ᠳᠦᠯᠡᠢ ᠮᠥᠭᠥDülii möögДүлий мөөг

ᠳᠦᠯᠡᠢ ᠮᠥᠭᠥ
ᠲᠤᠰ ᠡᠮ ᠪᠣᠯ ᠳᠦᠯᠡᠢ ᠮᠥᠭᠥ ᠶ᠋ᠢᠨ ᠢᠵᠠᠭᠤᠷ ᠤ᠋ᠨ ᠤᠷᠭᠤᠮᠠᠯ ᠪᠣᠯᠬᠤ ᠪᠣᠷᠣ ᠳᠦᠯᠡᠢ ᠮᠥᠭᠥ ᠶ᠋ᠢᠨ ᠬᠠᠲᠠᠭᠠᠭᠰᠠᠨ ᠰᠫᠣᠷᠲᠦ ᠪᠡᠶ᠎ᠡ ᠮᠥᠨ᠃ ᠪᠠᠰᠠ ᠷᠧᠱᠡᠮᠡᠩ᠂ ᠫᠡᠸᠠᠩᠭᠤᠳᠢ᠂ ᠭᠠᠯ ᠥᠬᠡᠢ ᠤᠲᠤᠭ᠎ᠠ᠂ ᠦᠯᠡᠢ ᠮᠥᠭᠥ ᠭᠡᠳᠡᠭ᠃
[ᠤᠤᠯ ᠤᠷᠭᠤᠮᠠᠯ] ᠰᠫᠣᠷᠲᠦ ᠪᠡᠶ᠎ᠡ ᠨᠢ ᠢᠳᠤᠬᠠᠨ ᠡᠭᠡᠷᠡᠦᠯ ᠬᠡᠯᠪᠡᠷᠢ ᠲᠡᠢ᠂ ᠳ᠋ᠢᠶᠠᠮᠧᠲ᠋ᠷ ᠨᠢ5~12cm᠂ ᠦᠷᠡᠵᠢᠯ ᠦᠭᠡᠢ᠂ ᠤᠵᠠᠭᠤᠷ ᠤ᠋ᠨ ᠬᠡᠰᠡᠭ ᠨᠢ ᠬᠥᠭᠵᠢᠯ ᠲᠡᠢ᠃ ᠪᠠᠭᠯᠠᠭᠴᠢ ᠨᠢ ᠨᠢᠮᠭᠡᠨ᠂ ᠬᠣᠶᠠᠷ ᠳᠠᠪᠬᠤᠷ᠃ ᠳᠡᠭᠡᠷ᠎ᠡ ᠬᠡᠰᠡᠭ ᠨᠢ ᠶᠡᠷᠦ ᠳ᠋ᠡᠭᠡᠨ ᠵᠢᠵᠢᠭ ᠬᠡᠰᠡᠭᠯᠡᠨ ᠬᠠᠭᠠᠷᠠᠵᠤ᠂ ᠠᠶᠠᠨᠳᠠᠭᠠᠨ ᠬᠠᠭᠠᠷᠠᠵᠤ ᠤᠨᠠᠳᠠᠭ᠃ ᠳᠣᠲᠣᠷ᠎ᠠ ᠨᠢ ᠪᠣᠷᠣ ᠥᠩᠭᠡ ᠲᠡᠢ᠂ ᠰᠫᠣᠷ ᠪᠣᠯᠤᠨ ᠰᠫᠣᠷ ᠤ᠋ᠨ ᠰᠢᠷᠬᠡᠭ ᠨᠢ ᠵᠠᠳᠠᠷᠠᠨ ᠰᠦᠢᠳᠦᠭᠰᠡᠨ ᠦ᠌ ᠰᠡᠭᠦᠯᠡᠷ ᠦᠯᠡᠳᠡᠭᠡᠰᠡ ᠦᠷᠡᠵᠢᠯ ᠦᠭᠡᠢ ᠤᠵᠠᠭᠤᠷ ᠬᠡᠰᠡᠭ ᠨᠢ ᠴᠣᠮᠣ ᠬᠡᠯᠪᠡᠷᠢ ᠲᠡᠢ ᠪᠣᠯᠳᠠᠭ᠃ ᠰᠫᠣᠷ ᠨᠢ ᠨᠣᠨᠳᠠᠭᠯᠢᠭ᠂ ᠪᠥᠮᠪᠦᠭᠡᠨ ᠬᠡᠯᠪᠡᠷᠢ ᠲᠡᠢ᠂ ᠳ᠋ᠢᠶᠠᠮᠧᠲ᠋ᠷ4~5.5µm᠃
ᠳᠡᠭᠡᠷ᠎ᠡ ᠨᠢ ᠵᠢᠵᠢᠭ ᠥᠷᠭᠡᠰᠦ ᠲᠡᠢ᠂ ᠰᠫᠣᠷ ᠤ᠋ᠨ ᠰᠢᠷᠬᠡᠭ ᠨᠢ ᠮᠠᠰᠢ ᠤᠷᠲᠤ᠂ ᠰᠠᠯᠠᠭᠠᠯᠠᠨ᠎ᠠ᠃ ᠲᠠᠰᠤᠯᠤᠪᠴᠢ ᠬᠥᠨᠳᠡᠯᠡᠨ ᠲᠠᠰᠤᠯᠤᠪᠴᠢ ᠲᠠᠢ᠂ ᠥᠩᠭᠡ ᠨᠢ ᠭᠦᠢᠬᠡᠨ᠂ ᠳ᠋ᠢᠶᠠᠮᠧᠲ᠋ᠷ ᠨᠢ2~5m᠃
[ ᠤᠷᠭᠤᠬᠤ ᠣᠷᠴᠢᠨ ᠬᠢᠭᠡᠳ ᠲᠠᠷᠬᠠᠴᠠ] ᠲᠠᠯ᠎ᠠ ᠳ᠋ᠤ᠌ ᠤᠷᠭᠤᠨ᠎ᠠ᠃ ᠯᠢᠶᠣᠤᠨᠢᠩ᠂ ᠥᠪᠥᠷ ᠮᠣᠩᠭᠣᠯ᠂ ᠾᠧᠪᠧᠢ᠂ ᠱᠠᠨ ᠰᠢ᠂ ᠵᠢᠶᠠᠩᠰᠦ᠂ ᠠᠨᠾᠥ᠋ᠢ᠂ ᠹᠦᠵᠢᠶᠠᠨ᠂ ᠲᠠᠢᠸᠠᠨ᠂ ᠭᠤᠸᠠᠩᠳᠥ᠋ᠩ᠂ ᠭᠤᠸᠠᠩᠰᠢ᠂ ᠰᠧᠴᠤᠸᠠᠨ᠂ ᠰᠢᠨᠵᠢᠶᠠᠩ᠂ ᠶᠦᠨᠨᠠᠨ ᠳ᠋ᠤ᠌ ᠲᠠᠷᠬᠠᠴᠠ ᠲᠠᠢ᠃
[ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠰᠫᠣᠷ ᠨᠢ ᠪᠣᠯᠪᠠᠰᠤᠷᠠᠭᠠᠳ ᠪᠠᠭᠯᠠᠭᠴᠢ ᠨᠢ ᠬᠠᠭᠠᠷᠠᠭᠠᠳᠤᠢ ᠦᠶ᠎ᠡ ᠳ᠋ᠦ᠍ ᠲᠡᠭᠦᠵᠦ᠂ ᠰᠢᠪᠡᠷ ᠰᠢᠷᠣᠢ ᠶ᠋ᠢ ᠨᠢ ᠠᠷᠢᠯᠭᠠᠭᠠᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠤᠱᠤᠭᠤᠨ ᠠᠮᠲᠠ ᠲᠠᠢ᠂ ᠲᠡᠭᠰᠢ ᠴᠢᠨᠠᠷ ᠲᠠᠢ᠃
[ ᠴᠢᠳᠠᠯ ᠪᠠ ᠭᠣᠣᠯᠳᠠᠭᠤ ᠵᠠᠰᠠᠬᠤ] ᠰᠤᠳᠠᠯ ᠤ᠋ᠨ ᠰᠦᠪᠡ ᠶ᠋ᠢ ᠪᠣᠭᠣᠬᠤ᠂ ᠴᠢᠰᠤ ᠶ᠋ᠢ ᠵᠣᠭᠰᠣᠭᠠᠬᠤ᠂ ᠬᠣᠣᠷ ᠢ᠋ ᠲᠠᠢᠯᠬᠤ᠂ ᠰᠢᠷᠬ᠎ᠠ ᠶ᠋ᠢ ᠠᠨᠠᠭᠠᠬᠤ᠂ ᠰᠢᠷ᠎ᠠ ᠤᠰᠤ ᠶ᠋ᠢ ᠲᠠᠲᠠᠬᠤ ᠴᠢᠳᠠᠯ ᠲᠠᠢ᠃ ᠭᠣᠣᠯᠳᠠᠭᠤ ᠬᠠᠮᠠᠷ ᠠᠮᠠ ᠠ᠋ᠴᠠ ᠴᠢᠰᠤ ᠭᠠᠷᠬᠤ᠂ ᠰᠢᠷᠬᠠᠨ ᠠ᠋ᠴᠠ ᠴᠢᠰᠤ ᠭᠠᠷᠬᠤ᠂ ᠴᠢᠰᠤ ᠪᠠᠷ ᠰᠢᠭᠡᠬᠦ᠂ ᠰᠠᠷ᠎ᠠ ᠶ᠋ᠢᠨ ᠭᠬᠢᠷ ᠬᠡᠲᠦᠷᠡᠬᠦ᠂ ᠬᠠᠯᠠᠭᠠᠭᠰᠠᠨ ᠰᠢᠷᠬ᠎ᠠ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 马勃 紫色马勃
ᠠᠩᠭ᠌ᠯᠢ ᠨᠡᠷ᠎ᠡ᠄Caluatia lilacina et. Berk.Lloyd.
ᠦᠰᠦᠭ ᠠᠮᠢᠯᠠᠭᠤᠯᠤᠭᠴᠢ᠄ ᠤᠷᠠᠨᠴᠢᠮᠡᠭ
ᠬᠢᠨᠠᠭᠴᠢ᠄ ᠴᠡᠪᠡᠷᠴᠡᠴᠡᠭ
