ᠨᠠᠷᠠᠰᠤᠨ ᠰᠢᠮ᠎ᠡNarsan shimмНарсан шим ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠨᠠᠷᠠᠰᠤᠨ ᠰᠢᠮ᠎ᠡNarsan shimмНарсан шим

ᠨᠠᠷᠠᠰᠤᠨ ᠰᠢᠮ᠎ᠡNarsan shimмНарсан шим

2025-10-31

132

ᠨᠠᠷᠠᠰᠤᠨ ᠰᠢᠮ᠎ᠡ

   ᠲᠤᠰ ᠡᠮ ᠪᠣᠯ ᠰᠡᠢᠮᠡᠬᠡᠢ ᠮᠥᠭᠥ ᠶ᠋ᠢᠨ ᠢᠵᠠᠭᠤᠷ ᠤ᠋ᠨ ᠤᠷᠭᠤᠮᠠᠯ ᠪᠣᠯᠬᠤ ᠨᠠᠷᠠᠰᠤᠨ ᠰᠢᠮ᠎ᠡ ᠶ᠋ᠢᠨ ᠬᠠᠲᠠᠭᠠᠭᠰᠠᠨ ᠮᠥᠭᠥ ᠶ᠋ᠢᠨ ᠪᠥᠭᠡᠮ ᠮᠥᠨ᠃ ᠪᠠᠰᠠ ᠮᠠᠭ ᠭᠡᠳᠡᠭ᠃
   [ ᠤᠤᠯ ᠤᠷᠭᠤᠮᠠᠯ] ᠣᠯᠠᠩᠬᠢ ᠨᠢ ᠵᠠᠮᠪᠠᠷᠠᠭ᠎ᠠ ᠦᠭᠡᠢ ᠬᠡᠰᠡᠭᠲᠡᠢ᠂ ᠪᠥᠮᠪᠥᠭᠡᠯᠢᠭ᠂ ᠬᠠᠪᠲᠠᠭᠠᠢᠪᠲᠤᠷ᠂ ᠤᠷᠲᠤᠯᠵᠢᠨ ᠲᠣᠭᠣᠷᠢᠭ᠂ ᠤᠷᠲᠤᠪᠲᠤᠷ ᠵᠤᠤᠪᠠᠩ ᠵᠡᠷᠭᠡ ᠬᠡᠯᠪᠡᠷᠢ ᠲᠡᠢ᠂ ᠶᠡᠬᠡ ᠪᠠᠭ᠎ᠠ ᠨᠢ ᠠᠳᠠᠯᠢ ᠦᠭᠡᠢ᠂ ᠪᠠᠭ᠎ᠠ ᠨᠢ ᠨᠢᠳᠤᠷᠭᠠᠨ ᠬᠢᠷᠢ ᠲᠡᠢ᠂ ᠲᠣᠮᠣ ᠨᠢ ᠳ᠋ᠢᠶᠠᠮᠧᠲ᠋ᠷ ᠢ᠋ᠶ᠋ᠡᠷ ᠢ᠋ᠶ᠋ᠡᠨ20~30cm ᠪᠤᠶᠤ ᠨᠡᠩ ᠲᠣᠮᠣ᠃ ᠭᠠᠳᠠᠷ ᠬᠠᠯᠢᠰᠤ ᠨᠢ ᠭᠦᠢᠬᠡᠨ ᠴᠠᠢᠪᠤᠷ ᠬᠦᠷᠡᠩ ᠪᠤᠶᠤ ᠬᠠᠷ᠎ᠠ ᠬᠦᠷᠡᠩ ᠥᠩᠭᠡ ᠲᠡᠢ᠂ ᠭᠦᠵᠡᠭᠡ ᠰᠢᠭ ᠦᠷᠴᠢᠬᠡᠷ᠂ ᠳᠣᠲᠣᠷ᠎ᠠ ᠨᠢ ᠴᠠᠭᠠᠨ ᠪᠣᠯᠪᠠᠴᠤ ᠶᠠᠭᠠᠪᠲᠤᠷ ᠲᠤᠶᠠᠭ᠎ᠠ ᠲᠠᠢ᠂ ᠮᠠᠰᠢ ᠣᠯᠠᠨ ᠮᠥᠭᠥ ᠶ᠋ᠢᠨ ᠰᠢᠷᠬᠡᠭ ᠢ᠋ᠶ᠋ᠡᠷ ᠪᠦᠷᠢᠯᠳᠦᠭᠰᠡᠨ ᠪᠠᠢᠳᠠᠭ᠃ ᠰᠫᠣᠷᠲᠦ ᠪᠡᠶ᠎ᠡ ᠨᠢ ᠰᠢᠬᠦᠷ ᠬᠡᠯᠪᠡᠷᠢ ᠲᠡᠢ᠂ ᠳ᠋ᠢᠶᠠᠮᠧᠲ᠋ᠷ ᠨᠢ0.5~2mm᠂ ᠠᠮᠠᠨ ᠤ᠋ ᠬᠥᠪᠡᠭᠡ ᠪᠡᠷ ᠨᠢ ᠶᠠᠯᠢᠮ ᠦᠭᠡᠢ ᠦᠰᠦ ᠲᠡᠢ᠂ ᠦᠷᠡᠵᠢᠯ ᠦ᠋ᠨ ᠦᠶ᠎ᠡ ᠳ᠋ᠦ᠍ ᠬᠢᠯᠪᠠᠷ ᠬᠠᠷᠠᠭᠳᠠᠬᠤ ᠦᠭᠡᠢ᠂ ᠵᠥᠭᠡᠢ ᠶ᠋ᠢᠨ ᠡᠭᠦᠷ ᠰᠢᠭ᠂ ᠶᠡᠷᠦ ᠳ᠋ᠡᠭᠡᠨ ᠮᠥᠭᠥ ᠶ᠋ᠢᠨ ᠴᠥᠮ᠎ᠡ ᠶ᠋ᠢᠨ ᠭᠠᠳᠠᠷ ᠬᠠᠯᠢᠰᠤ ᠶ᠋ᠢ ᠨᠠᠭᠠᠯᠳᠤᠨ ᠤᠷᠭᠤᠳᠠᠭ᠃ ᠡᠬᠢᠨ ᠳ᠋ᠡᠭᠡᠨ ᠴᠠᠭᠠᠨ ᠥᠩᠭᠡ ᠲᠡᠢ᠂ ᠠᠭᠠᠵᠢᠮ ᠢ᠋ᠶ᠋ᠠᠷ ᠭᠦᠢᠬᠡᠨ ᠥᠩᠭᠡ ᠲᠡᠢ᠂ ᠭᠦᠢᠬᠡᠨ ᠤᠯᠠᠪᠤᠷ ᠥᠩᠭᠡ ᠲᠡᠢ ᠪᠣᠯᠳᠠᠭ᠃ ᠨᠦᠬᠡ ᠨᠢ ᠣᠯᠠᠨ ᠥᠨᠴᠥᠭᠲᠦ ᠬᠡᠯᠪᠡᠷᠢ ᠲᠡᠢ᠂ ᠳᠠᠮᠨᠠᠭᠤᠷ ᠦᠷ᠎ᠡ ᠨᠢ ᠰᠢᠳᠡᠮ ᠬᠡᠯᠪᠡᠷᠢ ᠲᠡᠢ᠂ ᠳᠠᠮᠨᠠᠭᠤᠷ ᠰᠫᠣᠷ ᠨᠢ ᠵᠣᠣᠪᠠᠩᠯᠢᠭ ᠠ᠋ᠴᠠ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠵᠢᠭᠠᠬᠠᠨ ᠨᠤᠭᠤᠷᠠᠭᠰᠠᠨ ᠪᠠᠢᠳᠠᠭ᠃ ᠨᠢᠭᠡ ᠦᠵᠦᠭᠦᠷ ᠨᠢ ᠱᠣᠪᠣᠭᠣᠷ᠂ ᠮᠥᠯᠢᠬᠡᠷ᠂ ᠥᠩᠭᠡ ᠦᠭᠡᠢ᠃ ᠡᠲᠡᠭᠡᠳ ᠦᠮᠡᠬᠡᠢ ᠦᠨᠦᠷ ᠲᠡᠢ᠃
   [ ᠤᠷᠭᠤᠬᠤ ᠣᠷᠴᠢᠨ ᠬᠢᠭᠡᠳ ᠲᠠᠷᠬᠠᠴᠠ] ᠨᠠᠷᠠᠰᠤᠨ ᠤ᠋ ᠢᠵᠠᠭᠤᠷ ᠤ᠋ᠨ ᠤᠷᠭᠤᠮᠠᠯ ᠪᠣᠯᠬᠤ ᠨᠣᠬᠠᠢ ᠬᠤᠱ᠌ᠢ᠂ ᠤᠯᠠᠭᠠᠨ ᠨᠠᠷᠠᠰᠤ ᠵᠡᠷᠭᠡ ᠮᠣᠳᠣᠨ ᠤ᠋ ᠦᠨᠳᠦᠰᠦᠨ ᠳᠡᠭᠡᠷ᠎ᠡ ᠮᠥᠯᠵᠢᠨ ᠤᠷᠭᠤᠳᠠᠭ᠃ ᠾᠧᠪᠧᠢ᠂ ᠾᠧᠨᠠᠨ᠂ ᠱᠠᠨ ᠰᠢ᠂ ᠱᠠᠨᠳᠦ᠋ᠩ᠂ ᠠᠨᡁᠥ᠋ᠢ᠂ ᠵᠧᠵᠢᠶᠠᠩ᠂ ᠹᠦᠵᠢᠶᠠᠨ᠂ ᠬᠤᠪᠧᠢ᠂ ᠬᠤᠨᠠᠨ᠂ ᠭᠤᠸᠠᠩᠳᠥ᠋ᠩ᠂ ᠭᠤᠸᠠᠩᠰᠢ᠂ᠰᠧᠴᠤᠸᠠᠨ᠂ ᠭᠦᠢᠵᠧᠦ᠂ ᠶᠦᠨᠨᠠᠨ ᠵᠡᠷᠭᠡ ᠮᠣᠵᠢ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠬᠡᠭᠡᠷ᠎ᠡ ᠶ᠋ᠢᠨ ᠨᠠᠷᠠᠰᠤᠨ ᠰᠢᠮ᠎ᠡ ᠶ᠋ᠢ ᠶᠡᠷᠦ ᠳ᠋ᠡᠭᠡᠨ7 ᠳ᠋ᠤᠭᠠᠷ ᠰᠠᠷ᠎ᠠ ᠠ᠋ᠴᠠ ᠳᠠᠷᠠᠭ᠎ᠠ ᠵᠢᠯ ᠦ᠋ᠨ3 ᠳ᠋ᠤᠭᠠᠷ ᠰᠠᠷ᠎ᠠ ᠶ᠋ᠢᠨ ᠬᠣᠭᠣᠷᠣᠨᠳᠣ ᠨᠣᠬᠠᠢ ᠬᠤᠱ᠌ᠢ ᠶ᠋ᠢᠨ ᠣᠢ ᠠ᠋ᠴᠠ ᠮᠠᠯᠲᠠᠨ ᠠᠪᠤᠨ᠎ᠠ᠃ ᠲᠠᠷᠢᠮᠠᠯ ᠨᠠᠷᠠᠰᠤᠨ ᠰᠢᠮ᠎ᠡ ᠶ᠋ᠢ ᠶᠡᠷᠦ ᠳ᠋ᠡᠭᠡᠨ ᠲᠠᠷᠢᠭᠰᠠᠨ ᠠ᠋ᠴᠠ ᠰᠡᠭᠦᠯᠡᠷ ᠬᠣᠶᠠᠷ ᠭᠤᠷᠪᠠᠳᠤᠭᠠᠷ ᠵᠢᠯ ᠳᠡᠭᠡᠷ᠎ᠡ ᠨᠢ ᠲᠡᠭᠦᠵᠦ ᠠᠪᠳᠠᠭ᠃ ᠨᠠᠮᠤᠷ ᠤ᠋ᠨ ᠠᠭᠤᠷ ᠠ᠋ᠴᠠ ᠰᠡᠭᠦᠯᠡᠷ ᠠᠪᠤᠭᠰᠠᠨ ᠨᠢ ᠴᠢᠨᠠᠷ ᠰᠠᠢᠲᠠᠢ᠂ ᠡᠷᠲᠡᠳᠡᠪᠡᠯ ᠴᠢᠨᠠᠷ ᠪᠠ ᠤᠨᠠᠯᠲᠠ ᠶ᠋ᠢ ᠪᠦᠷ ᠨᠥᠯᠥᠭᠡᠯᠡᠳᠡᠭ᠃
   [ ᠠᠮᠲᠠ᠂ ᠴᠢᠨᠠᠷ᠂ ᠡᠷᠳᠡᠮ] ᠡᠬᠡᠭᠦᠨ᠂ ᠠᠮᠲᠠᠯᠢᠭ ᠠᠮᠲᠠ ᠲᠠᠢ᠂ ᠲᠡᠭᠰᠢ ᠴᠢᠨᠠᠷ ᠲᠠᠢ᠂ ᠬᠠᠭᠤᠷᠠᠢ᠂ ᠰᠢᠷᠦᠭᠦᠨ᠂ ᠬᠥᠩᠭᠡᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠰᠠᠭᠤᠯᠭᠠᠬᠤ ᠶ᠋ᠢ ᠵᠣᠭᠰᠣᠭᠠᠬᠤ᠂ ᠰᠢᠭᠡᠯᠭᠡᠬᠦ᠂ ᠰᠢᠩᠭᠡᠭᠡᠯᠲᠡ ᠶ᠋ᠢ ᠰᠠᠢᠵᠢᠷᠠᠭᠤᠯᠬᠤ ᠴᠢᠳᠠᠯ ᠲᠠᠢ᠃ ᠭᠣᠣᠯᠳᠠᠭᠤ ᠬᠠᠯᠠᠭᠤᠨ ᠬᠦᠢᠲᠡᠨ ᠴᠢᠨᠠᠷ ᠲᠠᠢ ᠰᠠᠭᠤᠯᠭᠠᠬᠤ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 茯苓
   ᠠᠩᠭ᠌ᠯᠢ ᠨᠡᠷ᠎ᠡ᠄poria cocos (schw.) Wolf

   ᠦᠰᠦᠭ ᠠᠮᠢᠯᠠᠭᠤᠯᠤᠭᠴᠢ᠄ ᠣᠶᠤᠨᠴᠢᠮᠡᠭ᠄
   ᠬᠢᠨᠠᠭᠴᠢ᠄ ᠴᠡᠪᠡᠷᠴᠡᠴᠡᠭ