ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-5> Сүлдийн соёлын судлал – Минжуур<дээд-5> ᠵᠠᠩ ᠦᠢᠯᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-5> Сүлдийн соёлын судлал – Минжуур<дээд-5>

ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-5> Сүлдийн соёлын судлал – Минжуур<дээд-5>

ᠠᠩᠭᠢᠯᠠᠯ:ᠵᠠᠩ ᠦᠢᠯᠡ
2026-02-05

194

ᠳᠡᠭᠡᠳᠦ ᠪᠦᠯᠦᠭ᠂ᠥᠭᠦᠯᠡᠯ ᠤᠨ ᠡᠮᠬᠢᠳᠬᠡᠯ -5

ᠶᠤᠸᠠᠨ ᠤᠯᠤᠰ ᠤ᠋ᠨ ᠦᠶ᠎ᠡ ᠶ᠋ᠢᠨ ᠠᠯᠠᠭ ᠰᠦᠯᠳᠡ


     【ᠠᠭᠤᠯᠭ᠎ᠠ ᠶ᠋ᠢᠨ ᠲᠣᠪᠴᠢ】 ᠲᠤᠰ ᠥᠭᠦᠯᠡᠯ ᠨᠢ ᠰᠤᠳᠤᠷ ᠪᠢᠴᠢᠭ ᠤᠨ ᠲᠡᠮᠳᠡᠭᠯᠡᠯ ᠢ᠋ᠶ᠋ᠡᠷ 
                    ᠡᠰᠢ ᠪᠣᠯᠭᠠᠵᠤ᠂ ᠵᠠᠳᠠᠯᠤᠨ ᠮᠠᠭᠠᠳᠯᠠᠬᠤ ᠪᠠ ᠵᠦᠢᠴᠢᠯᠡᠨ ᠮᠠᠭᠠᠳᠯᠠᠬᠤ ᠪᠠᠷ ᠳᠠᠮᠵᠢᠨ᠂ 
                    ᠬᠠᠲᠠᠨᠲᠠᠢ ᠠᠭᠤᠯᠠ ᠶ᠋ᠢᠨ ᠠᠯᠠᠭ ᠰᠦᠯᠳᠡ ᠶ᠋ᠢᠨ ᠶᠤᠸᠠᠨ ᠤᠯᠤᠰ ᠤ᠋ᠨ ᠬᠥᠮᠦᠨ ᠦ᠌ 
                    ᠪᠣᠳᠣᠯ ᠰᠠᠨᠠᠭᠠᠨ ᠳ᠋ᠠᠬᠢ ᠪᠠᠢᠷᠢ᠂ ᠲᠡᠭᠦᠨ ᠤ ᠲᠠᠬᠢᠯᠭ᠎ᠠ ᠪᠠ ᠬᠣᠵᠢᠮ ᠤ᠋ᠨ 
                    ᠮᠥᠷ ᠰᠤᠷᠠᠭ ᠢ᠋ ᠨᠤᠲᠠᠯᠠᠨ ᠲᠠᠢᠯᠪᠤᠷᠢᠯᠠᠬᠤ ᠶ᠋ᠢᠨ ᠳᠠᠭᠠᠤ ᠪᠠᠰᠠ ᠰᠢᠯᠪᠢ ᠶ᠋ᠢᠨ 
                    ᠪᠦᠳᠦᠭᠦᠨ ᠦ᠌ ᠬᠡᠮᠵᠢᠶ᠎ᠡ᠂ ᠭᠢᠯᠣᠪᠠᠷ ᠤ᠋ᠨ ᠬᠡᠯᠪᠡᠷᠢ ᠮᠠᠶᠢᠭ᠂ ᠬᠦᠷᠢᠶ᠎ᠡ ᠪᠠ 
                    ᠭᠡᠷ ᠪᠠᠷᠢᠯᠭ᠎ᠠ ᠶ᠋ᠢ ᠮᠠᠭᠠᠳᠯᠠᠬᠤ ᠪᠣᠯᠤᠨ᠎ᠠ᠃ 
                    ᠤᠩᠰᠢᠭᠴᠢᠳ ᠤ᠋ᠨ ᠶᠤᠸᠠᠨ ᠤᠯᠤᠰ ᠤ᠋ᠨ ᠦᠶ᠎ᠡ ᠶ᠋ᠢᠨ ᠬᠠᠲᠠᠨᠲᠠᠢ ᠠᠭᠤᠯᠠ ᠶ᠋ᠢᠨ 
                    ᠠᠯᠠᠭ ᠰᠦᠯᠳᠡ ᠶ᠋ᠢ ᠣᠢᠯᠠᠭᠠᠬᠤ ᠳ᠋ᠤ᠌ ᠬᠢᠨᠠᠯᠲᠠ ᠪᠣᠯᠭᠠᠶ᠎ᠠ᠃ 
      【ᠵᠠᠩᠭᠢᠯᠠᠭ᠎ᠠ ᠦᠭᠡ】 ᠶᠤᠸᠠᠨ ᠤᠯᠤᠰ᠂ ᠬᠠᠲᠠᠨᠲᠠᠢ ᠠᠭᠤᠯᠠ ᠶ᠋ᠢᠨ ᠠᠯᠠᠭ ᠰᠦᠯᠳᠡ᠂ 
                                    ᠨᠤᠲᠠᠯᠠᠨ ᠲᠠᠢᠯᠪᠤᠷᠢᠯᠠᠬᠤ᠃ 

       ᠠᠯᠠᠭ ᠰᠦᠯᠳᠡ ᠨᠢ ᠶᠤᠸᠠᠨ ᠤᠯᠤᠰ ᠤ᠋ᠨ ᠳᠡᠭᠡᠳᠦ ᠨᠡᠢᠰᠯᠡᠯ ᠤᠨ ᠪᠠᠷᠠᠭᠤᠨ ᠬᠣᠢᠨᠠᠬᠢ ᠠᠭᠤᠯᠠ(ᠣᠳᠣ ᠶ᠋ᠢᠨ ᠰᠢᠯᠤᠭᠤᠨ ᠬᠥᠬᠡ ᠬᠤᠰᠢᠭᠤᠨ ᠤ᠋ ᠬᠠᠳᠠᠨᠲᠠᠢ ᠠᠭᠤᠯᠠ ᠪᠣᠯᠤᠨ᠎ᠠ᠂ ᠪᠠᠷᠤᠭ᠂ ᠤᠮᠠᠷᠠᠲᠤ ᠥᠷᠭᠡᠷᠢᠭ ᠦ᠋ᠨ42°᠂ ᠵᠡᠭᠦᠨ ᠤᠷᠲᠤᠷᠢᠭ ᠤ᠋ᠨ 116° ᠳ᠋ᠤ᠌ ᠪᠠᠢᠷᠢᠰᠢᠵᠤ ᠪᠣᠢ) ᠶ᠋ᠢᠨ ᠣᠷᠣᠢ ᠳᠡᠭᠡᠷ᠎ᠡ ᠪᠦᠬᠦᠯᠢ ᠨᠢᠭᠡ ᠡᠷᠢᠨ ᠰᠡᠬᠦᠢᠨ ᠰᠦᠨᠳᠡᠷᠯᠡᠵᠦ᠂ ᠳᠡᠭᠡᠳᠦ ᠨᠡᠢᠰᠯᠡᠯ ᠤᠨ ᠭᠠᠯᠳᠠᠭᠳᠠᠬᠤ ᠶ᠋ᠢ ᠳᠠᠭᠠᠯᠳᠤᠨ ᠠᠯᠠᠭ᠎ᠠ ᠪᠣᠯᠵᠠᠢ᠃ ᠶᠤᠸᠠᠨ ᠤᠯᠤᠰ ᠤ᠋ᠨ ᠰᠡᠭᠦᠯᠴᠢ ᠶ᠋ᠢᠨ ᠦᠶ᠎ᠡ ᠶ᠋ᠢᠨ ᠬᠢᠲᠠᠳ ᠪᠢᠴᠢᠭᠲᠡᠨ ᠠᠯᠠᠭ ᠰᠦᠯᠳᠡ ᠶ᠋ᠢ ᠲᠢᠶᠧ ᠹᠠᠨ ᠭᠠᠨ (铁幡竿) ᠭᠡᠵᠦ ᠨᠡᠷᠡᠢᠳᠳᠡᠭ᠃ ᠶᠤᠸᠠᠨ ᠤᠯᠤᠰ ᠤ᠋ᠨ ᠦᠶ᠎ᠡ ᠪᠣᠯ ᠠᠯᠠᠨ ᠰᠦᠯᠳᠡ ᠶ᠋ᠢᠨ ᠰᠣᠶᠣᠯ ᠤ᠋ᠨ ᠬᠥᠭᠵᠢᠯ ᠪᠠᠳᠠᠷᠠᠯ ᠤ᠋ᠨ ᠲᠡᠦᠬᠡᠨ ᠳᠡᠭᠡᠷᠡᠬᠢ ᠬᠠᠮᠤᠭ ᠤ᠋ᠨ ᠰᠠᠢᠨ ᠴᠠᠭ ᠭᠡᠵᠦ ᠪᠣᠯᠤᠨ᠎ᠠ᠃ 

          ᠠᠯᠠᠭ ᠰᠦᠯᠳᠡ ᠶ᠋ᠢᠨ ᠶᠤᠸᠠᠨ ᠤᠯᠤᠰ ᠤ᠋ᠨ ᠬᠥᠮᠦᠰ ᠤᠨ ᠰᠡᠳᠬᠢᠯ ᠳ᠋ᠡᠬᠢ ᠪᠠᠢᠷᠢ 

      《ᠠᠷᠪᠠᠨ ᠨᠢᠭᠡᠳᠦᠭᠡᠷ ᠵᠠᠭᠤᠨ ᠤ᠋ ᠦᠶ᠎ᠡ ᠳ᠋ᠦ᠍ ᠪᠣᠷᠵᠢᠭᠢᠨ ᠮᠣᠩᠭᠣᠯᠴᠤᠳ ᠳᠣᠬᠢᠭᠤᠷ ᠳᠣᠯᠣᠭᠠᠨ ᠣᠳᠣᠨ ᠤ᠋ ᠪᠦᠷᠢᠯᠸ᠎ᠠ ᠪᠠᠷ ᠣᠪᠣᠭ ᠤᠭᠰᠠᠭ᠎ᠠ ᠳ᠋ᠠᠭᠠᠨ ᠪᠣᠷᠵᠢᠭᠢᠨ ᠲᠡᠮᠳᠡᠭᠲᠦ ᠠᠯᠠᠭ ᠰᠦᠯᠳᠡ ᠶ᠋ᠢ ᠡᠭᠦᠳᠦᠨ ᠪᠦᠲᠦᠭᠡᠵᠡᠢ》①᠃ ᠪᠣᠷᠵᠢᠭᠢᠨ ᠮᠣᠩᠭᠣᠯᠴᠤᠳ ᠠᠯᠠᠭ ᠰᠦᠯᠳᠡ ᠶ᠋ᠢ ᠴᠠᠭᠠᠨ ᠰᠦᠯᠳᠡ ᠪᠠ ᠬᠠᠷ᠎ᠠ ᠰᠦᠯᠳᠡ ᠲᠡᠢ ᠨᠢᠭᠡ ᠠᠳᠠᠯᠢ ᠲᠡᠭᠷᠢ ᠶ᠋ᠢᠨ ᠰᠦᠷ ᠬᠦᠴᠦ ᠣᠷᠣᠰᠢᠭᠰᠠᠨ ᠰᠢᠳᠢᠲᠦ ᠶᠠᠭᠤᠮ᠎ᠠ ᠪᠠᠷ ᠦᠵᠡᠵᠦ᠂ ᠦᠶ᠎ᠡ ᠤᠯᠠᠷᠢᠨ ᠤᠯᠠᠮᠵᠢᠯᠠᠨ ᠵᠠᠯᠭᠠᠮᠵᠢᠯᠠᠵᠤ ᠬᠦᠨᠳᠦᠯᠡᠨ ᠰᠢᠲᠦᠵᠦ ᠪᠠᠢᠵᠠᠢ᠃ ᠡᠭᠦᠨ ᠢ᠋ 《ᠮᠣᠩᠭᠣᠯ ᠤ᠋ᠨ ᠨᠢᠭᠤᠴᠠ ᠲᠣᠪᠴᠢᠶᠠᠨ》 ᠤ᠋ ᠳᠠᠯᠠᠨ ᠭᠤᠷᠪᠠᠳᠤᠭᠠᠷ ᠬᠡᠰᠡᠭ ᠲᠡᠬᠢ ᠥᠭᠡᠯᠦᠨ ᠦᠵᠢᠨ ᠠᠯᠠᠭ ᠰᠦᠯᠳᠡ ᠶ᠋ᠢ ᠬᠡᠷᠡᠭᠯᠡᠵᠦ ᠪᠠᠢᠭᠰᠠᠨ ᠲᠡᠮᠳᠡᠭᠯᠡᠯ ᠪᠠ ᠨᠢᠭᠡ ᠵᠠᠭᠤ ᠳᠠᠯᠠᠳᠤᠭᠠᠷ ᠬᠡᠰᠡᠭ ᠲᠡᠬᠢ ᠴᠢᠩᠭᠢᠰ ᠬᠠᠭᠠᠨ ᠤ᠋ ᠶᠡᠬᠡ ᠴᠡᠷᠢᠭ ᠠᠯᠠᠭ ᠰᠦᠯᠳᠡ ᠶ᠋ᠢ ᠬᠡᠷᠡᠭᠯᠡᠵᠦ ᠪᠠᠢᠭᠰᠠᠨ ᠲᠡᠮᠳᠡᠭᠯᠡᠯ ᠡᠴᠡ ᠮᠡᠳᠡᠵᠦ ᠪᠣᠯᠤᠨ᠎ᠠ᠃ ᠪᠣᠷᠵᠢᠭᠢᠨ ᠣᠪᠣᠭᠲᠠᠨ ᠤ᠋ ᠬᠣᠢᠴᠢ ᠦᠶ᠎ᠡ ᠶ᠋ᠢᠨ ᠬᠤᠪᠢᠯᠠᠢ ᠳ᠋ᠤ᠌ ᠠᠪᠴᠤ ᠬᠡᠯᠡᠪᠡᠯ ᠳᠡᠭᠡᠳᠦᠰ ᠤᠨ ᠰᠢᠲᠦᠭᠡᠨ ᠪᠣᠯᠤᠭᠰᠠᠨ ᠠᠯᠠᠭ ᠰᠦᠯᠳᠡ ᠪᠡᠨ ᠵᠠᠯᠭᠠᠮᠵᠢᠯᠠᠨ ᠠᠪᠴᠤ ᠬᠦᠨᠳᠦᠯᠡᠨ ᠰᠢᠲᠦᠬᠦ ᠨᠢ ᠬᠡᠯᠡᠯᠭᠡᠨ ᠦᠭᠡᠢ ᠤᠴᠢᠷ ᠪᠢᠯᠡ᠃ ᠡᠢᠮᠦ ᠡᠴᠡ ᠮᠥᠩᠬᠡ ᠬᠠᠭᠠᠨ ᠤ᠋ ᠵᠢᠷᠭᠤᠳᠤᠭᠠᠷ ᠣᠨ ᠳ᠋ᠤ᠌ (1256 ᠣᠨ) ᠬᠤᠪᠢᠯᠠᠢ ᠪᠠᠭ᠎ᠠ ᠬᠤᠷᠠᠬᠤ ᠶ᠋ᠢᠨ ᠠᠭᠤᠯᠠ ᠶ᠋ᠢᠨ ᠡᠮᠦᠨ᠎ᠡ ᠬᠣᠷᠮᠣᠢ᠂ ᠯᠤᠸᠠᠨ ᠾᠧ ᠭᠣᠣᠯ (ᠣᠳᠣ ᠶ᠋ᠢᠨ ᠱᠠᠩᠳᠤ ᠶ᠋ᠢᠨ ᠭᠣᠣᠯ) ᠤ᠋ᠨ ᠳᠡᠭᠡᠳᠦ ᠤᠷᠤᠰᠬᠠᠯ ᠤ᠋ᠨ ᠬᠣᠢᠲᠤ ᠳᠡᠨᠵᠢᠨ ᠳ᠋ᠦ᠍ ᠰᠢᠨ᠎ᠡ ᠬᠣᠲᠠ ᠶ᠋ᠢ ᠡᠬᠢᠯᠡᠵᠦ ᠪᠠᠢᠭᠤᠯᠬᠤ ᠦᠶ᠎ᠡ ᠳ᠋ᠦ᠍ ᠮᠣᠩᠭᠣᠯᠴᠤᠳ ᠤ᠋ᠨ ᠬᠦᠷᠢᠶ᠎ᠡ ᠪᠠᠭᠤᠵᠤ ᠲᠤᠭ ᠰᠦᠯᠳᠡ ᠪᠡᠨ ᠪᠤᠰᠬᠠᠨ ᠰᠢᠲᠦᠳᠡᠭ ᠤᠯᠠᠮᠵᠢᠯᠠᠯᠲᠤ ᠵᠠᠩᠰᠢᠯ ᠢ᠋ᠶ᠋ᠠᠷ ᠢ᠋ᠶ᠋ᠠᠨ ᠠᠯᠠᠭ ᠰᠦᠯᠳᠡ ᠶ᠋ᠢ ᠬᠠᠳᠠᠨᠲᠠᠶ ᠠᠭᠤᠯᠠ ᠶ᠋ᠢᠨ ᠣᠷᠣᠢ ᠳᠡᠭᠡᠷ᠎ᠡ ᠪᠤᠰᠬᠠᠵᠤ ᠪᠠᠢᠵᠠᠢ᠃ ᠠᠯᠠᠭ ᠰᠦᠯᠳᠡ ᠪᠡᠨ ᠪᠤᠰᠬᠠᠭᠰᠠᠨ ᠶᠤᠮ ᠴᠢᠨᠢ ᠬᠡᠯᠡᠯᠭᠡᠨ ᠦᠭᠡᠢ ᠲᠡᠭᠦᠨ ᠳ᠋ᠦ᠍ ᠬᠠᠷᠭᠢᠰ ᠪᠦᠬᠦᠨ ᠢ᠋ ᠳᠠᠷᠤᠨ ᠭᠠᠢ ᠵᠣᠪᠠᠯᠠᠩ ᠢ᠋ ᠠᠷᠢᠯᠭᠠᠵᠤ᠂ ᠰᠢᠨ᠎ᠡ ᠬᠣᠲᠠ ᠶ᠋ᠢ ᠠᠮᠤᠷ ᠲᠦᠪᠰᠢᠨ ᠪᠠᠢᠯᠭᠠᠬᠤ ᠶ᠋ᠢ ᠳᠠᠭᠠᠳᠬᠠᠵᠤ᠂ ᠲᠥᠷᠥᠯ ᠤᠭᠰᠠᠭ᠎ᠠ ᠪᠠᠷ ᠢ᠋ᠶ᠋ᠠᠨ ᠡᠪ ᠪᠦᠯᠬᠦᠮᠳᠡᠯ ᠲᠡᠢ᠂ ᠠᠷᠠᠳ ᠢᠷᠭᠡᠳ ᠠᠮᠤᠭᠤᠯᠠᠩ ᠰᠠᠢᠨ ᠪᠠᠢᠬᠤ ᠵᠡᠷᠭᠡ ᠶ᠋ᠢ ᠳᠠᠭᠠᠳᠬᠠᠭᠰᠠᠨ ᠪᠠᠢᠬ᠎ᠠ᠃ᠵᠥᠪᠬᠡᠨ ᠨᠡᠩ ᠨᠠᠷᠢᠨ ᠲᠣᠳᠣᠷᠬᠠᠢ ᠲᠡᠮᠳᠡᠭᠯᠡᠯ ᠢ᠋ ᠣᠯᠤᠭᠠᠳᠤᠢ ᠯᠠ ᠲᠡᠳᠦᠢ᠃ ᠰᠢᠨ᠎ᠡ ᠬᠣᠲᠠ ᠶ᠋ᠢᠨ ᠪᠠᠷᠢᠯᠭ᠎ᠠ ᠨᠢ ᠢᠯᠭᠤᠮᠬᠠᠨ ᠶᠠᠪᠤᠭᠳᠠᠵᠤ᠂ ᠮᠥᠩᠬᠡ ᠬᠠᠭᠠᠨ ᠤ᠋ ᠨᠠᠢ᠍ᠮᠠᠳᠤᠭᠠᠷ ᠣᠨ(1259 ᠣᠨ) ᠳ᠋ᠤ᠌ ᠪᠠᠷᠢᠵᠤ ᠳᠠᠭᠤᠰᠬᠠᠭᠰᠠᠨ; ᠬᠤᠪᠢᠯᠠᠢ ᠬᠡᠰᠡᠭ ᠲᠥᠷᠥᠯ ᠸᠠᠩ ᠤ᠋ᠨ ᠳᠡᠮᠵᠢᠯᠭᠡ ᠪᠡᠷ ᠺᠠᠢᠫᠢᠩ ᠬᠣᠲᠠᠨ᠎ᠠ ᠬᠠᠭᠠᠨ ᠰᠠᠭᠤᠷᠢᠨ ᠳ᠋ᠤ᠌ ᠰᠠᠭᠤᠭᠰᠠᠨ; ᠺᠠᠢᠫᠢᠩ ᠪᠠᠯᠭᠠᠳ ᠢ᠋ ᠳᠡᠪᠰᠢᠭᠦᠯᠦᠨ ᠳᠡᠭᠡᠳᠦ ᠨᠡᠢᠰᠯᠡᠯ ᠬᠣᠲᠠ ᠪᠣᠯᠭᠠᠵᠤ᠂ 《ᠬᠣᠶᠠᠷ ᠨᠡᠢᠰᠯᠡᠯ ᠤᠨ ᠳᠦᠷᠢᠮ》 ᠬᠡᠷᠡᠭᠵᠢᠭᠦᠯᠦᠭᠰᠡᠨ; ᠡᠮᠦᠨᠡᠲᠦ ᠰᠥᠩ ᠤᠯᠤᠰ ᠢ᠋ ᠮᠥᠬᠥᠭᠡᠵᠦ᠂ ᠪᠦᠬᠦ ᠤᠯᠤᠰ ᠤ᠋ᠨ ᠬᠡᠪᠴᠢᠶᠡᠨ ᠳ᠋ᠦ᠍ ᠶᠡᠬᠡ ᠨᠢᠭᠡᠳᠦᠯ ᠢ᠋ ᠪᠡᠶᠡᠯᠡᠭᠦᠯᠦᠭᠰᠡᠨ ᠵᠡᠷᠭᠡ ᠠᠯᠢ ᠣᠯᠠᠨ ᠬᠡᠷᠡᠭ ᠤᠴᠢᠷ ᠤ᠋ᠨ ᠬᠥᠭᠵᠢᠯᠲᠡ ᠨᠢ ᠮᠣᠩᠭᠣᠯᠴᠤᠳ ᠤ᠋ᠨ ᠰᠦᠯᠳᠡ ᠪᠡᠨ ᠬᠦᠨᠳᠦᠯᠡᠨ ᠰᠢᠲᠦᠬᠦ ᠰᠡᠳᠬᠢᠯᠭᠡ ᠶ᠋ᠢ ᠤᠯᠠᠮ ᠢ᠋ᠶ᠋ᠠᠷ ᠨᠡᠮᠡᠭᠳᠡᠭᠦᠯᠦᠭᠰᠡᠨ ᠪᠠᠢᠨ᠎ᠠ᠃ ᠡᠢᠮᠦ ᠡᠴᠡ ᠠᠯᠠᠭ ᠰᠦᠯᠳᠡ ᠨᠢ ᠴᠦ᠍ ᠬᠥᠮᠦᠰ ᠤᠨ ᠪᠣᠳᠣᠯ ᠰᠠᠨᠠᠭᠠᠨ ᠳ᠋ᠤ᠌ ᠴᠢᠬᠤᠯᠠ ᠪᠠᠢᠷᠢ ᠶ᠋ᠢ ᠡᠵᠡᠯᠡᠵᠦ᠂ ᠪᠦᠬᠦ ᠮᠣᠩᠭᠣᠯ ᠦᠨᠳᠦᠰᠦᠲᠡᠨ ᠳ᠋ᠦ᠍ ᠰᠢᠲᠦᠭᠳᠡᠬᠦ ᠪᠡᠷ ᠦᠯᠦ ᠪᠠᠷᠠᠨ ᠪᠠᠰᠠ ᠪᠤᠰᠤᠳ ᠦᠨᠳᠦᠰᠦᠲᠡᠨ ᠳ᠋ᠦ᠍ ᠴᠦ᠍ ᠰᠢᠲᠦᠭᠳᠡᠬᠦ ᠪᠣᠯᠵᠠᠢ᠂ ᠡᠭᠦᠨ ᠤ ᠭᠣᠣᠯ ᠢᠯᠡᠷᠡᠯ ᠨᠢ ᠭᠡᠪᠡᠯ ᠲᠤᠬᠠᠢ ᠶ᠋ᠢᠨ ᠦᠶ᠎ᠡ ᠳ᠋ᠦ᠍ ᠳᠡᠭᠡᠳᠦ ᠨᠡᠢᠰᠯᠡᠯ ᠬᠣᠲᠠ ᠶ᠋ᠢ ᠪᠠᠢᠭᠤᠯᠤᠭᠰᠠᠨ ᠭᠠᠵᠠᠷ ᠲᠤ᠌ 《ᠤᠤᠯ ᠨᠢ ᠯᠤᠤ ᠬᠡᠪᠲᠡᠵᠦ ᠪᠠᠢᠵᠠᠢ ᠭᠡᠨ᠎ᠡ᠃ ᠡᠭᠦᠨ ᠢ᠋ ᠯᠢᠦ ᠲᠠᠢᠪᠤᠤ ᠭᠠᠵᠠᠷ ᠰᠣᠩᠭᠣᠬᠤ ᠳ᠋ᠠᠭᠠᠨ ᠣᠯᠵᠤ ᠦᠵᠡᠯ᠎ᠡ》② ᠭᠡᠵᠡᠭᠡᠳᠡᠭ ᠪᠠᠢᠵᠠᠢ᠃ ᠬᠣᠵᠢᠮ ᠨᠢ ᠪᠤᠰᠤᠳ ᠦᠨᠳᠦᠰᠦᠲᠡᠨ ᠬᠠᠳᠠᠨᠲᠠᠶ ᠠᠭᠤᠯᠠ ᠶ᠋ᠢᠨ ᠠᠯᠠᠭ ᠰᠦᠯᠳᠡ ᠶ᠋ᠢᠨ ᠪᠤᠰᠬᠠᠯᠲᠠ ᠶ᠋ᠢ ᠡᠨᠡ ᠬᠦ᠌ 《ᠯᠤᠤ》 ᠲᠠᠢ ᠬᠣᠯᠪᠣᠭᠳᠠᠭᠤᠯᠤᠨ ᠦᠵᠡᠳᠡᠭ ᠪᠣᠯᠵᠠᠢ᠃ ᠰᠠᠨᠰᠺᠷᠢᠲ ᠬᠡᠯᠡᠨ ᠤ ᠡᠷᠳᠡᠮᠲᠡᠳ ᠲᠡᠷᠡ 《ᠯᠤᠤ》 ᠪᠣᠯ ᠠᠭᠤᠯᠠ ᠤᠰᠤᠨ ᠤ᠋ ᠳᠣᠭᠰᠢᠳ ᠪᠣᠯᠤᠨ᠎ᠠ᠂ ᠲᠤᠬᠠᠢ ᠶ᠋ᠢᠨ ᠦᠶ᠎ᠡ ᠳ᠋ᠦ᠍ ᠠᠯᠠᠭ ᠰᠦᠯᠳᠡ ᠶ᠋ᠢ ᠪᠠᠷᠠᠭᠤᠨ ᠠᠭᠤᠯᠠᠨ ᠳᠡᠭᠡᠷ᠎ᠡ ᠪᠤᠰᠬᠠᠵᠤ᠂ ᠲᠡᠭᠦᠨ ᠤ ᠳᠠᠷᠤᠯᠭ᠎ᠠ ᠪᠣᠯᠭᠠᠭᠰᠠᠨ ᠠ᠋ᠴᠠ ᠱᠠᠩᠳᠤ ᠬᠣᠲᠠ ᠨᠢ ᠠᠮᠤᠷ ᠲᠦᠪᠰᠢᠨ ᠪᠣᠯᠪᠠ ᠭᠡᠵᠦ ᠦᠵᠡᠳᠡᠭ᠃ ᠺᠦᠩᠽᠢ ᠶ᠋ᠢᠨ ᠰᠤᠷᠭᠠᠯᠲᠠᠨ ᠠᠯᠠᠭ ᠰᠦᠯᠳᠡ ᠶ᠋ᠢ ᠪᠠᠷᠠᠭᠤᠨ ᠠᠭᠤᠯᠠᠨ ᠳᠡᠭᠡᠷ᠎ᠡ ᠪᠡᠨ ᠪᠣᠰᠬᠠᠵᠤ᠂ ᠳᠠᠯᠠᠢ ᠶ᠋ᠢᠨ 《ᠯᠤᠤ》 ᠶ᠋ᠢ ᠲᠡᠭᠷᠢ ᠳ᠋ᠦ᠍ ᠭᠠᠷᠭᠠᠨ ᠤᠰᠤ ᠶ᠋ᠢ ᠨᠢ ᠰᠢᠷᠭᠢᠭᠡᠭᠡᠳ ᠲᠡᠨᠳᠡ ᠤᠷᠲᠤ ᠬᠠᠷᠰᠢ ᠪᠠᠢᠭᠤᠯᠵᠠᠢ ᠭᠡᠵᠦ ᠦᠵᠡᠳᠡᠭ᠃ ᠪᠠᠰᠠ ᠵᠠᠷᠢᠮ ᠨᠢ ᠲᠡᠷᠡ 《ᠯᠤᠤ》 ᠪᠣᠯ ᠠᠭᠤᠯᠠ ᠤᠰᠤᠨ ᠤ᠋ ᠰᠠᠢᠨ ᠰᠠᠬᠢᠭᠤᠯᠰᠤᠨ ᠪᠣᠯᠤᠨ᠎ᠠ᠂ ᠠᠯᠠᠭ ᠰᠦᠯᠳᠡ ᠶ᠋ᠢ ᠪᠠᠷᠠᠭᠤᠨ ᠠᠭᠤᠯᠠᠨ ᠳᠡᠭᠡᠷ᠎ᠡ ᠪᠣᠰᠬᠠᠭᠰᠠᠨ ᠠ᠋ᠴᠠ ᠪᠣᠯᠵᠤ᠂ ᠲᠡᠷᠡ ᠨᠢ ᠠᠶᠤᠨ ᠪᠠᠯᠠᠭᠳᠠᠵᠤ ᠲᠡᠭᠷᠢ ᠳ᠋ᠦ᠍ ᠨᠢᠰᠦᠨ ᠭᠠᠷᠴᠠᠢ᠂ ᠰᠠᠢᠨ ᠰᠠᠬᠢᠭᠤᠯᠰᠤᠨ ᠨᠢ ᠲᠡᠭᠷᠢ ᠳ᠋ᠦ᠍ ᠭᠠᠷᠤᠭᠰᠠᠨ ᠠ᠋ᠴᠠ ᠠᠭᠤᠯᠠ ᠤᠰᠤ ᠨᠢ ᠬᠡᠰᠢᠭ ᠦᠭᠡᠢ ᠪᠣᠯᠪᠠ ᠭᠡᠵᠦ ᠦᠵᠡᠳᠡᠭ᠂ ᠭᠡᠪᠡᠴᠦ ᠢᠯᠡ ᠲᠣᠳᠣ ᠬᠡᠯᠡᠵᠦ ᠴᠢᠳᠠᠭᠠᠳᠤᠢ ᠲᠡᠳᠦᠢ᠃ ᠳᠡᠭᠡᠷᠡᠬᠢ ᠢᠯᠡᠷᠡᠯ ᠨᠢ ᠬᠡᠳᠦᠢᠪᠡᠷ ᠠᠳᠠᠯᠢ ᠪᠤᠰᠤ ᠶ᠋ᠢᠨ ᠦᠵᠡᠯᠲᠡ ᠶ᠋ᠢ ᠲᠤᠰᠬᠠᠭᠰᠠᠨ ᠪᠣᠯᠪᠠᠴᠤ ᠪᠦᠷ ᠯᠡ ᠠᠯᠠᠭ ᠰᠦᠯᠳᠡ ᠶ᠋ᠢ ᠰᠢᠳᠦᠨ ᠪᠢᠰᠢᠷᠡᠵᠦ ᠪᠠᠢᠭᠰᠠᠨ ᠢ᠋ ᠬᠠᠷᠠᠭᠤᠯᠵᠠᠢ᠃ ᠳᠡᠭᠡᠷᠡᠬᠢ ᠵᠠᠳᠠᠯᠤᠯᠲᠠ ᠶ᠋ᠢ ᠦᠨᠳᠦᠰᠦᠯᠡᠪᠡᠯ ᠠᠯᠠᠭ ᠰᠦᠯᠳᠡ ᠨᠢ ᠶᠤᠸᠠᠨ ᠤᠯᠤᠰ ᠤ᠋ᠨ ᠬᠥᠮᠦᠰ ᠤᠨ ᠰᠡᠳᠬᠢᠯ ᠳ᠋ᠦ᠍ ᠴᠢᠬᠤᠯᠠ ᠪᠠᠢᠷᠢ ᠶ᠋ᠢ ᠡᠵᠡᠯᠡᠵᠦ ᠪᠠᠢᠭᠰᠠᠨ ᠢ᠋ ᠮᠡᠳᠡᠵᠦ ᠪᠣᠯᠤᠨ᠎ᠠ᠃ 

          ᠬᠠᠲᠠᠨᠳᠠᠢ ᠠᠭᠤᠯᠠ ᠶ᠋ᠢᠨ ᠠᠯᠠᠭ ᠰᠦᠯᠳᠡ ᠶ᠋ᠢᠨ ᠲᠠᠬᠢᠯᠭ᠎ᠠ 

       ᠪᠢᠴᠢᠭ ᠰᠤᠳᠤᠷ ᠤ᠋ᠨ ᠲᠡᠮᠳᠡᠭᠯᠡᠯ ᠡᠴᠡ ᠦᠵᠡᠪᠡᠯ ᠶᠤᠸᠠᠨ ᠤᠯᠤᠰ ᠤ᠋ᠨ ᠡᠬᠢᠨ ᠤ ᠦᠶ᠎ᠡ ᠳ᠋ᠦ᠍ ᠮᠣᠩᠭᠣᠯᠴᠤᠳ ᠠᠯᠠᠭ ᠰᠦᠯᠳᠡ ᠶ᠋ᠢ ᠥᠪᠡᠷ ᠤᠨ ᠲᠠᠬᠢᠯᠭ᠎ᠠ ᠶ᠋ᠢᠨ ᠵᠠᠩᠰᠢᠯ ᠢ᠋ᠶ᠋ᠠᠷ ᠢ᠋ᠶ᠋ᠠᠨ ᠲᠠᠬᠢᠵᠤ ᠪᠠᠢᠵᠠᠢ᠃ ᡁᠢ ᠶᠤᠸᠠᠨ ᠤ᠋ ᠭᠤᠷᠪᠠᠳᠤᠭᠠᠷ ᠤ᠋ᠨ(1266 ᠣᠨ) ᠠ᠋ᠴᠠ ᠬᠣᠢᠰᠢ ᠬᠤᠪᠢᠯᠠᠢ ᠬᠠᠭᠠᠨ ᠲᠥᠪᠡᠳ᠂ ᠬᠢᠲᠠᠳ᠂ ᠢᠯᠠᠩᠭᠤᠶ᠎ᠠ ᠲᠥᠪᠡᠳ ᠯᠠᠮᠠ ᠶ᠋ᠢᠨ ᠲᠠᠬᠢᠯᠭ᠎ᠠ ᠶ᠋ᠢᠨ ᠰᠣᠶᠣᠯ ᠢ᠋ ᠮᠣᠩᠭᠣᠯᠴᠤᠳ ᠤ᠋ᠨ ᠲᠠᠬᠢᠯᠭ᠎ᠠ ᠶ᠋ᠢᠨ ᠰᠣᠶᠣᠯ ᠳ᠋ᠤ᠌ ᠪᠠᠨ ᠰᠢᠩᠭᠡᠭᠡᠨ ᠠᠪᠴᠤ᠂ ᠠᠯᠠᠭ ᠰᠦᠯᠳᠡ ᠶ᠋ᠢᠨ ᠲᠠᠬᠢᠯᠭ᠎ᠠ ᠶ᠋ᠢᠨ ᠬᠡᠯᠪᠡᠷᠢ᠂ ᠲᠠᠬᠢᠯᠭ᠎ᠠ ᠶ᠋ᠢᠨ ᠳᠡᠰ ᠳᠠᠷᠤᠮ᠂ ᠲᠠᠬᠢᠯᠭ᠎ᠠ ᠶᠢᠨ ᠴᠠᠭ ᠬᠤᠭᠤᠴᠠᠭ᠎ᠠ ᠵᠡᠷᠭᠡ ᠲᠠᠯ᠎ᠠ ᠳ᠋ᠤ᠌ ᠪᠦᠷ ᠰᠢᠨ᠎ᠡ ᠶᠣᠰᠣ ᠳᠦᠷᠢᠮ ᠢ᠋ ᠲᠣᠭᠲᠠᠭᠠᠵᠤ᠂ ᠠᠯᠠᠭ ᠰᠦᠯᠳᠡ ᠶ᠋ᠢ ᠯᠠᠮᠠ ᠨᠠᠷ ᠢ᠋ᠶ᠋ᠠᠷ ᠳᠠᠬᠢᠭᠤᠯᠬᠤ ᠪᠣᠯᠵᠠᠢ᠃ ᠡᠨᠡ ᠲᠤᠬᠠᠢ ᠶᠤᠸᠠᠨ ᠤᠯᠤᠰ ᠤᠨ ᠰᠡᠭᠦᠯᠴᠢ ᠶ᠋ᠢᠨ ᠦᠶ᠎ᠡ ᠶ᠋ᠢᠨ ᠠᠯᠪᠠᠨ ᠲᠤᠰᠢᠶᠠᠯᠲᠠᠨ ᠮᠥᠷᠲᠡᠭᠡᠨ ᠰᠢᠯᠦᠭᠴᠢ ᠸᠠᠩ ᠢ ᠶ᠋ᠢᠨ 《ᠠᠯᠠᠭ ᠰᠦᠯᠳᠡ ᠶ᠋ᠢᠨ ᠲᠠᠬᠢᠯᠭ᠎ᠠ ᠶ᠋ᠢᠨ ᠰᠢᠷᠡᠭᠡᠨ᠎ᠡ ᠵᠤᠯᠠ ᠶ᠋ᠢᠨ ᠭᠡᠷᠡᠯ ᠰᠠᠴᠤᠷᠠᠬᠤᠶ᠎ᠠ ᠨᠣᠮ ᠤ᠋ᠨ ᠳᠡᠪᠡᠯᠲᠦ ᠭᠡᠭᠡᠨ ᠯᠠᠮᠠ ᠰᠥᠨᠢ ᠲᠤᠵᠢ ᠲᠠᠷᠨᠢᠳᠠᠮᠤᠢ᠃ ᠰᠡᠴᠡᠨ ᠮᠡᠷᠭᠡᠨ ᠬᠠᠭᠠᠨ ᠤ᠋ ᠤᠭᠰᠠᠭᠠᠲᠠᠨ ᠬᠡᠰᠢᠭ ᠤᠨ ᠳᠠᠢᠯᠠᠯᠭ᠎ᠠ ᠬᠠᠢᠷᠠᠯᠠᠬᠤᠶ᠎ᠠ᠂ ᠰᠡᠷᠢᠭᠦᠨ ᠨᠠᠮᠤᠷ ᠤ᠋ᠨ ᠲᠤᠨᠤᠷᠠᠭᠰᠠᠨ ᠡᠭᠦᠯᠡ ᠦᠷ ᠤᠨ ᠭᠡᠭᠡ ᠶ᠋ᠢ ᠮᠡᠳᠡᠭᠡᠯᠡᠮᠦᠢ》③ ᠭᠡᠰᠡᠨ ᠨᠢᠭᠡ ᠪᠠᠳᠠᠭ ᠰᠢᠯᠦᠭ ᠡᠴᠡ ᠲᠣᠳᠣᠷᠬᠠᠢ ᠣᠢᠯᠠᠭᠠᠵᠤ ᠴᠢᠳᠠᠬᠤ ᠶᠤᠮ᠃ ᠰᠢᠯᠦᠭ ᠤᠨ ᠳᠣᠲᠣᠷᠠᠬᠢ 《ᠵᠤᠯᠠ ᠶ᠋ᠢᠨ ᠭᠡᠷᠡᠯ ᠰᠠᠴᠤᠷᠠᠬᠤᠶ᠎ᠠ》 ᠭᠡᠰᠡᠨ ᠦᠭᠡ ᠨᠢ ᠠᠯᠠᠭ ᠰᠦᠯᠳᠡ ᠶ᠋ᠢᠨ ᠲᠠᠬᠢᠯᠭ᠎ᠠ ᠶ᠋ᠢᠨ ᠰᠢᠷᠡᠭᠡᠨ ᠳᠡᠭᠡᠷ᠎ᠡ ᠵᠤᠯᠠ ᠠᠰᠠᠭᠠᠵᠤ᠂ ᠬᠦᠵᠢ ᠰᠢᠲᠠᠭᠠᠭᠰᠠᠨ ᠢ᠋ ᠤᠶᠠᠩᠭᠠᠯᠠᠵᠠᠢ᠃ ᠪᠠᠰᠠ ᠲᠡᠭᠦᠨ ᠦ᠌《ᠭᠡᠷᠡᠯ ᠰᠠᠴᠤᠷᠠᠬᠤᠶ᠎ᠠ》᠂ ᠭᠡᠰᠡᠨ ᠦᠭᠡ ᠡᠴᠡ ᠦᠳᠡᠰᠢ ᠣᠷᠣᠢ ᠶ᠋ᠢᠨ ᠴᠠᠭ ᠪᠣᠯᠬᠤ ᠶ᠋ᠢ ᠮᠡᠳᠡᠵᠦ ᠪᠣᠯᠤᠨ᠎ᠠ᠃《ᠨᠣᠮ ᠤ᠋ᠨ ᠳᠡᠪᠡᠯᠲᠦ ᠭᠡᠭᠡᠨ ᠯᠠᠮᠠ ᠰᠥᠨᠢ ᠲᠤᠵᠢ ᠲᠠᠷᠨᠢᠳᠠᠮᠤᠢ》 ᠭᠡᠰᠡᠨ ᠥᠭᠦᠯᠡᠪᠦᠷᠢ ᠨᠢ ᠯᠠᠮᠠ ᠨᠠᠷ ᠤ᠋ᠨ ᠰᠥᠨᠢ ᠲᠤᠵᠢ ᠬᠢᠭᠰᠡᠨ ᠣᠯᠠᠨ ᠵᠦᠢᠯ ᠤᠨ ᠳᠠᠭᠠᠳᠬᠠᠯ ᠤᠩᠰᠢᠯᠭ᠎ᠠ ᠪᠠ ᠠᠯᠠᠭ ᠰᠦᠯᠳᠡ ᠶ᠋ᠢᠨ ᠰᠠᠩ ᠤ᠋ᠨ ᠤᠩᠰᠢᠯᠭ᠎ᠠ ᠶ᠋ᠢ ᠤᠶᠠᠩᠭᠠᠯᠠᠨ ᠪᠢᠴᠢᠵᠡᠢ᠃《ᠰᠡᠴᠡᠨ ᠮᠡᠷᠭᠡᠨ ᠬᠠᠭᠠᠨ ᠤ᠋ ᠤᠭᠰᠠᠭᠠᠲᠠᠨ》 ᠭᠡᠰᠡᠨ ᠦᠭᠡ ᠨᠢ ᠪᠣᠷᠵᠢᠭᠢᠨ ᠣᠪᠣᠭᠲᠠᠨ ᠠ᠋ᠴᠠ ᠪᠣᠷᠵᠢᠭᠢᠨ ᠲᠡᠮᠳᠡᠭᠲᠦ ᠠᠯᠠᠭ ᠰᠦᠯᠳᠡ ᠪᠡᠨ ᠳᠠᠬᠢᠵᠠᠢ ᠭᠡᠳᠡᠭ ᠢ᠋ ᠬᠡᠯᠡᠵᠦ ᠪᠠᠢᠨ᠎ᠠ᠃《ᠬᠡᠰᠢᠭ ᠤᠨ ᠳᠠᠢᠯᠠᠯᠭ᠎ᠠ ᠬᠠᠢᠷᠠᠯᠠᠬᠤᠶ᠎ᠠ》 ᠭᠡᠰᠡᠨ ᠦᠭᠡ ᠨᠢ ᠲᠠᠬᠢᠯᠭ᠎ᠠ ᠲᠡᠭᠦᠰᠦᠭᠰᠡᠨ ᠤ ᠬᠤᠢᠨ᠎ᠠ᠂ ᠲᠠᠬᠢᠯᠭ᠎ᠠ ᠶ᠋ᠢ ᠡᠷᠬᠢᠯᠡᠨ ᠭᠦᠢᠴᠡᠳᠬᠡᠭᠴᠢ ᠡᠴᠡ ᠪᠣᠷᠵᠢᠭᠢᠨ ᠣᠪᠣᠭᠲᠠᠨ ᠤ᠋ ᠡᠷᠭᠦᠯ ᠳ᠋ᠦ᠍ ᠪᠠᠷᠢᠭᠰᠠᠨ ᠥᠳᠬᠡ ᠰᠢᠭᠦᠰᠦ ᠪᠠ ᠠᠷᠢᠬᠢ ᠰᠠᠷᠬᠤᠳ ᠢ᠋ ᠠᠯᠠᠭ ᠰᠦᠯᠳᠡ ᠶ᠋ᠢᠨ ᠬᠡᠰᠢᠭ ᠪᠣᠯᠭᠠᠨ ᠣᠯᠠᠨ ᠳ᠋ᠤ᠌ ᠲᠦᠭᠡᠭᠡᠨ ᠥᠭᠭᠦᠭᠰᠡᠨ ᠤᠶᠠᠩᠭᠠᠯᠠᠵᠠᠢ᠃《ᠰᠡᠷᠢᠭᠦᠨ ᠨᠠᠮᠤᠷ ᠤ᠋ᠨ ᠲᠤᠨᠤᠷᠠᠭᠰᠠᠨ ᠡᠭᠦᠯᠡ ᠦᠷ ᠤᠨ ᠭᠡᠭᠡ ᠶ᠋ᠢ ᠮᠡᠳᠡᠭᠡᠯᠡᠮᠦᠢ》 ᠭᠡᠰᠡᠨ ᠦᠭᠡ ᠨᠢ ᠲᠠᠬᠢᠯᠭ᠎ᠠ ᠳ᠋ᠤ᠌ ᠣᠷᠣᠯᠴᠠᠭᠰᠠᠨ ᠬᠥᠮᠦᠰ ᠰᠦᠯᠳᠡ ᠶ᠋ᠢᠨ ᠬᠡᠰᠢᠭ ᠢ᠋ ᠦᠷ ᠴᠠᠢᠲᠠᠯ᠎ᠠ ᠪᠠᠶᠠᠰᠤᠯᠴᠠᠨ ᠬᠦᠷᠲᠡᠭᠰᠡᠨ ᠢ᠋ ᠤᠶᠠᠩᠭᠠᠯᠠᠨ ᠪᠢᠴᠢᠵᠡᠢ᠃ ᠪᠠᠰᠠ ᠲᠡᠭᠦᠨ ᠦ᠌《ᠰᠡᠷᠢᠭᠦᠨ ᠨᠠᠮᠤᠷ》 ᠭᠡᠰᠡᠨ ᠦᠭᠡ ᠡᠴᠡ ᠡᠨᠡ ᠤᠳᠠᠭᠠᠨ ᠤ᠋ ᠠᠯᠠᠭ ᠰᠦᠯᠳᠡ ᠶ᠋ᠢᠨ ᠲᠠᠬᠢᠯᠭ᠎ᠠ ᠶ᠋ᠢ ᠨᠠᠮᠤᠷ ᠤ᠋ᠨ ᠴᠠᠭ ᠲᠤ᠌ ᠶᠠᠪᠤᠭᠤᠯᠵᠠᠢ ᠭᠡᠳᠡᠭ ᠢ᠋ ᠮᠡᠳᠡᠵᠦ ᠪᠣᠯᠤᠨ᠎ᠠ᠃ ᠸᠠᠩ ᠢ ᠪᠣᠯ ᠲᠤᠬᠠᠢ ᠶ᠋ᠢᠨ ᠲᠠᠬᠢᠯᠭ᠎ᠠ ᠳ᠋ᠤ᠌ ᠣᠷᠣᠯᠴᠠᠭᠰᠠᠨ ᠬᠥᠮᠦᠨ ᠪᠣᠯᠬᠣᠷ ᠲᠡᠭᠦᠨ ᠤ ᠡᠨᠡ ᠪᠠᠳᠠᠭ ᠰᠢᠯᠦᠭ ᠨᠢ ᠲᠠᠬᠢᠯᠭ᠎ᠠ ᠶ᠋ᠢᠨ ᠪᠣᠳᠠᠲᠤ ᠪᠠᠢᠳᠠᠯ ᠢ᠋ ᠦᠨᠡᠨ ᠵᠥᠪ ᠢ᠋ᠶ᠋ᠡᠷ ᠲᠤᠰᠬᠠᠭᠰᠠᠨ ᠪᠠᠢᠬᠤ ᠶᠣᠰᠣᠲᠠᠢ᠃ ᠡᠢᠮᠦ ᠡᠴᠡ ᠲᠤᠰ ᠪᠠᠳᠠᠭ ᠰᠢᠯᠦᠭ ᠡᠴᠡ ᠶᠤᠸᠠᠨ ᠤᠯᠤᠰ ᠤ᠋ᠨ ᠦᠶ᠎ᠡ ᠳ᠋ᠦ᠍ ᠠᠯᠠᠭ ᠰᠦᠯᠳᠡ ᠶ᠋ᠢᠨ ᠲᠠᠬᠢᠯᠭ᠎ᠠ ᠨᠢ ᠰᠢᠨ᠎ᠡ ᠶᠣᠰᠣ ᠳᠦᠷᠢᠮ ᠢ᠋ᠶ᠋ᠡᠷ ᠶᠠᠪᠤᠭᠳᠠᠵᠤ ᠪᠠᠢᠭᠰᠠᠨ ᠢ᠋ ᠮᠡᠳᠡᠬᠦ ᠪᠡᠷ ᠦᠯᠦ ᠪᠠᠷᠠᠨ ᠪᠠᠰᠠ ᠣᠳᠣ ᠦᠶ᠎ᠡ ᠶ᠋ᠢᠨ ᠠᠯᠠᠭ ᠰᠦᠯᠳᠡ ᠶ᠋ᠢᠨ ᠲᠠᠬᠢᠯᠭ᠎ᠠ ᠶ᠋ᠢᠨ ᠶᠣᠰᠣ ᠳᠦᠷᠢᠮ ᠪᠣᠯ ᠶᠤᠸᠠᠨ ᠤᠯᠤᠰ ᠤ᠋ᠨ ᠦᠶ᠎ᠡ ᠡᠴᠡ ᠤᠯᠠᠮᠵᠢᠯᠠᠭᠳᠠᠨ ᠢᠷᠡᠵᠡᠢ ᠭᠡᠳᠡᠭ ᠢ᠋ ᠵᠦᠢᠴᠢᠯᠡᠨ ᠮᠡᠳᠡᠵᠦ ᠪᠣᠯᠤᠨ᠎ᠠ᠃ 

          ᠠᠯᠠᠭ ᠰᠦᠯᠳᠡ ᠶ᠋ᠢᠨ ᠬᠣᠵᠢᠮ ᠤ᠋ᠨ ᠮᠥᠷ ᠰᠤᠷᠠᠭ 

       ᠠᠯᠠᠭ ᠰᠦᠯᠳᠡ ᠳᠡᠭᠡᠳᠦ ᠨᠡᠢᠰᠯᠡᠯ ᠤᠨ ᠪᠠᠷᠠᠭᠤᠨ ᠬᠣᠢᠨᠠᠬᠢ ᠬᠠᠳᠠᠨᠲᠠᠶ ᠠᠭᠤᠯᠠ ᠶ᠋ᠢᠨ ᠣᠷᠣᠢ ᠳᠡᠭᠡᠷ᠎ᠡ ᠰᠡᠬᠦᠢᠨ ᠰᠦᠨᠳᠡᠷᠯᠡᠵᠦ᠂ ᠨᠢᠭᠡ ᠡᠷᠢᠨ ᠤ ᠬᠠᠪᠤᠷ ᠨᠠᠮᠤᠷ ᠥᠩᠭᠡᠷᠡᠭᠡᠭᠡᠳ ᡁᠢ ᠵᠧᠩ ᠤᠨ ᠠᠷᠪᠠᠨ ᠨᠠᠢ᠍ᠮᠠᠳᠤᠭᠠᠷ ᠣᠨ(1368 ᠣᠨ) ᠳ᠋ᠤ᠌ ᠤᠯᠠᠭᠠᠨ ᠠᠯᠴᠢᠭᠤᠷᠲᠠᠨ ᠤ᠋ ᠪᠣᠰᠤᠯᠭ᠎ᠠ ᠶ᠋ᠢᠨ ᠴᠡᠷᠢᠭ ᠳᠡᠭᠡᠳᠦ ᠨᠡᠢᠰᠯᠡᠯ ᠢ᠋ ᠭᠠᠯᠳᠠᠭᠰᠠᠨ ᠠ᠋ᠴᠠ ᠪᠣᠯᠵᠤ᠂ ᠬᠠᠳᠠᠨᠲᠠᠶ ᠠᠭᠤᠯᠠ ᠶ᠋ᠢᠨ ᠣᠷᠣᠢ ᠳᠡᠭᠡᠷ᠎ᠡ ᠡᠴᠡ ᠠᠯᠠᠭ᠎ᠠ ᠪᠣᠯᠤᠭᠰᠠᠨ ᠶᠤᠮ᠃ ᠭᠡᠪᠡᠴᠦ ᠠᠯᠠᠭ ᠰᠦᠯᠳᠡ ᠨᠢ ᠮᠥᠬᠥᠵᠦ ᠰᠥᠨᠥᠭᠰᠡᠨ ᠦᠭᠡᠢ᠂ ᠬᠠᠷᠢᠨ ᠮᠣᠩᠭᠣᠯ ᠲᠥᠷᠥ ᠶ᠋ᠢᠨ ᠣᠯᠠᠨ ᠬᠠᠭᠠᠳ ᠢ᠋ᠶ᠋ᠠᠷ ᠳᠠᠮᠵᠢᠨ᠂ ᠯᠢᠭᠳᠡᠨ ᠬᠠᠭᠠᠨ ᠤ᠋ ᠲᠥᠪ - ᠸᠴᠢᠷᠲᠦ ᠴᠠᠭᠠᠨ ᠬᠣᠲᠠ (ᠣᠳᠣ ᠶ᠋ᠢᠨ ᠥᠪᠥᠷ ᠮᠣᠩᠭᠣᠯ ᠤ᠋ᠨ ᠠᠷᠤ ᠬᠣᠷᠴᠢᠨ ᠬᠤᠰᠢᠭᠤᠨ ᠤ᠋ ᠬᠠᠨᠰᠦ᠋ᠮ᠎ᠠ ᠰᠤᠮᠤᠨ ᠤ ᠪᠠᠭ᠎ᠠ ᠬᠠᠷ᠎ᠠ ᠠᠭᠤᠯᠠ ᠶ᠋ᠢᠨ ᠥᠪᠥᠷ ᠲᠦ᠍ ᠪᠣᠢ) ᠳ᠋ᠤ᠌ ᠵᠠᠯᠠᠷᠠᠨ ᠣᠴᠢᠵᠠᠢ᠃《ᠲᠤᠬᠠᠢ ᠶ᠋ᠢᠨ ᠦᠶ᠎ᠡ ᠶ᠋ᠢᠨ ᠮᠣᠩᠭᠣᠯ ᠤ᠋ᠨ ᠬᠠᠭᠠᠨᠲᠤ ᠲᠥᠷᠥ (ᠬᠣᠢᠲᠤ ᠶᠤᠸᠠᠨ ᠤᠯᠤᠰ ᠭᠡᠳᠡᠭ) ᠦ᠋ᠨ ᠵᠡᠭᠦᠨ ᠭᠤᠷᠪᠠᠨ ᠲᠦᠮᠡᠨ ᠤ ᠨᠢᠭᠡ ᠪᠣᠯᠬᠤ ᠴᠠᠬᠠᠷ ᠲᠦᠮᠡᠨ ᠤ ᠠᠯᠠᠭᠴᠤᠳ᠂ ᠰᠢᠷᠠᠨᠤᠳ᠂ ᠬᠣᠷᠴᠢᠨ᠂ ᠰᠥᠷᠭᠦᠳ᠂ ᠲᠤᠭᠴᠢᠨ᠂ ᠶᠠᠩᠭᠠᠭᠠᠳ᠂ ᠥᠴᠢᠭᠦᠳ᠂ ᠬᠠᠭᠤᠴᠢᠳ ᠣᠷᠢᠶᠠᠩᠬᠠᠨ ᠵᠡᠷᠭᠡ ᠶᠢᠰᠦᠨ ᠠᠢᠮᠠᠭ ᠤ᠋ᠨ ᠢᠷᠭᠡᠳ ᠠᠯᠠᠭ ᠰᠦᠯᠳᠡ ᠶ᠋ᠢ ᠳᠠᠢᠵᠤ ᠲᠠᠬᠢᠬᠤ᠂ ᠮᠠᠨᠠᠵᠤ ᠬᠠᠮᠠᠭᠠᠯᠠᠬᠤ᠂ ᠵᠠᠯᠠᠵᠤ ᠳᠡᠪᠰᠢᠭᠦᠯᠬᠦ ᠠᠯᠪᠠ ᠶ᠋ᠢ ᠵᠢᠷᠤᠮᠯᠠᠨ ᠭᠦᠢᠴᠡᠳᠬᠡᠵᠦ ᠪᠠᠢᠵᠠᠢ᠃ ᠯᠢᠭᠳᠡᠨ ᠬᠠᠭᠠᠨ ᠮᠠᠨᠵᠤ ᠳ᠋ᠤ᠌ ᠰᠢᠬᠠᠭᠳᠠᠨ ᠪᠠᠷᠠᠭᠤᠨᠰᠢ ᠬᠥᠬᠡᠨᠠᠭᠤᠷ ᠵᠦᠭ ᠶᠠᠪᠤᠬᠤ ᠳ᠋ᠠᠭᠠᠨ ᠴᠠᠭᠠᠨ ᠲᠤᠭ (ᠰᠦᠯᠳᠡ)᠂ ᠠᠯᠠᠭ ᠰᠦᠯᠳᠡ ᠪᠡᠨ ᠬᠠᠮᠲᠤ ᠰᠢᠯᠵᠢᠭᠦᠯᠵᠦ ᠲᠤᠭ ᠰᠦᠯᠳᠡ ᠶ᠋ᠢᠨ ᠲᠤᠰᠬᠠᠢ ᠠᠯᠪᠠᠲᠤ ᠢᠷᠭᠡᠳ ᠡᠴᠡ ᠳᠠᠭᠠᠭᠤᠯᠪᠠ᠃1633 ᠣᠨ ᠳ᠋ᠤ᠌ ᠲᠤᠬᠠᠢ ᠶ᠋ᠢᠨ ᠦᠶ᠎ᠡ ᠶ᠋ᠢᠨ ᠣᠷᠳᠣᠰ ᠲᠦᠮᠡᠨ ᠤ ᠪᠠᠷᠠᠭᠤᠨ ᠭᠠᠷ ᠤ᠋ᠨ ᠳᠠᠯᠠᠳ᠂ ᠬᠠᠩᠭᠢᠨ᠂ ᠣᠲᠣᠭ ᠢ᠋ᠶ᠋ᠠᠷ ᠳᠠᠭᠠᠷᠢᠨ ᠭᠠᠷᠬᠤ ᠳ᠋ᠠᠭᠠᠨ ᠨᠡᠬᠡᠮᠵᠢᠯᠡᠨ ᠶᠠᠪᠤᠭ᠎ᠠ ᠮᠠᠨᠵᠤ ᠴᠡᠷᠢᠭ ᠣᠢᠷᠠᠲᠤᠭᠰᠠᠨ ᠳ᠋ᠤ᠌ ᠠᠯᠠᠭ ᠰᠦᠯᠳᠡ ᠪᠡᠨ ᠬᠡᠰᠡᠭ ᠠᠯᠪᠠᠲᠤ ᠬᠥᠮᠦᠰ ᠲᠡᠢ ᠨᠢ ᠦᠯᠡᠳᠡᠭᠡᠨ ᠶᠠᠪᠤᠵᠠᠢ᠃ ᠡᠭᠦᠨ ᠢ᠋ ᠨᠢ ᠣᠷᠳᠣᠰᠴᠤᠳ <ᠠᠯᠠᠭ ᠰᠦᠯᠳᠡ ᠶ᠋ᠢ ᠲᠠᠬᠢᠶ᠎ᠠ ᠵᠢᠯ ᠴᠠᠬᠠᠷ ᠤ᠋ᠨ ᠬᠠᠯᠵᠠᠨ ᠬᠠᠭᠠᠨ (ᠯᠢᠭᠳᠡᠨ ᠬᠠᠭᠠᠨ ᠤ᠋ ᠴᠣᠯᠠ) ᠵᠠᠯᠠᠵᠤ ᠠᠪᠴᠢᠷᠠᠵᠠᠢ> ᠭᠡᠵᠡᠭᠡᠳᠡᠭ᠃ ᠠᠯᠠᠭ ᠰᠦᠯᠳᠡ ᠪᠡᠨ ᠰᠠᠬᠢᠭᠠᠳ ᠦᠯᠡᠳᠡᠭᠰᠡᠨ ᠠᠯᠪᠠᠲᠤ ᠨᠤᠭᠤᠳ ᠮᠣᠩᠭᠣᠯ ᠬᠠᠭᠠᠨᠲᠤ ᠲᠥᠷᠥ ᠶ᠋ᠢᠨ ᠰᠦᠯᠳᠡ ᠲᠤᠭ ᠢ᠋ᠶ᠋ᠠᠨ ᠮᠠᠨᠵᠤ ᠶ᠋ᠢᠨ ᠴᠡᠷᠢᠭ ᠢ᠋ᠶ᠋ᠡᠷ ᠲᠠᠯᠬᠢᠭᠤᠯᠬᠤ ᠦᠭᠡᠢ ᠭᠡᠮᠡᠨ ᠬᠤᠳᠳᠤᠭ ᠲᠤ᠌ ᠨᠢᠭᠤᠵᠠᠢ᠃ ᠶᠡᠬᠡ ᠴᠡᠷᠢᠭ ᠤᠨ ᠬᠥᠯ ᠥᠩᠭᠡᠷᠡᠮᠡᠭᠴᠡ ᠰᠦᠯᠳᠡ ᠪᠡᠨ ᠭᠠᠷᠭᠠᠵᠤ ᠰᠠᠭᠠᠲᠠᠭᠤᠯᠤᠨ ᠲᠠᠬᠢᠪᠠ᠃ ᠁ ᠡᠷᠢᠨᠴᠢᠨ ᠵᠢᠨᠦᠩ ᠤᠨ ᠵᠠᠬᠢᠶ᠎ᠠ ᠪᠠᠷ ᠬᠠᠩᠭᠢᠨ ᠤ᠋ ᠨᠣᠶᠠᠳ ᠠᠯᠠᠭ ᠰᠦᠯᠳᠡ ᠲᠡᠢ ᠢᠷᠡᠭᠰᠡᠨ ᠴᠠᠬᠠᠷᠴᠤᠳ ᠲᠤ᠌ ᠨᠤᠲᠤᠭ ᠣᠯᠭᠣᠵᠤ ᠲᠥᠪᠬᠢᠨᠡᠭᠦᠯᠦᠨ ᠰᠠᠭᠤᠯᠭᠠᠭᠠᠳ ᠠᠯᠠᠭ ᠰᠦᠯᠳᠡ ᠶ᠋ᠢᠨ ᠳᠠᠢᠯᠭ᠎ᠠ ᠶ᠋ᠢ ᠬᠣᠰᠢᠭᠤ ᠲᠠᠮᠠᠭ᠎ᠠ ᠶ᠋ᠢᠨ ᠭᠠᠵᠠᠷ ᠠ᠋ᠴᠠ ᠡᠷᠬᠢᠯᠡᠨ ᠦᠢᠯᠡᠳᠬᠦ ᠪᠡᠷ ᠲᠣᠭᠲᠠᠭᠠᠪᠠ》④᠃ ᠡᠭᠦᠨ ᠡᠴᠡ ᠦᠵᠡᠪᠡᠯ ᠮᠣᠩᠭᠣᠯ ᠦᠨᠳᠦᠰᠦᠲᠡᠨ᠂ ᠨᠡᠩ ᠢᠯᠠᠩᠭᠤᠶ᠎ᠠ ᠲᠤᠭ ᠰᠦᠯᠳᠡ ᠶ᠋ᠢᠨ ᠲᠤᠰᠬᠠᠢ ᠠᠯᠪᠠᠲᠤ ᠢᠷᠭᠡᠳ ᠲᠡᠦᠬᠡ ᠶ᠋ᠢᠨ ᠬᠠᠲᠠᠭᠤ ᠪᠡᠷᠬᠡ ᠴᠠᠭ ᠲᠤ᠌ ᠠᠯᠠᠭ ᠰᠦᠯᠳᠡ ᠪᠡᠨ ᠬᠠᠮᠠᠭᠠᠯᠠᠬᠤ ᠶ᠋ᠢᠨ ᠲᠥᠯᠥᠭᠡ ᠲᠤᠢᠯ ᠤ᠋ᠨ ᠶᠡᠬᠡ ᠴᠢᠷᠮᠠᠢᠯᠭ᠎ᠠ ᠭᠠᠷᠭᠠᠵᠠᠢ ᠭᠡᠵᠦ ᠮᠡᠳᠡᠵᠦ ᠪᠣᠯᠤᠨ᠎ᠠ᠃ 

          ᠭᠤᠷᠪᠠᠨ ᠵᠦᠢᠯ ᠤᠨ ᠪᠠᠭ᠎ᠠ ᠮᠠᠭᠠᠳᠯᠠᠯᠲᠠ 

       ᠲᠡᠦᠬᠡ ᠶ᠋ᠢᠨ ᠮᠠᠲ᠋ᠧᠷᠢᠶᠠᠯ ᠤ᠋ᠨ ᠳᠤᠲᠠᠮᠠᠭ ᠠ᠋ᠴᠠ ᠪᠣᠯᠵᠤ᠂ ᠠᠯᠠᠭ ᠰᠦᠯᠳᠡ ᠶ᠋ᠢᠨ ᠠᠩᠬᠠᠨ ᠤ᠋ ᠪᠠᠢᠳᠠᠯ ᠨᠢ ᠶᠠᠮᠠᠷ ᠵᠡᠷᠭᠡ ᠪᠠᠢᠭᠰᠠᠨ᠃ ᠰᠡᠭᠦᠯ ᠳ᠋ᠦ᠍ ᠨᠢ ᠬᠥᠭᠵᠢᠭᠡᠳ ᠶᠠᠮᠠᠷ ᠵᠡᠷᠭᠡ ᠳ᠋ᠦ᠍ ᠬᠦᠷᠦᠭᠰᠡᠨ ᠢ᠋ ᠨᠠᠷᠢᠨ ᠮᠠᠭᠠᠳᠯᠠᠨ ᠮᠡᠳᠡᠬᠦ ᠳ᠋ᠦ᠍ ᠲᠤᠩ ᠬᠦᠴᠢᠷᠲᠡᠢ᠃ ᠭᠡᠪᠡᠴᠦ ᠲᠡᠦᠬᠡᠨ ᠳᠤᠷᠠᠰᠬᠠᠯᠲᠤ ᠡᠳ᠋ ᠪᠣᠯᠤᠨ ᠦᠯᠡᠳᠡᠭᠳᠡᠯ ᠵᠦᠢᠯ ᠡᠴᠡ ᠲᠡᠭᠦᠨ ᠤ ᠲᠡᠦᠬᠡᠨ ᠳᠡᠭᠡᠷᠡᠬᠢ ᠨᠢᠭᠡ ᠦᠶ᠎ᠡ ᠶ᠋ᠢᠨ ᠵᠠᠷᠢᠮ ᠨᠢᠭᠡᠨ ᠪᠠᠢᠳᠠᠯ ᠢ᠋ ᠬᠠᠷᠢᠨ ᠮᠠᠭᠠᠳᠯᠠᠨ ᠮᠡᠳᠡᠵᠦ ᠪᠣᠯᠬᠤ ᠶᠤᠮ᠃ ᠨᠢᠭᠡ ᠳ᠋ᠦ᠍᠂ ᠣᠳᠣ ᠬᠠᠲᠠᠨᠲᠠᠶ ᠠᠭᠤᠯᠠ ᠶ᠋ᠢᠨ ᠣᠷᠣᠢ ᠳᠡᠭᠡᠷ᠎ᠡ ᠠᠯᠠᠭ ᠰᠦᠯᠳᠡ ᠶ᠋ᠢᠨ ᠰᠠᠭᠤᠳᠠᠯ ᠴᠢᠯᠠᠭᠤ ᠦᠯᠡᠳᠡᠵᠦ ᠪᠣᠢ᠂ ᠡᠨᠡ ᠨᠢ ᠳᠠᠷᠤᠢ ᠲᠥᠪ ᠳᠤᠮᠳᠠ ᠪᠠᠨ  26×30 ᠰᠡᠨᠲ᠋ᠢᠮᠧᠲ᠋ᠷ ᠠᠮᠠᠰᠠᠷ ᠲᠠᠢ᠂ 16 ᠰᠡᠨᠲ᠋ᠢᠮᠧᠲ᠋ᠷ ᠭᠦᠨ᠂ ᠵᠡᠷᠭᠡᠴᠡᠭᠦᠯᠦᠨ ᠮᠠᠯᠲᠠᠭᠰᠠᠨ ᠬᠣᠶᠠᠷ ᠨᠦᠬᠡ ᠲᠡᠢ ᠤᠷᠲᠤ ᠪᠠᠷ ᠢ᠋ᠶ᠋ᠠᠨ 2.1  ᠮᠧᠲ᠋ᠷ᠂ ᠥᠷᠭᠡᠨ ᠢ᠋ᠶ᠋ᠡᠷ ᠢ᠋ᠶ᠋ᠡᠨ 1.1 ᠮᠧᠲ᠋ᠷ᠂ ᠵᠤᠵᠠᠭᠠᠨ ᠢ᠋ᠶ᠋ᠠᠷ ᠢ᠋ᠶ᠋ᠠᠨ 0.6  ᠮᠧᠲ᠋ᠷ ᠤᠷᠲᠤ ᠳᠥᠷᠪᠡᠯᠵᠢᠨ ᠴᠠᠭᠠᠨ ᠴᠢᠯᠠᠭᠤ ᠪᠣᠯᠤᠨ᠎ᠠ᠃ ᠡᠨᠡ ᠬᠦ᠌ ᠰᠠᠭᠤᠷᠢ ᠴᠢᠯᠠᠭᠤᠨ ᠤ᠋ ᠬᠢᠴᠡ ᠡᠴᠡ ᠨᠢ ᠲᠡᠷᠡ ᠦᠶ᠎ᠡ ᠳ᠋ᠦ᠍ ᠠᠯᠠᠭ ᠰᠦᠯᠳᠡ ᠶ᠋ᠢ ᠶᠠᠭᠠᠬᠢᠵᠤ ᠪᠣᠰᠬᠠᠭᠰᠠᠨ ᠢ᠋ ᠮᠠᠭᠠᠳᠯᠠᠨ ᠮᠡᠳᠡᠵᠦ ᠪᠣᠯᠬᠤ ᠶᠤᠮ᠃ ᠡᠭᠦᠨ ᠢ᠋ ᠨᠠᠷᠢᠪᠴᠢᠯᠠᠨ ᠬᠡᠯᠡᠪᠡᠯ ᠠᠯᠠᠭ ᠰᠦᠯᠳᠡ ᠶ᠋ᠢ ᠰᠢᠯᠪᠢ ᠶ᠋ᠢ ᠤᠷᠲᠤ ᠳᠥᠷᠪᠡᠯᠵᠢᠨ ᠰᠠᠭᠤᠳᠠᠯ ᠴᠢᠯᠠᠭᠤᠨ ᠤ᠋ ᠬᠣᠶᠠᠷ ᠨᠦᠬᠡᠨ ᠤᠲᠥᠪ ᠳᠤᠮᠳᠠ ᠨᠢ ᠰᠠᠭᠠᠲᠠᠭᠠᠵᠤ᠂ ᠠᠰ ᠲᠤ᠌ ᠨᠢ ᠵᠣᠬᠢᠶᠠᠭᠰᠠᠨ ᠬᠣᠶᠠᠷ ᠪᠣᠭᠣᠨᠢ ᠰᠢᠯᠪᠢ ᠶ᠋ᠢ ᠠᠯᠠᠭ ᠰᠦᠯᠳᠡ ᠶ᠋ᠢᠨ ᠰᠢᠯᠪᠢ ᠶ᠋ᠢᠨ ᠬᠣᠶᠠᠷ ᠲᠠᠯ᠎ᠠ ᠶ᠋ᠢᠨ ᠨᠦᠬᠡᠨ ᠳ᠋ᠦ᠍ ᠴᠢᠩᠭ᠎ᠠ ᠰᠠᠭᠤᠯᠭᠠᠵᠤ᠂ ᠳᠠᠬᠢᠨ ᠲᠡᠭᠦᠨ ᠢ᠋ ᠠᠯᠠᠭ ᠰᠦᠯᠳᠡ ᠶ᠋ᠢᠨ ᠰᠢᠯᠪᠢ ᠲᠡᠢ ᠨᠢ ᠬᠣᠯᠪᠣᠵᠤ ᠪᠡᠬᠢᠯᠡᠭᠡᠳ ᠠᠯᠠᠭ ᠰᠦᠯᠳᠡ ᠶ᠋ᠢ ᠪᠤᠰᠬᠠᠵᠠᠢ᠃ ᠡᠭᠦᠨ ᠡᠴᠡ ᠪᠠᠰᠠ ᠠᠯᠠᠭ ᠰᠦᠯᠳᠡ ᠶ᠋ᠢᠨ ᠰᠢᠯᠪᠢ ᠨᠢ ᠬᠡᠳᠦᠢ ᠪᠦᠳᠦᠭᠦᠨ ᠪᠣᠯᠬᠤ ᠶ᠋ᠢ ᠴᠦ᠍ ᠮᠡᠳᠡᠵᠦ ᠪᠣᠯᠬᠤ ᠶᠤᠮ᠃ ᠬᠣᠶᠠᠷ ᠲᠤ᠌᠂ ᠰᠢᠯᠢ ᠶ᠋ᠢᠨ ᠭᠣᠣᠯ ᠤ᠋ᠨ ᠮᠣᠩᠭᠣᠯ ᠶᠤᠸᠠᠨ ᠤ᠋ ᠬᠦᠷᠢᠶᠡᠯᠡᠩ ᠳ᠋ᠦ᠍ ᠮᠣᠩᠭᠣᠯ ᠶᠤᠸᠠᠨ ᠤ᠋ ᠦᠶ᠎ᠡ ᠶ᠋ᠢᠨ ᠵᠢᠳᠠ ᠶ᠋ᠢ ᠳᠡᠯᠭᠡᠨ ᠲᠠᠯᠪᠢᠵᠤ ᠪᠣᠢ᠃ ᠠᠯᠠᠭ ᠰᠦᠯᠳᠡ ᠶ᠋ᠢᠨ ᠭᠢᠯᠣᠪᠠᠷ ᠤ᠋ᠨ ᠬᠡᠯᠪᠡᠷᠢ ᠮᠠᠶᠢᠭ ᠨᠢ ᠵᠢᠳᠠ ᠶ᠋ᠢᠨ ᠬᠡᠯᠪᠡᠷᠢ ᠮᠠᠶᠢᠭ ᠲᠠᠢ ᠠᠳᠠᠯᠢ ᠭᠡᠳᠡᠭ ᠪᠣᠯᠬᠣᠷ ᠡᠨᠡ ᠬᠦ᠌ ᠵᠢᠳᠠ ᠶ᠋ᠢᠨ ᠬᠡᠯᠪᠡᠷᠢ ᠮᠠᠶᠢᠭ ᠠ᠋ᠴᠠ ᠶᠤᠸᠠᠨ ᠤᠯᠤᠰ ᠤ᠋ᠨ ᠦᠶ᠎ᠡ ᠶ᠋ᠢᠨ ᠠᠯᠠᠭ ᠰᠦᠯᠳᠡ ᠶ᠋ᠢᠨ ᠭᠢᠯᠣᠪᠠᠷ ᠤ᠋ᠨ ᠬᠡᠯᠪᠡᠷᠢ ᠮᠠᠶᠢᠭ ᠢ᠋ ᠮᠡᠳᠡᠵᠦ ᠪᠣᠯᠤᠨ᠎ᠠ᠂ ᠤᠴᠢᠷ ᠨᠢ ᠲᠡᠦᠬᠡᠨ ᠳᠡᠭᠡᠷᠡᠬᠢ ᠵᠢᠳᠠ ᠶ᠋ᠢᠨ ᠬᠡᠯᠪᠡᠷᠢ ᠮᠠᠶᠢᠭ ᠨᠢ ᠣᠯᠠᠨ ᠶᠠᠩᠵᠤ ᠪᠠᠢᠳᠠᠭ ᠳᠡᠭᠡᠷ᠎ᠡ ᠲᠡᠷᠡ ᠨᠢ ᠪᠠᠰᠠ ᠲᠠᠰᠤᠷᠠᠯᠲᠠ ᠦᠭᠡᠢ ᠬᠤᠪᠢᠷᠠᠭᠰᠠᠭᠠᠷ ᠢᠷᠡᠭᠰᠡᠨ ᠪᠣᠯᠬᠣᠷ ᠶᠤᠸᠠᠨ ᠤᠯᠤᠰ ᠤ᠋ᠨ ᠦᠶ᠎ᠡ ᠶ᠋ᠢᠨ ᠠᠯᠠᠭ ᠰᠦᠯᠳᠡ ᠶ᠋ᠢᠨ ᠬᠢᠯᠣᠪᠠᠷ ᠨᠢ ᠴᠣᠬᠣᠮ ᠶᠠᠮᠠᠷ ᠬᠡᠯᠪᠡᠷᠢ ᠮᠠᠶᠢᠭ ᠲᠠᠢ ᠪᠠᠢᠭᠰᠠᠨ ᠢ᠋ ᠲᠣᠭᠲᠠᠭᠠᠬᠤ ᠳ᠋ᠤ᠌ ᠲᠤᠩ ᠬᠦᠴᠢᠷᠲᠡᠢ᠃ ᠡᠢᠮᠦ ᠡᠴᠡ ᠭᠠᠭᠴᠠ ᠬᠦ᠌ ᠮᠣᠩᠭᠣᠯ ᠶᠤᠸᠠᠨ ᠤ᠋ ᠦᠶ᠎ᠡ ᠶ᠋ᠢᠨ ᠵᠢᠳᠠ ᠶ᠋ᠢᠨ ᠬᠡᠯᠪᠡᠷᠢ ᠮᠠᠶᠢᠭ ᠢ᠋ᠶ᠋ᠠᠷ ᠬᠠᠳᠠᠨᠲᠠᠶ ᠠᠭᠤᠯᠠ ᠶ᠋ᠢᠨ ᠠᠯᠠᠭ ᠰᠦᠯᠳᠡ ᠶ᠋ᠢᠨ ᠬᠢᠯᠣᠪᠠᠷ ᠤ᠋ᠨ ᠬᠡᠯᠪᠡᠷᠢ ᠮᠠᠶᠢᠭ ᠢ᠋ ᠲᠣᠭᠲᠠᠭᠠᠪᠠᠯ ᠵᠦᠢᠲᠡᠢ ᠭᠡᠵᠦ ᠦᠵᠡᠨ᠎ᠡ᠃ ᠭᠤᠷᠪᠠ ᠳ᠋ᠤ᠌᠂ ᠬᠠᠳᠠᠨᠲᠠᠢ ᠠᠭᠤᠯᠠ ᠶ᠋ᠢᠨ ᠣᠷᠣᠢ ᠳᠡᠭᠡᠷ᠎ᠡ ᠤᠷᠲᠤ ᠪᠠᠷ ᠢ᠋ᠶ᠋ᠠᠨ 120 ᠮᠧᠲ᠋ᠷ᠂ ᠥᠷᠭᠡᠨ ᠢ᠋ᠶ᠋ᠡᠷ ᠢ᠋ᠶ᠋ᠡᠨ  70 ᠮᠧᠲ᠋ᠷ᠂ ᠡᠮᠦᠨ᠎ᠡ ᠲᠠᠯ᠎ᠠ ᠨᠢ ᠳᠤᠮᠳᠠ ᠪᠠᠨ ᠡᠭᠦᠳᠡ ᠲᠡᠢ ᠬᠦᠷᠢᠶᠡᠨ ᠤ ᠪᠠᠭᠤᠷᠢ ᠪᠠᠢᠳᠠᠭ᠃ ᠡᠨᠡ ᠨᠢ ᠪᠠᠷᠤᠭ ᠠᠯᠠᠭ ᠰᠦᠯᠳᠡ ᠶ᠋ᠢᠨ ᠬᠦᠷᠢᠶ᠎ᠡ ᠪᠠ ᠭᠡᠷ ᠪᠠᠷᠢᠯᠭ᠎ᠠ ᠶ᠋ᠢᠨ ᠪᠠᠭᠤᠷᠢ ᠮᠥᠨ᠃ ᠣᠷᠴᠢᠨ ᠦᠶ᠎ᠡ ᠶ᠋ᠢᠨ ᠠᠯᠠᠭ ᠰᠦᠯᠳᠡ ᠳ᠋ᠦ᠍ ᠬᠦᠷᠲᠡᠯ᠎ᠡ ᠬᠦᠷᠢᠶ᠎ᠡ ᠲᠡᠢ ᠪᠥᠭᠡᠳ ᠪᠠᠰᠠ ᠮᠥᠩᠬᠡ ᠵᠤᠯᠠ ᠪᠠᠷᠢᠵᠤ ᠬᠦᠵᠢ ᠰᠢᠲᠠᠭᠠᠬᠤ ᠭᠡᠷ᠂ ᠰᠠᠩ ᠤ᠋ᠨ ᠡᠳ᠋ᠯᠡᠯ ᠬᠡᠷᠡᠭᠰᠡᠯ ᠢ᠋ ᠲᠠᠯᠪᠢᠬᠤ ᠭᠡᠷ ᠪᠠ ᠵᠢᠱ᠌ᠢᠶᠡᠨ ᠤ ᠬᠥᠮᠦᠰ ᠤᠨ ᠰᠠᠭᠤᠬᠤ ᠭᠡᠷ ᠦᠦᠨ ᠪᠠᠢᠭᠰᠠᠨ ᠠᠲᠠᠯ᠎ᠠ ᠬᠠᠭᠠᠨ ᠡᠵᠡᠨ ᠤ ᠪᠣᠰᠬᠠᠭᠰᠠᠨ ᠠᠯᠠᠭ ᠰᠦᠯᠳᠡ ᠳ᠋ᠦ᠍ ᠶᠠᠭᠠᠬᠢᠨ ᠬᠦᠷᠢᠶ᠎ᠡ ᠪᠠ ᠭᠡᠷ ᠪᠠᠷᠢᠯᠭ᠎ᠠ ᠦᠭᠡᠢ ᠪᠠᠢᠬᠤ ᠠᠵᠢ᠃ 
       ᠡᠷᠳᠡᠮᠲᠡᠨ ᠮᠡᠷᠭᠡᠳ ᠤᠨ ᠮᠠᠷᠭᠤᠨ ᠥᠭᠦᠯᠡᠬᠦ ᠶ᠋ᠢ ᠴᠢᠩ ᠰᠡᠳᠬᠢᠯ ᠡᠴᠡ ᠪᠡᠨ ᠬᠦᠰᠡᠵᠦ ᠪᠠᠢᠨ᠎ᠠ᠃ 

 ᠵᠡᠭᠦᠯᠲᠡ 
① ᠲᠤᠰ ᠨᠣᠮ ᠤ᠋ᠨ《ᠰᠦᠯᠳᠡ ᠪᠣᠯ ᠤᠯᠠᠮᠵᠢᠯᠠᠯᠲᠤ ᠡᠷᠬᠢᠮ ᠳᠡᠭᠡᠳᠦ ᠪᠡᠯᠭᠡᠳᠡᠯ ᠤᠨ ᠡᠳ᠋ ᠮᠥᠨ》 ᠭᠡᠰᠡᠨ ᠥᠭᠦᠯᠡᠯ ᠳ᠋ᠦ᠍ ᠦᠵᠡᠭᠡᠷᠡᠢ᠃ 
② 叶新民᠂ 齐木德道尔吉᠃《元上都研究资料选编》᠂ 中央民族大学出版社᠂ 2003年第14页᠃
③ 王沂᠃《宜滨集》卷十二᠃ 
④ ᠰᠠᠢᠨᠵᠢᠷᠭᠠᠯ: 《ᠮᠣᠩᠭᠣᠯ ᠲᠠᠬᠢᠯᠭ᠎ᠠ》᠂ ᠦᠨᠳᠦᠰᠦᠲᠡᠨ ᠤ ᠬᠡᠪᠯᠡᠯ ᠤᠨ ᠬᠣᠷᠢᠶ᠎ᠠ᠂ 2001 ᠣᠨ᠂ 315 ᠳ᠋ᠤᠭᠠᠷ ᠨᠢᠭᠤᠷ ᠲᠤ᠌᠃ 
                    2009 ᠣᠨ ᠤ᠋ 9 ᠰᠠᠷ᠎ᠠ 

    【ᠵᠣᠬᠢᠶᠠᠯ ᠤ᠋ᠨ ᠲᠠᠨᠢᠯᠴᠠᠭᠤᠯᠭ᠎ᠠ】 ᠬᠠᠳᠠᠨᠲᠠᠶ ᠠᠭᠤᠯᠠ ᠨᠢ ᠣᠷᠣᠢ ᠳᠡᠭᠡᠷ᠎ᠡ ᠪᠡᠨ ᠠᠯᠠᠭ ᠰᠦᠯᠳᠡ (ᠲᠢᠶᠧ ᠹᠠᠨ ᠭᠠᠨ) ᠢ᠋ ᠮᠠᠨᠳᠤᠭᠤᠯᠵᠤ ᠪᠠᠢᠭᠰᠠᠨ ᠪᠣᠯᠬᠣᠷ ᠲᠤᠬᠠᠢ ᠶ᠋ᠢᠨ ᠦᠶ᠎ᠡ ᠳ᠋ᠦ᠍ ᠰᠣᠶᠣᠯ ᠤ᠋ᠨ ᠰᠣᠯᠢᠯᠴᠠᠭ᠎ᠠ ᠪᠠ ᠬᠥᠭᠵᠢᠯ ᠤᠨ ᠣᠷᠤᠨ ᠪᠣᠯᠵᠤ ᠪᠠᠢᠵᠠᠢ᠃ ᠡᠢᠮᠦ ᠡᠴᠡ ᠬᠠᠳᠠᠨᠲᠠᠶ ᠠᠭᠤᠯᠠ ᠶ᠋ᠢᠨ ᠠᠯᠠᠭ ᠰᠦᠯᠳᠡ ᠪᠣᠯ ᠶᠤᠸᠠᠨ ᠤᠯᠤᠰ ᠤ᠋ᠨ ᠳᠡᠭᠡᠳᠦ ᠨᠡᠢᠰᠯᠡᠯ ᠤᠨ ᠰᠣᠶᠣᠯ ᠤ᠋ᠨ ᠨᠢᠭᠡ ᠠᠴᠢᠶᠠᠯᠠᠭᠴᠢ ᠮᠥᠨ ᠭᠡᠵᠦ ᠬᠡᠯᠡᠵᠦ ᠪᠣᠯᠤᠨ᠎ᠠ᠃ ᠣᠳᠣ ᠶᠤᠸᠠᠨ ᠤᠯᠤᠰ ᠤ᠋ᠨ ᠳᠡᠭᠡᠳᠦ ᠨᠡᠢᠰᠯᠡᠯ ᠤᠨ ᠬᠠᠭᠤᠴᠢ ᠪᠠᠭᠤᠷᠢ ᠶ᠋ᠢ ᠳᠡᠯᠡᠬᠡᠢ ᠶ᠋ᠢᠨ ᠰᠣᠶᠣᠯ ᠤ᠋ᠨ ᠥᠪ ᠢ᠋ᠶ᠋ᠡᠷ ᠡᠷᠡᠮᠡᠯᠵᠡᠵᠦ ᠪᠠᠢᠭ᠎ᠠ ᠴᠠᠭ ᠦᠶ᠎ᠡ ᠳ᠋ᠦ᠍ ᠬᠠᠳᠠᠨᠲᠠᠶ ᠠᠭᠤᠯᠠ ᠶᠢᠨ ᠠᠯᠠᠠᠭ ᠰᠦᠯᠳᠡ ᠶ᠋ᠢᠨ ᠰᠣᠶᠣᠯ ᠨᠢ ᠣᠮᠲᠣᠭᠠᠢᠯᠠᠵᠤ ᠪᠣᠯᠣᠰᠢ ᠦᠭᠡᠢ ᠨᠢᠭᠡ ᠠᠭᠤᠯᠭ᠎ᠠ ᠪᠣᠯᠪᠠᠯ ᠵᠣᠬᠢᠨ᠎ᠠ᠃ ᠡᠨᠡ ᠬᠦ᠌ ᠰᠣᠶᠣᠯ ᠤ᠋ᠨ ᠤᠯᠠ ᠮᠥᠷ ᠢ᠋ ᠠᠪᠤᠷᠠᠬᠤ ᠳ᠋ᠤ᠌ ᠵᠠᠪᠠᠯ ᠦᠨᠡᠨ ᠪᠣᠳᠠᠲᠤ ᠴᠢᠨᠠᠷ ᠢ᠋ ᠪᠠᠷᠢᠮᠲᠠᠯᠠᠬᠤ ᠬᠡᠷᠡᠭᠲᠡᠢ᠃ ᠭᠡᠲᠡᠯ᠎ᠡ ᠲᠢᠶᠧ ᠪᠡᠨ ᠭᠠᠨ ᠭᠡᠳᠡᠭ ᠨᠢ ᠡᠷᠲᠡᠨ ᠤ ᠮᠣᠩᠭᠣᠯᠴᠤᠳ ᠤ᠋ᠨ ᠠᠯᠠᠭ ᠰᠦᠯᠳᠡ ᠮᠥᠨ ᠭᠡᠰᠡᠨ ᠮᠠᠭᠠᠳᠯᠠᠯᠲᠠ ᠶ᠋ᠢ ᠭᠠᠷᠭᠠᠭᠰᠠᠨ ᠠ᠋ᠴᠠ ᠬᠣᠢᠰᠢ᠂ ᠵᠠᠷᠢᠮ ᠬᠥᠮᠦᠨ ᠭᠡᠨᠡᠳᠲᠡ ᠡᠰᠢ ᠪᠠᠷᠢᠮᠲᠠ ᠦᠭᠡᠢ ᠪᠡᠷ ᠲᠢᠶᠸ ᠹᠠᠨ ᠭᠠᠨ ᠢ᠋ ᠬᠠᠷ᠎ᠠ ᠰᠦᠯᠳᠡ ᠭᠡᠲᠡᠯ᠎ᠡ ᠪᠠᠰᠠ ᠴᠠᠭᠠᠨ ᠰᠦᠯᠳᠡ ᠭᠡᠵᠦ ᠬᠡᠯᠡᠬᠦ ᠪᠣᠯᠪᠠ᠃ ᠲᠤᠰ ᠵᠣᠬᠢᠶᠠᠯ ᠪᠣᠯ ᠡᠨᠡ ᠬᠦ᠌ ᠮᠠᠭᠠᠳᠯᠠᠯᠲᠠ ᠶ᠋ᠢᠨ ᠦᠷ᠎ᠡ ᠳ᠋ᠤᠩ ᠢ᠋ ᠭᠠᠵᠢᠭᠤᠳᠠᠭᠤᠯᠤᠨ ᠬᠡᠷᠡᠭᠯᠡᠭᠰᠡᠨ ᠦᠵᠡᠭᠳᠡᠯ ᠳ᠋ᠦ᠍ ᠴᠢᠭᠯᠡᠭᠦᠯᠵᠦ᠂ ᠬᠠᠳᠠᠨᠲᠠᠶ ᠠᠭᠤᠯᠠ ᠶ᠋ᠢᠨ ᠠᠯᠠᠭ ᠰᠦᠯᠳᠡ ᠶ᠋ᠢ ᠴᠢᠨᠠᠭᠰᠢ ᠨᠤᠲᠠᠯᠠᠨ ᠲᠠᠢᠯᠪᠤᠷᠢᠯᠠᠬᠤ ᠪᠠᠷ ᠳᠠᠮᠵᠢᠭᠤᠯᠤᠨ᠂ ᠲᠢᠶᠸ ᠹᠠᠨ ᠭᠠᠨ ᠪᠣᠯ ᠡᠷᠲᠡᠨ ᠤ ᠮᠣᠩᠭᠣᠯᠴᠤᠳ ᠤ᠋ᠨ ᠠᠯᠠᠭ ᠰᠦᠯᠳᠡ ᠮᠥᠨ ᠭᠡᠰᠡᠨ ᠮᠠᠭᠠᠳᠯᠠᠯᠲᠠ ᠶ᠋ᠢ ᠤᠯᠠᠮ ᠴᠢᠨᠠᠭᠰᠢᠳᠠ ᠪᠠᠲᠤᠵᠢᠭᠤᠯᠤᠭᠰᠠᠨ ᠶᠤᠮ᠃ ᠶᠧ ᠰᠢᠨ ᠮᠢᠨ᠂ ᠴᠢᠮᠡᠳᠳᠣᠷᠵᠢ ᠶ᠋ᠢᠨ 《ᠶᠤᠸᠠᠨ ᠤ᠋ ᠳᠡᠭᠡᠳᠦ ᠨᠡᠢᠰᠯᠡᠯ ᠤᠨ ᠰᠤᠳᠤᠯᠭᠠᠨ ᠤ᠋ ᠮᠠᠲ᠋ᠧᠷᠢᠶᠠᠯ ᠤ᠋ᠨ ᠰᠣᠩᠭᠣᠮᠠᠯ》 ᠠ᠋ᠴᠠ ᠠᠪᠤᠭᠰᠠᠨ ᠡᠰᠢ ᠪᠠᠷᠢᠮᠲᠠ ᠶ᠋ᠢ ᠵᠣᠬᠢᠶᠠᠭᠴᠢ ᠥᠪᠡᠷ ᠢ᠋ᠶ᠋ᠡᠨ ᠮᠣᠩᠭᠣᠯᠴᠢᠯᠠᠪᠠ᠃ ᠲᠤᠰ ᠵᠣᠬᠢᠶᠠᠯ ᠨᠢ 《ᠰᠢᠯᠢ ᠶ᠋ᠢᠨ ᠭᠣᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠤ ᠰᠡᠳᠬᠦᠯ》 ᠦ᠋ᠨ2009 ᠣᠨ ᠤ᠋ 2 ᠳ᠋ᠤᠭᠠᠷ ᠬᠤᠭᠤᠴᠠᠭ᠎ᠠ ᠪᠣᠯᠤᠨ 《ᠰᠢᠨᠵᠢᠯᠡᠬᠦ ᠤᠬᠠᠭᠠᠨ ᠠᠮᠢᠳᠤᠷᠠᠯ》 ᠰᠡᠳᠬᠦᠯ ᠦ᠋ᠨ2010 ᠣᠨ ᠤ᠋ 1 ᠳ᠋ᠤᠭᠡᠷ ᠬᠤᠭᠤᠴᠠᠭᠠᠨ ᠳ᠋ᠤ᠌ ᠨᠡᠢᠲᠡᠯᠡᠭᠳᠡᠵᠦ ᠥᠩᠭᠡᠷᠡᠵᠡᠢ᠃ 
                                                     ᠵᠣᠬᠢᠶᠠᠭᠴᠢ 

      ᠮᠣᠩᠭᠣᠯ ᠶᠤᠸᠠᠨ ᠤ᠋ ᠦᠶ᠎ᠡ ᠶ᠋ᠢᠨ ᠵᠢᠳᠠ ᠶ᠋ᠢᠨ ᠲᠣᠯᠣᠭᠠᠢ