ᠮᠦᠩᠬᠡᠳᠠᠯᠠᠢ ᠶ᠋ᠢᠨ ᠤᠷᠠᠨ ᠪᠢᠴᠢᠯᠭᠡMönkhdalaigiin uran bichlegМөнхдалайгийн уран бичлэг ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠦᠩᠬᠡᠳᠠᠯᠠᠢ ᠶ᠋ᠢᠨ ᠤᠷᠠᠨ ᠪᠢᠴᠢᠯᠭᠡMönkhdalaigiin uran bichlegМөнхдалайгийн уран бичлэг

ᠮᠦᠩᠬᠡᠳᠠᠯᠠᠢ ᠶ᠋ᠢᠨ ᠤᠷᠠᠨ ᠪᠢᠴᠢᠯᠭᠡMönkhdalaigiin uran bichlegМөнхдалайгийн уран бичлэг

ᠠᠩᠭᠢᠯᠠᠯ:ᠤᠷᠠᠨ ᠪᠢᠴᠢᠯᠭᠡ
2025-12-08

1365

ᠮᠦᠩᠬᠡᠳᠠᠯᠠᠢ ᠶ᠋ᠢᠨ ᠲᠣᠪᠴᠢ ᠨᠠᠮᠲᠠᠷ

    ᠮᠦᠩᠬᠡᠳᠠᠯᠠᠢ ᠂ 1964 ᠣᠨ ᠳ᠋ᠤ᠌ ᠪᠠᠭᠠᠷᠢᠨ ᠪᠠᠷᠠᠭᠤᠨ ᠬᠤᠰᠢᠭᠤᠨ ᠤ᠋ ᠴᠠᠭᠠᠨᠮᠦ᠋ᠷᠢᠨ ᠰᠤᠮᠤ ᠶ᠋ᠢᠨ ᠵᠤᠯᠠᠵᠢᠨ ᠠᠢᠯ ᠳ᠋ᠤ᠌ ᠲᠥᠷᠥᠵᠡᠢ᠃ ᠲᠡᠷᠡ ᠥᠪᠥᠷ ᠮᠣᠩᠭᠣᠯ ᠤ᠋ᠨ ᠰᠢᠯᠦᠭ᠂ ᠵᠢᠷᠤᠭ᠂ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠮᠣᠩᠭᠣᠯ ᠤᠷᠠᠨ ᠪᠢᠴᠢᠯᠭᠡᠲᠡᠳ ᠦ᠋ᠨ ᠨᠡᠢᠭᠡᠮᠯᠢᠭ ᠦ᠋ᠨ ᠭᠡᠰᠢᠭᠦᠨ᠂ ᠣᠳᠣ ᠪᠠᠭᠠᠷᠢᠨ ᠪᠠᠷᠠᠭᠤᠨ ᠬᠤᠰᠢᠭᠤᠨ ᠤ᠋ ᠵᠢᠭᠠᠬᠤ ᠶ᠋ᠢ ᠰᠤᠳᠤᠯᠬᠤ ᠲᠠᠰᠤᠭ  ᠲᠤ᠌ ᠠᠵᠢᠯᠯᠠᠵᠤ ᠪᠣᠢ᠃1993—1995 ᠣᠨ ᠳ᠋ᠤ᠌ ᠯᠢᠨᠳᠦᠩ  ᠳ᠋ᠡᠬᠢ ᠪᠠᠭᠰᠢ ᠶ᠋ᠢᠨ ᠰᠤᠷᠭᠠᠭᠤᠯᠢ ᠶ᠋ᠢᠨ ᠪᠠᠭᠰᠢ ᠶ᠋ᠢᠨ ᠪᠣᠯᠪᠠᠰᠤᠷᠠᠯ ᠤ᠋ᠨ ᠲᠤᠰᠬᠠᠢ ᠮᠡᠷᠭᠡᠵᠢᠯ ᠦ᠋ᠨ ᠠᠩᠭᠢ ᠳ᠋ᠤ᠌ ᠰᠤᠷᠤᠯᠴᠠᠵᠤ᠂ ᠣᠳᠣ ᠥᠨᠳᠥᠷ ᠳᠡᠰ ᠦ᠋ᠨ ᠪᠠᠭᠰᠢ ᠶ᠋ᠢᠨ ᠴᠣᠯᠠ ᠲᠠᠢ᠃
    2014 ᠣᠨ ᠳ᠋ᠤ᠌ ᠰᠢᠯᠭᠠᠯᠲᠠ ᠪᠠᠷ ᠳᠠᠮᠵᠢᠨ ᠰᠣᠶᠣᠯ ᠤ᠋ᠨ ᠶᠠᠮᠤᠨ ᠤ᠋ ᠵᠥᠪᠰᠢᠶᠡᠷᠡᠭᠰᠡᠨ ᠤᠷᠠᠨ ᠪᠢᠴᠢᠯᠭᠡ ᠶ᠋ᠢᠨ ᠠᠷᠪᠠᠳᠤᠭᠠᠷ ᠳᠡᠰ ( ᠬᠠᠮᠤᠭ ᠥᠨᠳᠥᠷ ᠳᠡᠰ) ᠦ᠋ᠨ ᠬᠢᠷᠢ ᠭᠡᠮ ᠢ᠋ ᠬᠦᠷᠲᠡᠪᠡ ᠃2007 ᠣᠨ ᠳ᠋ᠤ᠌ ᠪᠦᠬᠦ ᠣᠷᠣᠨ ᠤ᠋《 ᠬᠦᠰᠡᠯᠡᠩᠲᠦ ᠬᠤᠨᠳᠠᠭ᠎ᠠ》 ᠵᠢᠷᠤᠭ ᠤ᠋ᠨ ᠤᠷᠤᠯᠳᠤᠭᠠᠨ ᠳ᠋ᠤ᠌ ᠬᠣᠶᠠᠳᠤᠭᠠᠷ ᠳᠡᠰ ᠦ᠋ᠨ ᠱᠠᠩᠨᠠᠯ ᠬᠦᠷᠲᠡᠵᠦ᠂2017 ᠣᠨ ᠳ᠋ᠤ᠌ ᠬᠥᠬᠡᠨᠠᠭᠤᠷ ᠤ᠋ᠨ ᠬᠠᠢᠰᠢ ᠵᠧᠦ ᠳ᠋ᠦ᠍ ᠶᠠᠪᠤᠭᠳᠠᠭᠰᠠᠨ ᠠᠩᠬᠠᠳᠤᠭᠠᠷ ᠤᠳᠠᠭᠠᠨ ᠤ᠋ ᠣᠯᠠᠨ ᠤᠯᠤᠰ ᠤ᠋ᠨ ᠮᠣᠩᠭᠣᠯ ᠤᠷᠠᠨ ᠪᠢᠴᠢᠯᠭᠡ ᠶ᠋ᠢᠨ ᠤᠷᠤᠯᠳᠤᠭᠠᠨ ᠳ᠋ᠤ᠌ ᠰᠢᠯᠢᠳᠡᠭ ᠱᠠᠩᠨᠠᠯ ᠲᠤᠰᠵᠠᠢ᠃2013 ᠣᠨ ᠳ᠋ᠤ᠌ ᠪᠠᠭᠠᠷᠢᠨ ᠪᠠᠷᠠᠭᠤᠨ ᠬᠤᠰᠢᠭᠤᠨ ᠳ᠋ᠤ᠌ ᠬᠤᠪᠢ ᠬᠥᠮᠦᠨ ᠦ᠌ ᠤᠷᠠᠨ ᠪᠢᠴᠢᠯᠭᠡ ᠵᠢᠷᠤᠭ ᠤ᠋ᠨ ᠦᠵᠡᠰᠬᠦᠯᠡᠩ ᠡᠷᠬᠢᠯᠡᠭᠰᠡᠨ ᠪᠠ ᠤᠯᠠᠭᠠᠨᠬᠠᠳᠠ᠂ ᠥᠪᠥᠷ ᠮᠣᠩᠭᠣᠯ ᠤ᠋ᠨ ᠲᠧᠯᠸᠢᠰ ᠬᠣᠷᠢᠶ᠎ᠠ《 ᠤᠷᠠᠯᠢᠭ ᠲᠤ᠌ ᠰᠢᠩᠭᠡᠭᠡᠭᠰᠡᠨ ᠤᠯᠠ ᠮᠥᠷ》 ᠲᠤᠰᠬᠠᠢ ᠳ᠋ᠤᠭᠠᠷ ᠢ᠋ᠶ᠋ᠠᠷ ᠤᠳᠠᠭ᠎ᠠ ᠳᠠᠷᠠᠭᠠᠯᠠᠨ ᠦᠵᠡᠭᠴᠢᠳ ᠦ᠋ᠨ ᠬᠠᠷᠠᠭᠠᠨ ᠳ᠋ᠤ᠌ ᠲᠣᠳᠣᠷᠠᠭᠤᠯᠤᠭᠰᠠᠨ ᠪᠠᠢᠨ᠎ᠠ᠃

    ᠦᠰᠦᠭ ᠠᠮᠢᠯᠠᠭᠤᠯᠤᠭᠴᠢ᠄ ᠪᠠᠢ᠂ ᠰᠠᠷᠠᠨ᠎ᠠ
    ᠬᠢᠨᠠᠭᠴᠢ᠄ ᠪᠤᠯᠠᠭ