ᠳᠣᠯᠣᠭᠠᠨ ᠤᠰᠤᠨ ᠤ ᠲᠡᠦᠬᠡ – [ᠣᠷᠣᠰ]ᠪᠠᠷᠲ᠋ᠣᠯᠳ᠋ < ᠳᠣᠯᠣᠭᠠᠨ ᠤᠰᠤᠨ ᠤ ᠲᠡᠦᠬᠡ ᠶᠢᠨ ᠤᠤᠯ ᠡᠬᠡ > Долоон усны түүх – [орос] Бартулд <долоон усны түүхийн уул эх> ᠲᠡᠦᠬᠡ ᠰᠣᠶᠣᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠳᠣᠯᠣᠭᠠᠨ ᠤᠰᠤᠨ ᠤ ᠲᠡᠦᠬᠡ – [ᠣᠷᠣᠰ]ᠪᠠᠷᠲ᠋ᠣᠯᠳ᠋ < ᠳᠣᠯᠣᠭᠠᠨ ᠤᠰᠤᠨ ᠤ ᠲᠡᠦᠬᠡ ᠶᠢᠨ ᠤᠤᠯ ᠡᠬᠡ > Долоон усны түүх – [орос] Бартулд <долоон усны түүхийн уул эх>

ᠳᠣᠯᠣᠭᠠᠨ ᠤᠰᠤᠨ ᠤ ᠲᠡᠦᠬᠡ – [ᠣᠷᠣᠰ]ᠪᠠᠷᠲ᠋ᠣᠯᠳ᠋ < ᠳᠣᠯᠣᠭᠠᠨ ᠤᠰᠤᠨ ᠤ ᠲᠡᠦᠬᠡ ᠶᠢᠨ ᠤᠤᠯ ᠡᠬᠡ > Долоон усны түүх – [орос] Бартулд <долоон усны түүхийн уул эх>

ᠠᠩᠭᠢᠯᠠᠯ:ᠲᠡᠦᠬᠡ ᠰᠣᠶᠣᠯ
2026-01-15

155

ᠳᠣᠯᠣᠭᠠᠨ ᠤᠰᠤᠨ ᠤ ᠲᠡᠦᠬᠡ ᠶᠢᠨ ᠤᠤᠯ ᠡᠬᠡ


       ᠳᠣᠯᠣᠭᠠᠨ ᠤᠰᠤᠨ ᠮᠣᠵᠢ ᠶ᠋ᠢᠨ ᠬᠢᠨ1898 ᠣᠨ ᠤ᠋ ᠲᠤᠰ ᠮᠣᠵᠢ ᠶ᠋ᠢᠨ ᠢ᠋ᠶ᠋ᠡᠨ《ᠣᠨ ᠤ᠋ ᠣᠢᠯᠠᠪᠤᠷᠢ》 ᠳ᠋ᠠᠭᠠᠨ ᠳᠣᠯᠣᠭᠠᠨ ᠤᠰᠤᠨ ᠨᠤᠲᠤᠭ ᠤ᠋ᠨ ᠲᠣᠪᠴᠢ ᠲᠡᠦᠬᠡ ᠪᠠ ᠶᠡᠬᠡ ᠬᠡᠷᠡᠭ ᠦ᠋ᠨ ᠣᠨ ᠳᠠᠷᠠᠭᠠᠯᠠᠭᠰᠠᠨ ᠴᠢᠬᠤᠯᠠ ᠬᠡᠷᠡᠭ ᠦ᠋ᠨ ᠲᠡᠮᠳᠡᠭᠯᠡᠯ ᠢ᠋ ᠪᠢᠴᠢᠭᠡᠳ ᠥᠭᠬᠦ ᠪᠣᠯᠪᠠ ᠤᠤ ᠭᠡᠵᠦ ᠨᠠᠳᠠ ᠳ᠋ᠤ᠌ ᠨᠠᠢᠳᠠᠭᠰᠠᠨ ᠳ᠋ᠤ᠌ ᠪᠢᠳᠡ ᠲᠤᠢᠯ ᠤ᠋ᠨ ᠪᠠᠶᠠᠷᠯᠠᠨ ᠳᠣᠭᠳᠣᠯᠤᠭᠰᠠᠨ ᠰᠡᠳᠬᠢᠯᠭᠡ ᠪᠡᠷ ᠲᠤᠰ ᠠᠵᠢᠯ ᠢ᠋ ᠬᠦᠯᠢᠶᠡᠨ ᠠᠪᠤᠪᠠ᠃ ᠳᠤᠮᠳᠠᠳᠤ ᠠᠽᠢᠶ᠎ᠠ ᠶ᠋ᠢᠨ ᠲᠡᠦᠬᠡ ᠰᠤᠳᠤᠯᠤᠯ ᠤ᠋ᠨ ᠠᠵᠢᠯᠲᠠᠨ ᠪᠣᠯᠤᠭᠰᠠᠨ ᠤ᠋ ᠬᠤᠪᠢ ᠳ᠋ᠤ᠌ ᠰᠡᠳᠬᠢᠯ ᠮᠢᠨᠢ ᠶᠡᠬᠡᠲᠡᠨ ᠲᠠᠢᠳᠬᠤᠷᠠᠭᠰᠠᠨ ᠪᠢᠯᠡ᠂ ᠳᠣᠯᠣᠭᠠᠨ ᠤᠰᠤᠨ ᠤ᠋ ᠭᠠᠵᠠᠷ ᠣᠷᠣᠨ ᠤ᠋ ᠲᠡᠦᠬᠡ ᠬᠥᠮᠦᠰ ᠦ᠋ᠨ ᠰᠣᠨᠢᠷᠬᠠᠯ ᠢ᠋ ᠲᠠᠲᠠᠳᠠᠭ ᠤ᠋ᠨ ᠰᠢᠯᠲᠠᠭᠠᠨ ᠨᠢ ᠴᠦ᠍ ᠡᠭᠦᠨ ᠳ᠋ᠦ᠍ ᠪᠠᠢᠭ᠎ᠠ ᠶᠤᠮ᠃ ᠪᠣᠳᠠᠲᠠᠢ ᠪᠠᠷ ᠬᠡᠯᠡᠪᠡᠯ᠂ ᠲᠤᠬᠠᠢ ᠶ᠋ᠢᠨ ᠭᠠᠵᠠᠷ ᠤ᠋ᠨ ᠠᠷᠠᠳ ᠲᠦᠮᠡᠨ ᠦ᠌ ᠢᠳᠡᠪᠬᠢᠲᠡᠢ ᠬᠠᠮᠵᠢᠯᠴᠠᠭ᠎ᠠ ᠦᠭᠡᠢ ᠶᠦᠮ ᠪᠣᠯ᠂ ᠡᠨᠡ ᠲᠠᠯ᠎ᠠ ᠶ᠋ᠢᠨ ᠠᠯᠢᠪᠠ ᠰᠤᠳᠤᠯᠭᠠᠨ ᠤ᠋ ᠰᠡᠳᠦᠪ ᠪᠦᠷᠢᠮᠦᠰᠦᠨ ᠲᠤᠢᠯᠪᠤᠷᠢᠲᠠᠢ ᠪᠦᠲᠦᠮᠵᠢ ᠭᠠᠷᠭᠠᠵᠤ ᠳᠡᠢᠯᠬᠦ ᠦᠭᠡᠢ ᠶᠦᠮ᠃ ᠮᠠᠨ ᠤ᠋ ᠠᠰᠢᠭᠯᠠᠭᠰᠠᠨ ᠲᠡᠦᠬᠡᠨ ᠮᠠᠲ᠋ᠧᠷᠢᠶᠠᠯ ᠪᠣᠯ ᠬᠡᠰᠡᠭ ᠪᠤᠰᠠᠭ᠂ ᠪᠦᠷᠢᠨ ᠪᠤᠰᠤ᠂ ᠦᠷᠭᠦᠯᠵᠢ ᠬᠠᠭᠤᠴᠢᠰ ᠰᠤᠳᠤᠯᠤᠯ ᠤ᠋ᠨ ᠮᠠᠲ᠋ᠧᠷᠢᠶᠠᠯ ᠢ᠋ᠶ᠋ᠠᠷ ᠨᠥᠬᠥᠪᠥᠷᠢᠯᠡᠬᠦ ᠬᠡᠷᠡᠭᠲᠡᠢ ᠪᠠᠢᠭᠰᠠᠨ᠃ ᠡᠨᠳᠡ ᠢᠷᠡᠭᠡᠳ ᠣᠬᠣᠷᠬᠠᠨ ᠬᠤᠭᠤᠴᠠᠭᠠᠨ ᠤ᠋ ᠠᠢᠯᠴᠢᠯᠠᠯᠲᠠ ᠬᠢᠬᠦ ᠳ᠋ᠡᠭᠡᠨ ᠲᠤᠬᠠᠢ ᠶ᠋ᠢᠨ ᠭᠠᠵᠠᠷ ᠤ᠋ᠨ ᠰᠠᠭᠤᠭᠠᠯᠢ ᠠᠷᠠᠳ ᠲᠠᠢ ᠨᠢᠭᠲᠠ ᠬᠣᠯᠪᠣᠭ᠎ᠠ ᠲᠠᠢ ᠪᠠᠢᠵᠤ ᠴᠢᠳᠠᠬᠤ ᠦᠭᠡᠢ ᠪᠣᠯ᠂ ᠣᠯᠳᠠᠭᠰᠠᠨ ᠮᠠᠲ᠋ᠧᠷᠢᠶᠠᠯ ᠳ᠋ᠤᠨᠢ ᠣᠯᠠᠨ ᠣᠯᠠᠨ ᠬᠦᠴᠢᠷᠳᠡᠯ ᠲᠤᠯᠭᠠᠷᠠᠬᠤ ᠨᠢ ᠵᠠᠢᠯᠠᠰᠢ ᠦᠭᠡᠢ ᠃ᠭᠠᠭᠴᠠ ᠬᠦ᠌ ᠤᠷᠲᠤ ᠬᠤᠭᠤᠴᠠᠭ᠎ᠠ ᠪᠠᠷ ᠲᠤᠬᠠᠢ ᠶ᠋ᠢᠨ ᠭᠠᠵᠠᠷ ᠲᠤ᠌ ᠰᠠᠭᠤᠷᠢᠰᠢᠭᠰᠠᠨ ᠬᠥᠮᠦᠨ ᠰᠠᠶᠢ ᠪᠦᠷᠢᠨ ᠲᠣᠮᠣ ᠬᠡᠪᠴᠢᠶᠡᠨ᠎ᠡ ᠡᠣᠷᠣᠨ ᠨᠤᠲᠤᠭ ᠤ᠋ᠨ ᠴᠢᠨᠠᠷ ᠪᠦᠬᠦᠢ ᠰᠤᠳᠤᠯᠭ᠎ᠠ ᠶ᠋ᠢ ᠬᠢᠵᠦ ᠴᠢᠳᠠᠬᠤ ᠪᠥᠭᠡᠳ ᠦᠨᠡᠨ ᠬᠦ᠌ ᠦᠨ᠎ᠡ ᠥᠷᠲᠡᠭ ᠪᠦᠬᠦᠢ ᠢᠯᠡᠷᠡᠭᠦᠯᠦᠯᠲᠡ ᠶ᠋ᠢ ᠪᠣᠢ ᠪᠣᠯᠭᠠᠵᠤ᠂ᠮᠠᠨ ᠤ᠋ ᠮᠡᠳᠡᠯᠭᠡ ᠶ᠋ᠢ ᠪᠠᠶᠠᠯᠢᠭᠵᠢᠭᠤᠯᠵᠤ ᠴᠢᠳᠠᠨ᠎ᠠ ᠃ ᠵᠢᠱ᠌ᠢᠶᠡᠯᠡᠪᠡᠯ᠂ ᠫᠢᠱᠪᠦᠺᠡ ᠪᠣᠯᠤᠨ ᠲᠣᠭᠮᠦᠺᠡ ᠣᠷᠴᠢᠮ ᠢᠯᠡᠷᠡᠭᠦᠯᠦᠭᠰᠡᠨ ᠳᠣᠯᠣᠭᠠᠨ ᠤᠰᠤᠨ ᠨᠤᠲᠤᠭ ᠤ᠋ᠨ ᠱᠠᠰᠢᠨ ᠤ᠋ ᠦᠵᠡᠮᠵᠢ( ᠾᠷᠢᠰᠲ᠋ᠣᠰ ᠤ᠋ᠨ ᠱᠠᠰᠢᠨ ᠤ᠋ ᠨᠸᠰᠲ᠋ᠤᠷᠢᠶᠡᠨ ᠦ᠌ ᠪᠦᠯᠦᠭ) ᠦ᠋ᠨ ᠪᠣᠩᠭᠤᠨ ᠪᠣᠯ ᠡᠢᠮᠦ ᠪᠠᠢᠭ᠎ᠠ ᠶᠤᠮ᠃ ᠭᠡᠪᠡᠴᠦ ᠡᠢᠮᠦᠷᠬᠦᠦ ᠡᠷᠢᠯᠬᠢᠯᠡᠯᠲᠡ ᠨᠢ ᠶᠡᠷᠦ ᠡᠴᠡ ᠨᠢᠭᠡ ᠵᠦᠢᠯ ᠦ᠋ᠨ ᠭᠡᠨᠡᠳᠲᠡ ᠶ᠋ᠢᠨ ᠪᠠ ᠰᠠᠨᠠᠭᠠᠨ ᠤ᠋ ᠠᠶ᠎ᠠ ᠶ᠋ᠢ ᠳᠠᠭᠠᠭᠰᠠᠨ ᠪᠠᠢᠳᠠᠯ ᠳᠣᠣᠷ᠎ᠠ ᠶᠠᠪᠤᠭᠳᠠᠭᠰᠠᠨ ᠶᠤᠮ᠃ ᠮᠤᠨᠳᠠᠭ ᠬᠡᠮᠵᠢᠶᠡᠨ ᠦ᠌ ᠬᠠᠭᠤᠴᠢᠰ ᠰᠤᠳᠤᠯᠤᠯ ᠤ᠋ᠨ ᠮᠠᠲ᠋ᠧᠷᠢᠶᠠᠯ ᠤ᠋ᠳ ᠰᠤᠳᠤᠯᠬᠤ ᠠ᠋ᠴᠠ ᠡᠮᠦᠨ᠎ᠡ ᠠᠯᠠᠭ᠎ᠠ ᠪᠣᠯᠴᠢᠬᠠᠭᠰᠠᠨ ᠪᠠᠢᠪᠠ᠃ ᠲᠣᠭᠮᠣᠺ ᠤ᠋ᠨ ᠰᠠᠭᠤᠭᠠᠯᠢ ᠠᠷᠠᠳ ᠦᠷᠭᠦᠯᠵᠢ ᠪᠠᠢᠷᠠᠨᠠᠨ ᠣᠷᠴᠢᠮ ᠤ᠋ᠨ ᠡᠷᠲᠡᠨ ᠦ᠌ ᠭᠣᠣᠯ ᠰᠤᠪᠠᠭ ᠤ᠋ᠨ ᠳᠠᠩ ᠠ᠋ᠴᠠ ᠶᠡᠬᠡ ᠣᠯᠠᠨ ᠵᠣᠭᠣᠰ ᠲᠡᠭᠦᠵᠦ ᠣᠯᠳᠠᠭ ᠪᠠᠢᠵᠠᠢ᠃ ᠭᠡᠪᠡᠴᠦ ᠪᠢ ᠣᠴᠢᠵᠤ ᠡᠷᠢᠭᠡᠳ ᠨᠢᠭᠡ ᠶ᠋ᠢ ᠴᠦ᠍ ᠣᠯᠤᠭ᠎ᠠ ᠦᠭᠡᠢ᠃ ᠪᠤᠰᠤᠳ ᠡᠭᠦᠷᠭᠡ ᠨᠦ᠍ᠭᠦᠳ ᠴᠦ᠍ ᠠᠳᠠᠯᠢᠬᠠᠨ᠂ ᠶᠠᠮᠠᠷᠪᠠ ᠭᠠᠵᠠᠷ ᠣᠷᠣᠨ ᠤ᠋ ᠬᠠᠭᠤᠴᠢᠰ ᠦᠯᠡᠳᠡᠭᠳᠡᠯ ᠰᠤᠳᠤᠯᠭ᠎ᠠ ᠶ᠋ᠢ ᠬᠢᠬᠦ ᠳ᠋ᠦ᠍ ᠵᠣᠬᠢᠬᠤ ᠵᠣᠬᠢᠶᠠᠨ ᠪᠠᠢᠭᠤᠯᠤᠯᠲᠠ ᠪᠠ ᠣᠯᠠᠨ ᠲᠦᠮᠡᠨ ᠢ᠋ ᠲᠦᠰᠢᠬᠦ ᠦᠭᠡᠢ ᠪᠣᠯ ᠠᠵᠢᠯ ᠶᠠᠪᠤᠭᠳᠠᠵᠤ ᠴᠢᠳᠠᠬᠤ ᠦᠭᠡᠢ᠃ ᠡᠢᠮᠦ ᠡᠴᠡ᠂ ᠡᠨᠳᠡ ᠪᠢ ᠬᠦᠰᠡᠯ ᠢ᠋ᠶ᠋ᠡᠨ ᠢᠯᠡᠳᠬᠡᠶ᠎ᠡ᠃ ᠳᠣᠯᠣᠭᠠᠨ ᠤᠰᠤᠨ ᠤ᠋ ᠨᠤᠲᠤᠭ ᠲᠤ᠌ ᠵᠣᠬᠢᠬᠤ ᠠᠷᠭ᠎ᠠ ᠵᠠᠮ ᠢ᠋ᠶ᠋ᠠᠷ ᠳᠠᠮᠵᠢᠭᠤᠯᠵᠤ᠂ ᠲᠣᠭᠲᠠᠭᠰᠠᠨ ᠵᠣᠷᠢᠯᠭ᠎ᠠ ᠪᠠ ᠬᠠᠷᠠᠯᠲᠠ ᠲᠠᠢ ᠬᠤᠷᠠᠯ ᠺᠣᠮᠢᠰ ᠵᠣᠬᠢᠶᠠᠨ ᠪᠠᠢᠭᠤᠯᠬᠤ ᠬᠡᠷᠡᠭᠲᠡᠢ᠃ ᠲᠤᠬᠠᠢᠯᠠᠪᠠᠯ᠂ ᠲᠦᠷᠺᠢᠰᠲ᠋ᠨ᠌ᠨ ᠨᠤᠲᠤᠭ ᠲᠤ᠌ ᠵᠣᠬᠢᠶᠠᠨ ᠪᠠᠢᠭᠤᠯᠤᠭᠳᠠᠭᠠᠳ ᠠᠵᠢᠯ ᠢ᠋ᠶ᠋ᠠᠨ ᠥᠷᠨᠢᠭᠦᠯᠵᠦ ᠪᠠᠢᠭ᠎ᠠ ᠨᠡᠢᠭᠡᠮ ᠦ᠋ᠨ ᠪᠦᠯᠬᠦᠮ ᠲᠡᠢ ᠠᠳᠠᠯᠢ᠃ ᠲᠡᠳᠡ ᠨᠠᠷ ᠤ᠋ᠨ ᠬᠥᠳᠡᠯᠮᠦᠷᠢ ᠪᠡᠷ ᠳᠡᠮᠵᠢᠪᠡᠯ᠂ ᠪᠢᠳᠡ ᠰᠠᠶᠢ ᠳᠡᠯᠡᠰ( ᠳ᠋ᠠᠯᠠᠰ ᠴᠦ᠍ ᠭᠡᠳᠡᠭ)ᠭᠣᠣᠯ ᠤ᠋ᠨ ᠡᠷᠭᠢ ᠡᠴᠡ ᠢᠯᠡᠷᠡᠭᠦᠯᠦᠭᠰᠡᠨ ᠡᠷᠲᠡᠨ ᠦ᠌ ᠲᠥᠷᠥᠭ ᠬᠡᠯᠡ ᠪᠣᠯᠤᠨ ᠤᠢᠭᠤᠷ ᠬᠡᠯᠡᠨ ᠦ᠌ ᠬᠥᠰᠢᠶ᠎ᠡ ᠰᠡᠢᠯᠦᠮᠡᠯ ᠰᠢᠭ ᠬᠣᠪᠣᠷ ᠦᠨᠡᠲᠦ ᠮᠠᠲ᠋ᠧᠷᠢᠶᠠᠯ ᠢ᠋ ᠣᠯᠵᠤ ᠤᠩᠰᠢᠨ᠎ᠠ᠃ 
       ᠣᠷᠣᠨ ᠨᠤᠲᠤᠭ ᠤ᠋ᠨ ᠲᠡᠦᠬᠡ ᠶ᠋ᠢ ᠬᠥᠭᠵᠢᠭᠦᠯᠬᠦ ᠲᠠᠯ᠎ᠠ ᠪᠠᠷ᠂ ᠬᠠᠭᠤᠴᠢᠰ ᠰᠤᠳᠤᠯᠤᠯ ᠤ᠋ᠨ ᠮᠠᠲ᠋ᠧᠷᠢᠶᠠᠯ ᠢ᠋ ᠴᠤᠭᠯᠠᠭᠤᠯᠬᠤ ᠶᠠᠪᠤᠳᠠᠯ ᠢ᠋ ᠭᠠᠷᠭᠠᠪᠠᠯ᠂ ᠣᠷᠣᠨ ᠨᠤᠲᠤᠭ ᠤ᠋ᠨ ᠬᠦᠴᠦ ᠬᠠᠰᠢ ᠯᠠ ᠶᠡᠬᠡ ᠦᠢᠯᠡᠳᠦᠯ ᠭᠠᠷᠭᠠᠵᠤ ᠪᠠᠢᠳᠠᠭ᠃ ᠡᠷᠲᠡᠨ ᠦ᠌ ᠨᠢᠭᠡ ᠭᠠᠵᠠᠷ ᠤ᠋ᠨ ᠨᠡᠷ᠎ᠡ ᠪᠣᠯᠤᠨ ᠣᠳᠣᠬᠢ ᠭᠠᠵᠠᠷ ᠤ᠋ᠨ ᠨᠡᠷ᠎ᠡ ᠯᠦ᠍ᠭᠡ ᠶ᠋ᠢᠨ ᠬᠠᠷᠢᠴᠠᠭ᠎ᠠ ᠶ᠋ᠢ ᠲᠣᠭᠲᠠᠭᠠᠬᠤ ᠳ᠋ᠤ᠌ ᠲᠤᠬᠠᠢ ᠶ᠋ᠢᠨ ᠭᠠᠵᠠᠷ ᠢ᠋ ᠡᠷᠬᠡᠪᠰᠢ ᠲᠣᠳᠣᠷᠬᠠᠢ ᠣᠢᠯᠠᠭᠠᠬᠤ ᠬᠡᠷᠡᠭᠲᠡᠢ ᠶᠦ᠍ᠮ᠃ ᠪᠦᠬᠦ ᠲᠠᠯᠠᠲᠤ ᠴᠢᠨᠠᠷ ᠠ᠋ᠴᠠ ᠠᠪᠴᠤ ᠬᠡᠯᠡᠪᠡᠯ᠂ ᠭᠠᠵᠠᠷ ᠣᠷᠣᠨ ᠤ᠋ ᠲᠡᠦᠬᠡ ᠬᠢᠭᠡᠳ ᠭᠠᠵᠠᠷ ᠵᠦᠢ ᠶ᠋ᠢᠨ ᠣᠷᠴᠢᠨ ᠲᠣᠭᠣᠷᠢᠨ ᠤ᠋ ᠬᠣᠯᠪᠣᠭ᠎ᠠ ᠬᠠᠷᠢᠴᠠᠭ᠎ᠠ ᠪᠣᠯ ᠳᠤᠲᠠᠭᠳᠠᠵᠤ ᠪᠣᠯᠣᠰᠢ ᠦᠭᠡᠢ ᠴᠢᠬᠤᠯᠠ ᠶᠤᠮ᠃ ᠤᠭᠰᠠᠭᠠᠲᠠᠨ ᠤ᠋ ᠵᠦᠢ ᠶ᠋ᠢᠨ ᠮᠠᠲ᠋ᠧᠷᠢᠶᠠᠯ ᠤ᠋ᠨ ᠴᠢᠬᠤᠯᠠ ᠴᠢᠨᠠᠷ ᠢ᠋ ᠨᠡᠩ ᠴᠦ᠍ ᠳᠤᠷᠠᠳᠤᠭᠰᠠᠨ ᠤ᠋ ᠤᠴᠢᠷ ᠠᠯᠠᠭ᠎ᠠ᠃ ᠡᠨᠡ ᠲᠠᠯ᠎ᠠ ᠪᠠᠷ ᠣᠷᠣᠨ ᠨᠤᠲᠤᠭ ᠤ᠋ᠨ ᠰᠤᠳᠤᠯᠤᠭᠴᠢᠳ ᠦᠷᠭᠦᠯᠵᠢ ᠣᠨᠴᠠ ᠰᠠᠢᠬᠠᠨ ᠲᠣᠬᠢᠶᠠᠯ ᠢ᠋ ᠣᠯᠳᠠᠭ ᠶᠤᠮ᠃ 
       ᠡᠨᠡ ᠬᠦ᠌ ᠣᠬᠣᠷ ᠥᠭᠦᠯᠡᠯ ᠮᠠᠨᠢ ᠲᠤᠰ ᠬᠦᠷᠢᠶ᠎ᠡ ᠴᠠᠷᠠᠭ᠎ᠠ ᠶ᠋ᠢᠨ ᠢᠷᠡᠭᠡᠳᠦᠢ ᠶ᠋ᠢᠨ ᠠᠵᠢᠯ ᠨᠢᠭᠡᠲᠡᠳ ᠲᠦ᠍ ᠮᠠᠨᠢ ᠲᠤᠰᠠ ᠲᠠᠢ ᠪᠣᠯᠬᠤ ᠶ᠋ᠢ ᠬᠦᠰᠡᠵᠦ ᠪᠠᠢᠨ᠎ᠠ᠃ ᠮᠠᠨᠤᠰ ᠲᠤ᠌ ᠣᠯᠳᠠᠭᠰᠠᠨ ᠳᠠᠷᠤᠮᠠᠯᠯᠠᠭᠰᠠᠨ ᠮᠠᠲ᠋ᠧᠷᠢᠶᠠᠯ ᠬᠢᠭᠡᠳ ᠭᠠᠷ ᠢ᠋ᠶ᠋ᠠᠷ ᠪᠢᠴᠢᠭᠰᠡᠨ ᠮᠠᠲ᠋ᠧᠷᠢᠶᠠᠯ ᠪᠦᠬᠦᠨ ᠢ᠋ ᠠᠰᠢᠭᠯᠠᠨ᠂ ᠪᠦᠬᠦ ᠴᠢᠳᠠᠯ ᠢ᠋ᠶ᠋ᠠᠷ ᠢ᠋ᠶ᠋ᠠᠨ ᠴᠢᠷᠮᠠᠢᠵᠤ ᠪᠠᠢᠭᠠᠳ ᠳᠣᠯᠣᠭᠠᠨ ᠤᠰᠤᠨ ᠤ᠋ ᠭᠠᠵᠠᠷ ᠣᠷᠣᠨ ᠤ᠋ ᠲᠡᠦᠬᠡ ᠳ᠋ᠦ᠍ ᠦᠢᠯᠡᠳᠦᠯ ᠦᠵᠡᠭᠦᠯᠵᠦ ᠴᠢᠳᠠᠬᠤᠢᠴᠠ ᠲᠡᠦᠬᠡ ᠶ᠋ᠢᠨ ᠪᠦᠬᠦᠢ ᠯᠡ ᠪᠣᠳᠠᠲᠤ ᠬᠡᠷᠡᠭ ᠪᠦᠬᠦᠨ ᠢ᠋ ᠬᠤᠷᠢᠶᠠᠩᠭᠤᠢᠯᠠᠵᠤ ᠲᠠᠯᠪᠢᠨ᠎ᠠ᠂ ᠣᠨᠴᠠᠭᠠᠢ ᠪᠠᠢᠳᠠᠯ ᠳᠣᠣᠷ᠎ᠠ᠂ ᠪᠢᠳᠡ ᠲᠤᠬᠠᠢ ᠶ᠋ᠢᠨ ᠭᠠᠵᠠᠷ ᠣᠷᠣᠨ ᠤ᠋ ᠶᠡᠬᠡ ᠣᠯᠠᠨ ᠲᠡᠦᠬᠡ ᠶ᠋ᠢᠨ ᠠᠳᠠᠯᠢ ᠪᠤᠰᠤ ᠴᠠᠭ ᠦᠶ᠎ᠡ ᠳ᠋ᠡᠬᠢ ᠠᠮᠢᠳᠤᠷᠠᠯ ᠤ᠋ᠨ ᠨᠥᠬᠥᠴᠡᠯ ᠢ᠋ᠶ᠋ᠡᠷ ᠲᠡᠦᠬᠡᠨ ᠮᠠᠲ᠋ᠧᠷᠢᠶᠠᠯ ᠳ᠋ᠠᠬᠢ ᠨᠠᠷᠢᠨ ᠬᠡᠰᠡᠭ ᠪᠦᠬᠦᠨ ᠢ᠋ ᠨᠤᠲᠠᠯᠠᠨ᠎ᠠ᠃ ᠣᠳᠣ ᠳ᠋ᠠᠭᠠᠨ ᠣᠳᠣ ᠦᠶ᠎ᠡ ᠶ᠋ᠢᠨ ᠲᠡᠦᠬᠡ ᠭᠠᠵᠠᠷ ᠵᠦᠢ ᠶ᠋ᠢᠨ ᠤᠬᠠᠭᠠᠨ ᠤ᠋ ᠬᠢᠷᠢ ᠲᠦᠪᠰᠢᠨ ᠳ᠋ᠦ᠍ ᠬᠦᠷᠦᠭᠰᠡᠨ ᠳᠣᠯᠣᠭᠠᠨ ᠤᠰᠤᠨ ᠤ᠋ ᠲᠡᠦᠬᠡ ᠶ᠋ᠢ ᠪᠢᠴᠢᠬᠦ ᠳ᠋ᠦ᠍ ᠨᠥᠬᠥᠴᠡᠯ ᠬᠠᠷᠠᠬᠠᠨ ᠪᠦᠷᠢᠯᠳᠦᠭᠡ ᠦᠭᠡᠢ ᠪᠠᠢᠭᠰᠠᠭᠠᠷ᠃ ᠪᠢᠳᠡ ᠵᠠᠷᠢᠮ ᠠᠰᠠᠭᠤᠳᠠᠯ ᠤ᠋ᠳ ᠢ᠋ ᠪᠠᠭᠲᠠᠭᠠᠭᠰᠠᠨ ᠬᠥᠲᠥᠯᠪᠦᠷᠢ ᠶ᠋ᠢ ᠯᠡ ᠬᠠᠩᠭᠠᠵᠤ ᠥᠭᠴᠦ ᠴᠢᠳᠠᠨ᠎ᠠ᠃ ᠡᠳᠡᠭᠡᠷ ᠠᠰᠠᠭᠤᠳᠠᠯ ᠢ᠋ ᠰᠢᠢᠳᠪᠦᠷᠢᠯᠡᠬᠦ ᠳ᠋ᠦ᠍ ᠲᠤᠰ ᠭᠠᠵᠠᠷ ᠣᠷᠣᠨ ᠤ᠋ ᠲᠡᠦᠬᠡ ᠶ᠋ᠢ ᠤᠯᠠᠮ ᠴᠢᠨᠠᠭᠰᠢᠳᠠ ᠣᠢᠯᠠᠭᠠᠬᠤ ᠬᠡᠷᠡᠭᠲᠡᠢ᠂ ᠲᠡᠭᠦᠨᠴᠢᠯᠡᠨ ᠪᠢᠳᠡ ᠡᠳᠡᠭᠡᠷ ᠠᠰᠠᠭᠤᠳᠠᠯ ᠤ᠋ᠨ ᠲᠤᠬᠠᠢ ᠬᠠᠷᠢᠭᠤᠯᠲᠠ ᠶ᠋ᠢ ᠪᠦᠷᠢᠨ ᠢᠯᠡ ᠪᠣᠯᠭᠠᠬᠤ ᠲᠡᠷᠡ ᠴᠠᠭ ᠢ᠋ ᠬᠦᠯᠢᠶᠡᠵᠦ ᠪᠠᠢᠨ᠎ᠠ᠃ ᠮᠠᠨ ᠤ᠋ ᠡᠨᠡ ᠬᠦ᠌ ᠬᠥᠲᠥᠯᠪᠦᠷᠢ ᠪᠣᠯ ᠢᠷᠡᠭᠡᠳᠦᠢ ᠶ᠋ᠢᠨ ᠲᠡᠦᠬᠡᠨ ᠡᠷᠳᠡᠮᠲᠡᠳ ᠲᠦ᠍ ᠯᠠᠪᠯᠠᠯᠲᠠ ᠬᠠᠩᠭᠠᠬᠤ ᠲᠡᠳᠦᠢ ᠯᠡ ᠶᠦᠮ᠂ ᠡᠭᠦᠨ ᠡᠴᠡ ᠢᠷᠡᠭᠡᠳᠦᠢ ᠶ᠋ᠢᠨ ᠨᠡᠩ ᠭᠦᠨ᠂ ᠨᠡᠩ ᠥᠷᠭᠡᠨ ᠰᠤᠳᠤᠯᠭᠠᠨ ᠤ᠋ ᠡᠬᠢᠯᠡᠯᠲᠡ ᠪᠣᠯᠵᠤ ᠪᠣᠯᠤᠨ᠎ᠠ᠃ ᠮᠠᠨᠤᠰ ᠤ᠋ᠨ ᠡᠨᠡ ᠲᠠᠯ᠎ᠠ ᠶ᠋ᠢᠨ ᠠᠵᠢᠯ ᠮᠠᠨᠢ ᠶᠠᠮᠠᠷ ᠬᠡᠮᠵᠢᠶᠡᠨ ᠳ᠋ᠦ᠍ ᠬᠦᠷᠦᠭᠡᠳ ᠪᠠᠢᠭ᠎ᠠ ᠶ᠋ᠢ ᠮᠠᠨᠤᠰ ᠥᠪᠡᠷᠰᠡᠳ ᠢ᠋ᠶ᠋ᠡᠨ ᠨᠤᠲᠠᠯᠠᠭᠰᠠᠨ ᠤ᠋ ᠬᠡᠷᠡᠭ ᠦᠭᠡᠢ ᠪᠢᠯᠡ᠃