ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ - 2026 .01
ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ - 2026 .01
ᠬᠠᠮᠪᠤ ᠪᠯᠠᠮ᠎ᠠ ᠳ᠋ᠠᠮᠪᠠ ᠠᠶᠤᠰᠢᠶᠸᠪ
ᠢᠲᠡᠭᠡᠯᠲᠦ ᠬᠠᠮᠪᠤ ᠪᠯᠠᠮ᠎ᠠ ᠶ᠋ᠢᠨ ᠵᠠᠯᠪᠠᠷᠢᠯ
ᠰᠠᠢᠨ ᠴᠢᠮᠡᠭ ᠲᠡᠢ ᠯᠠᠭᠱᠠᠨ ᠤ᠋ ᠮᠠᠨᠳᠠᠯ ᠳᠡᠯᠭᠡᠷᠡᠭᠰᠡᠨ
ᠥᠯᠵᠡᠢ ᠲᠡᠢ ᠵᠠᠷᠯᠢᠭ ᠢ᠋ᠶ᠋ᠠᠷ ᠮᠠᠨ ᠤ᠋ ᠰᠡᠳᠬᠢᠯ ᠨᠣᠮᠣᠬᠠᠷᠠᠭᠰᠠᠨ
ᠸᠴᠢᠷ ᠮᠡᠲᠦ ᠭᠦᠨᠵᠡᠭᠡᠢ ᠲᠠᠭᠠᠯᠠᠯ ᠡᠷᠬᠡᠰᠢᠶᠡᠭᠰᠡᠨ
ᠢᠲᠡᠭᠡᠯᠲᠦ ᠬᠠᠮᠪᠤ ᠪᠯᠠᠮ᠎ᠠ ᠶ᠋ᠢᠨ ᠥᠯᠮᠡᠢ ᠳ᠋ᠦ᠍ ᠵᠠᠯᠪᠠᠷᠢᠨᠠᠮ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ
2026.01.01
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 13 ᠤ᠋ ᠬᠥᠬᠡᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠪᠣᠳᠢ ᠮᠥᠷ ᠣᠯᠬᠤ ᠶ᠋ᠢᠨ ᠲᠥᠯᠥᠭᠡ ᠵᠠᠯᠪᠠᠷᠢᠨ᠎ᠠ ᠃ ᠢᠲᠡᠭᠡᠯᠲᠦ ᠪᠠᠭᠰᠢ ᠄《ᠪᠡᠯᠭᠡ ᠪᠢᠯᠢᠭ ᠳᠡᠯᠭᠡᠷᠡᠬᠦ》ᠭᠡᠮᠡᠨ ᠠᠢᠯᠠᠳᠤᠯ᠎ᠠ ᠃
2026.01.02
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 14 ᠦ᠌ ᠤᠯᠠᠭᠠᠨ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠬᠣᠣᠷᠯᠠᠯ ᠪᠦᠭᠦᠳᠡ ᠶ᠋ᠢ ᠬᠡᠯᠡᠨ ᠨᠠᠮᠠᠨᠴᠢᠯᠠᠨ᠎ᠠ ᠃ ᠢᠲᠡᠭᠡᠯᠲᠦ ᠪᠠᠭᠰᠢ ᠄ 《 ᠬᠠᠮᠤᠭ ᠠᠮᠢᠲᠠᠨ ᠤ᠋ ᠵᠣᠪᠠᠯᠠᠩ ᠵᠢᠷᠭᠠᠯ ᠠᠮᠢ ᠨᠠᠰᠤᠨ ᠤ᠋ ᠬᠦᠰᠡᠯ 》 ᠭᠡᠮᠡᠨ ᠠᠢᠯᠠᠳᠤᠯ᠎ᠠ ᠃
2026.01.03
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 15 ᠤ᠋ ᠤᠯᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄《 ᠡᠮᠦᠨ᠎ᠡ ᠪᠠᠢᠭᠰᠠᠨ ᠢ᠋ᠶ᠋ᠠᠨ ᠰᠠᠢᠨ ᠢ᠋ᠶ᠋ᠠᠷ ᠪᠦᠲᠦᠭᠡ 》 ᠭᠡᠨ᠎ᠡ ᠃ ᠢᠲᠡᠭᠡᠯᠲᠦ ᠪᠠᠭᠰᠢ ᠄《 ᠤᠯᠠᠮ ᠴᠠᠭᠠᠰᠢ ᠪᠠᠨ ᠬᠥᠭᠵᠢᠭᠦᠯᠬᠦ ᠶ᠋ᠢᠨ ᠲᠥᠯᠥᠭᠡ ᠳᠠᠢᠰᠤᠨ ᠲᠣᠳᠬᠠᠷ ᠤ᠋ᠨ ᠭᠣᠣᠯ ᠢ ᠨᠢ ᠳᠠᠰᠤᠯ 》ᠭᠡᠮᠡᠨ ᠠᠢᠯᠠᠳᠤᠯ᠎ᠠ ᠃
2026.01.04
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 16 ᠤ᠋ ᠰᠢᠷ᠎ᠠ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠪᠤᠷᠬᠠᠨ ᠤ᠋ ᠦᠢᠯᠡ ᠳ᠋ᠦ᠍ ᠰᠢᠮᠲᠡ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄ 《ᠪᠤᠷᠬᠠᠳ ᠰᠠᠬᠢᠭᠤᠰᠤᠳ ᠢ ᠪᠢᠰᠢᠯᠭᠠᠯ ᠳ᠋ᠤ᠌ ᠵᠠᠯᠠᠬᠤ ᠦᠢᠯᠡ ᠬᠡᠷᠡᠭ ᠪᠦᠲᠦᠭᠡᠰᠦᠲᠡᠢ 》ᠭᠡᠮᠡᠨ ᠠᠢᠯᠠᠳᠤᠯ᠎ᠠ ᠃
2026.01.05
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 17 ᠤ᠋ ᠰᠢᠷᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠰᠠᠢᠨ ᠦᠢᠯᠡ ᠦᠢᠯᠡᠳᠴᠦ ᠴᠢᠳᠠᠳᠠᠭ ᠬᠥᠮᠦᠨ ᠳ᠋ᠦ᠍ ᠢᠲᠡᠭᠡᠯᠲᠦ ᠪᠠᠭᠰᠢ ᠄《ᠪᠤᠶᠠᠨ ᠪᠠᠭᠠᠳᠠᠬᠤ ᠪᠣᠯ ᠨᠣᠮ ᠰᠤᠷᠤᠯᠴᠠᠬᠤ ᠠᠷᠭ᠎ᠠ ᠦᠭᠡᠢ》ᠭᠡᠮᠡᠨ ᠠᠢᠯᠠᠳᠤᠯ᠎ᠠ ᠃
2026.01.06
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 18 ᠤ᠋ ᠴᠠᠭᠠᠨ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠶᠧᠯᠸᠢ ᠰᠢᠳᠢ ᠮᠡᠳᠡᠳᠡᠭ ᠬᠥᠮᠦᠨ ᠳ᠋ᠦ᠍ ᠢᠲᠡᠭᠡᠯᠲᠦ ᠪᠠᠭᠰᠢ ᠄《ᠪᠠᠭᠰᠢ ᠶ᠋ᠢᠨ ᠣᠷᠣᠨ ᠳ᠋ᠤ᠌ ᠮᠠᠨᠳᠠᠯ ᠡᠷᠭᠦ 》ᠭᠡᠮᠡᠨ ᠠᠢᠯᠠᠳᠤᠯ᠎ᠠ ᠃
2026.01.07
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 19 ᠦ᠌ ᠴᠠᠭᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠪᠯᠠᠮ᠎ᠠ ᠄ 《 ᠬᠠᠮᠤᠭ ᠠᠮᠢᠲᠠᠨ ᠤ᠋ ᠲᠤᠰᠠ ᠶ᠋ᠢᠨ ᠲᠥᠯᠥᠭᠡ ᠤᠷᠤᠯᠳᠤᠬᠳᠢ》 ᠭᠡᠨ᠎ᠡ ᠃ ᠢᠲᠡᠭᠡᠯᠲᠦ ᠪᠠᠭᠰᠢ ᠄ 《 ᠬᠠᠮᠤᠭ ᠠᠮᠢᠲᠠᠨ ᠬᠣᠭᠣᠷᠣᠨᠳᠣ ᠪᠠᠨ ᠰᠢᠳᠦᠨ ᠪᠠᠷᠢᠯᠳᠤᠵᠤ ᠡᠯᠢᠭᠡ ᠵᠢᠷᠦᠬᠡ ᠪᠡᠷ ᠬᠣᠯᠪᠣᠭ᠎ᠠ ᠲᠠᠢ 》ᠭᠡᠮᠡᠨ ᠠᠢᠯᠠᠳᠤᠯ᠎ᠠ ᠃
2026.01.08
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 20 ᠤ᠋ ᠬᠠᠷ᠎ᠠ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠦ᠌ ᠄《ᠰᠦᠮᠪᠦᠷ ᠠᠭᠤᠯᠠ ᠬᠠᠮᠢᠭ᠎ᠠ ᠶᠤᠮ 》ᠭᠡᠵᠦ ᠠᠰᠠᠭᠤᠬᠤ ᠳ᠋ᠤ᠌ ᠨᠢ ᠢᠲᠡᠭᠡᠯᠲᠦ ᠪᠠᠭᠰᠢ ᠄《ᠳᠡᠭᠡᠳᠦ ᠤᠬᠠᠭᠠᠨᠲᠠᠨ ᠤ᠋ ᠨᠣᠮ ᠢ᠋ᠶ᠋ᠠᠷ ᠶᠢᠷᠲᠢᠨᠴᠦ ᠳ᠋ᠦ᠍ ᠰᠦᠵᠢᠭᠲᠡᠨ ᠦ᠌ ᠨᠣᠮ ᠢ᠋ᠶ᠋ᠠᠷ ᠣᠷᠣᠰᠢᠳᠠᠭ 》ᠭᠡᠮᠡᠨ ᠠᠢᠯᠠᠳᠤᠯ᠎ᠠ ᠃
2026.01.09
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 21 ᠦ᠌ ᠬᠠᠷᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠤᠬᠠᠭᠠᠨ ᠤ᠋ ᠲᠣᠳᠣ ᠭᠡᠷᠡᠯ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄ 《 ᠵᠦᠭ ᠲᠡᠢ ᠪᠠᠢᠬᠤ ᠬᠡᠷᠡᠭᠲᠡᠢ ᠵᠦᠭ ᠢ᠋ᠶ᠋ᠡᠨ ᠠᠯᠳᠠᠬᠤ ᠪᠣᠯ ᠤᠬᠠᠭᠠᠨ ᠬᠠᠳᠤᠤᠷᠠᠬᠤ ( ᠭᠠᠵᠢᠬᠤ )》ᠭᠡᠮᠡᠨ ᠠᠢᠯᠠᠳᠤᠯ᠎ᠠ ᠃
2026.01.10
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 22 ᠊ᠤᠨ ᠬᠥᠬᠡ ᠪᠠᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠬᠣᠮ ᠦᠵᠦᠭ ᠲᠣᠭᠣᠷᠢᠭᠤᠯᠤᠭᠠᠳ ᠲᠠᠷᠨᠢ ᠶ᠋ᠢ ᠨᠢ ᠲᠣᠭᠠᠯᠠ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄《 ᠰᠠᠢᠨ ᠦᠢᠯᠡ ᠶ᠋ᠢᠨ ᠦᠷ᠎ᠡ ᠡᠳ᠋ᠯᠡᠬᠦ ᠴᠠᠭ ᠢᠷᠡᠭᠡ 》ᠭᠡᠮᠡᠨ ᠠᠢᠯᠠᠳᠤᠯ᠎ᠠ ᠃
2026.01.11
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 23 ᠤ᠋ ᠬᠥᠬᠡᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠦ᠌ ᠰᠡᠳᠬᠢᠯ ᠪᠠᠶᠠᠷ ᠢ᠋ᠶ᠋ᠠᠷ ᠳᠦᠭᠦᠷᠦᠭᠰᠡᠨ ᠃ ᠢᠲᠡᠭᠡᠯᠲᠦ ᠪᠠᠭᠰᠢ ᠄ 《 ᠳᠣᠲᠣᠷ᠎ᠠ ᠪᠠᠨ ᠪᠤᠷᠬᠠᠨ ᠲᠠᠢ ᠪᠣᠯᠤᠭᠰᠠᠨ 》ᠭᠡᠮᠡᠨ ᠠᠢᠯᠠᠳᠤᠯ᠎ᠠ ᠃
2026.01.12
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 24 ᠦ᠌ ᠤᠯᠠᠭᠠᠨ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄《ᠶᠢᠷᠲᠢᠨᠴᠦ ᠶ᠋ᠢᠨ ᠠᠮᠢᠲᠠᠳ ᠪᠡᠶ᠎ᠡ ᠪᠡᠨ ᠪᠣᠳᠣᠳᠠᠭ 》ᠭᠡᠨ᠎ᠡ ᠃ ᠢᠲᠡᠭᠡᠯᠲᠦ ᠪᠠᠭᠰᠢ ᠄《 ᠪᠣᠳᠢ ᠰᠡᠳᠬᠢᠯᠲᠡᠨ ᠬᠠᠮᠤᠭ ᠠᠮᠢᠲᠠᠨ ᠤ᠋ ᠲᠥᠯᠥᠭᠡ ᠶᠠᠪᠤᠳᠠᠭ 》ᠭᠡᠮᠡᠨ ᠠᠢᠯᠠᠳᠤᠯ᠎ᠠ ᠃
2026.01.13
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 25 ᠤ᠋ ᠤᠯᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠬᠠᠲᠠᠭᠤ ᠦᠢᠯᠡ ᠪᠦᠲᠦᠭᠡᠵᠦ ᠪᠠᠢᠨ᠎ᠠ ᠃ ᠢᠲᠡᠭᠡᠯᠲᠦ ᠪᠠᠭᠰᠢ᠄《ᠨᠢᠭᠤᠴᠠ ᠲᠠᠷᠨᠢ ᠶ᠋ᠢᠨ ᠮᠥᠨ ᠴᠢᠨᠠᠷ ᠢ ᠡᠷᠬᠡᠨ ᠳ᠋ᠦ᠍ ᠪᠡᠨ ᠣᠷᠣᠭᠤᠯᠤᠭᠰᠠᠨ 》ᠭᠡᠮᠡᠨ ᠠᠢᠯᠠᠳᠤᠯ᠎ᠠ ᠃
2026.01.14
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 26 ᠤ᠋ ᠰᠢᠷ᠎ᠠ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠳᠡᠭᠡᠳᠦ ᠰᠠᠬᠢᠭᠤᠰᠤᠳ ᠲᠤ᠌ ᠲᠠᠬᠢᠯ ᠡᠷᠭᠦᠵᠦ ᠪᠠᠢᠨ᠎ᠠ ᠃ ᠢᠲᠡᠭᠡᠯᠲᠦ ᠪᠠᠭᠰᠢ ᠄《 ᠨᠣᠮ ᠢ ᠲᠡᠳᠬᠦᠭᠴᠢ ᠰᠠᠬᠢᠭᠤᠰᠤᠳ ᠲᠤ᠌ ᠰᠢᠲᠦᠬᠦ ᠳ᠋ᠦ᠍ ᠦᠢᠯᠡ ᠪᠦᠲᠦᠬᠦ 》ᠭᠡᠮᠡᠨ ᠠᠢᠯᠠᠳᠤᠯ᠎ᠠ ᠃
2026.01.15
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 27 ᠤ᠋ ᠰᠢᠷᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠶᠡᠬᠡ ᠬᠡᠢᠳ ᠦᠵᠡᠭᠳᠡᠪᠡ ᠃ ᠢᠲᠡᠭᠡᠯᠲᠦ ᠪᠠᠭᠰᠢ ᠄ 《 ᠳᠡᠭᠡᠳᠦ ᠨᠣᠮ ᠤ᠋ᠨ ᠵᠠᠩᠰᠢᠯ ᠪᠠᠷᠢᠬᠤ ᠨᠢᠭᠤᠴᠠ ᠲᠠᠷᠨᠢ ᠶ᠋ᠢᠨ ᠬᠦᠴᠦ ᠴᠢᠳᠠᠯ 》 ᠭᠡᠮᠡᠨ ᠠᠢᠯᠠᠳᠤᠯ᠎ᠠ ᠃
2026.01.16
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 28 ᠤ᠋ ᠴᠠᠭᠠᠨ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠥᠪᠡᠷ ᠦ᠋ᠨ ᠰᠦᠷ ᠰᠦᠯᠳᠡ ᠶ᠋ᠢᠨ ᠬᠠᠰᠬᠢᠷᠤᠭ᠎ᠠ ᠤᠩᠰᠢᠯᠭ᠎ᠠ ᠲᠠᠢ ᠠᠷᠠᠳ ᠵᠤᠨ ᠦᠵᠡᠭᠳᠡᠨ᠎ᠡ ᠃ ᠢᠲᠡᠭᠡᠯᠲᠦ ᠪᠠᠭᠰᠢ ᠄《ᠰᠦᠷ ᠰᠦᠯᠳᠡ ᠪᠠᠢᠨ᠎ᠠ ᠭᠡᠪᠡᠯ ᠦᠢᠯᠡ ᠶ᠋ᠢᠨ ᠦᠷ᠎ᠡ ᠶ᠋ᠢᠨ ᠶᠣᠰᠣ ᠪᠣᠯᠤᠨ᠎ᠠ 》ᠭᠡᠮᠡᠨ ᠠᠢᠯᠠᠳᠤᠯ᠎ᠠ ᠃
2026.01.17
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 29 ᠦ᠌ ᠴᠠᠭᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄《ᠡᠷᠳᠡᠮ ᠦᠭᠡᠢ ᠨᠦ᠍ᠭᠦᠳ ᠪᠠᠯᠠᠢ ᠶᠠᠪᠤᠭᠰᠠᠨ ᠬᠥᠮᠦᠰ ᠦ᠋ᠨ ᠲᠥᠷᠥᠯ 》ᠭᠡᠵᠦ ᠠᠰᠠᠭᠤᠨ᠎ᠠ ᠃ ᠢᠲᠡᠭᠡᠯᠲᠦ ᠪᠠᠭᠰᠢ ᠄《 ᠠᠳᠤᠭᠤᠰᠤᠨ ᠲᠠᠢ ᠵᠡᠷᠭᠡᠴᠡᠭᠡᠳ ᠲᠠᠮᠤ ᠶ᠋ᠢᠨ ᠵᠣᠪᠠᠯᠠᠩ ᠡᠳ᠋ᠯᠡᠨ᠎ᠡ 》ᠭᠡᠮᠡᠨ ᠠᠢᠯᠠᠳᠤᠯ᠎ᠠ ᠃
2026.01.18
ᠮᠣᠭᠠᠢ ᠵᠢᠯ ᠂ ᠬᠤᠯᠤᠭᠠᠨ᠎ᠠ ᠰᠠᠷ᠎ᠠ ᠶ᠋ᠢᠨ 30 ᠤ᠋ ᠬᠠᠷ᠎ᠠ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠲᠣᠳᠣᠷᠬᠠᠢ ᠦᠨᠡᠨ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄ 《 ᠦᠨᠡᠨ ᠭᠡᠭᠡᠷᠡᠯ ᠳ᠋ᠦ᠍ ᠵᠣᠷᠢᠵᠤ ᠶᠠᠪᠤᠭᠠᠳ ᠡᠯᠳᠡᠪ ᠰᠠᠨᠠᠭ᠎ᠠ ᠪᠣᠳᠣᠬᠤ ᠬᠡᠷᠡᠭ ᠦᠭᠡᠢ 》ᠭᠡᠮᠡᠨ ᠠᠢᠯᠠᠳᠤᠯ᠎ᠠ ᠃
2026.01.19
ᠮᠣᠭᠠᠢ ᠵᠢᠯ ᠂ ᠦᠬᠡᠷ ᠰᠠᠷ᠎ᠠ ᠶ᠋ᠢᠨ 1 ᠦ᠌ ᠬᠠᠷᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠶᠢᠷᠲᠢᠨᠴᠦ ᠶ᠋ᠢ ᠭᠡᠭᠡᠷᠡᠯ ᠦ᠋ᠨ ᠣᠷᠣᠨ ᠪᠣᠯᠭᠠᠪᠠ ᠃ ᠢᠲᠡᠭᠡᠯᠲᠦ ᠪᠠᠭᠰᠢ᠄《 ᠪᠣᠳᠢᠰᠠᠳ᠋ᠸ᠎ᠠ ᠶ᠋ᠢᠨ ᠣᠷᠣᠨ ᠲᠠᠢ ᠬᠠᠮᠲᠤᠷᠠᠭᠤᠯᠬᠤ ᠪᠣᠯ ᠲᠡᠭᠦᠰ ᠪᠠᠶᠠᠰᠬᠤᠯᠠᠩᠲᠤ ᠮᠠᠨᠳᠠᠯ ᠤ᠋ᠨ ᠣᠷᠣᠨ ᠪᠣᠯᠤᠨ᠎ᠠ 》ᠭᠡᠮᠡᠨ ᠠᠢᠯᠠᠳᠤᠯ᠎ᠠ ᠃
2026.01.20
ᠮᠣᠭᠠᠢ ᠵᠢᠯ ᠂ ᠦᠬᠡᠷ ᠰᠠᠷ᠎ᠠ ᠶ᠋ᠢᠨ 2 ᠊ᠤᠨ ᠬᠥᠬᠡ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠲᠠᠩᠭᠠᠷᠢᠭᠲᠠᠨ ᠳ᠋ᠤ᠌ ᠢᠲᠡᠭᠡᠯᠲᠦ ᠪᠠᠭᠰᠢ ᠄ 《 10 ᠵᠦᠭ ᠦ᠋ᠨ ᠪᠤᠷᠬᠠᠳ ᠲᠤ᠌ ᠲᠠᠬᠢᠯ ᠡᠷᠭᠦᠭᠡᠳ ᠬᠣᠮ ᠦᠵᠦᠭ ᠡᠴᠡ ᠭᠡᠷᠡᠯ ᠰᠠᠴᠤᠷᠠᠭᠤᠯᠤᠭᠠᠳ ᠨᠢᠭᠤᠴᠠ ᠲᠠᠷᠨᠢ ᠶ᠋ᠢᠨ ᠰᠤᠷᠭᠠᠯ ᠭᠣᠬᠠᠳᠠ 》ᠭᠡᠮᠡᠨ ᠠᠢᠯᠠᠳᠤᠯ᠎ᠠ ᠃
2026.01.21
ᠮᠣᠭᠠᠢ ᠵᠢᠯ ᠂ ᠦᠬᠡᠷ ᠰᠠᠷ᠎ᠠ ᠶ᠋ᠢᠨ 3 ᠤ᠋ ᠬᠥᠬᠡᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠲᠣᠳᠣ ᠭᠡᠷᠡᠯ ᠪᠠᠷᠢᠭᠰᠠᠨ ᠬᠥᠮᠦᠨ ᠳ᠋ᠦ᠍ ᠢᠲᠡᠭᠡᠯᠲᠦ ᠪᠠᠭᠰᠢ ᠄《ᠪᠣᠳᠢᠰᠠᠳ᠋ᠸ᠎ᠠ ᠶ᠋ᠢᠨ ᠶᠠᠪᠤᠳᠠᠯ ᠳ᠋ᠤ᠌ ᠣᠷᠣ 》ᠭᠡᠮᠡᠨ ᠠᠢᠯᠠᠳᠤᠯ᠎ᠠ ᠃
2026.01.22
ᠮᠣᠭᠠᠢ ᠵᠢᠯ ᠂ ᠦᠬᠡᠷ ᠰᠠᠷ᠎ᠠ ᠶ᠋ᠢᠨ 4 ᠦ᠌ ᠤᠯᠠᠭᠠᠨ ᠪᠠᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄《 ᠬᠠᠮᠤᠭ ᠠᠮᠢᠲᠠᠨ ᠠᠮᠤᠭᠤᠯᠠᠩ ᠪᠠᠢᠭ 》ᠭᠡᠨ᠎ᠡ ᠃ ᠢᠲᠡᠭᠡᠯᠲᠦ ᠪᠠᠭᠰᠢ᠄《 ᠬᠠᠮᠤᠭ ᠠᠮᠢᠲᠠᠨ ᠨᠡᠢᠲᠡ ᠳ᠋ᠦ᠍ ᠪᠡᠨ ᠨᠢᠭᠡ ᠰᠡᠳᠬᠢᠯ ᠲᠡᠢ 》ᠭᠡᠮᠡᠨ ᠠᠢᠯᠠᠳᠤᠯ᠎ᠠ ᠃
2026.01.23
ᠮᠣᠭᠠᠢ ᠵᠢᠯ ᠂ ᠦᠬᠡᠷ ᠰᠠᠷ᠎ᠠ ᠶ᠋ᠢᠨ 5 ᠤ᠋ ᠤᠯᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠰᠡᠳᠬᠢᠯ ᠢ ᠭᠣᠣᠯ ᠮᠡᠳᠡᠬᠦ ᠬᠡᠷᠡᠭᠲᠡᠢ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ᠄《ᠮᠠᠰᠢᠳᠠ ᠲᠣᠭᠰᠢᠨ ᠮᠠᠨᠽᠤᠰᠢᠷᠢ ᠪᠠᠷ ᠵᠢᠷᠦᠬᠡᠨ ᠦ᠌ ᠪᠣᠯᠤᠨ ᠬᠣᠳᠣᠭᠠᠳᠣ ᠶ᠋ᠢᠨ ᠤᠬᠠᠭᠠᠨ ᠭᠡᠭᠡᠷᠡᠬᠦ 》ᠭᠡᠮᠡᠨ ᠠᠢᠯᠠᠳᠤᠯ᠎ᠠ ᠃
2026.01.24
ᠮᠣᠭᠠᠢ ᠵᠢᠯ ᠂ ᠦᠬᠡᠷ ᠰᠠᠷ᠎ᠠ ᠶ᠋ᠢᠨ 6 ᠤ᠋ ᠰᠢᠷ᠎ᠠ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠬᠠᠮᠤᠭ ᠠᠮᠢᠲᠠᠨ ᠳ᠋ᠤ᠌ ᠪᠠᠶᠠᠷ ᠬᠦᠷᠭᠡᠨ᠎ᠡ ᠃ ᠢᠲᠡᠭᠡᠯᠲᠦ ᠪᠠᠭᠰᠢ ᠄ 《ᠠᠮᠢᠲᠠᠨ ᠤ᠋ ᠭᠣᠷᠢᠯᠭᠠ ᠶ᠋ᠢ ᠬᠠᠩᠭᠠᠬᠤ ᠰᠡᠳᠬᠢᠯ ᠲᠡᠢ》ᠭᠡᠮᠡᠨ ᠠᠢᠯᠠᠳᠤᠯ᠎ᠠ ᠃
2026.01.25
ᠮᠣᠭᠠᠢ ᠵᠢᠯ ᠂ ᠦᠬᠡᠷ ᠰᠠᠷ᠎ᠠ ᠶ᠋ᠢᠨ 7 ᠤ᠋ ᠰᠢᠷᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ᠄《 ᠬᠠᠮᠤᠭ ᠠᠮᠢᠲᠠᠨ ᠤ᠋ ᠠᠵᠤ ᠠᠮᠢᠳᠤᠷᠠᠯ ᠤ᠋ᠨ ᠲᠥᠯᠥᠭᠡ ᠤᠷᠤᠯᠳᠤᠬᠳᠢ 》ᠭᠡᠨ᠎ᠡ ᠃ ᠢᠲᠡᠭᠡᠯᠲᠦ ᠪᠠᠭᠰᠢ ᠄ 《 ᠣᠷᠴᠢᠨ ᠪᠠᠢᠭᠠᠯᠢ ᠶ᠋ᠢᠨ ᠦᠵᠡᠭᠳᠡᠯ ᠦ᠋ᠨ ᠡᠬᠢ ᠬᠣᠭᠣᠰᠣᠨ ᠴᠢᠨᠠᠷ 》ᠭᠡᠮᠡᠨ ᠠᠢᠯᠠᠳᠤᠯ᠎ᠠ ᠃
2026.01.26
ᠮᠣᠭᠠᠢ ᠵᠢᠯ ᠂ ᠦᠬᠡᠷ ᠰᠠᠷ᠎ᠠ ᠶ᠋ᠢᠨ 8 ᠤ᠋ ᠴᠠᠭᠠᠨ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠲᠠᠷᠨᠢ ᠶ᠋ᠢ ᠰᠢᠪᠡᠨᠡᠵᠦ ᠤᠩᠰᠢᠨ᠎ᠠ ᠃ ᠢᠲᠡᠭᠡᠯᠲᠦ ᠪᠠᠭᠰᠢ ᠄ 《ᠲᠠᠷᠨᠢ ᠶ᠋ᠢ ᠳᠣᠲᠣᠷ᠎ᠠ ᠪᠠᠨ ᠤᠩᠰᠢᠬᠤ ᠪᠣᠯ ᠠᠮᠢᠲᠠᠨ ᠪᠦᠭᠦᠳᠡ ᠳ᠋ᠦ᠍ ᠰᠣᠨᠣᠰᠤᠭᠳᠠᠨ᠎ᠠ 》ᠭᠡᠮᠡᠨ ᠠᠢᠯᠠᠳᠤᠯ᠎ᠠ ᠃
2026.01.27
ᠮᠣᠭᠠᠢ ᠵᠢᠯ ᠂ ᠦᠬᠡᠷ ᠰᠠᠷ᠎ᠠ ᠶ᠋ᠢᠨ 9 ᠦ᠌ ᠴᠠᠭᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠄《 ᠣᠮᠣᠭ ᠠᠷᠵᠠᠯ ᠶᠡᠬᠡ ᠲᠡᠢ ᠬᠥᠮᠦᠨ ᠳᠣᠷᠣᠢᠲᠠᠬᠤ ᠠ᠋ᠴᠠ ᠥᠭᠡᠷ᠎ᠡ ᠠᠷᠭ᠎ᠠ ᠦᠭᠡᠢ 》 ᠭᠡᠨ᠎ᠡ ᠃ ᠢᠲᠡᠭᠡᠯᠲᠦ ᠬᠠᠮᠪᠤ᠋ ᠪᠯᠠᠮ᠎ᠠ ᠄ 《 ᠣᠶᠤᠨ ᠪᠢᠯᠢᠭᠲᠡᠨ ᠨᠢᠰᠸᠠᠨᠢᠰ ᠲᠤ᠌ ᠠᠪᠲᠠᠬᠤ ᠦᠭᠡᠢ 》ᠭᠡᠮᠡᠨ ᠠᠢᠯᠠᠳᠤᠯ᠎ᠠ ᠃
2026.01.28
ᠮᠣᠭᠠᠢ ᠵᠢᠯ ᠂ ᠦᠬᠡᠷ ᠰᠠᠷ᠎ᠠ ᠶ᠋ᠢᠨ 10 ᠤ᠋ ᠬᠠᠷ᠎ᠠ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠪᠯᠠᠮ᠎ᠠ ᠥᠪᠡᠷ ᠦ᠋ᠨ ᠪᠡᠶ᠎ᠡ ᠮᠠᠨᠳᠠᠯ ᠪᠣᠯᠭᠠᠭᠠᠳ ᠡᠷᠭᠦᠨ᠎ᠡ ᠃ ᠢᠲᠡᠭᠡᠯᠲᠦ ᠪᠠᠭᠰᠢ ᠄《 ᠮᠠᠢᠳᠠᠷᠢ ᠪᠤᠷᠬᠠᠨ ᠤ᠋ ᠰᠡᠳᠬᠢᠯ ᠡᠴᠡ ᠭᠠᠷᠤᠭᠰᠠᠨ ᠬᠤᠪᠢᠯᠭᠠᠨ 》 ᠭᠡᠮᠡᠨ ᠠᠢᠯᠠᠳᠤᠯ᠎ᠠ ᠃
2026.01.29
ᠮᠣᠭᠠᠢ ᠵᠢᠯ ᠂ ᠦᠬᠡᠷ ᠰᠠᠷ᠎ᠠ ᠶ᠋ᠢᠨ 11 ᠦ᠌ ᠬᠠᠷᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠬᠥᠮᠦᠨ ᠵᠢᠷᠦᠬᠡᠨ ᠰᠤᠳᠤᠷ ᠭᠡᠷᠡᠯᠲᠦᠭᠦᠯᠦᠨ᠎ᠡ ᠃ ᠢᠲᠡᠭᠡᠯᠲᠦ ᠪᠠᠭᠰᠢ ᠄ 《 ᠠᠷᠢᠭᠤᠨ ᠰᠡᠳᠬᠢᠯ ᠦ᠋ᠨ ᠴᠠᠭᠠᠨ ᠯᠢᠩᠬᠤ᠎ᠠ ᠳ᠋ᠤ᠌ 10 ᠵᠦᠭ ᠦ᠋ᠨ ᠪᠤᠷᠬᠠᠳ ᠵᠠᠯᠠᠷᠠᠬᠤ 》ᠭᠡᠮᠡᠨ ᠠᠢᠯᠠᠳᠤᠯ᠎ᠠ ᠃
2026.01.30
ᠮᠣᠭᠠᠢ ᠵᠢᠯ ᠂ ᠦᠬᠡᠷ ᠰᠠᠷ᠎ᠠ ᠶ᠋ᠢᠨ 12 ᠊ᠤᠨ ᠬᠥᠬᠡ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠣᠮ ᠰᠠᠢᠨ ᠠᠮᠤᠭᠤᠯᠠᠩ ᠪᠣᠯᠲᠤᠭᠠᠢ ᠭᠡᠵᠦ ᠰᠣᠨᠣᠰᠤᠭᠳᠠᠭ᠎ᠠ ᠃ ᠢᠲᠡᠭᠡᠯᠲᠦ ᠪᠠᠭᠰᠢ ᠄ 《 ᠳᠡᠭᠡᠳᠦ ᠪᠠᠭᠰᠢ ᠶ᠋ᠢᠨ ᠠᠷᠭ᠎ᠠ ᠪᠠᠷ ᠥᠯᠵᠡᠢ ᠬᠤᠲᠤᠭ ᠣᠷᠣᠰᠢᠬᠤ 》 ᠭᠡᠮᠡᠨ ᠠᠢᠯᠠᠳᠤᠯ᠎ᠠ ᠃
2026.01.31
ᠮᠣᠭᠠᠢ ᠵᠢᠯ ᠂ ᠦᠬᠡᠷ ᠰᠠᠷ᠎ᠠ ᠶ᠋ᠢᠨ 13 ᠤ᠋ ᠬᠥᠬᠡᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ ᠄
ᠨᠢᠭᠡ ᠪᠯᠠᠮ᠎ᠠ ᠦᠢᠯᠡ ᠬᠡᠷᠡᠭ ᠪᠦᠲᠦᠭᠡᠬᠦ ᠶ᠋ᠢᠨ ᠲᠤᠯᠠ ᠬᠠᠲᠠᠭᠤ ᠴᠢᠩᠭ᠎ᠠ ᠪᠠᠷ ᠰᠤᠳᠤᠷ ᠤᠩᠰᠢᠨ᠎ᠠ᠃ ᠢᠲᠡᠭᠡᠯᠲᠦ ᠪᠠᠭᠰᠢ᠄《 ᠨᠢᠭᠤᠴᠠ ᠲᠠᠷᠨᠢ ᠤᠷᠤᠭᠤ ᠰᠢᠩᠭᠡᠬᠦ ᠴᠠᠭ ᠢᠷᠡᠭᠡ》ᠭᠡᠮᠡᠨ ᠠᠢᠯᠠᠳᠤᠯ᠎ᠠ ᠃
ᠢᠷᠡᠯᠲᠡ᠄ ᠢᠪᠠᠯᠭ᠎ᠠ ᠶ᠋ᠢᠨ ᠳ᠋ᠠᠼᠠᠩ 《 ᠬᠠᠮᠪᠤ ᠶ᠋ᠢᠨ ᠬᠦᠷᠢᠶ᠎ᠡ》
ᠦᠰᠦᠭ ᠠᠮᠢᠯᠠᠭᠤᠯᠤᠭᠴᠢ᠄ ᠠᠯᠲᠠᠨᠨᠠᠪᠴᠢ
ᠬᠢᠨᠠᠭᠴᠢ᠄ ᠣᠳᠬᠠᠨᠰᠣ᠎ᠠ
