢᠮᠡᠬᠡᠢᠲᠡᠨ ᠳᠤᠮᠳᠠ ᠨᠢ ᠬᠤᠳᠬᠤᠵᠤ᠂ ᠶᠠᠫᠣᠨ᠂ ᠠᠩᠭ᠌ᠯᠢ᠂ ᠠᠮᠧᠷᠢᠺᠠ᠂ ᠹᠷᠠᠨᠼᠢ ᠵᠡᠷᠭᠡ ᠬᠦᠴᠦᠷᠬᠡᠭ ᠤᠯᠤᠰ ᠤ᠋ᠳ ᠴᠡᠷᠢᠭ ᠦ᠋ᠨ ᠡᠷᠬᠡᠲᠡᠨ ᠢ᠋ ᠠᠰᠢᠭᠯᠠᠬᠤ ᠬᠡᠮᠡᠭᠰᠡᠨ ᠨᠡᠢᠯᠡᠯᠳᠦᠵᠦ᠂ ᠴᠡᠷᠢᠭ ᠦ᠋ᠨ ᠡᠷᠬᠡᠲᠡᠨ ᠳ᠋ᠦ᠍ ᠵᠣᠭᠣᠰ ᠵᠢᠭᠡᠯᠡᠨ ᠥᠭᠴᠦ ᠲᠤᠢᠯ ᠤ᠋ᠨ ᠬᠡᠷᠴᠡᠭᠡᠢ ᠡᠲᠡᠭᠡᠳ ᠪᠣᠯᠪᠠ᠃ ᠢᠯᠠᠩᠭᠤᠶ᠎ᠠ ᠶᠠᠫᠣᠨ ᠤ᠋ ᠴᠡᠷᠢᠭ ᠦ᠋ᠨ ᠲᠦᠷᠢᠮᠡᠬᠡᠢᠲᠡᠨ ᠧᠦ᠋ᠷᠣᠫᠠ ᠲᠢᠪ ᠦ᠋ᠨ ᠶᠡᠬᠡ ᠪᠠᠢᠯᠳᠤᠭᠠᠨ ᠤ᠋ ᠵᠠᠪᠰᠢᠶᠠᠨ ᠢ᠋ ᠳᠠᠯᠢᠮᠳᠠᠭᠤᠯᠤᠨ ᠳᠣᠲᠣᠭᠠᠳᠤ ᠮᠣᠩᠭᠣᠯ ᠤ᠋ᠨ ᠵᠡᠭᠦᠨ ᠬᠣᠢᠲᠤ ᠣᠷᠣᠨ ᠳ᠋ᠤ᠌ ᠲᠡᠮᠦᠷ ᠵᠠᠮ ᠳᠡᠪᠢᠰᠬᠦ ᠡᠷᠬᠡ ᠶ᠋ᠢ ᠣᠯᠵᠤ ᠨᠢᠭᠡᠨᠲᠡ ᠳᠡᠪᠢᠰᠴᠦ ᠡᠬᠢᠯᠡᠪᠡ᠃ ᠡᠨᠡ ᠲᠡᠮᠦᠷ ᠵᠠᠮ ᠢ᠋ ᠵᠠᠰᠠᠵᠤ ᠳᠠᠭᠤᠰᠤᠮᠠᠭᠴᠠ ᠪᠦᠬᠦ ᠥᠪᠥᠷ ᠮᠣᠩᠭᠣᠯ  ᠣᠷᠣᠨ ᠳᠠᠷᠤᠢ ᠲᠡᠭᠦᠨ ᠦ᠌ ᠺᠣᠯᠣᠨᠢ ᠣᠷᠣᠨ ᠪᠣᠯᠬᠤ ᠶᠤᠮ᠃ ᠡᠢᠮᠦ ᠡᠴᠡ ᠲᠤᠰ ᠨᠠᠮ ᠠ᠋ᠴᠠ ᠠᠷᠠᠳ ᠣᠯᠠᠨ ᠢ᠋ ᠤᠳᠤᠷᠢᠳᠤᠨ ᠵᠢᠯᠣᠭᠣᠳᠴᠤ᠂ ᠪᠠᠭ᠎ᠠ ᠪᠠᠭᠤᠷᠠᠢ ᠦᠨᠳᠦᠰᠦᠲᠡᠨ ᠨᠦ᠍ᠭᠦᠳ ᠪᠣᠯᠤᠨ ᠬᠤᠪᠢᠰᠬᠠᠯᠲᠤ ᠬᠥᠳᠡᠯᠭᠡᠭᠡᠨ ᠦ᠌ ᠡᠯ᠎ᠡ ᠨᠠᠮ ᠪᠦᠯᠦᠭ ᠲᠡᠢ ᠬᠣᠯᠪᠣᠭᠠᠯᠠᠵᠤ᠂ ᠡᠯ᠎ᠡ ᠦᠨᠳᠦᠰᠦᠲᠡᠨ ᠦ᠌ ᠠᠮᠤᠷ ᠲᠠᠢᠪᠤᠩ ᠢ᠋ ᠡᠷᠡᠮᠡᠯᠵᠡᠯᠡᠨ᠎ᠡ᠃ 
       ᠭᠤᠷᠪᠠ᠂ 1911 ᠣᠨ ᠤ᠋ ᠬᠤᠪᠢᠰᠬᠠᠯ ᠤ᠋ᠨ ᠦᠢᠯᠡᠰ ᠪᠦᠲᠦᠭᠡᠳᠦᠢ ᠤᠴᠢᠷ ᠠ᠋ᠴᠠ᠂ ᠪᠢᠳᠡ ᠮᠠᠨ ᠤ᠋ ᠨᠠᠮ ᠲᠠᠢ ᠠᠳᠠᠯᠢ ᠦᠵᠡᠯᠲᠡ ᠲᠡᠢ᠂ ᠠᠳᠠᠯᠢ ᠡᠭᠦᠷᠭᠡ ᠲᠡᠢ ᠳᠤᠮᠳᠠᠳᠤ ᠤᠯᠤᠰ ᠤ᠋ᠨ ᠭᠣᠮᠢᠨᠳᠠᠩ ᠨᠠᠮ ᠲᠠᠢ ᠬᠣᠯᠪᠣᠭᠠᠯᠠᠨ ᠬᠦᠴᠦ ᠪᠡᠨ ᠬᠠᠮᠲᠤᠳᠬᠠᠵᠤ᠂ ᠡᠵᠡᠷᠬᠡᠭ ᠲᠦᠷᠢᠮᠡᠬᠡᠢᠲᠡᠨ ᠪᠠ ᠴᠡᠷᠢᠭ ᠦ᠋ᠨ ᠡᠷᠬᠡᠲᠡᠨ ᠦ᠌ ᠶᠣᠰᠣ ᠶ᠋ᠢ ᠡᠪᠳᠡᠵᠦ ᠵᠢᠩᠬᠢᠨᠢ ᠲᠠᠪᠤᠨ ᠦᠨᠳᠦᠰᠦᠲᠡᠨ ᠦ᠌ ᠪᠦᠭᠦᠳᠡ ᠨᠠᠢᠷᠠᠮᠳᠠᠬᠤ ᠤᠯᠤᠰ ᠢ᠋ ᠪᠠᠢᠭᠤᠯᠤᠨ᠎ᠠ᠃   
       ᠳᠥᠷᠪᠡ᠂ ᠳᠣᠲᠣᠭᠠᠳᠤ ᠮᠣᠩᠭᠣᠯ ᠤ᠋ᠨ ᠡᠯ᠎ᠡ ᠭᠠᠵᠠᠷ ᠤ᠋ᠨ ᠠᠷᠠᠳ ᠲᠦᠮᠡᠨ ᠢ᠋ ᠰᠢᠭᠤᠳ ᠳᠠᠷᠤᠯᠠᠵᠤ ᠪᠠᠢᠭᠰᠠᠨ ᠬᠤᠰᠢᠭᠤᠨ ᠤ᠋ ᠳᠦᠷᠢᠮ ᠢ᠋ ᠤᠰᠠᠳᠬᠠᠬᠤ ᠪᠠ ᠸᠠᠩ ᠬᠦᠩ ᠦ᠋ᠨ ᠵᠠᠰᠠᠭ ᠤ᠋ᠨ ᠡᠷᠬᠡ ᠶ᠋ᠢ ᠪᠤᠯᠢᠶᠠᠨ ᠠᠪᠴᠤ ᠥᠪᠡᠷᠲᠡᠭᠡᠨ ᠵᠠᠰᠠᠬᠤ ᠳᠦᠷᠢᠮ ᠢ᠋ ᠶᠠᠪᠤᠭᠤᠯᠤᠨ᠎ᠠ᠃ 
       ᠲᠠᠪᠤ᠂ ᠮᠣᠩᠭᠣᠯ ᠠᠷᠠᠳ ᠤ᠋ᠨ ᠨᠡᠢᠲᠡ ᠶ᠋ᠢᠨ ᠭᠠᠵᠠᠷ ᠳᠡᠪᠢᠰᠬᠡᠷ ᠢ᠋ ᠬᠠᠮᠠᠭᠠᠯᠠᠬᠤ ᠶ᠋ᠢᠨ ᠲᠥᠯᠥᠭᠡ ᠸᠠᠩ ᠬᠦᠩ ᠨᠣᠶᠠᠳ ᠤ᠋ᠨ ᠭᠠᠵᠠᠷ ᠬᠤᠳᠠᠯᠳᠤᠬᠤ ᠶ᠋ᠢ ᠴᠠᠭᠠᠵᠠᠯᠠᠨ᠎ᠠ᠃   
       ᠵᠢᠷᠭᠤᠭ᠎ᠠ᠂ ᠲᠤᠰ ᠨᠠᠮ ᠸᠠᠩ ᠬᠦᠩ ᠴᠡᠷᠢᠭ ᠦ᠋ᠨ ᠡᠷᠬᠡᠲᠡᠨ ᠪᠣᠯᠤᠨ ᠵᠠᠯᠢᠬᠠᠢ ᠬᠤᠳᠠᠯᠳᠤᠭᠠᠴᠢᠨ ᠳ᠋ᠤ᠌ ᠥᠪᠥᠷ ᠮᠣᠩᠭᠣᠯ ᠤ᠋ᠨ ᠠᠷᠠᠳ ᠣᠯᠠᠨ ᠤ᠋ ᠲᠤᠢᠯ ᠤ᠋ᠨ ᠶᠡᠬᠡ ᠵᠠᠨᠤᠯ ᠬᠣᠷᠣᠰᠤᠯ ᠲᠠᠢ ᠪᠠᠢᠬᠤ ᠶ᠋ᠢ ᠠᠰᠢᠭᠯᠠᠵᠤ ᠬᠤᠪᠢᠰᠬᠠᠯ ᠤ᠋ᠨ ᠥᠷᠨᠢᠯᠲᠡ ᠶ᠋ᠢ ᠴᠢᠬᠤᠯᠠᠴᠢᠯᠠᠵᠤ ᠮᠣᠩᠭᠣᠯ ᠦᠨᠳᠦᠰᠦᠲᠡᠨ ᠦ᠌ ᠡᠷᠬᠡ ᠲᠡᠭᠰᠢ ᠶ᠋ᠢᠨ ᠲᠥᠯᠥᠭᠡ ᠪᠦᠬᠦ ᠬᠦᠴᠦ ᠪᠡᠷ ᠢ᠋ᠶ᠋ᠡᠨ ᠲᠡᠮᠡᠴᠡᠵᠦ ᠮᠣᠩᠭᠣᠯ ᠦᠨᠳᠦᠰᠦᠲᠡᠨ ᠳ᠋ᠦ᠍ ᠵᠣᠯ ᠵᠢᠷᠭᠠᠯ ᠢ᠋ ᠨᠡᠮᠡᠭᠳᠡᠭᠦᠯᠵᠦ᠂ ᠮᠣᠩᠭᠣᠯ ᠣᠷᠣᠨ ᠳ᠋ᠤ᠌ ᠰᠠᠭᠤᠵᠤ ᠪᠠᠢᠭ᠎ᠠ ᠳᠠᠷᠤᠯᠠᠭᠳᠠᠵᠤ ᠪᠠᠢᠬᠤ ᠠᠩᠭᠢ ᠶ᠋ᠢᠨ ᠬᠢᠲᠠᠳ ᠬᠥᠮᠦᠨ ᠲᠡᠢ ᠬᠠᠷᠢᠯᠴᠠᠨ ᠲᠤᠰᠠᠯᠠᠯᠴᠠᠨ  ᠳᠡᠮᠵᠢᠯᠴᠡᠵᠦ᠂ ᠳᠤᠮᠳᠠᠳᠤ ᠤᠯᠤᠰ ᠤ᠋ᠨ ᠠᠷᠠᠳ ᠤ᠋ᠨ ᠬᠤᠪᠢᠰᠬᠠᠯ ᠢ᠋ ᠪᠦᠲᠦᠭᠡᠨ᠎ᠡ᠃  
       ᠳᠣᠯᠣᠭ᠎ᠠ᠂ ᠲᠤᠰ ᠨᠠᠮ ᠳᠣᠲᠣᠭᠠᠳᠤ ᠮᠣᠩᠭᠣᠯ ᠤ᠋ᠨ ᠬᠤᠪᠢᠰᠬᠠᠯ ᠤ᠋ᠨ ᠪᠦᠬᠦ ᠡᠭᠦᠷᠭᠡ ᠶ᠋ᠢ ᠬᠠᠷᠢᠭᠤᠴᠠᠵᠤ᠂ ᠠᠭᠠᠵᠢᠮ ᠢ᠋ᠶ᠋ᠠᠷ ᠤᠷᠤᠭᠰᠢᠯᠠᠬᠤ ᠦᠵᠡᠯ ᠢ᠋ᠶ᠋ᠡᠷ ᠬᠤᠪᠢᠰᠬᠠᠯ ᠤ᠋ᠨ ᠦᠢᠯᠡᠰ ᠢ᠋ ᠪᠡᠶᠡᠯᠡᠭᠦᠯᠦᠨ᠎ᠡ᠃ ᠲᠤᠰ ᠨᠠᠮ ᠳᠣᠣᠷᠠᠬᠢ ᠮᠡᠲᠦ ᠡᠷᠬᠡ ᠡᠭᠦᠷᠭᠡ ᠲᠡᠢ᠃     
1. ᠳᠤᠮᠳᠠᠳᠤ ᠤᠯᠤᠰ ᠤ᠋ᠨ ᠨᠤᠲᠤᠭ ᠳᠡᠪᠢᠰᠬᠡᠷ ᠲᠦ᠍ ᠪᠠᠢᠭ᠎ᠠ ᠡᠯ᠎ᠡ ᠦᠨᠳᠦᠰᠦᠲᠡᠨ ᠴᠥᠮ ᠥᠪᠡᠷ ᠢ᠋ᠶ᠋ᠡᠨ ᠰᠢᠢᠳᠪᠦᠷᠢᠯᠡᠬᠦ ᠡᠷᠬᠡ ᠲᠡᠢ᠃     
2.ᠳᠤᠮᠳᠠᠳᠤ ᠤᠯᠤᠰ ᠤ᠋ᠨ ᠠᠷᠠᠳ ᠲᠦᠮᠡᠨ ᠭᠠᠳᠠᠭᠠᠳᠤ ᠠ᠋ᠴᠠ ᠢᠷᠡᠭᠰᠡᠨ ᠡᠵᠡᠷᠬᠡᠭ ᠲᠦᠷᠢᠮᠡᠬᠡᠢᠲᠡᠨ ᠢ᠋ ᠬᠥᠭᠡᠭᠡᠵᠦ ᠭᠠᠷᠭᠠᠵᠤ᠂ ᠤᠯᠤᠰ ᠤ᠋ᠨ ᠳᠣᠲᠣᠭᠠᠳᠤ ᠳ᠋ᠤ᠌ ᠬᠢ ᠲᠡᠷᠰᠯᠡᠭᠦᠦ ᠴᠡᠷᠢᠭ ᠦ᠋ᠨ ᠡᠷᠬᠡᠲᠡᠨ ᠢ᠋ ᠤᠰᠠᠳᠬᠠᠵᠤ᠂ ᠵᠢᠩᠬᠢᠨᠢ ᠠᠷᠠᠳ ᠤ᠋ᠨ ᠡᠷᠬᠡᠲᠦ ᠵᠠᠰᠠᠭ ᠢ᠋ ᠪᠠᠢᠭᠤᠯᠬᠤ ᠦᠶ᠎ᠡ ᠳ᠋ᠦ᠍᠂ ᠮᠠᠨ ᠤ᠋ ᠳᠣᠲᠣᠭᠠᠳᠤ ᠮᠣᠩᠭᠣᠯ ᠤ᠋ᠨ ᠠᠷᠠᠳ ᠲᠦᠮᠡᠨ ᠴᠦ᠍ ᠡᠢᠮᠦ ᠠᠷᠠᠳ ᠤ᠋ᠨ ᠵᠠᠰᠠᠭ ᠢ᠋ ᠪᠠᠢᠭᠤᠯᠤᠨ᠎ᠠ᠃ 
3.ᠮᠠᠨ ᠤ᠋ ᠳᠣᠲᠣᠭᠠᠳᠤ ᠮᠣᠩᠭᠣᠯ ᠤ᠋ᠨ ᠠᠷᠠᠳ ᠣᠯᠠᠨ ᠣᠪᠣᠭ ᠦᠨᠳᠦᠰᠦ ᠶ᠋ᠢᠨ  ᠢᠯᠭᠠᠭ᠎ᠠ ᠦᠭᠡᠢ᠂ ᠲᠥᠷᠥ ᠶ᠋ᠢᠨ ᠬᠡᠷᠡᠭ ᠲᠦ᠍ ᠴᠢᠯᠥᠭᠡ ᠲᠡᠢ ᠣᠷᠣᠯᠴᠠᠬᠤ ᠡᠷᠬᠡ ᠲᠡᠢ᠃  
       ᠲᠤᠰ ᠨᠠᠮ ᠤ᠋ᠨ ᠬᠠᠮᠤᠭ ᠤ᠋ᠨ ᠣᠬᠣᠷ ᠬᠤᠭᠤᠴᠠᠭᠠᠨ ᠤ᠋ ᠳᠣᠲᠣᠷ᠎ᠠ ᠪᠡᠶᠡᠯᠡᠭᠦᠯᠬᠦ ᠶᠠᠪᠤᠳᠠᠯ ᠪᠣᠯ᠄ 
       ᠤᠯᠤᠰ ᠲᠥᠷᠥ ᠶ᠋ᠢᠨ ᠶᠠᠪᠤᠳᠠᠯ ᠤ᠋ᠳ᠄     
       1. ᠸᠠᠩ ᠬᠦᠩ ᠦ᠋ᠨ ᠡᠵᠡᠷᠬᠡᠭ ᠳᠦᠷᠢᠮ ᠢ᠋ ᠤᠰᠠᠳᠬᠠᠨ᠎ᠠ᠃     
       2. ᠡᠯ᠎ᠡ ᠦᠨᠳᠦᠰᠦᠲᠡᠨ ᠦ᠌ ᠲᠥᠷᠥ ᠶ᠋ᠢᠨ ᠡᠷᠬᠡ ᠪᠦᠷᠢᠨ ᠭᠦᠢᠴᠡᠳ ᠠᠷᠠᠳ ᠤ᠋ᠨ ᠭᠠᠷ ᠲᠤ᠌ ᠰᠢᠯᠵᠢᠬᠦ ᠦᠶ᠎ᠡ ᠳ᠋ᠦ᠍ ᠠᠷᠠᠳ ᠤ᠋ᠨ ᠰᠣᠩᠭᠣᠭᠤᠯᠢ ᠶ᠋ᠢᠨ ᠳᠦᠷᠢᠮ ᠢ᠋ ᠶᠠᠪᠤᠭᠤᠯᠤᠨ᠎ᠠ᠃  
       3. ᠪᠦᠬᠦ ᠳᠣᠲᠣᠭᠠᠳᠤ ᠮᠣᠩᠭᠣᠯ ᠤ᠋ᠨ ᠠᠷᠠᠳ ᠤ᠋ᠨ ᠲᠥᠯᠥᠭᠡᠯᠡᠭᠴᠢᠳ ᠦ᠋ᠨ ᠬᠤᠷᠠᠯ ᠢ᠋ ᠨᠡᠭᠡᠭᠡᠨ᠎ᠡ᠃  
       ᠠᠵᠤ ᠠᠬᠤᠢ ᠶ᠋ᠢᠨ ᠶᠠᠪᠤᠳᠠᠯ ᠤ᠋ᠳ᠄  
       1. ᠸᠠᠩ ᠬᠦᠩ ᠵᠠᠰᠠᠭ ᠤ᠋ᠳ ᠤ᠋ᠨ ᠡᠵᠡᠮᠰᠢᠵᠦ ᠪᠠᠢᠬᠤ ᠭᠠᠵᠠᠷ ᠲᠠᠷᠢᠶ᠎ᠠ ᠶ᠋ᠢ ᠪᠦᠷᠢᠮᠦᠰᠦᠨ ᠠᠷᠠᠳ ᠤ᠋ᠨ ᠰᠣᠩᠭᠣᠭᠤᠯᠢ ᠶ᠋ᠢᠨ ᠪᠠᠢᠭᠤᠯᠭ᠎ᠠ ᠳ᠋ᠤ᠌ ᠰᠢᠯᠵᠢᠭᠦᠯᠦᠨ ᠲᠤᠰᠢᠶᠠᠨ᠎ᠠ᠃ ᠮᠣᠩᠭᠣᠯ ᠬᠢᠲᠠᠳ ᠬᠣᠯᠢᠯᠳᠤᠨ ᠰᠠᠭᠤᠭᠰᠠᠨ ᠭᠠᠵᠠᠷ ᠲᠤ᠌ ᠬᠣᠶᠠᠷ ᠡᠲᠡᠭᠡᠳ ᠬᠠᠷᠢᠯᠴᠠᠨ ᠬᠡᠯᠡᠯᠴᠡᠭᠡᠷ ᠬᠢᠵᠦ ᠬᠣᠶᠠᠷ ᠡᠲᠡᠭᠡᠳ ᠲᠦ᠍ ᠠᠰᠢᠭᠲᠠᠢ ᠠᠷᠭ᠎ᠠ ᠪᠠᠷ ᠰᠢᠢᠳᠪᠦᠷᠢᠯᠡᠨ᠎ᠡ᠃  
       2. ᠠᠷᠠᠳ ᠤ᠋ᠨ ᠰᠣᠩᠭᠣᠭᠤᠯᠢ ᠶ᠋ᠢᠨ ᠪᠠᠢᠭᠤᠯᠭ᠎ᠠ ᠠ᠋ᠴᠠ ᠭᠠᠵᠠᠷ ᠲᠠᠷᠢᠶ᠎ᠠ ᠶ᠋ᠢᠨ ᠠᠰᠢᠭ ᠢ᠋ ᠬᠠᠮᠠᠭᠠᠯᠠᠬᠤ ᠡᠭᠦᠷᠭᠡ ᠶ᠋ᠢ ᠭᠦᠢᠴᠡᠳᠬᠡᠵᠦ᠂ ᠮᠣᠩᠭᠣᠯ ᠣᠷᠣᠨ ᠤ᠋ ᠣᠳᠣ ᠶ᠋ᠢᠨ ᠶᠠᠪᠤᠭᠤᠯᠵᠤ ᠪᠠᠢᠭ᠎ᠠ ᠡᠯ᠎ᠡ ᠬᠠᠷᠭᠢᠰ ᠬᠡᠷᠴᠡᠭᠡᠢ ᠳᠠᠷᠤᠩᠭᠤᠢᠯᠠᠬᠤ ᠵᠠᠰᠠᠭ ᠢ᠋ ᠦᠭᠡᠢᠰᠬᠡᠨ᠎ᠡ᠃ 
       3. ᠡᠯ᠎ᠡ ᠬᠤᠰᠢᠭᠤᠨ ᠤ᠋ ᠠᠷᠠᠳ ᠲᠦᠮᠡᠨ ᠡᠴᠡ ᠸᠠᠩ ᠬᠦᠩ ᠦ᠋ᠨ ᠭᠠᠳᠠᠭᠠᠳᠤ ᠳᠣᠲᠣᠭᠠᠳᠤ ᠶ᠋ᠢᠨ ᠬᠤᠳᠠᠯᠳᠤᠭᠠᠴᠢᠳ ᠲᠤ᠌ ᠳᠤᠲᠠᠵᠤ ᠪᠠᠢᠬᠤ ᠥᠷᠢ ᠰᠢᠷᠢ ᠶ᠋ᠢ ᠲᠥᠯᠥᠬᠦ ᠶ᠋ᠢ ᠵᠣᠭᠰᠣᠭᠠᠨ᠎ᠠ᠃   
       4. ᠦᠢᠯᠡᠳᠪᠦᠷᠢ ᠪᠣᠯᠤᠨ ᠬᠡᠷᠡᠭᠴᠡᠭᠡᠨ ᠦ᠌ ᠬᠠᠮᠲᠤᠷᠠᠯ ᠢ᠋ ᠪᠠᠢᠭᠤᠯᠵᠤ ᠠᠷᠠᠳ ᠤ᠋ᠨ ᠠᠮᠢᠳᠤᠷᠠᠯ ᠢ᠋ ᠬᠥᠭᠵᠢᠭᠦᠯᠦᠨ᠎ᠡ᠃ 
       ᠰᠤᠷᠭᠠᠨ ᠬᠥᠮᠦᠵᠢᠯ ᠦ᠋ᠨ ᠶᠠᠪᠤᠳᠠᠯ ᠤ᠋ᠳ᠄  
       1. ᠤᠯᠤᠰ ᠤ᠋ᠨ ᠵᠣᠭᠣᠰ ᠢ᠋ᠶ᠋ᠠᠷ ᠶᠡᠬᠡ᠂ ᠳᠤᠮᠳᠠᠳᠤ᠂ ᠪᠠᠭ᠎ᠠ ᠭᠤᠷᠪᠠᠨ ᠳᠡᠰ ᠦ᠋ᠨ ᠠᠷᠠᠳ ᠤ᠋ᠨ ᠰᠤᠷᠭᠠᠭᠤᠯᠢ ᠪᠣᠯᠤᠨ ᠲᠥᠷᠥᠯ ᠪᠦᠷᠢ ᠶ᠋ᠢᠨ ᠲᠤᠰᠬᠠᠢ ᠮᠡᠷᠭᠡᠵᠢᠯ ᠦ᠋ᠨ ᠰᠤᠷᠭᠠᠭᠤᠯᠢ ᠶ᠋ᠢ ᠪᠠᠢᠭᠤᠯᠵᠤ᠂ ᠠᠯᠪᠠᠳᠠᠯᠭ᠎ᠠ ᠪᠠᠷ ᠰᠤᠷᠤᠯᠴᠠᠭᠤᠯᠤᠨ᠎ᠠ᠃ 
       2. ᠶᠠᠳᠠᠭᠤ ᠠᠷᠠᠳ ᠤ᠋ᠨ ᠦᠷ᠎ᠡ ᠬᠡᠦᠬᠡᠳ ᠢ᠋ ᠰᠦᠢᠳᠬᠡᠯ ᠠᠪᠬᠤ ᠦᠭᠡᠢ ᠪᠡᠷ ᠰᠤᠷᠭᠠᠨ ᠬᠥᠮᠦᠵᠢᠭᠦᠯᠦᠨ᠎ᠡ᠃ 
       3. ᠶᠠᠳᠠᠭᠤ ᠠᠷᠠᠳ ᠤ᠋ᠨ ᠡᠮᠨᠡᠯᠭᠡ ᠶ᠋ᠢᠨ ᠬᠣᠷᠢᠶ᠎ᠠ ᠪᠣᠯᠤᠨ ᠡᠯ᠎ᠡ ᠲᠥᠷᠥᠯ ᠦ᠋ᠨ ᠠᠰᠠᠷᠠᠮᠵᠢ ᠶ᠋ᠢᠨ  ᠪᠠᠢᠭᠤᠯᠭ᠎ᠠ ᠶ᠋ᠢ ᠪᠠᠢᠭᠤᠯᠤᠨ᠎ᠠ᠃ 
       4. ᠱᠠᠰᠢᠨ ᠰᠤᠷᠲᠠᠬᠤᠨ ᠢ᠋ ᠰᠢᠲᠦᠬᠦ ᠡᠷᠬᠡ ᠴᠢᠯᠥᠭᠡ ᠲᠡᠢ᠂ ᠭᠡᠪᠡᠴᠦ ᠱᠠᠰᠢᠨ ᠤ᠋ ᠨᠡᠷ᠎ᠡ ᠪᠡᠷ ᠳᠠᠮᠵᠢᠭᠤᠯᠵᠤ ᠠᠷᠠᠳ ᠲᠦᠮᠡᠨ ᠢ᠋ ᠮᠤᠩᠬᠠᠷᠠᠭᠤᠯᠤᠨ ᠮᠡᠬᠡᠯᠡᠵᠦ ᠡᠳ᠋ ᠮᠥᠩᠭᠥ ᠠᠪᠬᠤ ᠶ᠋ᠢ ᠬᠣᠷᠢᠭᠯᠠᠨ᠎ᠠ᠃  
       ᠲᠤᠰ ᠨᠠᠮ ᠤ᠋ᠨ ᠵᠢᠷᠤᠮ ᠢ᠋ ᠵᠥᠪᠰᠢᠶᠡᠷᠡᠭᠴᠢ ᠬᠠᠷ᠎ᠠ ᠰᠢᠷ᠎ᠠ᠂ ᠡᠷ᠎ᠡ ᠡᠮ᠎ᠡ ᠢᠯᠭᠠᠭ᠎ᠠ ᠦᠭᠡᠢ ᠴᠥᠮ ᠨᠠᠮ ᠤ᠋ᠨ ᠭᠡᠰᠢᠭᠦᠨ ᠪᠣᠯᠵᠤ ᠪᠣᠯᠬᠤ ᠪᠥᠭᠡᠳ ᠡᠭᠦᠨ ᠢ᠋ᠶ᠋ᠡᠷ ᠰᠡᠳᠬᠢᠯ ᠢᠶᠡᠨ ᠨᠢᠭᠡᠳᠬᠡᠨ ᠬᠦᠴᠦ ᠪᠡᠨ ᠬᠠᠮᠲᠤᠳᠬᠠᠵᠤ ᠮᠣᠩᠭᠣᠯ ᠦᠨᠳᠦᠰᠦᠲᠡᠨ ᠢ᠋ᠶ᠋ᠡᠨ ᠴᠢᠯᠥᠭᠡᠯᠡᠵᠦ ᠬᠤᠪᠢᠰᠬᠠᠯ ᠢ᠋ᠶ᠋ᠠᠨ ᠪᠡᠶᠡᠯᠡᠭᠦᠯᠦᠨ᠎ᠡ》᠃   

        ᠦᠰᠦᠭ ᠠᠮᠢᠯᠠᠭᠤᠯᠤᠭᠴᠢ᠄ ᠪᠠᠯ᠂ ᠣᠶᠤᠨᠪᠠᠲᠤ᠂ ᠣᠶᠤᠨᠪᠢᠯᠢᠭ᠌  
           ᠬᠢᠨᠠᠭᠴᠢ᠄ ᠣᠳᠬᠣᠨᠴᠡᠴᠡᠭ᠂ ᠪᠠᠯ