ᠪᠤᠷᠠᠮBuramБурам ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠪᠤᠷᠠᠮBuramБурам

ᠪᠤᠷᠠᠮBuramБурам

2025-10-29

237

ᠪᠤᠷᠠᠮ

   ᠲᠤᠰ ᠡᠮ ᠪᠣᠯ ᠦᠶᠡᠲᠦ ᠤᠷᠭᠤᠮᠠᠯ ᠤ᠋ᠨ ᠢᠵᠠᠭᠤᠷ ᠤ᠋ᠨ ᠤᠷᠭᠤᠮᠠᠯ ᠪᠣᠯᠬᠤ ᠨᠢᠰᠢᠩᠭᠦ ᠡᠴᠡ ᠪᠣᠯᠪᠠᠰᠤᠷᠠᠭᠤᠯᠵᠤ ᠠᠪᠤᠭᠰᠠᠨ ᠰᠢᠬᠢᠷ ᠮᠥᠨ᠃ ᠪᠠᠰᠠ ᠨᠢᠰᠢᠩᠭᠦ ᠶ᠋ᠢᠨ ᠰᠢᠬᠢᠷ᠂ ᠪᠦᠷᠰᠢᠩ ᠺᠦᠪᠠ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃2~4m ᠥᠨᠳᠥᠷ᠂ ᠡᠰᠢ ᠨᠢ2~5cm ᠪᠦᠳᠦᠭᠦᠨ᠂ ᠪᠠᠭ ᠴᠡᠴᠡᠭ ᠡᠴᠡ ᠳᠣᠣᠷᠠᠬᠢ ᠬᠡᠰᠡᠭ ᠲᠤᠨᠢ ᠰᠢᠷᠬᠡᠭᠯᠢᠭ ᠴᠠᠭᠠᠨ ᠦᠰᠦ ᠲᠡᠢ᠃ ᠨᠠᠪᠴᠢᠨ ᠲᠣᠭᠳᠣᠢ ᠨᠢ ᠦᠶ᠎ᠡ ᠶ᠋ᠢᠨ ᠵᠠᠢ ᠠ᠋ᠴᠠ ᠪᠠᠨ ᠤᠷᠲᠤ᠂ ᠦᠰᠦ ᠦᠭᠡᠢ᠂ ᠵᠥᠪᠬᠡᠨ ᠠᠮᠠᠰᠠᠷ ᠤ᠋ᠨ ᠬᠡᠰᠡᠭ ᠲᠡᠭᠡᠨ ᠦᠰᠦ ᠲᠡᠢ᠃ ᠨᠠᠪᠴᠢᠨ ᠢᠯᠲᠠᠰᠤ ᠨᠢ ᠤᠷᠲᠤ᠂ ᠬᠣᠶᠠᠷ ᠲᠠᠯ᠎ᠠ ᠳ᠋ᠤᠨᠢ ᠦᠰᠦ ᠦᠭᠡᠢ᠂ ᠮᠠᠰᠢ ᠲᠣᠮᠣ ᠴᠠᠭᠠᠨ ᠭᠣᠣᠯ ᠰᠤᠳᠠᠯ ᠲᠠᠢ᠃ ᠱᠣᠷᠣᠯᠵᠢᠨ ᠬᠡᠯᠪᠡᠷᠢᠲᠦ ᠪᠠᠭ ᠴᠡᠴᠡᠭ ᠲᠡᠢ᠂ ᠴᠡᠴᠡᠭ ᠨᠢ ᠴᠠᠭᠠᠨ᠂ ᠭᠣᠣᠯ ᠲᠡᠩᠭᠡᠯᠢᠭ  ᠲᠤᠨᠢ ᠴᠠᠭᠠᠨ ᠰᠢᠷᠬᠡᠭᠯᠢᠭ ᠦᠰᠦ ᠲᠡᠢ᠃3 ᠴᠠᠴᠤᠭ ᠬᠡᠯᠪᠡᠷᠢᠲᠦ ᠪᠠᠭ ᠴᠡᠴᠡᠭ ᠨᠢ ᠣᠯᠠᠨ ᠦᠶ᠎ᠡ ᠲᠡᠢ᠂ ᠵᠢᠵᠢᠭ ᠲᠦᠷᠦᠭᠦᠦ ᠨᠢ ᠬᠠᠪᠲᠠᠭᠠᠢ ᠲᠡᠪᠡᠨᠡ ᠬᠡᠯᠪᠡᠷᠢ ᠲᠡᠢ᠂ ᠰᠠᠭᠤᠷᠢ ᠲᠠᠪᠠᠭ ᠤ᠋ᠨ ᠦᠰᠦ ᠨᠢ ᠵᠢᠵᠢᠭ ᠲᠦᠷᠦᠭᠦᠦ ᠡᠴᠡ ᠪᠡᠨ2~3 ᠳᠠᠬᠢᠨ ᠤᠷᠲᠤ᠂ ᠬᠣᠶᠠᠷ ᠬᠠᠯᠢᠰᠤ ᠨᠢ ᠢᠵᠢᠯ ᠤᠷᠲᠤ᠂ ᠳᠡᠭᠡᠷ᠎ᠡ ᠬᠡᠰᠡᠭ ᠲᠡᠭᠡᠨ ᠲᠣᠷᠭᠠᠨ ᠬᠠᠯᠢᠰᠤᠯᠢᠭ᠂ ᠪᠦᠷ ᠵᠢᠵᠢᠭ ᠨᠠᠷᠢᠨ ᠦᠰᠦ ᠪᠦᠬᠦᠢ ᠬᠥᠪᠡᠭᠡ ᠲᠡᠢ᠂ ᠨᠢᠭᠡᠳᠦᠭᠡᠷ ᠭᠠᠳᠠᠷ ᠬᠠᠯᠢᠰᠤ ᠨᠢ ᠪᠠᠭᠠᠬᠠᠨ ᠮᠤᠬᠤᠷ ᠦᠵᠦᠭᠦᠷ ᠲᠡᠢ᠂ ᠳᠥᠷᠪᠡᠨ ᠰᠤᠳᠠᠯ ᠲᠠᠢ᠂ ᠬᠣᠶᠠᠳᠤᠭᠠᠷ ᠬᠠᠯᠢᠰᠤ ᠨᠢ ᠭᠤᠷᠪᠠᠨ ᠰᠤᠳᠠᠯ ᠲᠠᠢ᠂ ᠱᠣᠪᠬᠣ ᠦᠵᠦᠭᠦᠷ ᠲᠡᠢ᠃ ᠨᠢᠭᠡᠳᠦᠭᠡᠷ ᠭᠠᠳᠠᠷ ᠬᠡᠪᠡᠭ ᠨᠢ ᠨᠢᠭᠡ ᠰᠤᠳᠠᠯ ᠲᠠᠢ᠂ ᠱᠣᠪᠬᠣ ᠦᠵᠦᠭᠦᠷ ᠲᠡᠢ᠂ ᠴᠡᠴᠡᠭ ᠦᠭᠡᠢ᠃ ᠬᠣᠶᠠᠳᠤᠭᠠᠷ ᠭᠠᠳᠠᠷ ᠬᠡᠪᠡᠭ ᠨᠢ ᠪᠦᠰᠡ ᠬᠡᠯᠪᠡᠷᠢ ᠲᠡᠢ᠂3mm ᠤᠷᠲᠤ᠃ ᠳᠣᠲᠣᠷ ᠬᠡᠪᠡᠭ ᠨᠢ ᠬᠠᠪᠲᠠᠭᠠᠢ ᠲᠡᠪᠡᠨᠡ ᠬᠡᠯᠪᠡᠷᠢ ᠲᠡᠢ᠂2mm ᠤᠷᠲᠤ᠃3 ᠡᠷ᠎ᠡ ᠲᠣᠭᠣᠷᠴᠣᠭ ᠲᠠᠢ᠂ ᠲᠣᠭᠣᠰᠣᠪᠴᠢ ᠨᠢ1.5mm ᠤᠷᠲᠤ᠃ ᠵᠢᠵᠢᠭ ᠲᠦᠷᠦᠭᠦᠦ ᠨᠢ3~4mm ᠤᠷᠲᠤ᠂ ᠦᠰᠦ ᠦᠭᠡᠢ᠂ ᠵᠢᠭᠠᠬᠠᠨ ᠲᠣᠮᠣᠷᠠᠭᠰᠠᠨ ᠦᠵᠦᠭᠦᠷ ᠲᠡᠢ᠃ ᠵᠢᠵᠢᠭ ᠲᠦᠷᠦᠭᠦᠦ ᠪᠦᠷᠢ ᠨᠢ1 ᠬᠣᠣᠰ ᠪᠡᠯᠭᠡᠲᠦ ᠴᠡᠴᠡᠭ ᠲᠡᠢ᠂ ᠬᠣᠣᠰᠯᠠᠨ ᠳᠡᠯᠭᠡᠷᠡᠨ᠎ᠡ᠃ ᠪᠣᠯᠪᠠᠰᠤᠷᠠᠪᠠᠯ ᠦᠶ᠎ᠡ ᠪᠡᠷ ᠢ᠋ᠶ᠋ᠡᠨ ᠲᠠᠰᠤᠷᠠᠵᠤ ᠤᠨᠠᠨ᠎ᠠ᠃
   [ ᠤᠷᠭᠤᠬᠤ ᠣᠷᠴᠢᠨ ᠬᠢᠭᠡᠳ ᠲᠠᠷᠬᠠᠴᠠ] ᠮᠠᠨ ᠤ᠋ ᠤᠯᠤᠰ ᠤ᠋ᠨ ᠡᠮᠦᠨᠡᠲᠦ ᠣᠷᠣᠨ ᠳ᠋ᠤ᠌ ᠨᠡᠢᠳᠡᠮ ᠠᠷᠠᠴᠢᠯᠠᠨ ᠲᠠᠷᠢᠵᠤ ᠪᠠᠢᠨ᠎ᠠ᠃
   [ ᠲᠡᠭᠦᠵᠦ ᠪᠣᠯᠪᠠᠰᠤᠷᠠᠭᠤᠯᠬᠤ] ᠨᠠᠮᠤᠷ ᠬᠥᠷᠥᠰᠥᠨ ᠳᠡᠭᠡᠷᠡᠬᠢ ᠬᠡᠰᠡᠭ ᠢ᠋ ᠨᠢ ᠬᠠᠳᠤᠵᠤ ᠠᠪᠤᠭᠠᠳ ᠨᠠᠪᠴᠢ ᠮᠥᠴᠢᠷ ᠢ᠋ ᠨᠢ ᠱᠤᠯᠤᠵᠤ ᠬᠠᠶᠠᠭᠠᠳ᠂ ᠰᠢᠬᠢᠷ ᠦ᠋ᠨ ᠦᠢᠯᠡᠳᠪᠦᠷᠢ ᠳ᠋ᠦ᠍ ᠬᠦᠷᠭᠡᠵᠦ ᠪᠣᠯᠪᠠᠰᠤᠷᠠᠭᠤᠯᠤᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ ᠠᠮᠲᠠ ᠲᠠᠢ᠂ ᠰᠢᠨ᠎ᠡ ᠳᠡᠭᠡᠷ᠎ᠡ ᠪᠡᠨ ᠰᠡᠷᠢᠭᠦᠨ ᠴᠢᠨᠠᠷ ᠲᠠᠢ᠂ ᠬᠦᠨᠳᠦ ᠡᠷᠳᠡᠮ ᠲᠡᠢ᠂ ᠬᠠᠭᠤᠴᠢᠷᠠᠪᠠᠯ ᠪᠦᠯᠢᠶᠡᠨ ᠴᠢᠨᠠᠷ ᠲᠠᠢ᠂ ᠬᠦᠨᠳᠦ᠂ ᠲᠣᠰᠣᠯᠢᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠦᠢᠲᠡᠨ ᠬᠡᠢ ᠶ᠋ᠢ ᠠᠷᠢᠯᠭᠠᠬᠤ᠂ ᠮᠠᠷᠢᠶᠠᠯᠠᠭᠤᠯᠬᠤ᠂ ᠰᠠᠭᠤᠯᠭᠠᠬᠤ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠬᠡᠢ ᠶ᠋ᠢ ᠳᠠᠷᠤᠬᠤ ᠡᠮ ᠦ᠋ᠨ ᠬᠥᠯᠭᠡ ᠪᠣᠯᠭᠠᠳᠠᠭ ᠪᠥᠭᠡᠳ ᠬᠦᠴᠦᠵᠢᠭᠦᠯᠬᠦ᠂ ᠪᠥᠭᠡᠷᠡᠨ ᠦ᠌ ᠬᠦᠢᠲᠡᠨ᠂ ᠬᠡᠢ ᠪᠦᠷᠢᠯᠳᠦᠭᠰᠡᠨ ᠡᠪᠡᠳᠴᠢᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄甘蔗糖 (甘蔗)
   ᠠᠩᠭ᠌ᠯᠢ ᠨᠡᠷ᠎ᠡ᠄ Saccharum sinensis Roxb.

   ᠦᠰᠦᠭ ᠠᠮᠢᠯᠠᠭᠤᠯᠤᠭᠴᠢ᠄ ᠤᠷᠠᠨᠴᠢᠮᠡᠭ
   ᠬᠢᠨᠠᠭᠴᠢ᠄ ᠲᠤᠶᠠᠭ᠎ᠠ