《ᠣᠷᠳᠣᠰ ᠤ᠋ᠨ ᠳᠤᠭᠤᠢᠯᠠᠩ ᠤ᠋ᠨ ᠬᠥᠳᠡᠯᠭᠡᠭᠡᠨ》 ᠪᠣᠯᠤᠨ《ᠰᠢᠨᠠᠯᠠᠮ᠎ᠠ ᠶ᠋ᠢᠨ ᠲᠤᠬᠠᠢ》 ᠬᠠᠮᠤᠭ ᠠᠩᠬ᠎ᠠ ᠪᠠᠢᠴᠠᠭᠠᠨ ᠣᠢᠯᠠᠭᠠᠭᠰᠠᠨ ᠶᠠᠪᠤᠳᠠᠯ1954 ᠣᠨ ᠳ᠋ᠤ᠌ ᠲᠥᠪ ᠦ᠋ᠨ ᠦᠨᠳᠦᠰᠦᠲᠡᠨ ᠦ᠌ ᠵᠥᠪᠯᠡᠯ ᠡᠴᠡ ᠪᠦᠬᠦ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠦ᠌ ᠭᠠᠵᠠᠷ ᠣᠷᠣᠨ ᠳ᠋ᠤ᠌ ᠨᠡᠢᠳᠡᠮ ᠨᠢᠭᠡᠨ ᠤᠳᠠᠭᠠᠨ ᠤ᠋《ᠨᠡᠢᠭᠡᠮ ᠦ᠋ᠨ ᠪᠠᠢᠴᠠᠭᠠᠯᠲᠠ》 ᠶ᠋ᠢᠨ ᠠᠵᠢᠯ ᠢ᠋ ᠬᠢᠬᠦ ᠪᠡᠷ ᠲᠤᠰᠬᠠᠢ ᠠᠵᠢᠯᠯᠠᠬᠤ ᠪᠦᠯᠬᠦᠮ ᠢ᠋ ᠲᠣᠮᠢᠯᠠᠭᠰᠠᠨ ᠪᠠᠢᠵᠠᠢ᠃ ᠢᠩᠭᠢᠭᠡᠳ ᠲᠤᠬᠠᠢ ᠶ᠋ᠢᠨ ᠦᠶ᠎ᠡ ᠳ᠋ᠦ᠍ ᠮᠣᠵᠢ᠂ ᠣᠷᠣᠨ᠂ ᠠᠢᠮᠠᠭ᠂ ᠲᠤᠰᠬᠠᠢ ᠣᠷᠣᠨ᠂ ᠬᠣᠰᠢᠭᠤ ᠰᠢᠶᠠᠨ ᠬᠦᠷᠲᠡᠯ᠎ᠡ ᠱᠠᠲᠤ ᠳᠠᠷᠠᠭᠠᠯᠠᠨ ᠠᠵᠢᠯᠯᠠᠬᠤ ᠪᠦᠯᠬᠦᠮ ᠪᠤᠶᠤ ᠬᠠᠭᠤᠴᠢ ᠰᠤᠳᠤᠯᠭᠠᠲᠠᠨ ᠰᠣᠶᠣᠯ ᠮᠡᠳᠡᠯᠭᠡ ᠲᠡᠢ ᠲᠤᠰᠬᠠᠢ ᠬᠥᠮᠦᠰ ᠪᠦᠯᠦᠭ ᠪᠦᠯᠦᠭ ᠢ᠋ᠶ᠋ᠡᠷ ᠨᠡᠢᠭᠡᠮ ᠦ᠋ᠨ ᠪᠠᠢᠴᠠᠭᠠᠯᠲᠠ ᠬᠢᠵᠡᠢ᠃ ᠡᠨᠡ ᠬᠦ᠌ ᠠᠵᠢᠯ ᠢ᠋ ᠥᠩᠭᠡᠷᠡᠭᠰᠡᠨ ᠳ᠋ᠦ᠍ ᠰᠢᠨᠠᠯᠠᠮ᠎ᠠ ᠶ᠋ᠢᠨ ᠴᠡᠷᠢᠭ ᠦ᠋ᠨ ᠰᠠᠯᠠᠭᠠᠨ ᠳᠠᠷᠤᠭ᠎ᠠ ᠶ᠋ᠢᠨ ᠲᠤᠰᠢᠶᠠᠯ ᠢ᠋ ᠬᠠᠷᠢᠭᠤᠴᠠᠵᠤ᠂ ᠲᠡᠢᠨ ᠪᠠᠢᠯᠳᠤᠭᠠᠨ ᠳ᠋ᠤ᠌ ᠪᠠᠭᠠᠲᠤᠷᠯᠢᠭ ᠢ᠋ᠶ᠋ᠠᠷ ᠣᠷᠣᠯᠴᠠᠵᠤ ᠶᠠᠪᠤᠵᠤ ᠪᠠᠢᠭᠰᠠᠨ ᠶᠡᠬᠡ ᠵᠣᠣ ᠠᠢᠮᠠᠭ ᠤ᠋ᠨ ᠳᠠᠷᠤᠭ᠎ᠠ ᠠᠷᠪᠢᠨᠪᠠᠶᠠᠷ(ᠸᠠᠩ ᠶᠤᠸᠠᠢ ᠹᠧᠩ) ᠲᠡᠳᠡᠨ ᠢ᠋ ᠬᠠᠯᠠᠭᠤᠨ ᠢ᠋ᠶ᠋ᠠᠷ ᠤᠭᠲᠤᠵᠤ ᠵᠠᠷᠢᠮ ᠦᠶ᠎ᠡ ᠳ᠋ᠦ᠍ ᠪᠡᠶ᠎ᠡ ᠪᠡᠷ ᠢ᠋ᠶ᠋ᠡᠨ ᠳᠠᠷᠤᠭᠠᠯᠠᠵᠤ ᠦᠦᠰᠢᠨ ᠬᠤᠰᠢᠭᠤᠨ ᠳ᠋ᠤ᠌ ᠬᠦᠷᠴᠦ ᠦᠦᠰᠢᠨ ᠬᠤᠰᠢᠭᠤᠨ ᠳ᠋ᠤ᠌ ᠡᠭᠦᠰᠦᠭᠰᠡᠨ ᠳᠤᠭᠤᠢᠯᠠᠩ ᠤ᠋ᠨ ᠬᠥᠳᠡᠯᠭᠡᠭᠡᠨ ᠪᠣᠯᠤᠨ ᠰᠢᠨᠡᠯᠡᠮ᠎ᠡ ᠶ᠋ᠢᠨ ᠲᠤᠬᠠᠢ ᠨᠡᠢᠭᠡᠮ ᠦ᠋ᠨ ᠪᠠᠢᠴᠠᠭᠠᠯᠲᠠ ᠶ᠋ᠢ ᠬᠢᠭᠰᠡᠨ ᠪᠠᠢᠵᠠᠢ᠃ ᠡᠨᠡ ᠲᠤᠬᠠᠢ᠂ ᠥᠪᠥᠷ ᠮᠣᠩᠭᠣᠯ ᠤ᠋ᠨ ᠨᠡᠢᠭᠡᠮ ᠦ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠦ᠋ᠨ ᠬᠡᠯᠡ ᠤᠳᠬ᠎ᠠ ᠵᠣᠬᠢᠶᠠᠯ ᠰᠤᠳᠤᠯᠬᠤ ᠭᠠᠵᠠᠷ ᠤ᠋ᠨ ᠰᠤᠳᠤᠯᠤᠭᠴᠢ ᠪᠠᠢᠭᠰᠠᠨ ᠴᠢᠮᠡᠳᠳᠣᠷᠵᠢ(ᠦ ᠴᠧᠩ ᠳᠧ) ᠨᠠᠰᠤᠲᠠᠨ ᠤ᠋ ᠬᠡᠯᠡᠬᠦ ᠪᠡᠷ᠄《ᠡᠳᠦᠨᠭᠡᠰᠢᠭ ᠪᠢᠳᠡ ᠬᠣᠶᠠᠭᠤᠯᠠ1954 ᠣᠨ ᠤ᠋ ᠬᠠᠪᠤᠷ ᠣᠷᠳᠣᠰ ᠤ᠋ᠨ ᠦᠦᠰᠢᠨ᠂ ᠵᠠᠰᠠᠭ ᠬᠤᠰᠢᠭᠤᠨ ᠳ᠋ᠤ᠌ ᠣᠴᠢᠵᠤ ᠨᠢᠭᠡ ᠵᠢᠯ ᠨᠡᠢᠭᠡᠮ ᠦ᠋ᠨ ᠪᠠᠢᠴᠠᠭᠠᠯᠲᠠ ᠶ᠋ᠢᠨ ᠠᠵᠢᠯ ᠳ᠋ᠤ᠌ ᠣᠷᠣᠯᠴᠠᠭᠰᠠᠨ ᠶᠤᠮ᠃ ᠪᠢᠳᠡ ᠤᠷᠢᠳ ᠢ᠋ᠶ᠋ᠠᠷ ᠦᠦᠰᠢᠨ ᠬᠤᠰᠢᠭᠤᠨ ᠳ᠋ᠤ᠌ ᠣᠴᠢᠵᠤ ᠬᠤᠰᠢᠭᠤᠨ ᠤ᠋ ᠨᠠᠮ ᠤ᠋ᠨ ᠬᠣᠷᠢᠶ᠎ᠠ ᠶ᠋ᠢᠨ ᠮᠠᠨᠳᠤᠬᠤ᠂ ᠳᠣᠪᠵᠠᠢ ᠨᠠᠷ ᠤ᠋ᠨ ᠲᠣᠬᠢᠷᠠᠭᠤᠯᠭ᠎ᠠ ᠪᠠᠷ ᠭᠠᠯᠠᠭᠤᠲᠤ ᠳ᠋ᠤ᠌ ᠨᠢᠭᠡ ᠬᠤᠭᠤᠴᠠᠭ᠎ᠠ ᠮᠠᠯᠴᠢᠨ ᠠᠷᠠᠳ ᠤ᠋ᠨ ᠡᠷᠦᠬᠡ ᠭᠡᠷ ᠢ᠋ᠶ᠋ᠡᠷ ᠲᠣᠭᠣᠷᠢᠵᠤ ᠲᠡᠷᠡ ᠦᠶ᠎ᠡ ᠶ᠋ᠢᠨ ᠳᠤᠭᠤᠢᠯᠠᠩ ᠤ᠋ᠨ ᠬᠥᠳᠡᠯᠭᠡᠭᠡᠨ ᠳ᠋ᠦ᠍ ᠣᠷᠣᠯᠴᠠᠵᠤ ᠶᠠᠪᠤᠭᠰᠠᠨ ᠬᠥᠮᠦᠰ ᠲᠡᠢ ᠤᠴᠠᠷᠠᠵᠤ ᠳᠤᠭᠤᠢᠯᠠᠩ ᠤ᠋ᠨ ᠬᠥᠳᠡᠯᠭᠡᠭᠡᠨ ᠪᠣᠯᠤᠨ ᠦᠦᠰᠢᠨ ᠰᠢᠨᠠᠯᠠᠮ᠎ᠠ ᠶ᠋ᠢᠨ ᠲᠤᠬᠠᠢ ᠣᠢᠯᠠᠭᠠᠵᠤ ᠦᠯᠢᠭᠡᠷ ᠲᠡᠦᠬᠡ ᠶ᠋ᠢ ᠨᠢ ᠡᠮᠬᠢᠳᠬᠡᠨ ᠬᠤᠷᠠᠮᠳᠤᠭᠤᠯᠵᠠᠢ᠃ ᠴᠢᠩᠭᠢᠭᠡᠳ ᠲᠣᠯᠢ᠂ ᠱᠠᠷᠯᠢᠭ᠂ ᠬᠠᠯᠢᠭᠤᠲᠤ᠂ ᠤᠯᠠᠭᠠᠨᠲᠣᠯᠣᠭᠠᠢ᠂ ᠦᠦᠰᠢᠨᠵᠤᠤ᠂ ᠳᠠᠷᠬᠠᠨ ᠯᠠᠮᠠ ᠪᠠᠷ ᠲᠣᠭᠣᠷᠢᠵᠤ ᠵᠢᠯ ᠦ᠋ᠨ ᠰᠡᠭᠦᠯ ᠪᠣᠯᠬᠤ ᠳ᠋ᠤ᠌ ᠵᠠᠰᠠᠭ ᠬᠣᠰᠢᠭᠤ ᠪᠠᠷ ᠬᠦᠷᠴᠦ ᠸᠠᠩᠳᠠᠨᠨᠢᠮ᠎ᠠ ᠶ᠋ᠢᠨ ᠲᠤᠬᠠᠢ ᠣᠢᠯᠠᠭᠠᠵᠤ ᠡᠮᠬᠢᠳᠬᠡᠨ᠂ ᠠᠷᠠᠢ ᠭᠡᠵᠦ ᠰᠢᠨᠡᠯᠡᠬᠦ ᠡᠴᠡ ᠡᠮᠦᠨᠡᠬᠡᠨ ᠬᠥᠬᠡᠬᠣᠲᠠ ᠳ᠋ᠠᠭᠠᠨ ᠪᠤᠴᠠᠵᠤ ᠢᠷᠡᠭᠰᠡᠨ ᠶᠦᠮ᠃ ᠬᠥᠬᠡᠬᠣᠲᠠ ᠳ᠋ᠤ᠌ ᠪᠤᠴᠠᠵᠤ ᠢᠷᠡᠭᠰᠡᠨ ᠦ᠌ ᠳᠠᠷᠠᠭ᠎ᠠ ᠮᠠᠲ᠋ᠧᠷᠢᠶᠠᠯ ᠢ᠋ᠶ᠋ᠠᠨ ᠲᠢᠭᠯᠡᠵᠦ ᠳᠠᠷᠠᠭ᠎ᠠ ᠨᠢ1957 ᠣᠨ ᠪᠣᠯᠤᠨ1958 ᠣᠨ ᠳ᠋ᠤ᠌ ᠵᠠᠯᠭᠠᠭ᠎ᠠ ᠪᠠᠷ ᠪᠠᠢᠴᠠᠭᠠᠯᠲᠠ ᠶ᠋ᠢᠨ ᠮᠡᠳᠡᠭᠦᠯᠦᠯᠲᠡ ᠪᠣᠯᠤᠨ ᠥᠭᠦᠯᠡᠯ ᠵᠣᠬᠢᠶᠠᠯ ᠢ᠋ᠶ᠋ᠠᠨ ᠪᠢᠴᠢᠵᠦ ᠨᠡᠢᠲᠡᠯᠡᠭᠦᠯᠵᠡᠢ᠃ ᠡᠨᠡ ᠪᠣᠯ ᠰᠢᠨᠡᠯᠡᠮ᠎ᠡ ᠶ᠋ᠢᠨ ᠲᠤᠬᠠᠢ ᠬᠠᠮᠤᠭ ᠠᠩᠬᠠᠨ ᠤ᠋ ᠵᠣᠬᠢᠶᠠᠯ ᠪᠣᠯᠬᠤ ᠶᠤᠮ᠁》
《ᠣᠭᠣᠨᠠᠰ(ᠣᠨᠢᠰᠣ)1953 ᠣᠨ ᠳ᠋ᠤ᠌ ᠶᠡᠬᠡ ᠵᠣᠣ ᠠᠢᠮᠠᠭ ᠤ᠋ᠨ ᠰᠣᠶᠣᠯ ᠤ᠋ᠨ ᠲᠣᠪᠴᠢᠶᠠᠨ ᠳ᠋ᠤ᠌ ᠠᠵᠢᠯᠯᠠᠵᠤ ᠪᠠᠢᠬᠤ ᠳ᠋ᠠᠭᠠᠨ ᠨᠤᠲᠤᠭ ᠤ᠋ᠨ ᠬᠥᠮᠦᠨ ᠦ᠌ ᠬᠤᠪᠢ ᠪᠠᠷ ᠰᠢᠨᠡᠯᠡᠮ᠎ᠡ ᠶ᠋ᠢᠨ ᠦᠯᠢᠭᠡᠷ ᠢ᠋ ᠡᠮᠬᠢᠳᠬᠡᠨ ᠴᠤᠭᠯᠠᠭᠤᠯᠵᠤ ᠬᠣᠵᠢᠮ ᠨᠢ ᠰᠣᠨᠢᠨ ᠰᠡᠳᠬᠦᠯ ᠦ᠋ᠳ ᠲᠦ᠍ ᠬᠢᠲᠠᠳ ᠬᠡᠯᠡ ᠪᠡᠷ ᠨᠡᠢᠲᠡᠯᠡᠵᠦ ᠥᠩᠭᠡᠷᠡᠭᠰᠡᠨ ᠶᠦᠮ》᠃ ①
— — — —
①2005 ᠣᠨ ᠤ᠋7 ᠰᠠᠷ᠎ᠠ ᠶ᠋ᠢᠨ21 ᠦ᠌ ᠡᠳᠦᠷ᠂ ᠬᠥᠬᠡᠬᠣᠲᠠ ᠳ᠋ᠤ᠌᠃
ᠦᠰᠦᠭ ᠠᠮᠢᠯᠠᠭᠤᠯᠤᠭᠴᠢ᠄ ᠪᠠᠯ᠂ ᠰᠠᠷᠠᠨᠲᠤᠶᠠᠭ᠎ᠠ
ᠬᠢᠨᠠᠭᠴᠢ᠄ ᠣᠳᠬᠣᠨᠴᠡᠴᠡᠭ᠂ ᠠᠯᠲᠠᠨᠱᠠ᠂ ᠪᠠᠯ