ᠢᠲᠡᠭᠡᠯᠲᠦ ᠬᠠᠮᠪᠤ ᠪᠯᠠᠮ᠎ᠠ ᠶᠢᠨ ᠰᠤᠷᠭᠠᠯ(2025.11) ᠱᠠᠰᠢᠨ ᠰᠢᠲᠦᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠢᠲᠡᠭᠡᠯᠲᠦ ᠬᠠᠮᠪᠤ ᠪᠯᠠᠮ᠎ᠠ ᠶᠢᠨ ᠰᠤᠷᠭᠠᠯ(2025.11)

ᠢᠲᠡᠭᠡᠯᠲᠦ ᠬᠠᠮᠪᠤ ᠪᠯᠠᠮ᠎ᠠ ᠶᠢᠨ ᠰᠤᠷᠭᠠᠯ(2025.11)

2025-12-06

322

ᠢᠲᠡᠭᠡᠯᠲᠦ ᠬᠠᠮᠪᠤ ᠪᠯᠠᠮ᠎ᠠ ᠶᠢᠨ ᠰᠤᠷᠭᠠᠯ(2025.11)


ᠬᠠᠮᠪᠤ ᠪᠯᠠᠮ᠎ᠠ ᠳ᠋ᠠᠮᠪᠠ ᠠᠶᠤᠰᠢᠶᠸᠪ 
ᠢᠲᠡᠭᠡᠯᠲᠦ ᠬᠠᠮᠪᠤ ᠪᠯᠠᠮ᠎ᠠ ᠶ᠋ᠢᠨ ᠵᠠᠯᠪᠠᠷᠢᠯ 
ᠰᠠᠢᠨ ᠴᠢᠮᠡᠭ ᠲᠡᠢ ᠯᠠᠭᠱᠠᠨ ᠤ᠋ ᠮᠠᠨᠳᠠᠯ ᠳᠡᠯᠭᠡᠷᠡᠭᠰᠡᠨ 
ᠥᠯᠵᠡᠢ ᠲᠡᠢ ᠵᠠᠷᠯᠢᠭ ᠢ᠋ᠶ᠋ᠠᠷ ᠮᠠᠨ ᠤ᠋ ᠰᠡᠳᠬᠢᠯ ᠨᠣᠮᠣᠬᠠᠷᠠᠭᠰᠠᠨ 
ᠸᠴᠢᠷ ᠮᠡᠲᠦ ᠭᠦᠨᠵᠡᠭᠡᠢ ᠲᠠᠭᠠᠯᠠᠯ ᠡᠷᠬᠡᠰᠢᠶᠡᠭᠰᠡᠨ 
ᠢᠲᠡᠭᠡᠯᠲᠦ ᠬᠠᠮᠪᠤ ᠪᠯᠠᠮ᠎ᠠ ᠶ᠋ᠢᠨ ᠥᠯᠮᠡᠢ ᠳ᠋ᠦ᠍ ᠵᠠᠯᠪᠠᠷᠢᠨᠠᠮ 
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ 
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ 
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ 
2025.11.01 
ᠮᠣᠭᠠᠢ ᠵᠢᠯ ᠂ ᠨᠣᠬᠠᠢ ᠰᠠᠷ᠎ᠠ ᠶ᠋ᠢᠨ 11 ᠦ᠌ ᠬᠥᠬᠡ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠠᠪᠤ ᠡᠵᠢ ᠶ᠋ᠢᠨ ᠡᠩᠬᠦᠷᠡᠢ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄《 ᠪᠣᠳᠢ ᠰᠡᠳᠬᠢᠯᠲᠡᠨ ᠦ᠌ ᠢᠷᠦᠭᠡᠯ 》ᠭᠡᠮᠡᠨ ᠠᠢᠯᠠᠳᠤᠯ᠎ᠠ᠃
2025.11.02
ᠮᠣᠭᠠᠢ ᠵᠢᠯ ᠂ ᠨᠣᠬᠠᠢ ᠰᠠᠷ᠎ᠠ ᠶ᠋ᠢᠨ 12 ᠤ᠋ ᠬᠥᠬᠡᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠶᠠᠭᠠᠬᠢᠭᠠᠳ ᠬᠠᠮᠤᠭ ᠠᠮᠢᠲᠠᠨ ᠵᠣᠪᠠᠯᠠᠩ ᠠ᠋ᠴᠠ ᠠᠪᠤᠷᠠᠬᠤ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄《 ᠠᠷᠭ᠎ᠠ ᠪᠢᠯᠢᠭ ᠦᠵᠡᠬᠦ ᠪᠣᠯ ᠰᠠᠨᠠᠭᠰᠠᠨ ᠬᠡᠷᠡᠭ ᠪᠦᠲᠦᠨ᠎ᠡ 》ᠭᠡᠮᠡᠨ ᠠᠢᠯᠠᠳᠤᠯ᠎ᠠ᠃
2025.11.03
ᠮᠣᠭᠠᠢ ᠵᠢᠯ ᠂ ᠨᠣᠬᠠᠢ ᠰᠠᠷ᠎ᠠ ᠶ᠋ᠢᠨ 13 ᠤ᠋ ᠤᠯᠠᠭᠠᠨ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠄《 ᠵᠠᠯᠬᠠᠭᠤ ᠠ᠋ᠴᠠ ᠬᠠᠮᠤᠭ ᠶᠠᠭᠤᠮᠠᠨ ᠳᠣᠷᠣᠢᠲᠠᠨ᠎ᠠ ᠃ ᠥᠭᠡᠳᠡ ᠦᠭᠡᠢ ᠵᠠᠩ 》ᠭᠡᠨ᠎ᠡ ᠃ ᠢᠲᠡᠭᠡᠯᠲᠦ ᠪᠠᠭᠰᠢ ᠄《ᠭᠣᠷᠣᠬ᠎ᠠ ᠮᠥᠷᠭᠥᠯ ᠬᠢᠵᠦ ᠪᠡᠶ᠎ᠡ ᠪᠡᠨ ᠠᠷᠬ᠋ᠠᠯᠠᠬᠲᠢ᠃ ᠲᠠᠷᠨᠢ ᠮᠠᠨᠢ ᠤᠩᠰᠢᠵᠤ ᠰᠡᠳᠬᠢᠯ ᠢ᠋ᠶ᠋ᠡᠨ ᠰᠡᠷᠭᠦᠭᠡᠭᠲᠢ 》ᠭᠡᠮᠡᠨ ᠠᠢᠯᠠᠳᠤᠯ᠎ᠠ᠃
2025.11.04
ᠮᠣᠭᠠᠢ ᠵᠢᠯ ᠂ ᠨᠣᠬᠠᠢ ᠰᠠᠷ᠎ᠠ ᠶ᠋ᠢᠨ 14 ᠦ᠌ ᠤᠯᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠄《 ᠶᠧᠯᠸᠢ ᠶ᠋ᠢᠨ ᠣᠷᠣᠨ ᠳ᠋ᠤ᠌ ᠮᠤᠩᠬᠠᠷᠠᠭᠠᠳ ᠪᠠᠢᠬᠤ ᠳ᠋ᠤ᠌ ᠂ ᠣᠨ ᠵᠢᠯ ᠦ᠋ᠳ ᠥᠩᠭᠡᠷᠡᠵᠦ ᠯᠡ ᠪᠠᠢᠨ᠎ᠠ》ᠭᠡᠨ᠎ᠡ ᠃ ᠢᠲᠡᠭᠡᠯᠲᠦ ᠪᠠᠭᠰᠢ ᠄《ᠠᠨᠳᠠᠭᠤ ᠡᠨᠳᠡᠭᠦᠦ ᠶᠠᠭᠤ ᠴᠤ᠌ ᠪᠣᠯᠤᠭᠰᠠᠨ ᠥᠪᠡᠷ ᠡᠴᠡ ᠪᠡᠨ ᠠᠰᠠᠭᠤ 》ᠭᠡᠮᠡᠨ ᠠᠢᠯᠠᠳᠤᠯ᠎ᠠ᠃
2025.11.05
ᠮᠣᠭᠠᠢ ᠵᠢᠯ ᠂ ᠨᠣᠬᠠᠢ ᠰᠠᠷ᠎ᠠ ᠶ᠋ᠢᠨ 15 ᠤ᠋ ᠰᠢᠷ᠎ᠠ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠪᠠᠭᠰᠢ ᠬᠥᠮᠦᠨ᠄《ᠤᠬᠠᠭᠠᠨ ᠪᠣᠳᠣᠯ ᠨᠣᠮᠣᠬᠠᠷᠠᠬᠤ ᠪᠣᠯ ᠶᠢᠷᠲᠢᠨᠴᠦ ᠨᠣᠮᠣᠬᠠᠷᠠᠨ᠎ᠠ 》ᠭᠡᠪᠡ ᠃ ᠢᠲᠡᠭᠡᠯᠲᠦ ᠪᠠᠭᠰᠢ ᠄《ᠵᠣᠪᠠᠯᠠᠩ ᠤ᠋ᠨ ᠣᠷᠴᠢᠯᠠᠩ ᠠ᠋ᠴᠠ ᠭᠡᠲᠦᠯᠬᠦ ᠭᠡᠪᠡᠯ ᠬᠣᠭᠣᠰᠣᠨ ᠴᠢᠨᠠᠷ ᠲᠤᠬᠠᠢ ᠪᠢᠰᠢᠯᠭ᠎ᠠ 》ᠭᠡᠮᠡᠨ ᠠᠢᠯᠠᠳᠤᠯ᠎ᠠ᠃
2025.11.06
ᠮᠣᠭᠠᠢ ᠵᠢᠯ ᠂ ᠨᠣᠬᠠᠢ ᠰᠠᠷ᠎ᠠ ᠶ᠋ᠢᠨ 16 ᠤ᠋ ᠰᠢᠷᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠯᠠᠮᠠ ᠨᠠᠷ ᠮᠠᠨᠳᠠᠯ ᠡᠷᠭᠦᠵᠦ ᠪᠠᠢᠨ᠎ᠠ᠃ ᠢᠲᠡᠭᠡᠯᠲᠦ ᠪᠠᠭᠰᠢ ᠄《ᠲᠤᠰᠠ ᠠᠮᠤᠭᠤᠯᠠᠩ ᠤ᠋ᠨ ᠭᠡᠭᠡᠨ ᠣᠷᠴᠢᠯᠠᠩ ᠤ᠋ᠨ ᠬᠢᠵᠠᠭᠠᠷ ᠭᠡᠷᠡᠯᠲᠦᠪᠡ》ᠭᠡᠮᠡᠨ ᠠᠢᠯᠠᠳᠤᠯ᠎ᠠ᠃
2025.11.07
ᠮᠣᠭᠠᠢ ᠵᠢᠯ ᠂ ᠨᠣᠬᠠᠢ ᠰᠠᠷ᠎ᠠ ᠶ᠋ᠢᠨ 17 ᠤ᠋ ᠴᠠᠭᠠᠨ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠳᠡᠭᠡᠳᠦ ᠨᠣᠶᠠᠳ ᠰᠠᠢᠳ ᠦᠵᠡᠭᠳᠡᠨ᠎ᠡ ᠃ ᠢᠲᠡᠭᠡᠯᠲᠦ ᠪᠠᠭᠰᠢ ᠄ 《 ᠲᠢᠶᠠᠨ ᠰᠡᠳᠬᠢᠯ ᠦ᠋ᠨ ᠬᠣᠮ ᠦᠵᠦᠭ ᠡᠴᠡ ᠭᠡᠷᠡᠯ ᠰᠠᠴᠤᠷᠠᠭᠠᠳ ᠬᠦᠰᠡᠯ ᠦ᠋ᠨ 5 ᠡᠷᠳᠡᠮ ᠪᠢᠰᠢᠯᠭᠠᠯ ᠤ᠋ᠨ ᠴᠢᠨᠠᠷ ᠲᠠᠢ ᠣᠷᠣᠨ 》ᠭᠡᠮᠡᠨ ᠠᠢᠯᠠᠳᠤᠯ᠎ᠠ᠃
2025.11.08
ᠮᠣᠭᠠᠢ ᠵᠢᠯ ᠂ ᠨᠣᠬᠠᠢ ᠰᠠᠷ᠎ᠠ ᠶ᠋ᠢᠨ 18 ᠤ᠋ ᠴᠠᠭᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠪᠯᠠᠮ᠎ᠠ ᠬᠠᠮᠤᠭ ᠠᠮᠢᠲᠠᠨ ᠳ᠋ᠤ᠌ ᠡᠩᠬᠦᠷᠡᠢ ᠶ᠋ᠢ ᠡᠭᠦᠰᠬᠡᠵᠦ ᠪᠠᠢᠨ᠎ᠠ ᠃ ᠢᠲᠡᠭᠡᠯᠲᠦ ᠪᠠᠭᠰᠢ ᠄ 《 ᠪᠡᠶ᠎ᠡ ᠬᠡᠯᠡ ᠰᠡᠳᠬᠢᠯ ᠦ᠋ᠨ ᠰᠢᠳᠢ ᠪᠦᠲᠦᠭᠡᠯ ᠬᠠᠢᠷᠠᠯᠠ》 ᠭᠡᠮᠡᠨ ᠠᠢᠯᠠᠳᠤᠯ᠎ᠠ᠃
2025.11.09
ᠮᠣᠭᠠᠢ ᠵᠢᠯ ᠂ ᠨᠣᠬᠠᠢ ᠰᠠᠷ᠎ᠠ ᠶ᠋ᠢᠨ 19 ᠦ᠌ ᠬᠠᠷ᠎ᠠ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠭᠦᠨ ᠤᠬᠠᠭᠠᠨ ᠪᠢᠰᠢᠯᠭᠠᠨ᠎ᠠ ᠃ ᠢᠲᠡᠭᠡᠯᠲᠦ ᠪᠠᠭᠰᠢ ᠄ 《 ᠰᠠᠢᠨ ᠮᠠᠭᠤ ᠬᠣᠶᠠᠷ ᠤ᠋ᠨ ᠵᠠᠪᠰᠠᠷ ᠲᠤ᠌ ᠬᠣᠭᠣᠰᠣᠨ ᠴᠢᠨᠠᠷ ᠰᠠᠢᠨ ᠪᠤᠰᠤ ᠮᠠᠭᠤ ᠪᠤᠰᠤ 》 ᠭᠡᠮᠡᠨ ᠠᠢᠯᠠᠳᠤᠯ᠎ᠠ᠃
2025.11.10
ᠮᠣᠭᠠᠢ ᠵᠢᠯ ᠂ ᠨᠣᠬᠠᠢ ᠰᠠᠷ᠎ᠠ ᠶ᠋ᠢᠨ 20 ᠤ᠋ ᠬᠠᠷᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄《 ᠡᠪᠡᠳᠦᠨᠡᠮ ᠵᠣᠪᠠᠨᠠᠮ 》ᠭᠡᠨ᠎ᠡ ᠃ ᠢᠲᠡᠭᠡᠯᠲᠦ ᠪᠠᠭᠰᠢ ᠄《 ᠥᠪᠡᠷ ᠦ᠋ᠨ ᠤᠬᠠᠭᠠᠨ ᠰᠡᠳᠬᠢᠯ ᠪᠡᠶ᠎ᠡ ᠶ᠋ᠢᠨ ᠲᠡᠩᠬᠡᠭᠡ ᠲᠠᠮᠢᠷ ᠶᠠᠮᠠᠷ ᠪᠠᠢᠨ᠎ᠠ ᠲᠡᠷᠡ ᠯᠠ ᠪᠠᠢᠳᠠᠯ ᠢ᠋ᠶ᠋ᠠᠷ ᠣᠷᠴᠢᠨ ᠪᠠᠢᠭᠠᠯᠢ ᠦᠵᠡᠭᠳᠡᠨ᠎ᠡ 》ᠭᠡᠮᠡᠨ ᠠᠢᠯᠠᠳᠤᠯ᠎ᠠ᠃
20251111. ᠮᠣᠭᠠᠢ ᠵᠢᠯ ᠂ ᠨᠣᠬᠠᠢ ᠰᠠᠷ᠎ᠠ ᠶ᠋ᠢᠨ 22 ᠤ᠋ ᠬᠥᠬᠡ ᠪᠡᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠣᠯᠠᠨ ᠬᠥᠮᠦᠰ ᠮᠥᠷᠭᠥᠯ ᠢ᠋ᠶ᠋ᠡᠷ ᠢᠷᠡᠭᠰᠡᠨ᠃ ᠢᠲᠡᠭᠡᠯᠲᠦ ᠪᠠᠭᠰᠢ ᠄《 ᠰᠡᠳᠬᠢᠯ ᠢ᠋ᠶ᠋ᠡᠷ ᠵᠠᠯᠪᠠᠷᠢᠭᠠᠳ ᠰᠣᠨᠣᠵᠣ ᠮᠥᠷᠭᠥᠬᠦ ᠳ᠋ᠦ᠍ ᠦᠶ᠎ᠡ ᠮᠥᠴᠢ ᠶ᠋ᠢᠨ ᠢᠯᠴᠢ ᠰᠠᠢᠵᠢᠷᠠᠭᠠᠳ ᠬᠦᠴᠦ ᠴᠢᠳᠠᠯ ᠲᠠᠢ ᠪᠣᠯᠤᠨ᠎ᠠ 》ᠭᠡᠮᠡᠨ ᠠᠢᠯᠠᠳᠤᠯ᠎ᠠ᠃
2025.11.12
ᠮᠣᠭᠠᠢ ᠵᠢᠯ ᠂ ᠨᠣᠬᠠᠢ ᠰᠠᠷ᠎ᠠ ᠶ᠋ᠢᠨ 23 ᠤ᠋ ᠬᠥᠬᠡᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄《 ᠪᠠᠢᠭ᠎ᠠ ᠶᠠᠭᠤᠮ᠎ᠠ ᠭᠠᠵᠠᠷ ᠠ᠋ᠴᠠ ᠤᠷᠭᠤᠵᠤ ᠭᠠᠷᠳᠠᠭ》 ᠭᠡᠨ᠎ᠡ ᠃ ᠢᠲᠡᠭᠡᠯᠲᠦ ᠪᠠᠭᠰᠢ ᠄ 《 ᠣᠶᠤᠨ ᠤᠬᠠᠭᠠᠨ ᠤ᠋ ᠬᠥᠭᠵᠢᠯᠲᠡ 》 ᠭᠡᠮᠡᠨ ᠠᠢᠯᠠᠳᠤᠯ᠎ᠠ᠃
2025.11.13
ᠮᠣᠭᠠᠢ ᠵᠢᠯ ᠂ ᠨᠣᠬᠠᠢ ᠰᠠᠷ᠎ᠠ ᠶ᠋ᠢᠨ 24 ᠦ᠌ ᠤᠯᠠᠭᠠᠨ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠭᠤᠷᠪᠠᠨ ᠬᠥᠮᠦᠨ ᠶᠢᠷᠲᠢᠨᠴᠦ ᠶ᠋ᠢᠨ ᠦᠷᠭᠦᠭᠡᠰᠦᠲᠦ ᠲᠡᠮᠦᠷ ᠲᠣᠣᠷ ᠤ᠋ᠨ ᠵᠠᠩᠭᠢᠯᠠᠭ᠎ᠠ ᠲᠠᠢᠯᠤᠭᠠᠳ ᠭᠠᠷᠤᠭ᠎ᠠ ᠃ ᠢᠲᠡᠭᠡᠯᠲᠦ ᠪᠠᠭᠰᠢ ᠄《ᠦᠨᠡᠨ ᠰᠡᠳᠬᠢᠯ ᠦ᠋ᠨ ᠴᠢᠨᠠᠷ ᠣᠯᠳᠠᠭ᠎ᠠ 》ᠭᠡᠮᠡᠨ ᠠᠢᠯᠠᠳᠤᠯ᠎ᠠ᠃
2025.11.14
ᠮᠣᠭᠠᠢ ᠵᠢᠯ ᠂ ᠨᠣᠬᠠᠢ ᠰᠠᠷ᠎ᠠ ᠶ᠋ᠢᠨ 25 ᠤ᠋ ᠤᠯᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠯᠠᠮᠠ ᠣᠶᠤᠨ ᠤᠬᠠᠭᠠᠨ ᠤ᠋ ᠵᠠᠪᠰᠠᠷ ᠤ᠋ᠨ ᠬᠡᠮᠵᠢᠶ᠎ᠡ ᠦᠵᠡᠵᠦ ᠪᠠᠢᠨ᠎ᠠ ᠃ ᠢᠲᠡᠭᠡᠯᠲᠦ ᠪᠠᠭᠰᠢ ᠄ 《 ᠨᠢᠰᠸᠠᠨᠢᠰ ᠤ᠋ᠨ 5  ᠬᠣᠣᠷ ᠢ ᠨᠣᠮᠣᠬᠠᠷᠠᠭᠤᠯᠬᠤ ᠪᠣᠯ ᠢᠵᠠᠭᠤᠷ ᠤ᠋ᠨ 5 ᠪᠤᠷᠬᠠᠳ ᠢᠯᠡ ᠲᠣᠳᠣᠷᠠᠬᠤ 》 ᠭᠡᠮᠡᠨ ᠠᠢᠯᠠᠳᠤᠯ᠎ᠠ᠃
2025.11.15
ᠮᠣᠭᠠᠢ ᠵᠢᠯ ᠂ ᠨᠣᠬᠠᠢ ᠰᠠᠷ᠎ᠠ ᠶ᠋ᠢᠨ 26 ᠤ᠋ ᠰᠢᠷ᠎ᠠ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠯᠦᠩ ᠸᠠᠩ ᠲᠤᠬᠠᠢ ᠶᠡᠬᠡ ᠪᠡᠷ ᠪᠣᠳᠣᠳᠠᠭ ᠬᠥᠮᠦᠨ ᠳ᠋ᠦ᠍ ᠢᠲᠡᠭᠡᠯᠲᠦ ᠪᠠᠭᠰᠢ ᠄《ᠪᠠᠭᠰᠢ ᠭᠤᠷᠪᠠᠨ ᠡᠷᠳᠡᠨᠢ ᠳ᠋ᠦ᠍ ᠲᠠᠬᠢᠯ ᠪᠠᠯᠢᠩ ᠡᠷᠭᠦᠵᠦ ᠶᠠᠪᠤᠬᠤ ᠪᠣᠯ ᠥᠪᠡᠷ ᠲᠡᠭᠡᠨ ᠲᠠᠭᠠᠷᠠᠭᠤᠯᠤᠭᠠᠳ ᠠᠪᠢᠰᠢᠭ᠌ ᠪᠠᠭᠤᠯᠭᠠᠵᠤ ᠪᠠᠢᠬᠤ 》ᠭᠡᠮᠡᠨ ᠠᠢᠯᠠᠳᠤᠯ᠎ᠠ᠃
2025.11.16
ᠮᠣᠭᠠᠢ ᠵᠢᠯ ᠂ ᠨᠣᠬᠠᠢ ᠰᠠᠷ᠎ᠠ ᠶ᠋ᠢᠨ 27 ᠤ᠋ ᠰᠢᠷᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠪᠠᠭᠰᠢ ᠬᠥᠮᠦᠨ ᠄《 ᠡᠨᠡ ᠨᠠᠰᠤᠨ ᠤ᠋ ᠠᠵᠤ ᠠᠮᠢᠳᠤᠷᠠᠯ ᠲᠣᠭᠲᠠᠮᠠᠯ ᠬᠤᠪᠢ ᠵᠠᠶᠠᠭ᠎ᠠ ᠲᠠᠢ》 ᠭᠡᠨ᠎ᠡ ᠃ ᠢᠲᠡᠭᠡᠯᠲᠦ ᠪᠠᠭᠰᠢ ᠄ 《 ᠰᠠᠢᠨ ᠦᠢᠯᠡ ᠶ᠋ᠢᠨ ᠦᠷ᠎ᠡ ᠪᠡᠨ ᠬᠦᠴᠦᠨ ᠳ᠋ᠦ᠍ ᠨᠢ ᠣᠷᠣᠭᠤᠯᠵᠤ ᠴᠢᠳᠠᠬᠤ ᠪᠣᠯ ᠬᠤᠪᠢ ᠵᠠᠶᠠᠭ᠎ᠠ ᠪᠠᠨ ᠰᠣᠯᠢᠵᠤ ᠪᠣᠯᠤᠨ᠎ᠠ 》ᠭᠡᠮᠡᠨ ᠠᠢᠯᠠᠳᠤᠯ᠎ᠠ᠃
2025.11.17
ᠮᠣᠭᠠᠢ ᠵᠢᠯ ᠂ ᠨᠣᠬᠠᠢ ᠰᠠᠷ᠎ᠠ ᠶ᠋ᠢᠨ 28 ᠤ᠋ ᠴᠠᠭᠠᠨ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠄《 ᠶᠢᠷᠲᠢᠨᠴᠦ ᠳ᠋ᠦ᠍ ᠪᠢ ᠭᠡᠬᠦ ᠶᠠᠭᠤ ᠴᠤ᠌ ᠦᠭᠡᠢ 》ᠭᠡᠨ᠎ᠡ ᠃ ᠢᠲᠡᠭᠡᠯᠲᠦ ᠪᠠᠭᠰᠢ ᠄ 《 ᠪᠢ ᠭᠡᠬᠦ ᠰᠢᠯᠲᠠᠭᠠᠨ ᠪᠠᠢᠬᠤ ᠪᠣᠯ ᠦᠢᠯᠡ ᠭᠠᠷᠤᠨ᠎ᠠ 》 ᠭᠡᠮᠡᠨ ᠠᠢᠯᠠᠳᠤᠯ᠎ᠠ᠃
20251118. ᠮᠣᠭᠠᠢ ᠵᠢᠯ ᠂ ᠨᠣᠬᠠᠢ ᠰᠠᠷ᠎ᠠ ᠶ᠋ᠢᠨ 29 ᠦ᠌ ᠴᠠᠭᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ  ᠬᠠᠮᠪᠤ ᠪᠯᠠᠮ᠎ᠠ ᠶ᠋ᠢᠨ ᠰᠤᠷᠭᠠᠯ ᠄
ᠪᠣᠳᠢᠰᠠᠳ᠋ᠸ᠎ᠠ ᠮᠠᠨᠽᠤᠰᠢᠷᠢ ᠶ᠋ᠢᠨ ᠲᠤᠬᠠᠢ ᠮᠠᠷᠭᠤᠯᠳᠤᠭᠠᠨ ᠪᠣᠯᠵᠤ ᠪᠠᠢᠨ᠎ᠠ ᠃ ᠢᠲᠡᠭᠡᠯᠲᠦ ᠪᠠᠭᠰᠢ ᠄《ᠣᠶᠤᠨ ᠤᠬᠠᠭᠠᠨ ᠲᠣᠳᠣᠷᠠᠬᠤ ᠶ᠋ᠢᠨ ᠲᠥᠯᠥᠭᠡ ᠪᠣᠳᠢᠰᠠᠳ᠋ᠸ᠎ᠠ ᠮᠠᠨᠽᠤᠰᠢᠷᠢ ᠶ᠋ᠢ ᠮᠠᠭᠲᠠ 》ᠭᠡᠮᠡᠨ ᠠᠢᠯᠠᠳᠤᠯ᠎ᠠ᠃
2025.11.19
ᠮᠣᠭᠠᠢ ᠵᠢᠯ ᠂ ᠨᠣᠬᠠᠢ ᠰᠠᠷ᠎ᠠ ᠶ᠋ᠢᠨ 29 ᠦ᠌ ᠬᠠᠷ᠎ᠠ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠣᠷᠴᠢᠯᠠᠩ ᠳ᠋ᠤ᠌ ᠰᠠᠨᠠᠭ᠎ᠠ ᠪᠠᠨ ᠵᠣᠪᠠᠭᠠᠳᠠᠭ ᠤᠬᠠᠭᠠᠨ ᠪᠣᠳᠣᠯ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄ 《 ᠣᠢ ᠪᠠᠨ ᠭᠤᠲᠤᠭᠠᠨ ᠦᠭᠡᠢ ᠠᠷᠢᠭᠤᠨ ᠶᠠᠪᠤᠳᠠᠯ ᠳ᠋ᠤ᠌ ᠭᠠᠷᠬᠤ ᠪᠣᠯ ᠨᠢᠷᠸᠠᠨ ᠳ᠋ᠤ᠌ ᠬᠦᠷᠬᠦ 》 ᠭᠡᠮᠡᠨ ᠠᠢᠯᠠᠳᠤᠯ᠎ᠠ᠃
2025.11.20
ᠮᠣᠭᠠᠢ ᠵᠢᠯ ᠂ ᠨᠣᠬᠠᠢ ᠰᠠᠷ᠎ᠠ ᠶ᠋ᠢᠨ 30 ᠤ᠋ ᠬᠠᠷᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠠᠮᠤᠷ ᠪᠠᠶᠠᠰᠬᠤᠯᠠᠩ ᠢ᠋ ᠰᠡᠳᠬᠢᠯ ᠳ᠋ᠦ᠍ ᠪᠡᠨ ᠲᠣᠭᠲᠠᠭᠠᠭᠰᠠᠨ ᠬᠥᠮᠦᠨ ᠳ᠋ᠦ᠍ ᠢᠲᠡᠭᠡᠯᠲᠦ ᠪᠠᠭᠰᠢ ᠄ 《 ᠦᠨᠡᠨ ᠨᠣᠮᠣᠢ ᠳᠦᠷᠢ ᠦᠵᠡᠭᠦᠯ 》ᠭᠡᠮᠡᠨ ᠠᠢᠯᠠᠳᠤᠯ᠎ᠠ᠃
2025.11.21
ᠮᠣᠭᠠᠢ ᠵᠢᠯ ᠂ ᠭᠠᠬᠠᠢ ᠰᠠᠷ᠎ᠠ ᠶ᠋ᠢᠨ 1 ᠦ᠌ ᠬᠥᠬᠡ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠪᠠᠶᠠᠷᠲᠠᠢ ᠶᠠᠳᠠᠵᠤ ᠪᠠᠢᠭᠠᠷᠠᠢ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄ 《 ᠪᠤᠷᠬᠠᠨᠯᠢᠭ ᠰᠡᠳᠬᠢᠯ ᠰᠡᠷᠭᠦᠬᠦ 》ᠭᠡᠮᠡᠨ ᠠᠢᠯᠠᠳᠤᠯ᠎ᠠ᠃
2025.11.22
ᠮᠣᠭᠠᠢ ᠵᠢᠯ ᠂ ᠭᠠᠬᠠᠢ ᠰᠠᠷ᠎ᠠ ᠶ᠋ᠢᠨ 2 ᠤ᠋ ᠬᠥᠬᠡᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠪᠤᠶᠠᠨ ᠨᠣᠮ ᠥᠨᠳᠥᠷ ᠤᠤ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄《 ᠳᠡᠭᠡᠳᠦ ᠨᠣᠮ ᠢ ᠰᠤᠳᠤᠯᠬᠤ ᠶ᠋ᠢᠨ ᠲᠥᠯᠥᠭᠡ ᠮᠥᠨ ᠪᠡᠶ᠎ᠡ ᠪᠡᠯᠡᠳ 》 ᠭᠡᠮᠡᠨ ᠠᠢᠯᠠᠳᠤᠯ᠎ᠠ᠃
2025.11.23
ᠮᠣᠭᠠᠢ ᠵᠢᠯ ᠂ ᠭᠠᠬᠠᠢ ᠰᠠᠷ᠎ᠠ ᠶ᠋ᠢᠨ 3 ᠤ᠋ ᠤᠯᠠᠭᠠᠨ ᠪᠡᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠄《ᠠᠮᠢᠲᠠᠨ ᠬᠣᠣᠷᠯᠠᠬᠤ ᠪᠣᠯ ᠪᠤᠷᠬᠠᠨ ᠢ ᠬᠣᠣᠷᠯᠠᠬᠤ ᠲᠠᠢ ᠠᠳᠠᠯᠢ 》ᠭᠡᠨ᠎ᠡ ᠃ ᠢᠲᠡᠭᠡᠯᠲᠦ ᠪᠠᠭᠰᠢ ᠄《 ᠠᠮᠢᠲᠠᠨ ᠤ᠋ ᠲᠤᠰᠠ ᠶ᠋ᠢᠨ ᠲᠤᠯᠠᠳᠠ ᠪᠤᠷᠬᠠᠨ ᠪᠦᠲᠦᠬᠦ 》ᠭᠡᠮᠡᠨ ᠠᠢᠯᠠᠳᠤᠯ᠎ᠠ᠃
2025.11.24
ᠮᠣᠭᠠᠢ ᠵᠢᠯ ᠂ ᠭᠠᠬᠠᠢ ᠰᠠᠷ᠎ᠠ ᠶ᠋ᠢᠨ 4 ᠦ᠌ ᠤᠯᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠬᠥᠮᠦᠨ ᠪᠠ ᠠᠮᠢᠲᠠᠨ ᠳ᠋ᠤ᠌ ᠰᠠᠭᠠᠳ ᠦᠭᠡᠢ ᠪᠠᠢᠭᠲᠢ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄ 《 ᠦᠢᠯᠡ ᠶ᠋ᠢᠨ ᠦᠷ᠎ᠡ ᠤᠯᠠᠮ ᠰᠠᠢᠵᠢᠷᠠᠭᠠᠳ ᠭᠡᠭᠡᠨ ᠵᠠᠮ ᠳ᠋ᠤ᠌ ᠭᠠᠷᠬᠤ 》ᠭᠡᠮᠡᠨ ᠠᠢᠯᠠᠳᠤᠯ᠎ᠠ᠃
2025.11.25
ᠮᠣᠭᠠᠢ ᠵᠢᠯ ᠂ ᠭᠠᠬᠠᠢ ᠰᠠᠷ᠎ᠠ ᠶ᠋ᠢᠨ 5 ᠤ᠋ ᠰᠢᠷ᠎ᠠ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠣᠮ ᠤ᠋ᠨ ᠰᠠᠬᠢᠬ᠋ᠤᠰᠤᠳ ᠦᠵᠡᠭᠳᠡᠨ᠎ᠡ ᠃ ᠢᠲᠡᠭᠡᠯᠲᠦ ᠪᠠᠭᠰᠢ ᠄ 《 ᠠᠮᠢᠲᠠᠨ ᠪᠦᠭᠦᠳᠡ ᠶ᠋ᠢᠨ ᠴᠠᠭᠠᠳᠤ ᠴᠢᠨᠠᠷ ᠨᠢ ᠰᠤᠳᠤᠷ ᠲᠠᠷᠨᠢ ᠶ᠋ᠢᠨ ᠨᠢᠷᠸᠠᠨ ᠪᠣᠯᠤᠨ᠎ᠠ 》 ᠭᠡᠮᠡᠨ ᠠᠢᠯᠠᠳᠤᠯ᠎ᠠ ᠃
2025.11.26
ᠮᠣᠭᠠᠢ ᠵᠢᠯ ᠂ ᠭᠠᠬᠠᠢ ᠰᠠᠷ᠎ᠠ ᠶ᠋ᠢᠨ 6 ᠤ᠋ ᠰᠢᠷᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠪᠯᠠᠮ᠎ᠠ ᠄《  ᠥᠪᠡᠷ ᠢ ᠪᠡᠨ ᠮᠡᠳᠡᠬᠦ ᠬᠡᠷᠡᠭᠲᠡᠢ 》ᠭᠡᠨ᠎ᠡ ᠃ ᠢᠲᠡᠭᠡᠯᠲᠦ ᠪᠠᠭᠰᠢ ᠄《 ᠦᠨᠳᠦᠰᠦᠨ ᠪᠠᠭᠰᠢ ᠶ᠋ᠢᠨ ᠢᠵᠠᠭᠤᠷ ᠮᠡᠳᠡᠭᠰᠡᠨ ᠦᠵᠡᠭᠳᠡᠯ 》ᠭᠡᠮᠡᠨ ᠠᠢᠯᠠᠳᠤᠯ᠎ᠠ ᠃
2025.11.27
ᠮᠣᠭᠠᠢ ᠵᠢᠯ ᠂ ᠭᠠᠬᠠᠢ ᠰᠠᠷ᠎ᠠ ᠶ᠋ᠢᠨ 7 ᠤ᠋ ᠴᠠᠭᠠᠨ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠯᠠᠮᠠ ᠢᠳᠢ ᠰᠢᠳᠢᠲᠡᠨ ᠳ᠋ᠦ᠍ ᠲᠠᠬᠢᠯ ᠡᠷᠭᠦᠨ᠎ᠡ ᠃ ᠢᠲᠡᠭᠡᠯᠲᠦ ᠪᠠᠭᠰᠢ ᠄《ᠸᠴᠢᠷᠳᠠᠷ᠎ᠠ ᠪᠯᠠᠮ᠎ᠠ ᠲᠠᠢ ᠤᠴᠠᠷᠠᠨ ᠵᠣᠯᠭᠠᠬᠤ ᠳ᠋ᠤ᠌ ᠰᠢᠳᠢ ᠪᠦᠲᠦᠭᠡᠯ ᠬᠡᠷᠡᠭᠲᠡᠢ 》ᠭᠡᠮᠡᠨ ᠠᠢᠯᠠᠳᠤᠯ᠎ᠠ ᠃
2025.11.28
ᠮᠣᠭᠠᠢ ᠵᠢᠯ ᠂ ᠭᠠᠬᠠᠢ ᠰᠠᠷ᠎ᠠ ᠶ᠋ᠢᠨ 8 ᠤ᠋ ᠴᠠᠭᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ  ᠬᠠᠮᠪᠤ ᠪᠯᠠᠮ᠎ᠠ ᠶ᠋ᠢᠨ ᠰᠤᠷᠭᠠᠯ ᠄
ᠮᠠᠰᠢᠳᠠ ᠲᠣᠭᠰᠢᠨ ᠬᠠᠷ᠎ᠠ ᠥᠩᠭᠡ ᠲᠡᠢ ᠪᠣᠭᠳᠠ ᠮᠠᠨᠽᠤᠰᠢᠷᠢ ᠦᠵᠡᠭᠳᠡᠪᠡ ᠃ ᠢᠲᠡᠭᠡᠯᠲᠦ ᠪᠠᠭᠰᠢ ᠄《 ᠮᠤᠩᠬᠠᠭ ᠤ᠋ᠨ ᠬᠠᠷᠠᠩᠭᠤᠢ ᠶ᠋ᠢ ᠠᠷᠢᠯᠭᠠᠭᠠᠳ ᠪᠡᠯᠭᠡ ᠪᠢᠯᠢᠭ ᠳᠡᠯᠭᠡᠷᠡᠭᠦᠯᠬᠦ 》ᠭᠡᠮᠡᠨ ᠠᠢᠯᠠᠳᠤᠯ᠎ᠠ ᠃
2025.11.29
ᠮᠣᠭᠠᠢ ᠵᠢᠯ ᠂ ᠭᠠᠬᠠᠢ ᠰᠠᠷ᠎ᠠ ᠶ᠋ᠢᠨ 9 ᠦ᠌ ᠬᠠᠷ᠎ᠠ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠄《 ᠤᠭᠤᠷᠠᠭ ᠲᠠᠷᠢᠬᠢ ᠪᠠᠨ ᠬᠡᠷᠡᠭᠲᠡᠢ ᠵᠦᠭ ᠲᠡᠢ ᠪᠤᠯᠬ᠋ᠠᠬᠲᠢ 》 ᠭᠡᠨ᠎ᠡ ᠃ ᠢᠲᠡᠭᠡᠯᠲᠦ ᠪᠠᠭᠰᠢ ᠄《 ᠰᠡᠳᠬᠢᠯ ᠦ᠋ᠨ ᠦᠨᠳᠦᠰᠦ ᠪᠠᠭᠰᠢ ᠪᠠᠨ ᠳᠤᠷᠠᠳᠤᠭᠰᠠᠨ ᠳ᠋ᠤ᠌ ᠤᠬᠠᠭᠠᠨ ᠪᠣᠳᠣᠯ ᠬᠡᠷᠡᠭᠲᠡᠢ ᠲᠠᠢᠰᠢ ᠪᠠᠨ ᠵᠠᠯᠠᠷᠠᠬᠤ 》 ᠭᠡᠮᠡᠨ ᠠᠢᠯᠠᠳᠤᠯ᠎ᠠ᠃
2025.11.30
ᠮᠣᠭᠠᠢ ᠵᠢᠯ ᠂ ᠭᠠᠬᠠᠢ ᠰᠠᠷ᠎ᠠ ᠶ᠋ᠢᠨ 10 ᠤ᠋ ᠬᠠᠷᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠪᠯᠠᠮ᠎ᠠ ᠲᠣᠳᠣ ᠭᠡᠷᠡᠯ ᠪᠠᠷᠢᠭᠠᠳ ᠰᠠᠭᠤᠨ᠎ᠠ ᠃ ᠢᠲᠡᠭᠡᠯᠲᠦ ᠪᠠᠭᠰᠢ ᠄《 ᠮᠤᠩᠬᠠᠭ ᠠ᠋ᠴᠠ ᠮᠤᠯᠲᠤᠷᠠᠭᠠᠳ ᠦᠢᠯᠡ ᠦᠢᠯᠡᠳᠬᠦ ᠬᠡᠷᠡᠭᠲᠡᠢ》ᠭᠡᠮᠡᠨ ᠠᠢᠯᠠᠳᠤᠯ᠎ᠠ᠃
ᠢᠷᠡᠯᠲᠡ᠄ ᠢᠪᠠᠯᠭ᠎ᠠ ᠶ᠋ᠢᠨ ᠳ᠋ᠠᠼᠠᠩ 《 ᠬᠠᠮᠪᠤ ᠶ᠋ᠢᠨ ᠬᠦᠷᠢᠶ᠎ᠡ》

ᠦᠰᠦᠭ ᠠᠮᠢᠯᠠᠭᠤᠯᠤᠭᠴᠢ᠄ ᠠᠯᠲᠠᠨᠨᠠᠪᠴᠢ
ᠬᠢᠨᠠᠭᠴᠢ᠄ ᠣᠳᠬᠠᠨᠰᠣ᠎ᠠ