ᠮᠢᠨᠦ ᠡᠵᠢ-ᠲ ∙ ᠠᠮᠢᠨ᠎ᠠMinii eej-T.AminaМиний ээж-Т.Амина
ᠮᠢᠨᠦ ᠡᠵᠢ
ᠦᠭᠡ᠄ ᠵ· ᠢᠰᠢᠭᠡᠨᠬᠦᠦ
ᠠᠶ᠎ᠠ᠄ ᠶ· ᠨᠢᠮᠠᠰᠠᠶ᠋ᠢᠬᠠᠨ
ᠳᠠᠭᠤᠴᠢᠨ᠄ ᠲ· ᠠᠮᠢᠨ᠎ᠠ
ᠠᠯᠲᠠᠨ ᠳᠡᠯᠡᠬᠡᠢ ᠳ᠋ᠦ᠍ ᠦᠷ᠎ᠡ ᠶ᠋ᠢᠨ ᠪᠦᠪᠡᠢ ᠲᠡᠢ ᠬᠠᠮᠲᠤ ᠵᠠᠶᠠᠭᠠᠭᠰᠠᠨ
ᠠᠩᠭᠢᠷ ᠤᠭᠤᠷᠠᠭ ᠢ᠋ᠶ᠋ᠠᠨ ᠰᠢᠮᠡᠭᠦᠯᠦᠨ ᠥᠰᠬᠡᠬᠦ ᠪᠤᠶᠠᠨ ᠲᠠᠢ ᠲᠥᠷᠥᠭᠰᠡᠨ
ᠠᠲᠠᠷ ᠬᠡᠭᠡᠷ᠎ᠡ ᠶ᠋ᠢᠨ ᠠᠩᠬᠢᠯᠤᠭᠤᠨ ᠴᠡᠴᠡᠭ ᠦ᠋ᠨ ᠦᠨᠦᠷ ᠰᠢᠩᠭᠡᠭᠰᠡᠨ
ᠠᠯᠢᠶ᠎ᠠ ᠬᠥᠭᠡᠷᠦᠬᠦᠨ ᠦᠷ᠎ᠡ ᠶ᠋ᠢᠨ ᠢ᠋ᠶ᠋ᠡᠨ ᠳᠠᠭᠤᠨ ᠳ᠋ᠤ᠌ ᠰᠡᠳᠬᠢᠯ ᠪᠠᠶᠠᠰᠤᠭᠰᠠᠨ
ᠵᠠᠯᠠᠭᠤ ᠴᠦ᠍ ᠶᠠᠪᠤᠭᠰᠠᠨ ᠰᠠᠢᠬᠠᠨ ᠴᠦ᠍ ᠶᠠᠪᠤᠭᠰᠠᠨ ᠮᠢᠨᠦ ᠡᠵᠢ
ᠵᠤᠨ ᠣᠯᠠᠨ ᠤ᠋ ᠪᠠᠨ ᠬᠠᠢᠷ᠎ᠠ ᠶ᠋ᠢ ᠲᠠᠲᠠᠭᠰᠠᠨ ᠮᠢᠨᠦ ᠡᠵᠢ
ᠠᠭᠤᠳᠠᠮ ᠳᠡᠯᠡᠬᠡᠢ ᠳ᠋ᠦ᠍ ᠦᠷ᠎ᠡ ᠶ᠋ᠢᠨ ᠪᠦᠪᠡᠢ ᠲᠡᠢ ᠬᠠᠮᠲᠤ ᠵᠠᠶᠠᠭᠠᠭᠰᠠᠨ
ᠤᠷᠤᠭ ᠲᠥᠷᠥᠯ ᠦ᠋ᠨ ᠠᠷᠢᠭᠤᠨ ᠬᠣᠯᠪᠣᠭ᠎ᠠ ᠶ᠋ᠢ ᠴᠢᠨᠳᠠᠮᠤᠨᠢ ᠪᠣᠯᠭᠠᠭᠰᠠᠨ
ᠤᠬᠠᠭᠠᠨ ᠪᠣᠳᠣᠯ ᠤ᠋ᠨ ᠪᠣᠯᠣᠷ ᠲᠤᠩᠭᠠᠯᠠᠭ ᠬᠠᠢᠷ᠎ᠠ ᠪᠠᠷ ᠢ᠋ᠶ᠋ᠠᠨ ᠢᠪᠡᠭᠡᠭᠰᠡᠨ
ᠠᠭᠤᠳᠠᠮ ᠣᠷᠴᠢᠯᠠᠩ ᠤ᠋ᠨ ᠨᠠᠷᠠᠨ ᠤ᠋ ᠳᠣᠣᠷ᠎ᠠ ᠦᠷ᠎ᠡ ᠪᠡᠨ ᠪᠦᠪᠡᠢᠯᠡᠭᠰᠡᠨ
ᠵᠠᠯᠠᠭᠤ ᠴᠦ᠍ ᠶᠠᠪᠤᠭᠰᠠᠨ ᠰᠠᠢᠬᠠᠨ ᠴᠦ᠍ ᠶᠠᠪᠤᠭᠰᠠᠨ ᠮᠢᠨᠦ ᠡᠵᠢ
ᠵᠤᠨ ᠣᠯᠠᠨ ᠤ᠋ ᠪᠠᠨ ᠬᠠᠢᠷ᠎ᠠ ᠶ᠋ᠢ ᠲᠠᠲᠠᠭᠰᠠᠨ ᠮᠢᠨᠦ ᠡᠵᠢ
ᠡᠨᠡᠬᠡᠨ ᠳᠡᠯᠡᠬᠡᠢ ᠶ᠋ᠢᠨ ᠨᠢᠭᠡ ᠪᠡᠷᠬᠡ ᠶ᠋ᠢ ᠪᠡᠶ᠎ᠡ ᠪᠡᠷ ᠢ᠋ᠶ᠋ᠡᠨ ᠲᠤᠭᠤᠯᠤᠭᠰᠠᠨ
ᠡᠷᠭᠢᠵᠦ ᠣᠯᠳᠠᠬᠤ ᠦᠭᠡᠢ ᠨᠢᠭᠡᠨ ᠠᠮᠢᠳᠤᠷᠠᠯ ᠢ᠋ᠶ᠋ᠠᠨ ᠦᠷ᠎ᠡ ᠳ᠋ᠡᠭᠡᠨ ᠬᠠᠢᠷᠠᠯᠠᠭᠰᠠᠨ
ᠡᠩᠬᠡ ᠶ᠋ᠢᠨ ᠲᠥᠯᠥᠭᠡ ᠰᠡᠳᠬᠢᠯ ᠵᠢᠷᠦᠬᠡ ᠪᠡᠨ ᠮᠥᠩᠬᠡᠳᠡ ᠵᠣᠷᠢᠭᠤᠯᠤᠭᠰᠠᠨ
ᠡᠯᠪᠡᠷᠢᠯᠲᠦ ᠰᠠᠢᠬᠠᠨ ᠡᠵᠢ ᠶ᠋ᠢᠨ ᠢ᠋ᠶ᠋ᠡᠨ ᠠᠴᠢ ᠶ᠋ᠢ ᠬᠡᠵᠢᠶ᠎ᠡ ᠴᠦ᠍ ᠮᠠᠷᠲᠠᠬᠤ ᠦᠭᠡᠢ
ᠵᠠᠯᠠᠭᠤ ᠴᠦ᠍ ᠶᠠᠪᠤᠭᠰᠠᠨ ᠰᠠᠢᠬᠠᠨ ᠴᠦ᠍ ᠶᠠᠪᠤᠭᠰᠠᠨ ᠮᠢᠨᠦ ᠡᠵᠢ
ᠵᠤᠨ ᠣᠯᠠᠨ ᠤ᠋ ᠪᠠᠨ ᠬᠠᠢᠷ᠎ᠠ ᠶ᠋ᠢ ᠲᠠᠲᠠᠭᠰᠠᠨ ᠮᠢᠨᠦ ᠡᠵᠢ
ᠵᠠᠯᠠᠭᠤ ᠴᠦ᠍ ᠶᠠᠪᠤᠭᠰᠠᠨ ᠰᠠᠢᠬᠠᠨ ᠴᠦ᠍ ᠶᠠᠪᠤᠭᠰᠠᠨ ᠮᠢᠨᠦ ᠡᠵᠢ
ᠵᠤᠨ ᠣᠯᠠᠨ ᠤ᠋ ᠪᠠᠨ ᠬᠠᠢᠷ᠎ᠠ ᠶ᠋ᠢ ᠲᠠᠲᠠᠭᠰᠠᠨ ᠮᠢᠨᠦ ᠡᠵᠢ
ᠵᠠᠯᠠᠭᠤ ᠴᠤ᠌ ᠶᠠᠪᠤᠭᠰᠠᠨ ᠰᠠᠢᠬᠠᠨ ᠴᠦ᠍ ᠶᠠᠪᠤᠭᠰᠠᠨ ᠮᠢᠨᠦ ᠡᠵᠢ
ᠵᠤᠨ ᠣᠯᠠᠨ ᠤ᠋ ᠪᠠᠨ ᠬᠠᠢᠷ᠎ᠠ ᠶ᠋ᠢ ᠲᠠᠲᠠᠭᠰᠠᠨ ᠮᠢᠨᠦ ᠡᠵᠢ
ᠦᠰᠦᠭ ᠠᠮᠢᠯᠠᠭᠤᠯᠤᠭᠴᠢ᠄ ᠪᠠᠢ᠂ ᠰᠠᠷᠠᠨ᠎ᠠ
ᠦᠰᠦᠭ ᠬᠠᠳᠠᠭᠴᠢ᠄ ᠪᠠᠢ᠂ ᠰᠠᠷᠠᠨ᠎ᠠ
ᠬᠢᠨᠠᠭᠴᠢ ᠪᠠᠭᠰᠢ᠄ ᠣᠳᠬᠠᠨᠰᠣ᠎ᠠ᠂ ᠰᠣᠨᠢᠨᠪᠠᠶᠠᠷ
