ᠬᠠᠳᠠᠨ ᠬᠠᠭKhadan khagХадан хаг ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠠᠳᠠᠨ ᠬᠠᠭKhadan khagХадан хаг

ᠬᠠᠳᠠᠨ ᠬᠠᠭKhadan khagХадан хаг

2025-11-01

274

ᠬᠠᠳᠠᠨ ᠬᠠᠭ

   ᠲᠤᠰ ᠡᠮ ᠪᠣᠯ ᠲᠡᠷᠢᠭᠦᠯᠡᠭᠴᠢ ᠴᠡᠴᠡᠭ ᠦ᠋ᠨ ᠢᠵᠠᠭᠤᠷ ᠤ᠋ᠨ
ᠤᠷᠭᠤᠮᠠᠯ ᠪᠣᠯᠬᠤ ᠵᠠᠮᠠᠭ ᠤ᠋ᠨ ᠠᠷᠲᠠᠢ ᠬᠠᠭ ᠤ᠋ᠨ ᠬᠠᠲᠠᠭᠠᠭᠰᠠᠨ ᠪᠦᠬᠦᠯᠢ ᠪᠡᠶ᠎ᠡ ᠮᠥᠨ᠃ ᠪᠠᠰᠠ ᠳ᠋ᠤᠷᠸᠭ᠌᠂ ᠴᠢᠯᠠᠭᠤᠨ ᠤ᠋ ᠬᠠᠭ᠂ ᠬᠠᠳᠠᠨ ᠤ᠋ ᠰᠢᠮ᠎ᠡ᠂ ᠬᠠᠳᠠᠨ ᠤ᠋ ᠴᠡᠴᠡᠭ ᠭᠡᠳᠡᠭ᠃
   [ ᠤᠤᠯ ᠤᠷᠭᠤᠮᠠᠯ] ᠨᠠᠪᠴᠢᠯᠢᠭ ᠬᠠᠭ ᠪᠣᠯᠤᠨ᠎ᠠ᠃ ᠥᠩᠭᠡᠨ ᠲᠠᠯ᠎ᠠ ᠨᠢ ᠴᠠᠢᠪᠤᠷ ᠨᠣᠭᠣᠭᠠᠨ ᠠ᠋ᠴᠠ ᠬᠦᠷᠡᠩ ᠭᠥᠯᠢᠭᠡᠷ᠂ ᠠᠷᠤ ᠨᠢ ᠬᠠᠷ᠎ᠠ ᠬᠦᠷᠡᠩ ᠥᠩᠭᠡ ᠲᠡᠢ᠃ ᠰᠠᠴᠤᠷᠠᠭ ᠭᠦᠨ ᠣᠨᠢ ᠲᠠᠢ᠂ ᠰᠡᠵᠢᠭᠦᠷ ᠢᠯᠲᠠᠰᠤ ᠨᠢ1~3mm ᠥᠷᠭᠡᠨ᠂ ᠣᠷᠣᠢ ᠪᠠ ᠬᠥᠪᠡᠭᠡ ᠪᠡᠷ ᠨᠢ ᠪᠠᠰᠠ ᠠᠴᠠ ᠬᠡᠯᠪᠡᠷᠢᠲᠦ ᠪᠤᠶᠤ ᠵᠠᠮᠪᠠᠷᠠᠭ᠎ᠠ ᠦᠭᠡᠢ ᠰᠠᠯᠠᠭ᠎ᠠ ᠲᠠᠢ᠃ ᠦᠷ᠎ᠡ ᠶ᠋ᠢᠨ ᠡᠷᠬᠡᠲᠡᠨ ᠨᠢ ᠣᠯᠠᠩᠬᠢ ᠳ᠋ᠠᠭᠠᠨ ᠲᠠᠷᠬᠠᠮᠠᠯ ᠤᠷᠭᠤᠳᠠᠭ ᠪᠥᠭᠡᠳ ᠲᠠᠪᠠᠭ ᠬᠡᠯᠪᠡᠷᠢ ᠲᠡᠢ᠃ ᠳ᠋ᠢᠶᠠᠮᠧᠲ᠋ᠷ ᠨᠢ1~4mm᠃ ᠰᠫᠣᠷ ᠤ᠋ᠨ ᠤᠭᠤᠲᠠ ᠶ᠋ᠢᠨ ᠲᠠᠪᠠᠭ ᠨᠢ ᠬᠦᠷᠡᠩ ᠥᠩᠭᠡ ᠲᠡᠢ᠃ ᠰᠫᠣᠷ ᠤ᠋ᠨ ᠤᠭᠤᠲᠠ ᠨᠢ ᠵᠣᠣᠪᠠᠩᠯᠢᠭ ᠰᠢᠳᠠᠮ ᠬᠡᠯᠪᠡᠷᠢ ᠲᠡᠢ᠂ ᠳᠣᠲᠣᠷ᠎ᠠ ᠨᠢ ᠥᠩᠭᠡ ᠦᠭᠡᠢ ᠰᠫᠣᠷ8 ᠪᠣᠢ᠃ ᠰᠫᠣᠷ ᠨᠢ ᠵᠤᠤᠪᠠᠩ ᠬᠡᠯᠪᠡᠷᠢ ᠲᠡᠢ᠃
   [ ᠤᠷᠭᠤᠬᠤ ᠣᠷᠴᠢᠨ ᠬᠢᠭᠡᠳ ᠲᠠᠷᠬᠠᠴᠠ] ᠬᠠᠳᠠᠨ ᠳᠡᠭᠡᠷ᠎ᠡ ᠤᠷᠭᠤᠳᠠᠭ᠃ ᠪᠦᠬᠦ ᠤᠯᠤᠰ ᠤ᠋ᠨ ᠣᠯᠠᠩᠬᠢ ᠭᠠᠵᠠᠷ ᠲᠤ ᠪᠦᠷ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠳᠥᠷᠪᠡᠨ ᠤᠯᠠᠷᠢᠯ ᠳ᠋ᠤ᠌ ᠴᠥᠮ ᠠᠪᠴᠤ ᠪᠣᠯᠤᠨ᠎ᠠ᠃ ᠬᠠᠳᠠᠨ ᠳᠡᠭᠡᠷ᠎ᠡ ᠡᠴᠡ ᠬᠤᠰᠤᠨ ᠠᠪᠴᠤ᠂ ᠬᠣᠯᠢᠴᠠ ᠶ᠋ᠢ ᠨᠢ ᠠᠷᠢᠯᠭᠠᠭᠠᠳ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠠᠮᠲᠠᠯᠢᠭ᠂ ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠂ ᠬᠠᠭᠤᠷᠠᠢ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠣᠣᠷ ᠢ᠋ ᠲᠠᠢᠯᠬᠤ᠂ ᠬᠠᠯᠠᠭᠤᠨ ᠢ᠋ ᠠᠷᠢᠯᠭᠠᠬᠤ᠂ ᠪᠥᠭᠡᠯᠵᠢᠵᠦ ᠰᠠᠭᠤᠯᠭᠠᠬᠤ ᠶ᠋ᠢ ᠵᠣᠭᠰᠣᠭᠠᠬᠤ᠂ ᠳᠤᠷ᠎ᠠ ᠶ᠋ᠢ ᠨᠡᠭᠡᠭᠡᠬᠦ ᠴᠢᠳᠠᠯ ᠲᠠᠢ᠃ ᠭᠣᠣᠯᠳᠠᠭᠤ ᠬᠠᠭᠤᠴᠢᠷᠠᠵᠤ ᠰᠢᠨᠤᠭᠰᠠᠨ ᠬᠠᠯᠠᠭᠤᠨ᠂ ᠬᠣᠣᠷ ᠤ᠋ᠨ ᠬᠠᠯᠠᠭᠤᠨ᠂ ᠡᠯᠢᠭᠡᠨ ᠦ᠌ ᠬᠠᠯᠠᠭᠤᠨ᠂ ᠰᠠᠪᠠᠨ ᠤ᠋ ᠬᠠᠯᠠᠭᠤᠨ᠂ ᠴᠢᠰᠤ ᠰᠢᠷ᠎ᠠ ᠪᠠᠷ ᠲᠣᠯᠣᠭᠠᠢ ᠡᠪᠡᠳᠬᠦ᠂ ᠶᠠᠮ᠎ᠠ᠂ ᠲᠠᠷᠢᠬᠢᠨ ᠬᠠᠳᠬᠤᠯᠭ᠎ᠠ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄石花(藻纹梅花衣)
   ᠠᠩᠭ᠌ᠯᠢ ᠨᠡᠷ᠎ᠡ᠄parmelia sacatilis Ach.

   ᠦᠰᠦᠭ ᠠᠮᠢᠯᠠᠭᠤᠯᠤᠭᠴᠢ᠄ ᠣᠶᠤᠨᠴᠢᠮᠡᠭ
   ᠬᠢᠨᠠᠭᠴᠢ᠄ ᠴᠡᠪᠡᠷᠴᠡᠴᠡᠭ