ᠳ᠋ᠠᠭᠰᠢᠯᠭᠠᠪᠦ᠋ᠷDagshalgavarДагшалгавар ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠳ᠋ᠠᠭᠰᠢᠯᠭᠠᠪᠦ᠋ᠷDagshalgavarДагшалгавар

ᠳ᠋ᠠᠭᠰᠢᠯᠭᠠᠪᠦ᠋ᠷDagshalgavarДагшалгавар

2025-11-06

224

ᠳ᠋ᠠᠭᠰᠢᠯᠭᠠᠪᠦ᠋ᠷ

   ᠲᠤᠰ ᠡᠮ ᠪᠣᠯ ᠣᠳ᠌ᠪᠠᠯ᠎ᠠ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠭᠠᠪᠦ᠋ᠷ ᠡᠪᠡᠰᠦ ᠡᠴᠡ ᠨᠡᠷᠡᠵᠦ ᠠᠪᠤᠭᠰᠠᠨ ᠲᠠᠯᠬ᠎ᠠ ᠮᠥᠨ᠃ ᠪᠠᠰᠠ ᠡᠪᠡᠰᠦᠨ ᠭᠠᠪᠦ᠋ᠷ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃1~3m ᠥᠨᠳᠥᠷ᠂ ᠡᠰᠢ ᠨᠢ ᠲᠤᠷᠤᠭ ᠪᠦᠳᠦᠭᠦᠨ᠂ ᠬᠣᠯᠲᠣᠰᠣ ᠨᠢ ᠴᠠᠢᠪᠤᠷ ᠬᠦᠷᠢᠨ ᠥᠩᠭᠡ ᠲᠡᠢ᠂ ᠭᠤᠯᠳᠤ ᠢᠷᠮᠡᠭ ᠲᠡᠢ᠂ ᠦᠶ᠎ᠡ ᠶ᠋ᠢᠨ ᠵᠠᠢ ᠨᠢ2~6cm᠂ ᠰᠢᠷᠠᠩᠭᠤᠢ ᠬᠦᠷᠢᠨ ᠨᠣᠣᠯᠣᠭᠤᠷ ᠦᠰᠦ ᠢᠬᠴᠤ ᠪᠦᠷᠬᠦᠵᠦ ᠪᠣᠢ᠃ ᠳᠣᠣᠷ᠎ᠠ ᠬᠡᠰᠡᠭ ᠦ᠋ᠨ ᠨᠠᠪᠴᠢ ᠨᠢ ᠥᠷᠭᠡᠨ ᠵᠤᠤᠪᠠᠩ ᠪᠤᠶᠤ ᠤᠷᠲᠤᠯᠵᠢᠨ ᠲᠣᠭᠣᠷᠢᠭ ᠬᠠᠪᠲᠠᠭᠠᠢ ᠲᠡᠪᠡᠨᠡ ᠬᠡᠯᠪᠡᠷᠢ ᠲᠡᠢ᠂22~25cm ᠤᠷᠲᠤ᠂8~10cm ᠥᠷᠭᠡᠨ᠂ ᠣᠬᠣᠷ ᠱᠣᠪᠬᠣ ᠤᠭ ᠲᠠᠢ᠂ ᠪᠠᠷᠢᠭᠤᠯ ᠲᠠᠢ᠂ ᠨᠠᠪᠴᠢᠨ ᠥᠪᠥᠷ ᠲᠤᠨᠢ  ᠵᠥᠭᠡᠯᠡᠨ ᠦᠰᠦ ᠲᠡᠢ᠂ ᠠᠷᠤ ᠳ᠋ᠤᠨᠢ ᠭᠦᠢᠬᠡᠨ ᠬᠦᠷᠡᠩ ᠪᠤᠶᠤ ᠰᠢᠷᠠᠪᠲᠤᠷ ᠴᠠᠭᠠᠨ ᠲᠣᠷᠭᠠᠯᠢᠭ ᠬᠥᠪᠥᠩ ᠦᠰᠦ ᠲᠡᠢ᠃ ᠳᠡᠭᠡᠷ᠎ᠡ ᠬᠡᠰᠡᠭ ᠦ᠋ᠨ ᠨᠠᠪᠴᠢ ᠨᠢ ᠤᠷᠲᠤᠯᠵᠢᠨ ᠲᠣᠭᠣᠷᠢᠭ ᠬᠠᠪᠲᠠᠭᠠᠢ ᠲᠡᠪᠡᠨᠡ ᠪᠤᠶᠤ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢ ᠲᠡᠢ᠂7~12cm ᠤᠷᠲᠤ᠂1.5~3.5cm ᠥᠷᠭᠡᠨ᠂ ᠱᠣᠪᠲᠣᠭᠣᠷ ᠦᠵᠦᠭᠦᠷ ᠲᠡᠢ᠂ ᠵᠢᠭᠠᠬᠠᠨ ᠱᠣᠪᠬᠣ ᠤᠭ ᠲᠠᠢ᠂ ᠪᠠᠷᠢᠭᠤᠯ ᠦᠭᠡᠢ ᠪᠤᠶᠤ ᠣᠬᠣᠷ ᠪᠠᠷᠢᠭᠤᠯ ᠲᠠᠢ᠃ ᠣᠯᠠᠨ ᠲᠣᠯᠣᠭᠠᠢ ᠬᠡᠯᠪᠡᠷᠢᠲᠦ ᠪᠠᠭ ᠴᠡᠴᠡᠭ ᠲᠡᠢ᠂ ᠳᠡᠷᠪᠡᠢᠭᠡᠳ ᠨᠠᠪᠴᠢ ᠪᠦᠬᠦᠢ ᠲᠣᠮᠣ ᠱᠣᠷᠣᠯᠵᠢᠨ ᠪᠠᠭ ᠴᠡᠴᠡᠭ ᠪᠣᠯᠳᠠᠭ᠃ ᠪᠠᠭ ᠴᠡᠴᠡᠭ ᠦ᠋ᠨ ᠪᠠᠷᠢᠭᠤᠯ ᠳᠡᠭᠡᠷ᠎ᠡ ᠨᠢ ᠰᠢᠷ᠎ᠠ ᠥᠩᠭᠡ ᠲᠡᠢ ᠵᠥᠭᠡᠯᠡᠨ ᠦᠰᠦ ᠢᠬᠴᠤ ᠪᠦᠷᠬᠦᠵᠦ ᠪᠣᠢ᠃ ᠶᠡᠷᠦᠩᠬᠡᠢ ᠪᠠᠭᠯᠠᠭᠴᠢ ᠨᠢ ᠬᠤᠩᠬ᠎ᠠ ᠬᠡᠯᠪᠡᠷᠢ ᠲᠡᠢ᠂ ᠶᠡᠷᠦᠩᠬᠡᠢ ᠪᠠᠭᠯᠠᠭᠴᠢ ᠢᠯᠲᠠᠰᠤ ᠨᠢ6 ᠳᠠᠪᠬᠤᠷ᠂ ᠭᠠᠳᠠᠷ ᠳᠠᠪᠬᠤᠷ ᠨᠢ ᠤᠷᠲᠤᠯᠵᠢᠨ ᠲᠣᠭᠣᠷᠢᠭ ᠬᠡᠯᠪᠡᠷᠢ ᠲᠡᠢ᠂ ᠳᠤᠮᠳᠠ ᠳᠠᠪᠬᠤᠷ ᠨᠢ ᠪᠦᠰᠡᠯᠢᠭ ᠬᠡᠯᠪᠡᠷᠢ ᠲᠡᠢ᠂ ᠳᠣᠲᠣᠷ᠎ᠠ ᠳᠠᠪᠬᠤᠷ ᠨᠢ ᠭᠠᠳᠠᠷ ᠳᠠᠪᠬᠤᠷ ᠠ᠋ᠴᠠ ᠪᠠᠨ4 ᠳᠠᠬᠢᠨ ᠤᠷᠲᠤ᠃ ᠴᠡᠴᠡᠭ ᠦ᠋ᠨ ᠰᠠᠭᠤᠳᠠᠯ ᠨᠢ ᠵᠥᠭᠡᠢ ᠶ᠋ᠢᠨ ᠡᠭᠦᠷ ᠮᠡᠲᠦ᠃ ᠰᠢᠷ᠎ᠠ ᠴᠡᠴᠡᠭ ᠲᠡᠢ᠃ ᠲᠤᠷᠠᠩᠬᠠᠢ ᠵᠢᠮᠢᠰ ᠨᠢ ᠪᠥᠭᠡᠷᠡᠩᠬᠡᠢ ᠪᠠᠭᠠᠨ᠎ᠠ ᠬᠡᠯᠪᠡᠷᠢ ᠲᠡᠢ᠂5 ᠢᠷᠮᠡᠭ ᠲᠡᠢ᠂ ᠢᠬᠴᠤ ᠵᠥᠭᠡᠯᠡᠨ ᠦᠰᠦ ᠲᠡᠢ᠃ ᠲᠢᠲᠢᠮ ᠦᠰᠦ ᠨᠢ ᠤᠯᠠᠭᠠᠨ ᠬᠦᠷᠢᠨ ᠥᠩᠭᠡ ᠲᠡᠢ᠂ ᠪᠤᠷᠵᠢᠭᠢᠷ ᠦᠰᠦ ᠰᠢᠭ᠃ ᠪᠠᠷᠤᠭ ᠪᠦᠬᠦ ᠵᠢᠯ ᠳ᠋ᠡᠭᠡᠨ ᠴᠡᠴᠡᠭᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠳᠠᠯᠠᠢ ᠶ᠋ᠢᠨ ᠲᠦᠪᠰᠢᠨ ᠡᠴᠡ600~1000mᠳᠠᠬᠢ ᠣᠢ ᠶ᠋ᠢᠨ ᠳᠣᠣᠷ᠎ᠠ᠂ ᠣᠢ ᠶ᠋ᠢᠨ ᠬᠥᠪᠡᠭᠡ᠂ ᠭᠣᠣ ᠰᠤᠵᠠᠭ ᠪᠤᠶᠤ ᠲᠠᠯ᠎ᠠ ᠳ᠋ᠤ᠌ ᠤᠷᠭᠤᠨ᠎ᠠ᠃ ᠡᠮᠦᠨᠡᠲᠦ ᠣᠷᠣᠨ᠂ ᠹᠦᠵᠢᠶᠠᠨ᠂ ᠲᠠᠢᠸᠠᠨ᠂ ᠭᠦᠢᠵᠧᠦ᠂ ᠶᠦᠨᠨᠠᠨ ᠵᠡᠷᠭᠡ ᠭᠠᠵᠠᠷ  ᠲᠤ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ]12 ᠳ᠋ᠤᠭᠠᠷ ᠰᠠᠷ᠎ᠠ ᠳ᠋ᠤ᠌ ᠴᠤᠭᠯᠠᠭᠤᠯᠵᠤ᠂ ᠨᠡᠷᠡᠬᠦ ᠠᠷᠭ᠎ᠠ ᠪᠠᠷ ᠲᠠᠯᠬ᠎ᠠ ᠶ᠋ᠢ ᠨᠢ ᠣᠯᠤᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ᠂ ᠭᠤᠱᠤᠭᠤᠨ᠂ ᠡᠬᠡᠭᠦᠨ ᠠᠮᠲᠠ ᠲᠠᠢ; ᠬᠦᠢᠲᠡᠨ ᠴᠢᠨᠠᠷ ᠲᠠᠢ; ᠮᠣᠬᠣᠳᠠᠭ᠂ ᠰᠢᠷᠦᠭᠦᠨ᠂ ᠬᠥᠩᠭᠡᠨ᠂ ᠭᠥᠯᠪᠡᠷᠢᠭᠦᠨ᠂ ᠨᠦᠮᠵᠦᠭ ᠦᠭᠡᠢ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠬᠠᠪᠤᠳᠠᠷ ᠢ᠋ ᠬᠠᠷᠢᠭᠤᠯᠬᠤ᠂ ᠡᠪᠡᠳᠬᠦ ᠶ᠋ᠢ ᠵᠣᠭᠰᠣᠭᠠᠬᠤ ᠴᠢᠳᠠᠯ ᠲᠠᠢ᠃ ᠭᠣᠣᠯᠳᠠᠭᠤ ᠳᠡᠯᠭᠡᠷᠡᠭᠰᠡᠨ ᠬᠠᠯᠠᠭᠤᠨ᠂ ᠬᠠᠭᠤᠴᠢᠷᠠᠵᠤ ᠰᠢᠨᠤᠭᠰᠠᠨ ᠬᠠᠯᠠᠭᠤᠨ᠂ ᠬᠢᠮᠤᠷᠠᠭᠰᠠᠨ ᠬᠠᠯᠠᠭᠤᠨ᠂ ᠬᠣᠣᠷ ᠤ᠋ᠨ ᠬᠠᠯᠠᠭᠤᠨ᠂ ᠬᠢᠵᠢᠭ ᠬᠠᠯᠠᠭᠤᠨ᠂ ᠭᠠᠯ ᠨᠠᠮᠤᠰᠤ᠂ ᠨᠢᠳᠦ ᠤᠯᠠᠢᠬᠤ᠂ ᠰᠢᠳᠦ ᠡᠪᠡᠳᠬᠦ᠂ ᠬᠣᠭᠣᠯᠠᠢ ᠬᠠᠪᠤᠳᠴᠤ ᠡᠪᠡᠳᠬᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄艾片,艾纳香
   ᠠᠩᠭ᠌ᠯᠢ ᠨᠡᠷ᠎ᠡ᠄ Blumea balsamifera(L.)DC.

   ᠦᠰᠦᠭ ᠠᠮᠢᠯᠠᠭᠤᠯᠤᠭᠴᠢ᠄ ᠴᠡᠪᠡᠷᠴᠡᠴᠡᠭ
   ᠬᠢᠨᠠᠭᠴᠢ᠄ ᠲᠤᠶᠠᠭ᠎ᠠ