ᠰᠧᠴᠤᠸᠠᠨ ᠪᠠᠯᠸᠭᠠStsovan balyegСцован балег
ᠰᠧᠴᠤᠸᠠᠨ ᠪᠠᠯᠸᠭᠠ
ᠲᠤᠰ ᠡᠮ ᠪᠣᠯ ᠬᠣᠯᠲᠣᠰᠣᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠵᠢᠵᠢᠭ ᠪᠠᠯᠸᠭᠠ ᠪᠠ ᠴᠠᠭᠠᠨ ᠴᠡᠴᠡᠭᠲᠦ ᠣᠷᠢᠶᠠᠮᠠᠭ ᠤ᠋ᠨ ᠡᠰᠢ ᠮᠥᠨ᠃ ᠪᠠᠯᠸᠭᠠ ᠪᠠᠷ ᠬᠡᠷᠡᠭᠯᠡᠳᠡᠭ᠃
[ ᠤᠤᠯ ᠤᠷᠭᠤᠮᠠᠯ]1. ᠵᠢᠵᠢᠭ ᠪᠠᠯᠸᠭᠠ ᠮᠥᠩᠬᠡ ᠨᠣᠭᠣᠭᠠᠨ ᠳᠠᠩᠰᠠ ᠤᠷᠭᠤᠮᠠᠯ᠃ ᠤᠷᠲᠤ ᠨᠢ5m ᠬᠦᠷᠳᠡᠭ᠃ ᠨᠠᠪᠴᠢ ᠨᠢ ᠴᠢᠭᠲᠠᠯᠠᠵᠤ ᠭᠤᠷᠪᠠᠳᠠᠭᠰᠠᠨ ᠨᠡᠢᠯᠡᠮᠡᠯ ᠨᠠᠪᠴᠢ ᠲᠠᠢ᠃ ᠨᠠᠪᠴᠢᠨ ᠪᠠᠷᠢᠭᠤᠯ ᠨᠢ5~7.5cm ᠤᠷᠲᠤ᠃ ᠵᠢᠵᠢᠭ ᠨᠠᠪᠴᠢ ᠨᠢ ᠬᠥᠳᠥᠰᠥᠯᠢᠭ᠂ ᠢᠪᠴᠤᠤ ᠥᠨᠳᠡᠭᠡᠯᠵᠢᠨ ᠡᠴᠡ ᠬᠠᠪᠲᠠᠭᠠᠢ ᠲᠡᠪᠡᠨᠡ ᠬᠡᠯᠪᠡᠷᠢ ᠲᠡᠢ᠂8~12cm ᠤᠷᠲᠤ᠂ ᠥᠷᠭᠡᠨ ᠨᠢ4.8cm ᠬᠦᠷᠳᠡᠭ᠂ ᠱᠣᠪᠲᠣᠭᠤᠷ ᠦᠵᠦᠭᠦᠷ ᠲᠡᠢ᠂ ᠲᠣᠭᠣᠷᠢᠭ ᠪᠤᠶᠤ ᠭᠦᠢᠬᠡᠨ ᠵᠢᠷᠦᠬᠡᠨ ᠬᠡᠯᠪᠡᠷᠢᠲᠦ ᠤᠭ ᠲᠠᠢ᠂ ᠦᠰᠦ ᠦᠭᠡᠢ᠂ ᠨᠠᠪᠴᠢᠨ ᠰᠤᠳᠠᠯ ᠨᠢ ᠥᠪᠥᠷ ᠲᠠᠯ᠎ᠠ ᠳ᠋ᠤᠨᠢ ᠭᠦᠷᠪᠡᠢᠨ᠎ᠡ᠃ ᠱᠣᠷᠣᠯᠵᠢᠨ ᠪᠠᠭ ᠴᠡᠴᠡᠭ ᠲᠡᠢ᠂ ᠮᠥᠴᠢᠷ ᠦ᠋ᠨ ᠣᠷᠣᠢ ᠪᠤᠶᠤ ᠨᠠᠪᠴᠢᠨ ᠰᠤᠭᠤ ᠳ᠋ᠤ᠌ ᠤᠷᠭᠤᠨ᠎ᠠ᠂ ᠨᠠᠪᠴᠢ ᠲᠠᠢ ᠪᠠᠨ ᠪᠠᠷᠤᠭ ᠤᠷᠲᠤ᠂ ᠨᠠᠪᠴᠢᠨ ᠰᠤᠭᠤ ᠳ᠋ᠠᠬᠢ ᠪᠠᠭ ᠴᠡᠴᠡᠭ ᠦ᠋ᠨ ᠤᠭ ᠲᠤᠨᠢ ᠣᠯᠠᠨ ᠬᠠᠢᠷᠰᠤᠨ ᠢᠯᠲᠠᠰᠤ ᠲᠠᠢ᠃ ᠳᠣᠣᠷ᠎ᠠ ᠬᠡᠰᠡᠭ ᠦ᠋ᠨ ᠪᠠᠭᠯᠠᠭᠴᠢ ᠢᠯᠲᠠᠰᠤ ᠨᠢ ᠲᠡᠭᠰᠢ ᠲᠣᠭᠣᠷᠢᠭ ᠬᠡᠯᠪᠡᠷᠢ ᠲᠡᠢ᠂ ᠶᠡᠷᠦ ᠳ᠋ᠡᠭᠡᠨ3 ᠣᠨᠢ ᠲᠠᠢ᠂ ᠳᠡᠭᠡᠷ᠎ᠡ ᠬᠡᠰᠡᠭ ᠦ᠋ᠨ ᠪᠠᠭᠯᠠᠭᠴᠢ ᠢᠯᠲᠠᠰᠤ ᠨᠢ ᠵᠢᠵᠢᠭ᠂ ᠥᠷᠥᠮ ᠬᠡᠯᠪᠡᠷᠢ ᠲᠡᠢ᠃ ᠲᠣᠭᠳᠣᠢ ᠢᠯᠲᠠᠰᠤ ᠨᠢ4᠃ ᠴᠡᠴᠡᠭ ᠨᠢ ᠴᠠᠭᠠᠨ᠃ ᠴᠡᠴᠡᠭ ᠦ᠋ᠨ ᠳᠡᠯᠪᠢ ᠦᠭᠡᠢ᠃ ᠣᠯᠠᠨ ᠡᠷ᠎ᠡ ᠲᠣᠭᠣᠷᠴᠣᠭ ᠲᠠᠢ᠂ ᠦᠰᠦ ᠦᠭᠡᠢ᠃ ᠣᠯᠠᠨ ᠤᠮᠠᠢ ᠶ᠋ᠢᠨ ᠬᠠᠯᠢᠰᠤ ᠲᠠᠢ᠃ ᠲᠤᠷᠠᠩᠬᠠᠢ ᠵᠢᠮᠢᠰ ᠨᠢ ᠬᠠᠪᠲᠠᠭᠠᠢ᠂ ᠵᠤᠤᠪᠠᠩ ᠬᠡᠯᠪᠡᠷᠢ ᠲᠡᠢ᠂3mm ᠤᠷᠲᠤ᠂ ᠲᠠᠷᠠᠮᠠᠭ ᠰᠡᠷᠪᠡᠢᠭᠰᠡᠨ ᠵᠥᠭᠡᠯᠡᠨ ᠦᠰᠦ ᠲᠡᠢ᠂ ᠥᠳᠥᠯᠢᠭ ᠴᠡᠴᠡᠭ ᠦ᠋ᠨ ᠪᠠᠭᠠᠨ᠎ᠠ ᠶ᠋ᠢᠨ ᠤᠷᠲᠤ ᠨᠢ5cm ᠬᠦᠷᠳᠡᠭ᠃3~4 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂4~7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
2. ᠴᠠᠭᠠᠨ ᠴᠡᠴᠡᠭᠲᠦ ᠣᠷᠢᠶᠠᠮᠠᠭ ᠲᠡᠩᠰᠡᠯᠢᠭ ᠤᠷᠭᠤᠮᠠᠯ᠃ ᠤᠷᠲᠤ ᠨᠢ8m ᠬᠦᠷᠳᠡᠭ᠃ ᠵᠢᠵᠢᠭ ᠮᠥᠴᠢᠷ ᠳᠡᠭᠡᠷ᠎ᠡ ᠨᠢ ᠣᠬᠣᠷ ᠵᠥᠭᠡᠯᠡᠨ ᠦᠰᠦ ᠲᠡᠢ᠂ ᠰᠡᠭᠦᠯᠡᠷ ᠨᠢ ᠦᠰᠦ ᠦᠭᠡᠢ ᠪᠣᠯᠳᠠᠭ᠃ ᠭᠤᠷᠪᠠᠳᠠᠭᠰᠠᠨ ᠨᠡᠢᠯᠡᠮᠡᠯ ᠨᠠᠪᠴᠢ ᠲᠠᠢ᠂ ᠬᠡᠳᠦᠨ ᠴᠡᠴᠡᠭ ᠨᠢ ᠴᠡᠴᠡᠭ ᠲᠡᠢ ᠪᠡᠨ ᠪᠠᠭᠯᠠᠷᠠᠨ ᠤᠷᠭᠤᠬᠤ ᠪᠤᠶᠤ ᠴᠢᠭᠲᠠᠯᠠᠨ ᠤᠷᠭᠤᠨ᠎ᠠ᠃ ᠨᠠᠪᠴᠢᠨ ᠪᠠᠷᠢᠭᠤᠯ ᠨᠢ5~6cm ᠤᠷᠲᠤ᠃ ᠵᠢᠵᠢᠭ ᠨᠠᠪᠴᠢᠨ ᠢᠯᠲᠠᠰᠤ ᠨᠢ ᠥᠨᠳᠡᠭᠡᠯᠵᠢᠨ᠂3~7cm ᠤᠷᠲᠤ᠂ ᠱᠣᠪᠣᠭᠣᠷ ᠪᠤᠶᠤ ᠱᠣᠪᠲᠤᠭᠤᠷ ᠦᠵᠦᠭᠦᠷ ᠲᠡᠢ᠂3 ᠭᠦᠢᠬᠡᠨ ᠣᠨᠢ ᠲᠠᠢ᠂ ᠬᠥᠪᠡᠭᠡ ᠪᠡᠷ ᠨᠢ ᠬᠢᠷᠥᠭᠡᠨ ᠰᠢᠳᠦ ᠲᠡᠢ᠂ ᠬᠣᠶᠠᠷ ᠲᠠᠯ᠎ᠠ ᠳ᠋ᠤᠨᠢ ᠲᠠᠷᠠᠮᠠᠭ ᠣᠬᠣᠷ ᠵᠥᠭᠡᠯᠡᠨ ᠦᠰᠦ ᠲᠡᠢ᠃ ᠴᠡᠴᠡᠭ ᠨᠢ2~5 ᠬᠦᠢᠰ ᠢ᠋ᠶ᠋ᠡᠷ ᠨᠠᠪᠴᠢ ᠲᠠᠢ ᠪᠠᠨ ᠪᠠᠭᠯᠠᠷᠠᠨ ᠤᠷᠭᠤᠨ᠎ᠠ᠃ ᠴᠡᠴᠡᠭ ᠦ᠋ᠨ ᠳ᠋ᠢᠶᠠᠮᠧᠲ᠋ᠷ ᠨᠢ3.5~5cm ᠬᠦᠷᠳᠡᠭ᠃ ᠴᠡᠴᠡᠭ ᠦ᠋ᠨ ᠪᠠᠷᠢᠭᠤᠯ ᠨᠢ5~10cm ᠤᠷᠲᠤ᠂ ᠲᠠᠷᠠᠮᠠᠭ ᠣᠬᠣᠷ ᠵᠥᠭᠡᠯᠡᠨ ᠦᠰᠦ ᠲᠡᠢ᠃ ᠲᠣᠭᠳᠣᠢ ᠢᠯᠲᠠᠰᠤ ᠨᠢ4᠂ ᠴᠠᠭᠠᠨ ᠥᠩᠭᠡ ᠲᠡᠢ᠂ ᠳᠠᠷᠪᠠᠢᠵᠤ ᠤᠷᠭᠤᠨ᠎ᠠ᠃1.5~2.5cm ᠤᠷᠲᠤ᠂ ᠭᠠᠳᠠᠷ ᠨᠢ ᠲᠠᠷᠠᠮᠠᠭ ᠣᠬᠣᠷ ᠵᠥᠭᠡᠯᠡᠨ ᠦᠰᠦ ᠲᠡᠢ᠃ ᠴᠡᠴᠡᠭ ᠨᠢ ᠳᠡᠯᠪᠢ ᠦᠭᠡᠢ᠃ ᠣᠯᠠᠨ ᠡᠷ᠎ᠡ ᠲᠣᠭᠣᠷᠴᠣᠭ ᠲᠠᠢ᠂ ᠦᠰᠦ ᠦᠭᠡᠢ᠃ ᠣᠯᠠᠨ ᠤᠮᠠᠢ ᠶ᠋ᠢᠨ ᠬᠠᠯᠢᠰᠤ ᠲᠠᠢ᠃ ᠲᠤᠷᠠᠩᠬᠠᠢ ᠵᠢᠮᠢᠰ ᠨᠢ ᠥᠨᠳᠡᠭᠡᠯᠵᠢᠨ ᠬᠡᠯᠪᠡᠷᠢ ᠲᠡᠢ᠂ ᠬᠠᠪᠲᠠᠭᠠᠢ᠂ ᠥᠳᠥᠯᠢᠭ᠂ ᠴᠡᠴᠡᠭ ᠦ᠋ᠨ ᠪᠠᠭᠠᠨ᠎ᠠ ᠶ᠋ᠢᠨ ᠤᠷᠲᠤ ᠨᠢ2.2cm ᠬᠦᠷᠳᠡᠭ᠃4~6 ᠳ᠋ᠤᠭᠠᠷ ᠰᠠᠷ᠎ᠠ ᠳ᠋ᠤ᠌ ᠴᠡᠴᠡᠭᠯᠡᠵᠦ᠂7~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠵᠢᠵᠢᠭ ᠪᠠᠯᠸᠭᠭᠠ ᠠᠭᠤᠯᠠᠷᠬᠠᠭ ᠣᠷᠣᠨ ᠤ᠋ ᠣᠢ ᠶ᠋ᠢᠨ ᠬᠥᠪᠡᠭᠡ ᠪᠡᠷ ᠤᠷᠭᠤᠨ᠎ᠠ᠃ ᠶᠦᠨᠨᠠᠨ᠂ ᠰᠧᠴᠤᠸᠠᠨ᠂ ᠱᠠᠨᠰᠢ ᠶ᠋ᠢᠨ ᠡᠮᠦᠨ᠎ᠡ ᠬᠡᠰᠡᠭ᠂ ᠬᠤᠪᠧᠢ᠂ ᠭᠦᠢᠵᠧᠦ᠂ ᠭᠤᠸᠠᠩᠳᠥ᠋ᠩ᠂ ᠭᠤᠸᠠᠩᠰᠢ ᠳ᠋ᠤ᠌ ᠲᠠᠷᠬᠠᠴᠠ ᠲᠠᠢ᠃ ᠴᠠᠭᠠᠨ ᠴᠡᠴᠡᠭᠲᠦ ᠣᠷᠢᠶᠠᠮᠠᠭ ᠪᠣᠯ ᠠᠭᠤᠯᠠᠷᠬᠠᠭ ᠭᠠᠵᠠᠷ ᠲᠤ ᠤᠷᠭᠤᠨ᠎ᠠ᠃ ᠲᠥᠪᠡᠳ ᠦ᠋ᠨ ᠡᠮᠦᠨ᠎ᠡ ᠬᠡᠰᠡᠭ᠂ ᠶᠦᠨᠨᠠᠨ᠂ ᠭᠦᠢᠵᠧᠦ᠂ ᠭᠤᠸᠠᠩᠰᠢ ᠶ᠋ᠢᠨ ᠬᠣᠢᠨ᠎ᠠ ᠬᠡᠰᠡᠭ᠂ ᠵᠢᠶᠠᠩᠰᠢ᠂ ᠠᠠᠨᠾᠤᠢ᠂ ᠬᠤᠪᠧᠢ᠂ ᠰᠧᠴᠤᠸᠠᠨ᠂ ᠭᠠᠨᠰᠦ ᠶ᠋ᠢᠨ ᠡᠮᠦᠨ᠎ᠡ ᠬᠡᠰᠡᠭ᠂ ᠱᠠᠨᠰᠢ ᠪᠠ ᠾᠧᠨᠠᠨ ᠤ᠋ ᠪᠠᠷᠠᠭᠤᠨ ᠡᠮᠦᠨ᠎ᠡ ᠬᠡᠰᠡᠭ ᠲᠦ᠍ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠤ᠋ᠨ ᠤᠯᠠᠷᠢᠯ ᠳ᠋ᠤ᠌ ᠡᠰᠢ ᠶ᠋ᠢ ᠨᠢ ᠬᠠᠲᠠᠵᠤ ᠠᠪᠤᠭᠠᠳ ᠠᠷᠵᠠᠭᠠᠷ ᠬᠠᠯᠢᠰᠤ ᠶ᠋ᠢ ᠨᠢ ᠬᠠᠶᠠᠭᠠᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠃ ᠰᠡᠷᠢᠭᠦᠨ ᠴᠢᠨᠠᠷ ᠲᠠᠢ᠃ ᠨᠦᠮᠵᠦᠭ ᠦᠭᠡᠢ᠂ ᠬᠥᠩᠭᠡᠨ᠂ ᠰᠢᠷᠦᠭᠦᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠰᠠᠭᠤᠯᠭᠠᠬᠤ ᠶ᠋ᠢ ᠵᠣᠭᠰᠣᠭᠠᠬᠤ᠂ ᠬᠠᠳᠬᠤᠯᠭ᠎ᠠ ᠶ᠋ᠢ ᠳᠠᠷᠤᠬᠤ ᠴᠢᠳᠠᠯ ᠲᠠᠢ᠃ ᠭᠣᠣᠯᠳᠠᠭᠤ ᠡᠯᠢᠭᠡ᠂ ᠠᠭᠤᠰᠬᠢ᠂ ᠰᠠᠪᠠᠨ ᠤ᠋ ᠬᠠᠯᠠᠭᠤᠨ᠂ ᠭᠡᠳᠡᠰᠦᠨ ᠬᠠᠳᠬᠤᠯᠭ᠎ᠠ᠂ ᠬᠠᠯᠠᠭᠤᠨ ᠢ᠋ᠶ᠋ᠠᠷ ᠰᠠᠭᠤᠯᠭᠠᠬᠤ᠂ ᠴᠢᠰᠤᠨ ᠬᠠᠯᠠᠭᠤᠨ᠂ ᠨᠢᠶᠠᠨ ᠬᠢᠵᠠᠭ᠂ ᠴᠢᠰᠤᠨ ᠬᠢᠮᠤᠷᠠᠭ᠎ᠠ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄川木通(1. 小木通 2.绣球藤)
ᠠᠩᠭ᠌ᠯᠢ ᠨᠡᠷ᠎ᠡ᠄(Clematis armandii Franch.) Clematis
montana Buch.
— Ham
ᠦᠰᠦᠭ ᠠᠮᠢᠯᠠᠭᠤᠯᠤᠭᠴᠢ᠄ ᠲᠤᠤᠬᠤᠸᠠᠷ
ᠬᠢᠨᠠᠭᠴᠢ᠄ ᠲᠤᠶᠠᠭ᠎ᠠ
ᠰᠤᠬᠠᠢ
ᠲᠤᠰ ᠡᠮ ᠪᠣᠯ ᠰᠤᠬᠠᠢ ᠶ᠋ᠢᠨ ᠢᠵᠠᠭᠤᠷ ᠤ᠋ᠨ ᠤᠷᠭᠤᠮᠠᠯ ᠪᠣᠯᠬᠤ ᠰᠤᠬᠠᠢ ᠶ᠋ᠢᠨ ᠬᠠᠲᠠᠭᠠᠭᠰᠠᠨ ᠨᠠᠪᠴᠢ ᠬᠢᠭᠡᠳ ᠨᠢᠯᠬ᠎ᠠ ᠮᠥᠴᠢᠷ ᠮᠥᠨ᠃ ᠪᠠᠰᠠ ᠡᠭᠡᠷᠡᠦᠯ ᠴᠡᠴᠡᠭ ᠭᠡᠳᠡᠭ᠃
[ ᠤᠤᠯ ᠤᠷᠭᠤᠮᠠᠯ] ᠪᠤᠲᠠ ᠮᠣᠳᠣ ᠪᠤᠶᠤ ᠪᠠᠭᠠᠪᠲᠤᠷ ᠲᠤᠷᠤᠭ ᠮᠣᠳᠣ᠃ 2.5~4m ᠥᠨᠳᠥᠷ᠂ ᠡᠰᠢ ᠨᠢ ᠣᠯᠠᠨ ᠰᠠᠯᠠᠭᠠᠯᠠᠨ᠎ᠠ᠂ ᠮᠥᠴᠢᠷ ᠨᠢ ᠵᠥᠭᠡᠯᠡᠨ᠂ ᠰᠠᠷᠪᠠᠭᠠᠷ ᠪᠤᠶᠤ ᠤᠨᠵᠢᠭᠢᠷ᠂ ᠡᠰᠢᠨ ᠦ᠌ ᠬᠣᠯᠲᠣᠰᠣ ᠪᠠ ᠮᠥᠴᠢᠷ ᠨᠢ ᠪᠦᠷ ᠤᠯᠠᠭᠠᠨ ᠬᠦᠷᠡᠩ᠃ ᠨᠠᠪᠴᠢ ᠨᠢ ᠴᠤᠪᠤᠷᠠᠨ ᠤᠷᠭᠤᠨ᠎ᠠ᠂ ᠪᠠᠷᠢᠭᠤᠯ ᠦᠭᠡᠢ᠂ ᠨᠠᠪᠴᠢᠨ ᠢᠯᠲᠠᠰᠤ ᠨᠢ ᠵᠢᠵᠢᠭ᠂ ᠬᠠᠢᠷᠰᠤ ᠰᠢᠭ᠋᠂ ᠥᠨᠳᠡᠭᠡᠯᠵᠢᠨ ᠰᠢᠭ ᠭᠤᠷᠪᠠᠯᠵᠢᠨ᠂ ᠥᠨᠳᠡᠭᠡᠯᠵᠢᠨ ᠤᠷᠲᠤ ᠲᠣᠭᠣᠷᠢᠭ ᠪᠤᠶᠤ ᠬᠠᠪᠲᠠᠭᠠᠢ ᠲᠡᠪᠡᠨᠡ ᠬᠡᠯᠪᠡᠷᠢ ᠲᠡᠢ᠂ 1~3mm ᠤᠷᠲᠤ᠂ ᠱᠣᠪᠬᠣ ᠦᠵᠦᠭᠦᠷ ᠲᠡᠢ᠂ ᠳᠤᠭᠲᠤᠢᠯᠢᠭ ᠤᠭ ᠲᠠᠢ᠂ᠬᠥᠬᠡᠪᠲᠦᠷ ᠨᠣᠭᠣᠭᠠᠨ᠃ ᠱᠣᠷᠣᠯᠵᠢᠨ ᠰᠢᠭ᠋ ᠨᠡᠢᠯᠡᠮᠡᠯ ᠴᠠᠴᠤᠭ ᠬᠡᠯᠪᠡᠷᠢᠲᠦ ᠪᠠᠭ ᠴᠡᠴᠡᠭ ᠨᠢ 2~5cm ᠤᠷᠲᠤ᠂ ᠲᠤᠰ ᠵᠢᠯ ᠦ᠋ᠨ ᠮᠥᠴᠢᠷ ᠦ᠋ᠨ ᠣᠷᠣᠢ ᠳ᠋ᠤ᠌ ᠳᠡᠯᠭᠡᠷᠡᠨ᠎ᠡ᠃ ᠴᠡᠴᠡᠭ ᠨᠢ ᠵᠢᠵᠢᠭ᠂ ᠶᠠᠭᠠᠨ ᠥᠩᠭᠡ ᠲᠡᠢ᠂ ᠪᠠᠭᠯᠠᠭᠴᠢ ᠢᠯᠲᠠᠰᠤ ᠨᠢ ᠪᠦᠰᠡᠯᠢᠭ ᠱᠣᠷᠣᠯᠵᠢᠨ ᠬᠡᠯᠪᠡᠷᠢ ᠲᠡᠢ᠂ ᠱᠣᠪᠬᠣ ᠦᠵᠦᠭᠦᠷ ᠲᠡᠢ᠂ ᠥᠷᠭᠡᠨ ᠤᠭ ᠲᠠᠢ᠂ ᠴᠡᠴᠡᠭ ᠦ᠋ᠨ ᠪᠠᠷᠢᠭᠤᠯ ᠠ᠋ᠴᠠ ᠪᠠᠨ ᠤᠷᠲᠤ᠃ ᠴᠡᠴᠡᠭ ᠦ᠋ᠨ ᠲᠣᠭᠳᠣᠢ ᠢᠯᠲᠠᠰᠤ ᠪᠣᠯᠤᠨ ᠴᠡᠴᠡᠭ ᠦ᠋ᠨ ᠬᠡᠯᠲᠡᠰ ᠨᠢ ᠴᠥᠮ 5᠃ 5 ᠡᠷ᠎ᠡ ᠲᠣᠭᠣᠷᠴᠣᠭ ᠲᠠᠢ᠂ ᠴᠡᠴᠡᠭ ᠦ᠋ᠨ ᠬᠡᠯᠲᠡᠰ ᠡᠴᠡ ᠪᠡᠨ ᠴᠤᠬᠤᠢᠵᠤ ᠭᠠᠷᠳᠠᠭ᠃ ᠲᠣᠭᠣᠰᠣᠪᠴᠢ ᠨᠢ ᠥᠨᠳᠡᠭᠡᠯᠵᠢᠨ ᠲᠣᠭᠣᠷᠢᠭ᠂ ᠪᠣᠷᠣ ᠤᠯᠠᠭᠠᠨ ᠥᠩᠭᠡ ᠲᠡᠢ᠂ ᠴᠡᠴᠡᠭ ᠦ᠋ᠨ ᠳᠣᠬᠢᠭᠤᠷ ᠨᠢ ᠨᠠᠷᠢᠨ ᠤᠷᠲᠤ᠃ 1 ᠡᠮ᠎ᠡ ᠲᠣᠭᠣᠷᠴᠣᠭ ᠲᠠᠢ᠂ ᠪᠠᠭᠠᠨ᠎ᠠ ᠶ᠋ᠢᠨ ᠣᠷᠣᠢ ᠨᠢ 3 ᠣᠨᠢ ᠲᠠᠢ᠂ ᠴᠡᠴᠡᠭ ᠦ᠋ᠨ ᠲᠠᠪᠠᠭ ᠨᠢ ᠬᠦᠷᠡᠩ ᠥᠩᠭᠡ ᠲᠡᠢ᠂ 5 ᠭᠦᠨ ᠣᠨᠢ ᠲᠠᠢ᠂ ᠰᠡᠵᠢᠭᠦᠷ ᠢᠯᠲᠠᠰᠤ ᠶ᠋ᠢᠨ ᠦᠵᠦᠭᠦᠷ ᠨᠢ ᠳᠠᠬᠢᠨ ᠣᠨᠢ ᠭᠠᠷᠴᠤ ᠳᠤᠮᠳᠠ ᠬᠡᠰᠡᠭ ᠲᠡᠭᠡᠨ ᠬᠦᠷᠲᠡᠯ᠎ᠡ 10 ᠰᠡᠵᠢᠭᠦᠷ ᠰᠢᠭ ᠪᠣᠯᠳᠠᠭ᠃ ᠬᠣᠩᠭᠣᠷᠴᠣᠭᠲᠤ ᠵᠢᠮᠢᠰ ᠨᠢ ᠨᠠᠷᠢᠨ ᠵᠢᠵᠢᠭ᠂ ᠦᠵᠦᠭᠦᠷ ᠲᠤᠨᠢ ᠦᠰᠦ ᠦᠭᠡᠢ᠃6~7 ᠳ᠋ᠤᠭᠠᠷ ᠰᠠᠷ᠎ᠠ ᠳ᠋ᠤ᠌ ᠴᠡᠴᠡᠭᠯᠡᠵᠦ᠂ 8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠬᠡᠭᠡᠷ᠎ᠡ ᠲᠠᠯ᠎ᠠ ᠳ᠋ᠤ᠌ ᠵᠡᠷᠯᠢᠭ ᠤᠷᠭᠤᠳᠠᠭ ᠪᠤᠶᠤ ᠬᠠᠰᠢᠶ᠎ᠠ ᠬᠦᠷᠢᠶᠡᠯᠡᠩ ᠳ᠋ᠦ᠍ ᠦᠵᠡᠮᠦᠷᠢ ᠪᠣᠯᠭᠠᠨ ᠠᠷᠠᠴᠢᠯᠠᠨ ᠲᠠᠷᠢᠳᠠᠭ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ᠂ ᠾᠧᠨᠠᠨ᠂ ᠱᠠᠨ ᠰᠢ᠂ ᠱᠠᠨᠰᠢ᠂ ᠭᠠᠨᠰᠦ᠂ ᠬᠥᠬᠡᠨᠠᠭᠤᠷ᠂ ᠰᠢᠨᠵᠢᠶᠠᠩ᠂ ᠱᠠᠨᠳᠦ᠋ᠩ᠂ ᠵᠢᠶᠠᠩᠰᠦ᠂ ᠠᠨᠾᠥ᠋ᠢ᠂ ᠹᠦᠵᠢᠶᠠᠨ᠂ ᠬᠤᠪᠧᠢ᠂ ᠭᠤᠸᠠᠩᠳᠦᠩ᠂ ᠭᠤᠸᠠᠩᠰᠢ᠂ ᠰᠧᠴᠤᠸᠠᠨ᠂ ᠶᠦᠨᠨᠠᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠬᠠᠪᠤᠷ ᠴᠡᠴᠡᠭᠯᠡᠬᠦ ᠡᠴᠡ ᠨᠢ ᠡᠮᠦᠨ᠎ᠡ ᠨᠢᠯᠬ᠎ᠠ ᠮᠥᠴᠢᠷ ᠨᠠᠪᠴᠢ ᠶ᠋ᠢ ᠨᠢ ᠬᠠᠢᠴᠢᠯᠠᠨ ᠠᠪᠴᠤ᠂ ᠰᠡᠭᠦᠳᠡᠷ ᠲᠦ᠍ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠠᠮᠲᠠᠯᠢᠭ᠂ ᠡᠬᠡᠭᠦᠨ ᠠᠮᠲᠠ ᠲᠠᠢ; ᠰᠡᠷᠢᠭᠦᠨ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠬᠣᠣᠷ ᠲᠠᠢᠯᠬᠤ ᠴᠢᠳᠠᠯ ᠲᠠᠢ᠃ ᠭᠣᠣᠯᠳᠠᠭᠤ ᠤᠷᠪᠠᠭᠰᠠᠨ ᠬᠣᠣᠷ᠂ ᠨᠠᠢᠷᠠᠭᠤᠯᠤᠭᠰᠠᠨ ᠬᠣᠣᠷ᠂ ᠮᠥᠨ ᠴᠢᠨᠠᠷ ᠤ᠋ᠨ ᠬᠣᠣᠷ᠂ ᠭᠡᠮᠲᠦᠭᠰᠡᠨ ᠬᠠᠯᠠᠭᠤᠨ᠂ ᠬᠣᠣᠷ ᠡᠪᠡᠳᠴᠢᠨ ᠦ᠌ ᠤᠷᠬᠠᠭ᠂ ᠬᠠᠯᠠᠭᠤᠨ ᠬᠠᠭᠤᠴᠢᠷᠠᠵᠤ ᠰᠠᠷᠨᠢᠵᠤ ᠰᠢᠨᠤᠭᠰᠠᠨ᠂ ᠴᠢᠭᠢᠬ᠎ᠠ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄山川柳(柽柳)
ᠠᠩᠭ᠌ᠯᠢ ᠨᠡᠷ᠎ᠡTamarix chinensis Lour.
ᠦᠰᠦᠭ ᠠᠮᠢᠯᠠᠭᠤᠯᠤᠭᠴᠢ᠄ ᠡᠷᠳᠡᠨᠢᠭᠣᠸ᠎ᠠ
ᠬᠢᠨᠠᠭᠴᠢ᠄ ᠲᠤᠶᠠᠭ᠎ᠠ
