ᠮᠣᠩᠭᠣᠯ ᠦᠨᠳᠦᠰᠦᠲᠡᠨ ᠦ ᠰᠢᠯᠭᠠᠷᠠᠭᠰᠠᠨ ᠠᠷᠠᠳᠴᠢᠯᠠᠭᠰᠠᠨ ᠬᠤᠪᠢᠰᠬᠠᠯᠴᠢ ᠰᠢᠨᠡᠯᠠᠮ᠎ᠠ - ᠲᠠᠪᠤᠳᠤᠭᠠᠷ ᠪᠦᠯᠦᠭ᠂ᠳᠤᠭᠤᠶ᠋ᠢᠯᠠᠩ ᠤᠨ ᠬᠥᠳᠡᠯᠭᠡᠭᠡᠨ ᠪᠠ ᠰᠢᠨᠡᠯᠠᠮ᠎ᠠ ᠶᠢᠨ ᠳᠤᠬᠠᠢ5 Шинэлам – 5-р бүлэг᠂Дугуйлангийн хөдөлгөөн ба Шинэлмаагийн тухай 5
ᠲᠠᠪᠤ᠂ ᠰᠦᠨ ᠵᠦᠩ ᠱᠠᠨ᠂ ᠯᠢ ᠳ᠋ᠠ ᠵᠣᠣ᠂ ᠰᠢᠨᠡᠯᠡᠮ᠎ᠡ ᠨᠠᠷ ᠤᠨ ᠰᠢᠭᠤᠳ ᠪᠤᠶᠤ ᠳᠠᠮ ᠬᠠᠷᠢᠴᠠᠭᠠᠨ ᠤ ᠲᠤᠬᠠᠢ ᠦᠭᠦᠯᠡᠬᠦ ᠨᠢ
1894 ᠣᠨ ᠳ᠋ᠤ᠌ ᠰᠦᠨ ᠵᠦᠩ ᠱᠠᠨ᠂ ᠯᠢ ᠬᠣᠩ ᠵᠠᠩ ᠳ᠋ᠤ᠌ ᠪᠢᠴᠢᠭ ᠡᠷᠭᠦᠨ ᠬᠠᠤᠯᠢ ᠶ᠋ᠢ ᠥᠭᠡᠷᠡᠴᠢᠯᠡᠵᠦ ᠳᠤᠮᠳᠠᠳᠤ ᠤᠯᠤᠰ ᠥᠪᠡᠷ ᠢ᠋ᠶ᠋ᠡᠨ ᠬᠦᠴᠦᠷᠬᠡᠭᠵᠢᠬᠦ ᠲᠤᠬᠠᠢ ᠰᠠᠨᠠᠭᠤᠯᠭ᠎ᠠ ᠳᠤᠷᠠᠳᠤᠭᠰᠠᠨ ᠪᠣᠯᠪᠠᠴᠤ ᠴᠢᠩ ᠦ᠋ᠨ ᠵᠠᠰᠠᠭ ᠤ᠋ᠨ ᠭᠠᠵᠠᠷ ᠦᠯᠦ ᠵᠥᠪᠰᠢᠶᠡᠷᠡᠵᠡᠢ᠃ ᠢᠩᠭᠢᠭᠡᠳ ᠲᠡᠷᠡ ᠴᠢᠩ ᠤᠯᠤᠰ ᠤ᠋ᠨ ᠹᠧᠣᠳᠠᠯ ᠤ᠋ᠨ ᠨᠣᠶᠠᠷᠬᠠᠯ ᠢ᠋ ᠲᠦᠯᠬᠢᠨ ᠤᠨᠠᠭᠠᠬᠤ ᠨᠢ ᠳᠤᠮᠳᠠᠳᠤ ᠤᠯᠤᠰ ᠤ᠋ᠨ ᠴᠣᠷ ᠤ᠋ᠨ ᠭᠠᠭᠴᠠ ᠵᠠᠮ ᠮᠥᠨ ᠭᠡᠰᠡᠨ ᠢ᠋ ᠲᠠᠨᠢᠵᠤ ᠲᠤᠰ ᠵᠢᠯ ᠦ᠋ᠨ11 ᠰᠠᠷ᠎ᠠ ᠳ᠋ᠤ᠌ ᠬᠥᠷᠥᠩᠭᠡᠲᠡᠨ ᠠᠩᠭᠢ ᠶ᠋ᠢᠨ ᠠᠩᠬᠠᠳᠠᠭᠴᠢ ᠬᠤᠪᠢᠰᠬᠠᠯᠲᠤ ᠪᠦᠯᠬᠦᠮ ᠪᠣᠯᠬᠤ《 ᠰᠢᠩ ᠵᠦᠩ ᠬᠤᠢ ᠡᠪᠯᠡᠯ》 ᠢ᠋ ᠪᠠᠢᠭᠤᠯᠵᠠᠢ᠃ ᠲᠡᠭᠦᠨ ᠦ᠌ ᠳᠠᠷᠠᠭ᠎ᠠ ᠭᠤᠸᠠᠩᠵᠧᠤ ᠳ᠋ᠤ᠌ ᠵᠡᠪᠰᠡᠭᠲᠦ ᠪᠣᠰᠤᠯᠭ᠎ᠠ ᠭᠠᠷᠭᠠᠵᠤ ᠬᠤᠪᠢᠰᠬᠠᠯ ᠤ᠋ᠨ ᠰᠠᠭᠤᠷᠢᠨ ᠪᠠᠢᠭᠤᠯᠬᠤ ᠪᠠᠷ ᠪᠠᠢᠭᠰᠠᠨ ᠳ᠋ᠤ᠌1895 ᠣᠨ ᠳ᠋ᠤ᠌ ᠨᠢᠭᠤᠴᠠ ᠵᠠᠳᠠᠷᠠᠭᠰᠠᠨ ᠠ᠋ᠴᠠ ᠴᠢᠩ ᠤᠯᠤᠰ ᠤ᠋ᠨ ᠵᠠᠰᠠᠭ ᠤ᠋ᠨ ᠭᠠᠵᠠᠷ ᠨᠢ ᠰᠦᠨ ᠵᠦᠩ ᠱᠠᠨ ᠢ᠋ ᠪᠠᠷᠢᠪᠴᠢᠯᠠᠬᠤ ᠪᠠᠷ ᠪᠦᠬᠦ ᠤᠯᠤᠰ ᠲᠤ᠌ ᠵᠠᠷᠯᠠᠵᠠᠢ᠃ ᠡᠢᠮᠦ ᠡᠴᠡ ᠰᠦᠨ ᠵᠦᠩ ᠱᠠᠨ ᠠᠷᠭ᠎ᠠ ᠪᠤᠰᠤ ᠭᠠᠳᠠᠭᠠᠳᠤ ᠳ᠋ᠤ᠌ ᠭᠠᠷᠴᠠᠢ᠃
ᠤᠯᠤᠰ ᠤ᠋ᠨ ᠪᠠᠢᠳᠠᠯ ᠡᠢᠮᠦ ᠪᠠᠢᠭ᠎ᠠ ᠦᠶ᠎ᠡ ᠳ᠋ᠦ᠍ ᠣᠷᠳᠣᠰ ᠤ᠋ᠨ ᠦᠦᠰᠢᠨ ᠬᠤᠰᠢᠭᠤᠨ ᠳ᠋ᠤ᠌1896 ᠣᠨ ᠳ᠋ᠤ᠌ ᠪᠠᠶᠠᠨᠰᠠᠢᠨ᠂ ᠫᠣᠩᠰᠣᠭ ᠨᠠᠷ ᠤ᠋ᠨ ᠳᠤᠭᠤᠢᠯᠠᠩ ᠪᠣᠰᠴᠤ᠂ ᠸᠠᠩ ᠨᠣᠶᠠᠨ ᠤ᠋ ᠤᠭ ᠤ᠋ᠨ ᠬᠤᠭᠤᠷᠰᠤᠨ ᠲᠠᠷᠢᠶᠠᠨ ᠤ᠋ ᠰᠠᠭᠤᠷᠢᠨ ᠳᠡᠭᠡᠷ᠎ᠡ ᠪᠠᠰᠠ ᠨᠡᠮᠡᠵᠦ ᠭᠠᠵᠠᠷ ᠲᠠᠯᠪᠢᠬᠤ ᠶ᠋ᠢ ᠡᠰᠡᠷᠭᠦᠴᠡᠭᠰᠡᠨ ᠢ᠋ ᠰᠢᠨᠡᠯᠡᠮ᠎ᠡ ᠬᠡᠳᠦᠢᠪᠡᠷ ᠸᠠᠩ ᠤ᠋ᠨ ᠣᠷᠳᠣᠨ ᠳ᠋ᠤ᠌ ᠪᠢᠴᠢᠭᠡᠴᠢ ᠶ᠋ᠢᠨ ᠠᠯᠪᠠ ᠲᠠᠢ ᠪᠠᠢᠭᠰᠠᠨ ᠴᠤ᠌ ᠨᠢᠭᠤᠴᠠ ᠪᠠᠷ ᠳᠤᠭᠤᠢᠯᠠᠩ ᠤ᠋ᠨ ᠠᠵᠢᠯᠯᠠᠭ᠎ᠠ ᠶ᠋ᠢ ᠳᠡᠮᠵᠢᠵᠦ ᠵᠢᠯᠣᠭᠣᠳᠤᠭᠰᠠᠨ ᠪᠠᠢᠵᠠᠢ᠃
1901 ᠣᠨ ᠳ᠋ᠤ᠌ ᠴᠢᠩ ᠤᠯᠤᠰ ᠤ᠋ᠨ ᠵᠠᠰᠠᠭ ᠤ᠋ᠨ ᠭᠠᠵᠠᠷ ᠠᠷᠭ᠎ᠠ ᠪᠤᠰᠤ ᠣᠷᠣᠰ᠂ ᠠᠩᠭ᠌ᠯᠢ᠂ ᠭᠧᠷᠮᠠᠨ᠂ ᠹᠷᠠᠨᠼᠢ᠂ ᠠᠮᠧᠷᠢᠺᠠ᠂ ᠶᠠᠫᠣᠨ᠂ ᠢᠲ᠋ᠠᠯᠢ᠂ ᠠᠦ᠋ᠰᠲ᠋ᠷᠠᠯᠢᠶ᠎ᠠ ᠵᠡᠷᠭᠡ ᠨᠠᠢ᠍ᠮᠠᠨ ᠤᠯᠤᠰ ᠲᠤ᠌ ᠲᠣᠯᠣᠭᠠᠢ ᠪᠥᠬᠥᠢᠵᠦ᠂ ᠤᠯᠤᠰ ᠢ᠋ᠶ᠋ᠠᠨ ᠭᠤᠲᠤᠭᠠᠭᠰᠠᠨ《ᠴᠠᠭᠠᠭᠴᠢᠨ ᠦᠬᠡᠷ ᠵᠢᠯ ᠦ᠋ᠨ ᠭᠡᠷ᠎ᠡ》 ᠶ᠋ᠢ ᠲᠣᠭᠲᠠᠭᠠᠵᠠᠢ᠃ ᠡᠨᠡ ᠨᠢ ᠡᠵᠡᠷᠬᠡᠭ ᠲᠦᠷᠢᠮᠡᠬᠡᠢᠲᠡᠨ ᠤᠯᠤᠰ ᠤ᠋ᠳ ᠳᠤᠮᠳᠠᠳᠤ ᠤᠯᠤᠰ ᠠ᠋ᠴᠠ ᠮᠤᠨᠳᠠᠭ ᠶᠡᠬᠡ ᠲᠥᠯᠥᠪᠦᠷᠢ ᠵᠣᠭᠣᠰ ᠢ᠋ ᠬᠢᠬᠠᠨ ᠮᠥᠯᠵᠢᠵᠦ᠂ ᠡᠨᠡ ᠨᠢ ᠡᠬᠡ ᠬᠦᠦ ᠲᠡᠢ ᠪᠡᠨ9.8 ᠳ᠋ᠦᠩᠰᠢᠭᠤᠷ ᠯᠠᠩ ᠴᠠᠭᠠᠨ ᠮᠥᠩᠭᠥ ᠬᠦᠷᠦᠭᠰᠡᠨ ᠢ᠋ ᠳᠤᠮᠳᠠᠳᠤ ᠤᠯᠤᠰ ᠤ᠋ᠨ ᠠᠷᠠᠳ ᠲᠦᠮᠡᠨ ᠳ᠋ᠦ᠍ ᠨᠦᠰᠡᠷ ᠬᠦᠨᠳᠦ ᠰᠢᠨ᠎ᠡ ᠳᠠᠷᠤᠭᠠᠰᠤ ᠶ᠋ᠢ ᠨᠡᠮᠡᠭᠳᠡᠭᠦᠯᠵᠦ᠂ ᠴᠢᠩ ᠤᠯᠤᠰ ᠤ᠋ᠨ ᠵᠠᠰᠠᠭ ᠤ᠋ᠨ ᠭᠠᠵᠠᠷ ᠨᠢ ᠡᠵᠡᠷᠬᠡᠭ ᠲᠦᠷᠢᠮᠡᠬᠡᠢᠲᠡᠨ ᠤᠯᠤᠰ ᠳᠤᠮᠳᠠᠳᠤ ᠤᠯᠤᠰ ᠢ᠋ ᠨᠣᠶᠠᠷᠬᠠᠬᠤ ᠪᠠᠭᠠᠵᠢ ᠪᠣᠯᠵᠤ ᠳᠤᠮᠳᠠᠳᠤ ᠤᠯᠤᠰ ᠢ᠋ ᠨᠢᠭᠡ ᠯᠡ ᠳᠣᠣᠷ᠎ᠠ ᠨᠢᠭᠡᠮᠦᠰᠦᠨ ᠬᠠᠭᠠᠰ ᠺᠣᠯᠣᠨᠢ ᠬᠠᠭᠠᠰ ᠹᠧᠣᠳᠠᠯ ᠤ᠋ᠨ ᠬᠠᠷᠠᠩᠭᠤᠢ ᠢᠷᠣᠭᠠᠷ ᠲᠤ᠌ ᠲᠦᠯᠬᠢᠨ ᠣᠷᠣᠭᠤᠯᠵᠠᠢ᠃
ᠰᠢᠨᠡᠯᠡᠮ᠎ᠡ1902 ᠣᠨ ᠳ᠋ᠤ᠌ ᠦᠦᠰᠢᠨ ᠨᠣᠶᠠᠨ ᠤ᠋ ᠵᠠᠬᠢᠶ᠎ᠠ ᠪᠠᠷ ᠰᠢ ᠠᠨ᠂ ᠲᠠᠢᠶᠤᠸᠠᠨ᠂ ᠪᠡᠭᠡᠵᠢᠩ ᠵᠡᠷᠭᠡ ᠶᠡᠬᠡ ᠬᠣᠲᠠ ᠪᠠᠷ ᠠᠯᠪᠠ ᠭᠦᠢᠴᠡᠳᠬᠡᠵᠦ ᠶᠠᠪᠤᠬᠤ ᠳ᠋ᠠᠭᠠᠨ᠂ ᠴᠢᠩ ᠦ᠋ᠨ ᠵᠠᠰᠠᠭ ᠤ᠋ᠨ ᠭᠠᠵᠠᠷ ᠤ᠋ᠨ ᠦᠭᠡᠨᠴᠡ ᠳᠣᠷᠣᠢ ᠶ᠋ᠢ ᠨᠢᠳᠦ ᠪᠡᠷ ᠢ᠋ᠶ᠋ᠡᠨ ᠦᠵᠡᠵᠦ ᠴᠢᠬᠢ ᠪᠡᠷ ᠰᠣᠨᠣᠰᠴᠤ ᠤᠯᠤᠰ ᠦᠨᠳᠦᠰᠦᠲᠡᠨ ᠢ᠋ᠶ᠋ᠡᠨ ᠠᠪᠤᠷᠠᠬᠤ ᠠᠷᠠᠳᠴᠢᠯᠠᠭᠰᠠᠨ ᠦᠵᠡᠯ ᠰᠠᠨᠠᠭ᠎ᠠ ᠪᠣᠢ ᠪᠣᠯᠵᠤ᠂1903 ᠣᠨ ᠳ᠋ᠤ᠌ ᠬᠤᠰᠢᠭᠤᠨ ᠳ᠋ᠠᠭᠠᠨ ᠪᠤᠴᠠᠨ ᠢᠷᠡᠵᠡᠢ᠃
ᠡᠨᠡ ᠦᠶ᠎ᠡ ᠳ᠋ᠦ᠍ ᠰᠥᠩ ᠵᠦᠩ ᠱᠠᠨ ᠠᠷᠭ᠎ᠠ ᠪᠤᠰᠤ1905 ᠣᠨ ᠳ᠋ᠤ᠌ ᠶᠠᠫᠣᠨ ᠤ᠋ ᠳᠣᠣᠺᠢᠦ ᠬᠣᠲᠠ ᠳ᠋ᠤ᠌ ᠣᠴᠢᠵᠤ ᠨᠡᠷ᠎ᠡ ᠠᠯᠳᠠᠷᠰᠢᠭᠰᠠᠨ《 ᠲᠦᠩ ᠮᠧᠩ ᠬᠤᠢ ᠡᠪᠯᠡᠯ》 ᠢ᠋ ᠪᠠᠢᠭᠤᠯᠵᠤ ᠰᠠᠨᠮᠢᠨ ᠦᠵᠡᠯ ᠢ᠋ ᠳᠤᠷᠠᠳᠴᠠᠢ᠃
ᠰᠢᠨᠡᠯᠡᠮ᠎ᠡ᠂ ᠪᠠᠳᠠᠷᠠᠭᠤᠯᠲᠤ ᠲᠥᠷᠥ ᠶ᠋ᠢᠨ ᠬᠣᠷᠢᠨ ᠳᠣᠯᠣᠳᠤᠭᠠᠷ ᠣᠨ ᠠ᠋ᠴᠠ ᠬᠡᠪᠲᠦ ᠶᠣᠰᠣ ᠶ᠋ᠢᠨ ᠠᠩᠬᠠᠳᠤᠭᠠᠷ(1901~1909) ᠣᠨ ᠤ᠋ ᠵᠢᠯ ᠦ᠋ᠳ ᠲᠦ᠍᠂ ᠦᠦᠰᠢᠨ ᠬᠤᠰᠢᠭᠤᠨ ᠤ᠋ ᠵᠠᠰᠠᠭ ᠨᠣᠶᠠᠨ ᠴᠠᠭᠳᠤᠷᠰᠡᠷᠡᠩ ᠡᠴᠡ ᠮᠠᠨᠵᠤ ᠰᠠᠢᠳ ᠢ ᠬᠦ ᠵᠠᠩᠵᠤᠨ ᠳ᠋ᠤ᠌《 ᠪᠦᠬᠦ ᠬᠣᠰᠢᠭᠤ ᠪᠠᠷ ᠢ᠋ᠶ᠋ᠠᠨ ᠨᠡᠢᠳᠡᠮ ᠠᠲᠠᠷ ᠬᠠᠭᠠᠯᠪᠤᠷᠢᠯᠠᠬᠤ》 ᠭᠡᠰᠡᠨ ᠢ᠋ ᠡᠰᠡᠷᠭᠦᠴᠡᠭᠰᠡᠨ ᠦᠦᠰᠢᠨ ᠬᠤᠰᠢᠭᠤᠨ ᠤ᠋ ᠠᠷᠪᠠᠨ ᠬᠣᠶᠠᠷ ᠳᠤᠭᠤᠢᠯᠠᠩ(ᠬᠡᠷᠡᠭ ᠳᠡᠭᠡᠷ᠎ᠡ ᠪᠡᠨ ᠪᠦᠬᠦ ᠬᠣᠰᠢᠭᠤ ᠪᠠᠷ ᠢ᠋ᠶ᠋ᠠᠨ) ᠤ᠋ ᠭᠣᠣᠯ ᠠᠷᠤ ᠲᠣᠬᠢᠭᠴᠢ ᠪᠣᠯᠵᠤ ᠮᠠᠯᠴᠢᠨ ᠲᠦᠮᠡᠨ ᠦ᠌ ᠠᠷᠠᠳᠴᠢᠯᠠᠯᠲᠤ ᠦᠵᠡᠯ ᠰᠠᠨᠠᠭ᠎ᠠ ᠶ᠋ᠢ ᠳᠠᠢᠴᠢᠯᠠᠭᠰᠠᠨ ᠪᠠᠢᠨ᠎ᠠ᠃
1911 ᠣᠨ ᠤ᠋11 ᠰᠠᠷ᠎ᠠ ᠶ᠋ᠢᠨ ᠰᠡᠭᠦᠯᠴᠢ ᠪᠡᠷ ᠪᠦᠬᠦ ᠤᠯᠤᠰ ᠤ᠋ᠨ25 ᠮᠣᠵᠢ ᠶ᠋ᠢᠨ15 ᠨᠢ ᠲᠤᠰᠠᠭᠠᠷᠯᠠᠭᠰᠠᠨ ᠢ᠋ᠶ᠋ᠠᠨ ᠲᠤᠩᠬᠠᠭᠯᠠᠵᠤ᠂ ᠴᠢᠩ ᠤᠯᠤᠰ ᠤ᠋ᠨ ᠨᠣᠶᠠᠷᠬᠠᠯ ᠰᠤᠢᠷᠠᠨ ᠨᠤᠷᠠᠬᠤ ᠶ᠋ᠢ ᠦᠴᠡᠩ ᠦ᠋ᠨ ᠪᠣᠰᠤᠯᠭ᠎ᠠ ᠳᠣᠬᠢᠶ᠎ᠠ ᠲᠠᠯᠪᠢᠯ᠎ᠠ᠃1912 ᠣᠨ ᠤ᠋1 ᠰᠠᠷ᠎ᠠ ᠶ᠋ᠢᠨ1 ᠳ᠋ᠦ᠍ ᠰᠦᠨ ᠵᠦᠩ ᠱᠠᠨ ᠨᠠᠨᠵᠢᠩ ᠳ᠋ᠤ᠌ ᠲᠤᠰᠢᠶᠠᠯ ᠬᠦᠯᠢᠶᠡᠨ᠂ ᠳᠤᠮᠳᠠᠳᠤ ᠢᠷᠭᠡᠨ ᠤᠯᠤᠰ ᠤ᠋ᠨ ᠵᠢᠩᠬᠢᠨᠢ ᠪᠡᠷ ᠪᠠᠢᠭᠤᠯᠤᠭᠳᠠᠭᠰᠠᠨ ᠢ᠋ ᠲᠤᠩᠬᠠᠭᠯᠠᠵᠤ ᠲᠦᠷ ᠴᠠᠭ ᠤ᠋ᠨ ᠶᠡᠬᠡ ᠶᠡᠷᠦᠩᠬᠡᠢᠯᠡᠭᠴᠢ ᠰᠦᠨ ᠵᠦᠩ ᠱᠠᠨ ᠠ᠋ᠴᠠ《ᠮᠠᠨᠵᠤ ᠴᠢᠩ ᠦ᠋ᠨ ᠡᠵᠡᠷᠬᠡᠭ ᠵᠠᠰᠠᠭ ᠢ᠋ ᠨᠤᠷᠠᠭᠠᠵᠤ ᠳᠤᠮᠳᠠᠳᠤ ᠢᠷᠭᠡᠨ ᠤᠯᠤᠰ ᠢ᠋ ᠪᠡᠬᠢᠵᠢᠭᠦᠯᠦᠨ ᠠᠷᠠᠳ ᠢᠷᠭᠡᠳ ᠦ᠋ᠨ ᠵᠣᠯ ᠵᠢᠷᠭᠠᠯ ᠤ᠋ᠨ ᠲᠥᠯᠥᠭᠡ ᠵᠢᠳᠬᠦᠨ᠎ᠡ》 ᠭᠡᠵᠦ ᠲᠠᠩᠭᠠᠷᠢᠭᠯᠠᠭᠰᠠᠨ ᠪᠠᠢᠨ᠎ᠠ᠃ ᠰᠦᠨ ᠵᠦᠩ ᠱᠠᠨ ᠤ᠋ ᠤᠳᠤᠷᠢᠳᠤᠭᠰᠠᠨ ᠴᠠᠭᠠᠭᠴᠢᠨ ᠭᠠᠬᠠᠢ ᠵᠢᠯ ᠦ᠋ᠨ ᠬᠤᠪᠢᠰᠬᠠᠯ ᠪᠣᠯ ᠳᠤᠮᠳᠠᠳᠤ ᠤᠯᠤᠰ ᠤ᠋ᠨ ᠣᠢᠷ᠎ᠠ ᠦᠶ᠎ᠡ ᠶ᠋ᠢᠨ ᠲᠡᠦᠬᠡᠨ ᠳ᠋ᠡᠬᠢ ᠡᠵᠡᠷᠬᠡᠭ ᠲᠦᠷᠢᠮᠡᠬᠡᠢᠲᠡᠨ ᠪᠠ ᠹᠧᠣᠳᠠᠯ ᠶᠣᠰᠣ ᠶ᠋ᠢ ᠡᠰᠡᠷᠭᠦᠴᠡᠭᠰᠡᠨ ᠨᠢᠭᠡᠨ ᠤᠳᠠᠭᠠᠨ ᠤ᠋ ᠬᠥᠷᠥᠩᠭᠡᠲᠡᠨ ᠠᠩᠭᠢ ᠶ᠋ᠢᠨ ᠠᠷᠠᠳᠴᠢᠯᠠᠭᠰᠠᠨ ᠬᠤᠪᠢᠰᠬᠠᠯ ᠮᠥᠨ᠃ ᠲᠡᠷᠡ ᠨᠢ ᠳᠤᠮᠳᠠᠳᠤ ᠤᠯᠤᠰ ᠲᠤ᠌ ᠬᠣᠶᠠᠷ ᠮᠢᠩᠭ᠎ᠠ ᠭᠠᠷᠤᠢ ᠵᠢᠯ ᠦᠷᠭᠦᠯᠵᠢᠯᠡᠭᠰᠡᠨ ᠬᠠᠭᠠᠨᠲᠤ ᠶᠣᠰᠣ ᠶ᠋ᠢ ᠲᠦᠯᠬᠢᠨ ᠤᠨᠠᠭᠠᠵᠤ ᠬᠥᠷᠥᠩᠭᠡᠲᠡᠨ ᠠᠩᠭᠢ ᠶ᠋ᠢᠨ ᠠᠷᠠᠳᠴᠢᠯᠠᠭᠰᠠᠨ ᠪᠦᠭᠦᠳᠡ ᠨᠠᠢᠷᠠᠮᠳᠠᠬᠤ ᠤᠯᠤᠰ ᠢ᠋ ᠪᠠᠢᠭᠤᠯᠵᠠᠢ᠃
ᠰᠢᠨᠡᠯᠡᠮ᠎ᠡ ᠬᠡᠪᠲᠦ ᠶᠣᠰᠣ ᠶ᠋ᠢᠨ ᠭᠤᠷᠪᠠᠳᠤᠭᠠᠷ ᠣᠨ(1911) ᠳ᠋ᠦ᠍ ᠥᠪᠡᠷ ᠦ᠋ᠨ ᠪᠡᠶ᠎ᠡ ᠪᠡᠨ ᠰᠢᠨᠠᠯᠠᠮ᠎ᠠ ᠪᠣᠯᠴᠢᠬᠠᠯ᠎ᠠ(ᠡᠮᠦᠨ᠎ᠡ ᠳ᠋ᠡᠭᠡᠨ ᠦᠯᠵᠡᠢᠵᠢᠷᠭᠠᠯ ᠭᠡᠵᠦ ᠪᠠᠢᠵᠠᠢ) ᠭᠡᠳ ᠬᠣᠰᠢᠭᠤ ᠵᠠᠰᠠᠭ ᠨᠣᠶᠠᠨ ᠤ᠋ ᠥᠷᠥᠰᠢᠶᠡᠨ ᠬᠠᠢᠷᠠᠯᠠᠭᠰᠠᠨ《ᠵᠠᠯᠠᠨ ᠵᠠᠩᠭᠢ》 ᠶ᠋ᠢᠨ ᠵᠡᠷᠭᠡ ᠶ᠋ᠢ ᠬᠦᠯᠢᠶᠡᠭᠰᠡᠨ ᠦᠭᠡᠢ ᠪᠥᠭᠡᠳ ᠢᠯᠡ ᠪᠡᠷ ᠪᠦᠬᠦ ᠬᠤᠰᠢᠭᠤᠨ ᠳ᠋ᠤ᠌ ᠠᠷᠪᠠᠨ ᠨᠢᠭᠡᠨ ᠳᠤᠭᠤᠢᠯᠠᠩ ᠢ᠋ ᠵᠣᠬᠢᠶᠠᠨ ᠪᠠᠢᠭᠤᠯᠵᠤ᠂ ᠳᠤᠭᠤᠢᠯᠠᠩ ᠤ᠋ᠨ ᠲᠥᠯᠥᠭᠡᠯᠡᠭᠴᠢᠳ ᠦ᠋ᠨ ᠬᠤᠷᠠᠯ ᠢ᠋ ᠬᠤᠷᠠᠯᠳᠤᠭᠤᠯᠵᠤ《ᠣᠯᠠᠨ ᠤ᠋ ᠵᠥᠪᠯᠡᠯ》 ᠬᠡᠮᠡᠬᠦ ᠳᠠᠪᠰᠢᠭᠰᠠᠨ ᠤᠳᠤᠷᠢᠳᠬᠤ ᠪᠠᠢᠭᠤᠯᠤᠮᠵᠢ ᠶ᠋ᠢ ᠣᠯᠠᠨ ᠲᠦᠮᠡᠨ ᠦ᠌ ᠳᠤᠮᠳᠠ ᠠ᠋ᠴᠠ ᠰᠣᠩᠭᠣᠨ ᠪᠦᠷᠢᠯᠳᠦᠭᠦᠯᠵᠡᠢ᠃ ᠡᠨᠡ ᠬᠦ᠌《ᠣᠯᠠᠨ ᠤ᠋ ᠵᠥᠪᠯᠡᠯ》 ᠨᠢ ᠬᠣᠷᠢᠭᠠᠳ ᠵᠢᠯ ᠦᠦᠰᠢᠨ ᠬᠤᠰᠢᠭᠤᠨ ᠳ᠋ᠤ᠌ ᠲᠤᠩ ᠶᠡᠬᠡ ᠦᠢᠯᠡᠳᠦᠯ ᠦᠵᠡᠭᠦᠯᠵᠦ ᠬᠣᠰᠢᠭᠤ ᠵᠠᠰᠠᠭ ᠢ᠋ ᠣᠷᠣᠯᠠᠵᠤ ᠣᠯᠠᠨ ᠲᠦᠮᠡᠨ ᠦ᠌ ᠰᠢᠨ᠎ᠡ ᠨᠢᠭᠡᠨ ᠤᠳᠤᠷᠢᠳᠬᠤ ᠪᠠᠭ ᠪᠣᠯᠤᠭᠰᠠᠭᠠᠷ ᠢᠷᠡᠵᠡᠢ᠃ ᠰᠢᠨᠠᠯᠠᠮ᠎ᠠ ᠤᠭ ᠤ᠋ᠨ ᠳᠤᠭᠤᠢᠯᠠᠩ ᠤ᠋ᠨ ᠬᠥᠳᠡᠯᠭᠡᠭᠡᠨ ᠳ᠋ᠦ᠍ ᠥᠭᠡᠷᠡᠴᠢᠯᠡᠯᠲᠡ ᠰᠢᠨᠡᠴᠢᠯᠡᠯᠲᠡ ᠬᠢᠵᠦ ᠵᠣᠬᠢᠶᠠᠨ ᠪᠠᠢᠭᠤᠯᠤᠯᠲᠠ ᠲᠠᠢ᠂ ᠤᠳᠤᠷᠢᠳᠬᠤ ᠪᠠᠢᠭᠤᠯᠤᠮᠵᠢ ᠲᠠᠢ᠂ ᠠᠯᠤᠰ ᠬᠣᠯᠠ ᠶ᠋ᠢᠨ ᠲᠡᠮᠡᠴᠡᠬᠦ ᠬᠠᠷᠠᠯᠲᠠ ᠲᠠᠢ᠂ ᠴᠢᠩᠭ᠎ᠠ ᠨᠢᠮᠪᠠᠢ ᠳᠦᠷᠢᠮ ᠲᠣᠭᠲᠠᠭᠠᠯ ᠲᠠᠢ᠂ ᠠᠯᠪᠠᠨ ᠡᠷᠬᠢᠯᠡᠬᠦ ᠭᠠᠵᠠᠷ ᠲᠠᠢ᠂ ᠬᠠᠮᠠᠭᠠᠯᠠᠬᠤ ᠴᠡᠷᠢᠭ ᠠᠩᠭᠢ ᠲᠠᠢ᠂ ᠮᠠᠯᠴᠢᠨ ᠠᠷᠠᠳ ᠲᠦᠮᠡᠨ ᠦ᠌ ᠠᠰᠢᠭ ᠲᠤᠰᠠ ᠶ᠋ᠢᠨ ᠲᠥᠯᠥᠭᠡ ᠦᠷᠭᠦᠯᠵᠢ ᠬᠥᠳᠡᠯᠭᠡᠭᠡᠨ ᠬᠢᠳᠡᠭ ᠳᠤᠭᠤᠢᠯᠠᠩ ᠪᠣᠯᠭᠠᠵᠤ᠂ ᠤᠭ ᠤ᠋ᠨ ᠳᠠᠩ ᠭᠠᠭᠴᠠ(1928 ᠣᠨ ᠠ᠋ᠴᠠ ᠬᠣᠢᠰᠢᠬᠢ ᠦᠦᠰᠢᠨ ᠬᠤᠰᠢᠭᠤᠨ ᠳ᠋ᠤ᠌ ᠣᠯᠠᠨ ᠤᠳᠠᠭ᠎ᠠ ᠥᠷᠨᠢᠭᠰᠡᠨ ᠳᠤᠭᠤᠢᠯᠠᠩ ᠢ᠋ ᠵᠢᠭᠠᠵᠤ ᠪᠣᠢ) ᠨᠤᠲᠤᠭ ᠪᠡᠯᠴᠢᠭᠡᠷ ᠢ᠋ᠶ᠋ᠡᠨ ᠬᠤᠳᠠᠯᠳᠤᠬᠤ ᠶ᠋ᠢ ᠡᠰᠡᠷᠭᠦᠴᠡᠳᠡᠭ ᠳᠤᠭᠤᠢᠯᠠᠩ ᠪᠠᠢᠭᠰᠠᠨ ᠠ᠋ᠴᠠ ᠪᠠᠨ ᠹᠧᠣᠳᠠᠯ ᠤ᠋ᠨ ᠨᠣᠶᠠᠷᠬᠠᠯ ᠢ᠋ ᠡᠰᠡᠷᠭᠦᠴᠡᠭᠰᠡᠨ ᠲᠠᠪᠰᠢᠭᠰᠠᠨ ᠵᠣᠬᠢᠶᠠᠨ ᠪᠠᠢᠭᠤᠯᠤᠯᠲᠠ ᠪᠣᠯᠵᠤ᠂ ᠬᠡᠳᠦᠢᠪᠡᠷ ᠲᠤᠬᠠᠢ ᠶ᠋ᠢᠨ ᠲᠡᠷᠡ ᠦᠶ᠎ᠡ ᠳ᠋ᠦ᠍ ᠰᠦᠨ ᠵᠦᠩ ᠱᠠᠨ ᠲᠠᠢ ᠰᠢᠭᠤᠳ ᠬᠠᠷᠢᠴᠠᠭ᠎ᠠ ᠪᠠᠢᠭᠰᠠᠨ ᠦᠭᠡᠢ ᠪᠣᠯᠪᠠᠴᠤ ᠰᠢᠨᠡᠯᠡᠮ᠎ᠡ ᠰᠢᠭᠤᠳ ᠤᠳᠤᠷᠢᠳᠤᠭᠰᠠᠨ ᠡᠨᠡ ᠬᠦ᠌ ᠠᠷᠪᠠᠨ ᠨᠢᠭᠡᠨ ᠳᠤᠭᠤᠢᠯᠠᠩ ᠤ᠋ᠨ ᠠᠵᠢᠯᠯᠠᠭᠠᠨ ᠨᠢ ᠴᠠᠭᠠᠭᠴᠢᠨ ᠭᠠᠬᠠᠢ ᠵᠢᠯ ᠦ᠋ᠨ ᠬᠤᠪᠢᠰᠬᠠᠯ ᠤ᠋ᠨ ᠨᠢᠭᠡᠨ ᠪᠦᠷᠢᠯᠳᠦᠬᠦᠨ ᠬᠡᠰᠡᠭ ᠨᠢ ᠪᠣᠯᠤᠭᠰᠠᠨ ᠶᠤᠮ᠃
ᠴᠠᠭᠠᠭᠴᠢᠨ ᠭᠠᠬᠠᠢ ᠵᠢᠯ ᠦ᠋ᠨ ᠬᠤᠪᠢᠰᠬᠠᠯ ᠬᠡᠳᠦᠢᠪᠡᠷ ᠢᠯᠠᠯᠲᠠ ᠣᠯᠤᠭᠰᠠᠨ ᠪᠣᠯᠪᠠᠴᠤ ᠳᠤᠮᠳᠠᠳᠤ ᠤᠯᠤᠰ ᠤ᠋ᠨ ᠲᠤᠬᠠᠢ ᠶ᠋ᠢᠨ ᠲᠡᠷᠡ ᠦᠶ᠎ᠡ ᠶ᠋ᠢᠨ ᠬᠥᠷᠥᠩᠭᠡᠲᠡᠨ ᠠᠩᠭᠢ ᠶ᠋ᠢᠨ ᠵᠠᠷᠢᠮ ᠳᠣᠷᠣᠢ ᠪᠠᠭᠤᠷᠠᠢ ᠴᠢᠨᠠᠷ ᠪᠠ ᠬᠢᠵᠠᠭᠠᠷᠲᠤ ᠪᠠᠢᠳᠠᠯ ᠠ᠋ᠴᠠ ᠪᠣᠯᠵᠤ ᠳᠤᠮᠳᠠᠳᠤ ᠤᠯᠤᠰ ᠤ᠋ᠨ ᠬᠠᠭᠠᠰ ᠺᠣᠯᠣᠨᠢ ᠪᠠ ᠬᠠᠭᠠᠰ ᠹᠧᠣᠳᠠᠯ ᠤ᠋ᠨ ᠨᠡᠢᠭᠡᠮ ᠦ᠋ᠨ ᠰᠢᠨᠵᠢ ᠴᠢᠨᠠᠷ ᠢ᠋ ᠬᠤᠪᠢᠷᠠᠭᠤᠯᠵᠤ ᠴᠢᠳᠠᠭᠰᠠᠨ ᠦᠭᠡᠢ ᠪᠠᠢᠵᠠᠢ᠃
ᠰᠢᠨᠠᠯᠠᠮ᠎ᠠ1916 ᠣᠨ ᠳ᠋ᠤ᠌ ᠳᠤᠭᠤᠢᠯᠠᠩ ᠤ᠋ᠨ ᠴᠡᠪᠡᠷ ᠴᠢᠨᠠᠷ ᠪᠠ ᠠᠷᠢᠭᠤᠨ ᠴᠢᠭᠴᠢ ᠪᠣᠯᠭᠠᠬᠤ ᠶ᠋ᠢᠨ ᠲᠤᠰᠠᠳᠠ ᠨᠡᠷ᠎ᠡ ᠠᠯᠳᠠᠷᠰᠢᠭᠰᠠᠨ《ᠳᠠᠯᠠᠨ ᠠᠨᠳᠠ ᠶ᠋ᠢᠨ ᠳᠤᠭᠤᠢᠯᠠᠩ》 ᠢ᠋ ᠪᠠᠢᠭᠤᠯᠵᠤ᠂ ᠠᠷᠠᠳ ᠲᠦᠮᠡᠨ ᠦ᠌ ᠦᠨᠳᠦᠰᠦᠨ ᠠᠰᠢᠭ ᠲᠤᠰᠠ ᠶ᠋ᠢᠨ ᠲᠥᠯᠥᠭᠡ ᠠᠮᠢ ᠪᠡᠶ᠎ᠡ ᠪᠡᠨ ᠴᠥᠯᠡᠬᠦ ᠪᠡᠷ ᠠᠬ᠎ᠠ ᠳᠡᠭᠦᠦ ᠪᠣᠯᠵᠤ ᠲᠠᠩᠭᠠᠷᠢᠭᠯᠠᠭᠰᠠᠨ ᠪᠠᠢᠨ᠎ᠠ᠃
ᠰᠢᠨᠡᠯᠡᠮ᠎ᠡ ᠦᠦᠰᠢᠨ ᠨᠣᠶᠠᠨ ᠤ᠋ ᠬᠠᠲᠤᠨ ᠨᠠᠷᠠᠨᠭᠡᠷᠡᠯ ᠦ᠋ᠨ ᠶᠠᠯᠠᠲᠤ ᠠᠵᠢᠯᠯᠠᠭ᠎ᠠ ᠶ᠋ᠢ ᠴᠢᠭᠤᠯᠭᠠᠨ ᠤ᠋ ᠭᠠᠵᠠᠷ ᠵᠠᠭᠠᠯᠳᠤᠵᠤ ᠪᠠᠢᠭᠠᠳ᠂ ᠲᠡᠭᠦᠨ ᠦ᠌ ᠮᠠᠨᠵᠤ ᠴᠢᠩ ᠡᠴᠡ ᠡᠷᠭᠦᠮᠵᠢᠯᠡᠭᠰᠡᠨ《ᠨᠠᠪᠴᠢᠲᠤ ᠡᠷᠭᠦᠮᠵᠢᠯᠡᠯᠲᠦ ᠭᠣᠣᠮᠢᠩ ᠬᠠᠲᠤᠨ》 ᠤ᠋ ᠵᠡᠷᠭᠡ ᠴᠣᠯᠠ ᠶ᠋ᠢ ᠲᠠᠭᠠᠷᠢᠭᠤᠯᠤᠭᠰᠠᠨ᠂ ᠳᠠᠷᠠᠭ᠎ᠠ ᠵᠢᠯ ᠨᠢ ᠦᠦᠰᠢᠨ ᠨᠣᠶᠠᠨ ᠴᠠᠭᠳᠤᠷᠰᠡᠷᠡᠩ ᠦ᠋ᠨ ᠶᠠᠯᠠᠲᠤ ᠠᠵᠢᠯᠯᠠᠭ᠎ᠠ ᠶ᠋ᠢ ᠪᠠᠰᠠ ᠳᠡᠭᠡᠭᠰᠢ ᠵᠠᠭᠠᠯᠳᠤᠵᠤ ᠪᠠᠢᠭᠠᠳ ᠵᠠᠰᠠᠭ ᠨᠣᠶᠠᠨ ᠠ᠋ᠴᠠ ᠨᠢ ᠪᠠᠭᠤᠯᠭᠠᠵᠤ᠂1916 ᠣᠨ ᠳ᠋ᠤ᠌ ᠰᠤᠯᠠ ᠬᠠᠲᠤᠨ ᠨᠠᠷᠠᠨᠭᠡᠷᠡᠯ ᠢ᠋ ᠤᠷᠠᠨ ᠠᠷᠭ᠎ᠠ ᠪᠠᠷ ᠨᠢᠭᠤᠴᠠ ᠪᠠᠷ ᠬᠣᠣᠷᠯᠠᠭᠰᠠᠨ ᠪᠠᠢᠨ᠎ᠠ᠃ ᠢᠩᠭᠢᠭᠡᠳ ᠮᠠᠯᠴᠢᠨ ᠠᠷᠠᠳ ᠲᠦᠮᠡᠨ ᠦ᠌ ᠰᠡᠳᠬᠢᠯ ᠰᠠᠨᠠᠭ᠎ᠠ ᠶ᠋ᠢ ᠲᠣᠭᠲᠠᠭᠤᠨ ᠪᠣᠯᠭᠠᠵᠠᠢ᠃
ᠡᠳᠡᠭᠡᠷ ᠪᠦᠬᠦᠨ ᠨᠢ ᠬᠠᠭᠤᠴᠢᠨ ᠠᠷᠠᠳᠴᠢᠯᠠᠭᠰᠠᠨ ᠬᠤᠪᠢᠰᠬᠠᠯ ᠤ᠋ᠨ ᠦᠶ᠎ᠡ ᠳ᠋ᠡᠬᠢ ᠰᠢᠨᠡᠯᠡᠮ᠎ᠡ ᠶ᠋ᠢᠨ ᠭᠢᠯᠠᠯᠵᠠᠭᠰᠠᠨ ᠦᠢᠯᠡ ᠶᠠᠪᠤᠳᠠᠯ ᠤ᠋ᠳ ᠪᠣᠯᠤᠨ᠎ᠠ᠃
ᠯᠢ ᠳᠡ ᠵᠣᠣ ᠪᠣᠯ ᠳᠤᠮᠳᠠᠳᠤ ᠤᠯᠤᠰ ᠤ᠋ᠨ ᠬᠠᠮᠤᠭ ᠤ᠋ᠨ ᠡᠷᠲᠡ ᠦᠶ᠎ᠡ ᠶ᠋ᠢᠨ ᠮᠠᠷᠺᠰ ᠤ᠋ᠨ ᠦᠵᠡᠯᠲᠡᠨ ᠪᠣᠯᠬᠤ ᠪᠥᠭᠡᠳ ᠦᠭᠡᠢᠭᠦᠦ ᠠᠩᠭᠢ ᠶ᠋ᠢᠨ ᠬᠤᠪᠢᠰᠬᠠᠯᠴᠢ᠂ ᠳᠤᠮᠳᠠᠳᠤ ᠤᠯᠤᠰ ᠤ᠋ᠨ ᠡᠪ ᠬᠠᠮᠲᠤ ᠨᠠᠮ ᠢ᠋ ᠡᠭᠦᠰᠬᠡᠨ ᠪᠠᠢᠭᠤᠯᠤᠭᠴᠢ ᠶ᠋ᠢᠨ ᠨᠢᠭᠡ ᠶᠦᠮ᠃ ᠯᠢ ᠳᠡ ᠵᠣᠣ ᠵᠠᠯᠠᠭᠤ ᠶ᠋ᠢᠨ ᠦᠶ᠎ᠡ ᠳ᠋ᠡᠭᠡᠨ ᠶᠤᠸᠠᠨ ᠱᠢ ᠺᠠᠢ ᠶ᠋ᠢ ᠡᠰᠡᠷᠭᠦᠴᠡᠵᠦ ᠥᠩᠭᠡᠷᠡᠭᠰᠡᠨ ᠪᠠᠢᠵᠠᠢ᠃ ᠲᠡᠷᠡ ᠠᠷᠪᠠᠨ ᠰᠠᠷ᠎ᠠ ᠶ᠋ᠢᠨ ᠬᠤᠪᠢᠰᠬᠠᠯ ᠤ᠋ᠨ ᠦᠶ᠎ᠡ ᠳ᠋ᠦ᠍ ᠣᠷᠣᠰ ᠲᠤ᠌ ᠶᠠᠪᠤᠵᠤ ᠥᠩᠭᠡᠷᠡᠵᠡᠢ᠃1919 ᠣᠨ ᠳ᠋ᠤ᠌ ᠪᠡᠭᠡᠵᠢᠩ ᠦ᠋ᠨ ᠨᠣᠮ ᠤ᠋ᠨ ᠰᠠᠩ ᠳ᠋ᠤ᠌ ᠡᠷᠬᠢᠯᠡᠭᠴᠢ ᠫᠷᠣᠹᠧᠰᠰᠣᠷ ᠪᠠᠢᠬᠤ ᠳ᠋ᠠᠭᠠᠨ《ᠰᠢᠨ᠎ᠡ ᠵᠠᠯᠠᠭᠤᠴᠤᠳ》 ᠰᠡᠳᠬᠦᠯ ᠦ᠋ᠨ ᠨᠠᠢᠷᠠᠭᠤᠯᠤᠭᠴᠢ ᠪᠠᠢᠬᠤ ᠬᠤᠭᠤᠴᠠᠭᠠᠨ ᠳ᠋ᠠᠭᠠᠨ ᠣᠷᠣᠰ ᠤ᠋ᠨ ᠠᠷᠪᠠᠨ ᠰᠠᠷ᠎ᠠ ᠶ᠋ᠢᠨ ᠬᠤᠪᠢᠰᠬᠠᠯ ᠤ᠋ᠨ ᠨᠥᠯᠥᠭᠡᠯᠡᠯ ᠢ᠋ ᠶᠡᠬᠡᠳᠡ ᠬᠦᠯᠢᠶᠡᠵᠦ ᠲᠡᠭᠦᠨ ᠢ᠋ ᠳᠤᠮᠳᠠᠳᠤ ᠤᠯᠤᠰ ᠲᠤ᠌ ᠠᠩᠬ᠎ᠠ ᠤᠳᠠᠭ᠎ᠠ ᠤᠬᠠᠭᠤᠯᠤᠭᠰᠠᠨ ᠬᠥᠮᠦᠨ ᠪᠣᠯᠤᠨ᠎ᠠ᠃ ᠢᠩᠭᠢᠭᠡᠳ ᠲᠡᠷᠡ1919 ᠣᠨ ᠤ᠋《5·4》 ᠦ᠌ ᠬᠥᠳᠡᠯᠭᠡᠭᠡᠨ ᠢ᠋ ᠤᠳᠤᠷᠢᠳᠤᠨ ᠵᠢᠯᠣᠭᠣᠳᠴᠤ᠂ ᠳᠠᠷᠠᠭ᠎ᠠ ᠵᠢᠯ ᠨᠢ ᠪᠡᠭᠡᠵᠢᠩ ᠶᠡᠬᠡ ᠰᠤᠷᠭᠠᠭᠤᠯᠢ ᠳ᠋ᠤ᠌ ᠠᠩᠬᠠᠳᠤᠭᠴᠢ ᠮᠠᠷᠺᠰ ᠤ᠋ᠨ ᠦᠵᠡᠯ ᠢ᠋ ᠰᠤᠳᠤᠯᠬᠤ ᠬᠤᠷᠠᠯ ᠢ᠋ ᠵᠣᠬᠢᠶᠠᠨ ᠪᠠᠢᠭᠤᠯᠵᠤ᠂ ᠪᠡᠭᠡᠵᠢᠩ ᠳ᠋ᠦ᠍ ᠡᠪ ᠬᠠᠮᠲᠤ ᠶ᠋ᠢᠨ ᠦᠵᠡᠯ ᠦ᠋ᠨ ᠳᠤᠭᠤᠢᠯᠠᠩ ᠢ᠋ ᠪᠠᠢᠭᠤᠯᠵᠠᠢ᠃ ᠯᠢ ᠳᠡ ᠵᠣᠣ ᠪᠠᠰᠠ ᠣᠯᠠᠨ ᠤᠳᠠᠭ᠎ᠠ ᠰᠦᠨ ᠵᠦᠩ ᠱᠠᠨ ᠢ᠋ ᠬᠠᠪᠰᠤᠷᠴᠤ ᠨᠢᠭᠡᠳᠦᠮᠡᠯ ᠹᠷᠣᠨᠲ ᠤ᠋ᠨ ᠪᠣᠳᠣᠯᠭ᠎ᠠ ᠶ᠋ᠢ ᠤᠬᠠᠭᠤᠯᠤᠨ ᠭᠤᠷᠪᠠ ᠲᠠᠢ ᠬᠣᠯᠪᠣᠭᠠᠯᠠᠬᠤ ᠶ᠋ᠢ ᠴᠢᠬᠤᠯᠠᠴᠢᠯᠠᠵᠤ ᠪᠠᠢᠵᠠᠢ᠃
ᠰᠢᠨᠡᠯᠡᠮ᠎ᠡ᠂ ᠰᠢᠨ᠎ᠡ ᠠᠷᠠᠳᠴᠢᠯᠠᠭᠰᠠᠨ ᠬᠤᠪᠢᠰᠬᠠᠯ ᠤ᠋ᠨ ᠡᠬᠢᠨ ᠦ᠌ ᠵᠢᠯ ᠦ᠋ᠳ ᠲᠦ᠍ ᠳᠠᠷᠤᠢ1921 ᠣᠨ ᠳ᠋ᠤ᠌ ᠪᠡᠭᠡᠵᠢᠩ ᠳ᠋ᠦ᠍ ᠬᠣᠶᠠᠳᠤᠭᠠᠷ ᠤᠳᠠᠭ᠎ᠠ ᠶᠠᠪᠤᠵᠤ ᠸᠠᠩᠳᠠᠨᠨᠢᠮ᠎ᠠ ᠶ᠋ᠢᠨ ᠳᠡᠷᠭᠡᠳᠡ ᠬᠣᠶᠠᠷ ᠵᠢᠯ ᠰᠠᠭᠤᠬᠤ ᠳ᠋ᠠᠭᠠᠨ ᠯᠢ ᠳᠡ ᠵᠣᠣ ᠲᠠᠢ ᠣᠯᠠᠨ ᠤᠳᠠᠭ᠎ᠠ ᠤᠴᠠᠷᠠᠵᠤ᠂ ᠣᠷᠣᠰ ᠤ᠋ᠨ ᠠᠷᠪᠠᠨ ᠰᠠᠷ᠎ᠠ ᠶ᠋ᠢᠨ ᠬᠤᠪᠢᠰᠬᠠᠯ ᠪᠣᠯᠤᠨ1919 ᠣᠨ ᠤ᠋5 ᠰᠠᠷ᠎ᠠ ᠶ᠋ᠢᠨ4 ᠦ᠌ ᠬᠥᠳᠡᠯᠭᠡᠭᠡᠨ᠂ ᠤᠯᠤᠰ ᠭᠦᠷᠦᠨ ᠦ᠌ ᠬᠤᠪᠢᠰᠬᠠᠯ ᠤ᠋ᠨ ᠦᠨᠡᠨ ᠪᠠᠢᠳᠠᠯ ᠢ᠋ ᠰᠣᠨᠣᠰᠴᠤ ᠣᠢᠯᠠᠭᠠᠭᠰᠠᠨ ᠪᠥᠭᠡᠳ ᠵᠣᠷᠢᠭᠰᠠᠨ ᠬᠤᠪᠢᠰᠬᠠᠯ ᠤ᠋ᠨ ᠵᠣᠷᠢᠯᠭ᠎ᠠ ᠳ᠋ᠠᠭᠠᠨ ᠨᠡᠩ ᠪᠠᠲᠤ ᠢᠲᠡᠭᠡᠯ ᠲᠡᠢ ᠪᠣᠯᠵᠠᠢ᠃ ᠡᠨᠡ ᠲᠤᠬᠠᠢ ᠯᠢ ᠳᠡ ᠵᠣᠣ ᠨᠥᠬᠥᠷ ᠡᠴᠡ᠄《ᠮᠣᠩᠭᠣᠯ ᠦᠨᠳᠦᠰᠦᠲᠡᠨ ᠦ᠌ ᠲᠠᠪᠰᠢᠭᠰᠠᠨ ᠵᠠᠯᠠᠭᠤ ᠰᠢᠨᠡᠯᠡᠮ᠎ᠡ ᠲᠡᠢ ᠪᠦᠯᠬᠦᠮᠳᠡᠬᠦ ᠬᠡᠷᠡᠭᠲᠡᠢ》 ᠭᠡᠵᠦ ᠬᠡᠯᠡᠵᠡᠢ(《ᠯᠢ ᠳᠡ ᠵᠣᠣ ᠶ᠋ᠢᠨ ᠨᠠᠮᠲᠠᠷ》᠂ ᠥᠪᠥᠷ ᠮᠣᠩᠭᠣᠯ ᠤ᠋ᠨ ᠠᠷᠠᠳ ᠤ᠋ᠨ ᠬᠡᠪᠯᠡᠯ ᠦ᠋ᠨ ᠬᠣᠷᠢᠶᠠᠨ ᠤ᠋1980 ᠣᠨ ᠤ᠋ ᠬᠡᠪᠯᠡᠯ ᠳ᠋ᠦ᠍)᠃ ᠬᠣᠵᠢᠮ ᠴᠢᠭᠤᠯᠤᠯᠲᠤ ᠬᠠᠭᠠᠯᠭ᠎ᠠ ᠳ᠋ᠤ᠌ ᠬᠤᠷᠠᠯᠳᠤᠭᠰᠠᠨ ᠳᠣᠲᠣᠭᠠᠳᠤ ᠮᠣᠩᠭᠣᠯ ᠤ᠋ᠨ ᠠᠷᠠᠳ ᠤ᠋ᠨ ᠬᠤᠪᠢᠰᠬᠠᠯᠲᠤ ᠨᠠᠮ ᠤ᠋ᠨ ᠠᠩᠬᠠᠳᠤᠭᠠᠷ ᠤᠳᠠᠭ᠎ᠠ ᠶ᠋ᠢᠨ ᠲᠥᠯᠥᠭᠡᠯᠡᠭᠴᠢᠳ ᠦ᠋ᠨ ᠶᠡᠬᠡ ᠬᠤᠷᠠᠯ ᠳ᠋ᠤ᠌ ᠤᠮᠠᠷᠠᠲᠤ ᠣᠷᠣᠨ ᠤ᠋ ᠨᠠᠮ ᠤ᠋ᠨ ᠵᠣᠬᠢᠶᠠᠨ ᠪᠠᠢᠭᠤᠯᠤᠯᠲᠠ ᠳᠠᠷᠤᠢ ᠯᠢ ᠳᠡ ᠵᠣᠣ ᠨᠥᠬᠥᠷ ᠦ᠋ᠨ ᠲᠣᠮᠢᠯᠠᠯᠲᠠ ᠪᠠᠷ ᠵᠣᠣ ᠰᠢ ᠶᠠᠨ ᠡᠨᠡ ᠬᠤᠷᠠᠯ ᠳ᠋ᠤ᠌ ᠣᠷᠣᠯᠴᠠᠬᠤ ᠳ᠋ᠤ᠌ ᠰᠢᠨᠡᠯᠡᠮ᠎ᠡ ᠮᠣᠩᠭᠣᠯ ᠤᠯᠤᠰ ᠲᠤ᠌ ᠰᠤᠷᠤᠯᠴᠠᠵᠤ ᠤᠯᠤᠰ ᠲᠠᠭᠠᠨ ᠪᠤᠴᠠᠬᠤ ᠵᠠᠮ ᠳ᠋ᠠᠭᠠᠨ ᠲᠤᠰ ᠬᠤᠷᠠᠯ ᠳ᠋ᠤ᠌ ᠬᠠᠮᠲᠤ ᠪᠠᠷ ᠣᠷᠣᠯᠴᠠᠭᠰᠠᠨ ᠪᠠᠢᠳᠠᠭ᠃ ᠡᠢᠮᠦ ᠡᠴᠡ ᠯᠢ ᠳᠡ ᠵᠣᠣ᠂ ᠰᠢᠨᠠᠯᠠᠮ᠎ᠠ ᠬᠣᠶᠠᠭᠤᠯᠠ ᠪᠠᠨ ᠲᠤᠬᠠᠢ ᠶ᠋ᠢᠨ ᠦᠶ᠎ᠡ ᠳ᠋ᠦ᠍ ᠰᠢᠭᠤᠳ ᠬᠠᠷᠢᠴᠠᠭ᠎ᠠ ᠲᠠᠢ ᠪᠠᠢᠭᠰᠠᠨ ᠢ᠋ ᠣᠢᠯᠠᠭᠠᠵᠤ ᠪᠣᠯᠤᠨ᠎ᠠ᠃
ᠰᠦᠨ ᠵᠦᠩ ᠱᠠᠨ1925 ᠣᠨ ᠳ᠋ᠤ᠌ ᠡᠪᠡᠳᠴᠢᠨ ᠢ᠋ᠶ᠋ᠡᠷ ᠨᠠᠰᠤ ᠪᠠᠷᠠᠵᠠᠢ᠃
ᠯᠢ ᠳᠡ ᠵᠣᠣ ᠤᠮᠠᠷᠠᠲᠤ ᠣᠷᠣᠨ ᠤ᠋ ᠨᠠᠮ ᠤ᠋ᠨ ᠤᠳᠤᠷᠢᠳᠬᠤ ᠠᠵᠢᠯ ᠢ᠋ ᠬᠢᠵᠦ ᠪᠠᠢᠭᠠᠳ1927 ᠣᠨ ᠳ᠋ᠤ᠌ ᠤᠮᠠᠷᠠᠲᠤ ᠶ᠋ᠢᠨ ᠴᠡᠷᠢᠭ ᠦ᠋ᠨ ᠡᠷᠬᠡᠲᠡᠨ ᠵᠠᠩ ᠽᠦᠸᠧ ᠯᠢᠨ ᠳ᠋ᠦ᠍ ᠪᠠᠷᠢᠭᠳᠠᠵᠤ ᠬᠣᠣᠷᠯᠠᠭᠳᠠᠵᠠᠢ᠃
ᠰᠢᠨᠡᠯᠡᠮ᠎ᠡ ᠪᠡᠭᠡᠵᠢᠩ ᠡᠴᠡ ᠬᠤᠰᠢᠭᠤᠨ ᠳ᠋ᠠᠭᠠᠨ ᠪᠤᠴᠠᠵᠤ ᠢᠷᠡᠭᠡᠳ ᠤᠳᠠᠯ ᠦᠭᠡᠢ ᠮᠣᠩᠭᠣᠯ ᠤᠯᠤᠰ ᠲᠤ᠌ ᠰᠤᠷᠤᠯᠴᠠᠬᠤ ᠪᠠᠷ ᠶᠠᠪᠤᠵᠠᠢ᠃ ᠲᠡᠷᠡ ᠤᠯᠤᠰ ᠲᠠᠭᠠᠨ ᠪᠤᠴᠠᠵᠤ ᠢᠷᠡᠭᠰᠡᠨ ᠦ᠌ ᠰᠡᠭᠦᠯᠡᠷ1926 ᠣᠨ ᠳ᠋ᠤ᠌ ᠨᠠᠮ ᠤ᠋ᠨ ᠭᠡᠰᠢᠭᠦᠨ ᠡᠯᠰᠡᠵᠦ ᠪᠦᠬᠦ ᠬᠤᠰᠢᠭᠤᠨ ᠳ᠋ᠤ᠌ ᠤᠷᠢᠳ ᠬᠣᠵᠢᠳ19 ᠡᠭᠦᠷ ᠪᠠᠢᠭᠤᠯᠪᠠ᠃ ᠲᠤᠰ ᠵᠢᠯ ᠦ᠋ᠨ ᠰᠡᠭᠦᠯ ᠳ᠋ᠦ᠍ ᠪᠤᠭᠤᠲᠤ ᠳ᠋ᠤ᠌ ᠳᠣᠲᠣᠭᠠᠳᠤ ᠮᠣᠩᠭᠣᠯ ᠤ᠋ᠨ ᠠᠷᠠᠳ ᠤ᠋ᠨ ᠬᠤᠪᠢᠰᠬᠠᠯᠲᠤ ᠴᠡᠷᠢᠭ ᠦ᠋ᠨ ᠠᠷᠪᠠᠨ ᠬᠣᠶᠠᠳᠤᠭᠠᠷ ᠬᠣᠷᠢᠶ᠎ᠠ ᠶ᠋ᠢ ᠵᠣᠬᠢᠶᠠᠨ ᠪᠠᠢᠭᠤᠯᠵᠤ᠂ ᠤᠯᠤᠰ ᠤ᠋ᠨ ᠳᠣᠲᠣᠭᠠᠳᠤ ᠶ᠋ᠢᠨ ᠨᠢᠭᠡ ᠬᠣᠶᠠᠳᠤᠭᠠᠷ ᠤᠳᠠᠭᠠᠨ ᠤ᠋ ᠬᠤᠪᠢᠰᠬᠠᠯᠲᠤ ᠲᠡᠢᠨ ᠦ᠌ ᠵᠢᠯ ᠦ᠋ᠳ ᠲᠦ᠍ ᠢᠯᠠᠯᠲᠠ ᠲᠠᠢ ᠪᠠᠷ ᠪᠠᠢᠯᠳᠤᠵᠤ᠂ ᠨᠢᠭᠡᠨ ᠬᠤᠰᠢᠭᠤᠨ ᠤ᠋ ᠬᠡᠪᠴᠢᠶᠡᠨ ᠳ᠋ᠦ᠍ ᠨᠠᠮ᠂ ᠵᠠᠰᠠᠭ᠂ ᠴᠡᠷᠢᠭ ᠦ᠋ᠨ ᠡᠷᠬᠡ ᠶ᠋ᠢ ᠠᠷᠠᠳ ᠲᠦᠮᠡᠨ ᠦ᠌ ᠭᠠᠷ ᠲᠤ᠌ ᠠᠳᠬᠤᠭᠤᠯᠵᠤ ᠶᠠᠪᠤᠭᠰᠠᠨ ᠬᠥᠮᠦᠨ ᠪᠣᠯᠤᠨ᠎ᠠ᠃
ᠰᠢᠨᠠᠯᠠᠮ᠎ᠠ1929 ᠣᠨ ᠳ᠋ᠤ᠌ ᠳᠣᠲᠣᠭᠠᠳᠤ ᠶ᠋ᠢᠨ ᠤᠷᠪᠠᠭᠴᠢ ᠳ᠋ᠤ᠌ ᠬᠣᠣᠷᠯᠠᠭᠳᠠᠪᠠ᠃
ᠦᠰᠦᠭ ᠠᠮᠢᠯᠠᠭᠤᠯᠤᠭᠴᠢ᠄ ᠪᠠᠳᠮᠠᠰᠡᠴᠡᠨ᠂ ᠪᠠᠯ᠂ ᠰᠠᠷᠠᠨᠲᠤᠶᠠᠭ᠎ᠠ
ᠬᠢᠨᠠᠭᠴᠢ᠄ ᠣᠳᠬᠣᠨᠴᠡᠴᠡᠭ᠂ ᠠᠯᠲᠠᠨᠱᠠ᠂ ᠪᠠᠯ
