ᠰᠤᠮᠤᠨ ᠮᠣᠳᠣSuman modСуман мод
ᠰᠤᠮᠤᠨ ᠮᠣᠳᠣ
ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠰᠤᠮᠤᠨ ᠮᠣᠳᠣ ᠶ᠋ᠢᠨ ᠬᠠᠲᠠᠭᠠᠭᠰᠠᠨ ᠡᠰᠢᠨ ᠦ᠌ ᠭᠣᠣᠯ ᠮᠥᠨ᠃ ᠪᠠᠰᠠ ᠽᠣᠮᠤᠰᠢᠩ ᠭᠡᠳᠡᠭ᠃
[ ᠤᠤᠯ ᠤᠷᠭᠤᠮᠠᠯ] ᠮᠥᠩᠬᠡ ᠬᠥᠬᠡᠷᠡᠭᠴᠢ ᠪᠠᠭᠠᠪᠲᠤᠷ ᠲᠤᠷᠤᠭ ᠮᠣᠳᠣ᠃5~10m ᠥᠨᠳᠥᠷ᠂ ᠡᠰᠢᠨ ᠳᠡᠭᠡᠷ᠎ᠡ ᠨᠢ ᠵᠢᠵᠢᠭ ᠥᠷᠭᠡᠰᠦ ᠲᠡᠢ᠂ ᠵᠢᠵᠢᠭ ᠮᠥᠴᠢᠷ ᠨᠢ ᠴᠠᠢᠪᠤᠷ ᠨᠣᠭᠣᠭᠠᠨ ᠥᠩᠭᠡ ᠲᠡᠢ᠂ ᠲᠣᠭᠣᠷᠢᠭ ᠭᠦᠳᠦᠢᠭᠰᠡᠨ ᠬᠠᠯᠢᠰᠤᠨ ᠰᠦᠪᠡ ᠲᠡᠢ᠂ ᠰᠢᠨ᠎ᠡ ᠮᠥᠴᠢᠷ ᠳᠡᠭᠡᠷ᠎ᠡ ᠨᠢ ᠥᠴᠦᠬᠡᠨ ᠵᠥᠭᠡᠯᠡᠨ ᠦᠰᠦ ᠲᠡᠢ᠂ ᠰᠡᠭᠦᠯᠡᠷ ᠨᠢ ᠵᠤᠯᠭᠠᠷᠠᠳᠠᠭ᠃ ᠬᠣᠶᠠᠷᠳᠠᠭᠰᠠᠨ ᠲᠡᠭᠰᠢ ᠥᠳᠥᠯᠢᠭ ᠨᠡᠢᠯᠡᠮᠡᠯ ᠨᠠᠪᠴᠢ ᠲᠠᠢ᠂ ᠪᠦᠬᠦ ᠤᠷᠲᠤ ᠨᠢ30cm ᠪᠤᠶᠤ ᠨᠡᠩ ᠤᠷᠲᠤ᠂ ᠥᠳᠥᠯᠢᠭ ᠢᠯᠲᠠᠰᠤ ᠨᠢ ᠴᠢᠭᠲᠠᠯᠠᠨ ᠤᠷᠭᠤᠨ᠎ᠠ᠃9~13 ᠬᠣᠣᠰ᠂6~15cm ᠤᠷᠲᠤ᠂ ᠨᠠᠪᠴᠢᠨ ᠲᠡᠩᠭᠡᠯᠢᠭ ᠳᠡᠭᠡᠷ᠎ᠡ ᠨᠢ ᠵᠥᠭᠡᠯᠡᠨ ᠦᠰᠦ ᠲᠡᠢ᠂ ᠵᠢᠵᠢᠭ ᠨᠠᠪᠴᠢ ᠨᠢ9~16 ᠬᠣᠣᠰ᠂ ᠤᠷᠲᠤᠯᠵᠢᠨ ᠲᠣᠭᠣᠷᠢᠭ ᠬᠡᠯᠪᠡᠷᠢ ᠲᠡᠢ᠂14mm ᠣᠷᠴᠢᠮ ᠤᠷᠲᠤ᠂6mm ᠣᠷᠴᠢᠮ ᠥᠷᠭᠡᠨ᠂ ᠮᠣᠬᠣᠭᠣ᠂ ᠵᠢᠭᠠᠬᠠᠨ ᠬᠣᠲᠣᠭᠣᠷ ᠦᠵᠦᠭᠦᠷ ᠲᠡᠢ᠂ ᠪᠦᠲᠦᠨ ᠬᠥᠪᠡᠭᠡ ᠲᠡᠢ᠂ ᠨᠠᠪᠴᠢᠨ ᠤ᠋ ᠥᠪᠥᠷ ᠲᠠᠯ᠎ᠠ ᠨᠢ ᠨᠣᠭᠣᠭᠠᠨ ᠥᠩᠭᠡ ᠲᠡᠢ᠂ ᠦᠰᠦ ᠦᠭᠡᠢ᠂ ᠠᠷᠤ ᠲᠠᠯ᠎ᠠ ᠳ᠋ᠤᠨᠢ ᠨᠠᠷᠢᠨ ᠳᠤᠰᠤᠯ ᠲᠠᠢ᠂ ᠪᠠᠷᠢᠭᠤᠯ ᠦᠭᠡᠢ᠃ ᠵᠡᠭᠦᠯᠢᠭ ᠲᠣᠰᠣᠭᠤᠷ ᠨᠠᠪᠴᠢ ᠲᠠᠢ᠃ ᠱᠣᠷᠣᠯᠵᠢᠨ ᠪᠠᠭ ᠴᠡᠴᠡᠭ ᠨᠢ ᠣᠷᠣᠢ ᠳ᠋ᠤᠨᠢ ᠳᠡᠯᠭᠡᠷᠡᠨ᠎ᠡ᠃ ᠲᠣᠮᠣ᠂ ᠥᠷᠭᠡᠨ᠃ ᠴᠡᠴᠡᠭ ᠨᠢ ᠣᠯᠠᠨ ᠪᠥᠭᠡᠳ ᠨᠠᠪᠴᠢ ᠲᠠᠢ ᠪᠠᠨ ᠲᠡᠩᠴᠡᠭᠦᠦ ᠤᠷᠲᠤ᠂ ᠣᠬᠣᠷ ᠵᠥᠭᠡᠯᠡᠨ ᠦᠰᠦ ᠲᠡᠢ᠃ ᠴᠡᠴᠡᠭ ᠨᠢ ᠰᠢᠷ᠎ᠠ ᠥᠩᠭᠡ ᠲᠡᠢ᠂ ᠳ᠋ᠢᠶᠠᠮᠧᠲ᠋ᠷ ᠨᠢ10~15cm᠂ ᠲᠣᠭᠳᠣᠢ ᠶ᠋ᠢᠨ ᠤᠭ ᠤ᠋ᠨ ᠬᠡᠰᠡᠭ ᠨᠢ ᠨᠡᠢᠯᠡᠵᠦ᠂ ᠳᠡᠭᠡᠷ᠎ᠡ ᠬᠡᠰᠡᠭ ᠲᠡᠭᠡᠨ5 ᠣᠨᠢ ᠲᠠᠢ᠂ ᠰᠡᠵᠢᠭᠦᠷ ᠢᠯᠲᠠᠰᠤ ᠨᠢ ᠵᠢᠭᠳᠡ ᠪᠤᠰᠤ᠂ ᠴᠡᠴᠡᠭ ᠦ᠋ᠨ ᠬᠡᠯᠲᠡᠰ ᠨᠢ5᠂ ᠡᠭᠦᠨ ᠦ᠌ ᠳᠣᠲᠣᠷ᠎ᠠ4 ᠢᠯᠲᠠᠰᠤ ᠨᠢ ᠲᠣᠭᠣᠷᠢᠭ ᠬᠡᠯᠪᠡᠷᠢ ᠲᠡᠢ᠂ ᠢᠵᠢᠯ ᠶᠡᠬᠡ᠂ ᠬᠠᠮᠤᠭ ᠳᠣᠣᠷ᠎ᠠ ᠨᠢᠭᠡ ᠢᠯᠲᠠᠰᠤ ᠨᠢ ᠨᠡᠯᠢᠶᠡᠳ ᠵᠢᠵᠢᠭ᠂ ᠳᠡᠭᠡᠷ᠎ᠡ ᠬᠡᠰᠡᠭ ᠨᠢ ᠤᠷᠲᠤ ᠳᠥᠷᠪᠡᠯᠵᠢᠨ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠤᠮᠠᠢ ᠨᠢ ᠲᠠᠰᠤᠭ ᠲᠠᠢ᠃ ᠪᠤᠷᠴᠠᠭ ᠵᠢᠮᠢᠰ ᠨᠢ ᠤᠷᠲᠤᠯᠵᠢᠨ ᠲᠣᠭᠣᠷᠢᠭ ᠬᠡᠯᠪᠡᠷᠢ ᠲᠡᠢ᠂ ᠬᠠᠵᠠᠭᠠᠢ᠂ᠵᠤᠵᠠᠭᠠᠨ ᠬᠥᠳᠥᠰᠥᠯᠢᠭ᠂ ᠥᠷᠭᠡᠰᠦ ᠦᠭᠡᠢ᠂ ᠰᠢᠷᠦᠭᠦᠨ ᠦᠰᠦ ᠦᠭᠡᠢ᠂ ᠦᠵᠦᠭᠦᠷ ᠦ᠋ᠨ ᠨᠢᠭᠡ ᠬᠠᠵᠠᠭᠤ ᠳ᠋ᠤᠨᠢ ᠱᠣᠪᠬᠣ ᠬᠣᠰᠢᠭᠤ ᠲᠠᠢ᠂7.5cm ᠣᠷᠴᠢᠮ ᠤᠷᠲᠤ᠂ ᠳ᠋ᠢᠶᠠᠮᠧᠲ᠋ᠷ ᠨᠢ3.5cm ᠣᠷᠴᠢᠮ᠂ ᠪᠣᠯᠪᠠᠰᠤᠷᠠᠪᠠᠯ ᠪᠦᠳᠡᠭᠢ ᠤᠯᠠᠭᠠᠨ ᠥᠩᠭᠡ ᠲᠡᠢ᠂ ᠣᠬᠣᠷ ᠨᠣᠣᠯᠣᠭᠤᠷ ᠦᠰᠦ ᠲᠡᠢ᠂ ᠬᠠᠭᠠᠷᠠᠬᠤ ᠦᠭᠡᠢ᠂4~5 ᠮᠥᠬᠥᠯᠢᠭ ᠦᠷ᠎ᠡ ᠲᠡᠢ᠃5~6 ᠳ᠋ᠤᠭᠠᠷ ᠰᠠᠷ᠎ᠠ ᠳ᠋ᠤ᠌ ᠴᠡᠴᠡᠭᠯᠡᠵᠦ᠂9~10 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠭᠣᠣ ᠶ᠋ᠢᠨ ᠣᠢ ᠳ᠋ᠤ᠌ ᠤᠷᠭᠤᠬᠤ ᠪᠤᠶᠤ ᠠᠷᠠᠴᠢᠯᠠᠨ ᠲᠠᠷᠢᠵᠤ ᠪᠠᠢᠨ᠎ᠠ᠃ ᠲᠠᠢᠸᠠᠨ᠂ ᠭᠤᠸᠠᠩᠳᠥ᠋ᠩ᠂ ᠭᠤᠸᠠᠩᠰᠢ᠂ ᠰᠧᠴᠤᠸᠠᠨ᠂ ᠭᠦᠢᠵᠧᠦ᠂ ᠶᠦᠨᠨᠠᠨ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠢᠯ ᠦ᠋ᠨ ᠳᠥᠷᠪᠡᠨ ᠤᠯᠠᠷᠢᠯ ᠳ᠋ᠤ᠌ ᠴᠥᠮ ᠠᠪᠴᠤ ᠪᠣᠯᠤᠨ᠎ᠠ᠃ ᠠᠪᠤᠭᠰᠠᠨ ᠤ᠋ ᠰᠡᠭᠦᠯᠡᠷ ᠬᠠᠯᠢᠰᠤ ᠪᠠ ᠬᠥᠪᠡᠭᠡ ᠶ᠋ᠢ ᠨᠢ ᠵᠣᠷᠭᠣᠵᠤ ᠬᠠᠶᠠᠭᠠᠳ ᠭᠣᠣᠯ ᠢ᠋ ᠨᠢ ᠬᠢᠷᠥᠭᠡᠳᠡᠨ ᠬᠡᠰᠡᠭᠯᠡᠵᠦ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠳᠠᠪᠤᠰᠤᠯᠢᠭ ᠠᠮᠲᠠ ᠲᠠᠢ᠂ ᠰᠡᠷᠢᠭᠦᠨ ᠴᠢᠨᠠᠷ ᠲᠠᠢ᠂ ᠬᠥᠩᠭᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠴᠠᠰᠤᠨ ᠬᠠᠯᠠᠭᠤᠨ ᠢ᠋ ᠠᠷᠢᠯᠭᠠᠬᠤ᠂ ᠥᠳᠬᠡᠷᠡᠭᠰᠡᠨ ᠴᠢᠰᠤ ᠶ᠋ᠢ ᠰᠢᠩᠭᠡᠷᠡᠭᠦᠯᠬᠦ᠂ ᠰᠠᠷ᠎ᠠ ᠶ᠋ᠢᠨ ᠭᠬᠢᠷ ᠢ᠋ ᠲᠡᠭᠰᠢᠳᠬᠡᠬᠦ ᠴᠢᠳᠠᠯ ᠲᠠᠢ᠃ ᠭᠣᠣᠯᠳᠠᠭᠤ ᠰᠠᠷ᠎ᠠ ᠶ᠋ᠢᠨ ᠭᠬᠢᠷ ᠬᠣᠷᠢᠭᠳᠠᠵᠤ᠂ ᠨᠢᠷᠠᠢ ᠬᠠᠯᠠᠭᠤᠨ᠂ ᠴᠢᠰᠤᠨ ᠬᠠᠯᠠᠭᠤᠨ᠂ ᠰᠤᠳᠠᠯ ᠤ᠋ᠨ ᠬᠠᠯᠠᠭᠤᠨ᠂ ᠴᠢᠰᠤᠨ ᠪᠡᠲᠡᠭᠢ᠂ ᠴᠢᠰᠤ ᠪᠦᠷᠢᠯᠳᠦᠭᠰᠡᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 苏木
ᠠᠩᠭ᠌ᠯᠢ ᠨᠡᠷ᠎ᠡ᠄ Caesalpinia sapan L.
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠲᠤᠶᠠᠭ᠎ᠠ
