ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-9> Сүлдийн соёлын судлал – Минжуур<дээд-9> ᠵᠠᠩ ᠦᠢᠯᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-9> Сүлдийн соёлын судлал – Минжуур<дээд-9>

ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-9> Сүлдийн соёлын судлал – Минжуур<дээд-9>

ᠠᠩᠭᠢᠯᠠᠯ:ᠵᠠᠩ ᠦᠢᠯᠡ
2026-02-09

142

ᠴᠠᠭᠠᠨ ᠰᠦᠯᠳᠡ ᠶ᠋ᠢ ᠶᠤᠸᠠᠨ ᠤᠯᠤᠰ ᠤ᠋ᠨ ᠶᠡᠬᠡ ᠠᠮᠤᠭᠤᠯᠠᠩ ᠲᠠᠭᠲᠤ ᠪᠣᠯᠤᠨ ᠶᠡᠬᠡ ᠭᠡᠭᠡᠲᠦ ᠬᠠᠷᠰᠢ ᠳ᠋ᠤ᠌ ᠮᠠᠨᠳᠤᠭᠤᠯᠵᠤ ᠪᠠᠢᠭᠰᠠᠨ ᠢ᠋ ᠮᠠᠭᠠᠳᠯᠠᠬᠤ ᠨᠢ


     【ᠠᠭᠤᠯᠭ᠎ᠠ ᠶ᠋ᠢᠨ ᠲᠣᠪᠴᠢ】 ᠲᠤᠰ ᠥᠭᠦᠯᠡᠯ ᠳ᠋ᠦ᠍ ᠮᠣᠩᠭᠣᠯᠴᠤᠳ ᠤ᠋ᠨ ᠰᠦᠯᠳᠡ ᠪᠡᠨ 
                        ᠳᠡᠭᠡᠳᠦᠯᠡᠨ ᠰᠢᠲᠦᠳᠡᠭ ᠤᠯᠠᠮᠵᠢᠯᠠᠯᠲᠤ ᠵᠠᠩᠰᠢᠯ ᠢ᠋ᠶ᠋ᠠᠷ ᠦᠨᠳᠦᠰᠦ ᠪᠣᠯᠭᠠᠵᠤ᠂ 
                        ᠵᠠᠳᠠᠯᠤᠨ ᠮᠠᠭᠠᠳᠯᠠᠬᠤ ᠪᠠ ᠵᠦᠢᠴᠢᠯᠡᠨ ᠮᠠᠭᠠᠳᠯᠠᠬᠤ ᠠᠷᠭ᠎ᠠ ᠶ᠋ᠢ ᠬᠡᠷᠡᠭᠯᠡᠵᠦ᠂ 
                        《ᠶᠠ ᠳ᠋ᠣᠣ(牙纛)》 ᠢ᠋ ᠴᠠᠭᠠᠨ ᠰᠦᠯᠳᠡ ᠭᠡᠵᠦ᠂ 
                        《ᠶᠠ ᠳ᠋ᠣᠣ ᠯᠦ᠍ ᠵᠠᠩ (牙纛庐帐)》 ᠢ 
                        《ᠴᠠᠭᠠᠨ ᠰᠦᠯᠳᠡᠲᠦ ᠥᠷᠭᠥᠭᠡ ᠴᠠᠴᠠᠷ》 ᠮᠥᠨ ᠭᠡᠵᠦ 
                        ᠮᠠᠭᠠᠳᠯᠠᠭᠰᠠᠨ ᠰᠠᠭᠤᠷᠢᠨ ᠳᠡᠭᠡᠷ᠎ᠡ ᠴᠠᠭᠠᠨ ᠰᠦᠯᠳᠡ ᠶ᠋ᠢ 
                        ᠶᠡᠬᠡ ᠠᠮᠤᠭᠤᠯᠠᠩ ᠲᠠᠭᠲᠤ  (大安阁)᠂ 
                        ᠭᠤᠷᠪᠠᠨ ᠶᠡᠬᠡ ᠬᠠᠭᠠᠯᠭ᠎ᠠ ᠪᠣᠯᠤᠨ ᠶᠡᠬᠡ ᠭᠡᠭᠡᠲᠦ ᠬᠠᠷᠰᠢ 
                        (大明殿) ᠳ᠋ᠤ᠌ ᠮᠠᠨᠳᠤᠭᠤᠯᠵᠤ ᠪᠠᠢᠭᠰᠠᠨ ᠢ᠋ 
                        ᠴᠢᠨᠠᠭᠰᠢᠳᠠ ᠮᠠᠭᠠᠳᠯᠠᠬᠤ ᠪᠣᠯᠤᠨ᠎ᠠ᠃ 
    【ᠵᠠᠩᠭᠢᠯᠠᠭ᠎ᠠ ᠦᠭᠡ】 ᠴᠠᠭᠠᠨ ᠰᠦᠯᠳᠡ᠂ ᠶᠤᠸᠠᠨ ᠤᠯᠤᠰ᠂ ᠶᠡᠬᠡ ᠠᠮᠤᠭᠤᠯᠠᠩ ᠲᠠᠭᠲᠤ᠂ 
                                   ᠶᠡᠬᠡ ᠭᠡᠭᠡᠲᠦ ᠬᠠᠷᠰᠢ᠂ ᠮᠠᠨᠳᠤᠭᠤᠯᠤᠭᠰᠠᠨ᠂ ᠮᠠᠭᠠᠳᠯᠠᠬᠤ᠃ 

       ᠴᠠᠭᠠᠨ ᠰᠦᠯᠳᠡ ᠪᠣᠯ ᠲᠡᠭᠷᠢ ᠶ᠋ᠢ ᠰᠢᠲᠦᠬᠦ ᠰᠣᠶᠣᠯ ᠤ᠋ᠨ ᠣᠨᠴᠠ ᠪᠦᠲᠦᠭᠡᠭᠳᠡᠬᠦᠨ ᠮᠥᠨ᠃ ᠴᠠᠭᠠᠨ ᠰᠦᠯᠳᠡ ᠶ᠋ᠢ ᠮᠣᠩᠭᠣᠯᠴᠤᠳ ᠠᠯᠢ ᠡᠷᠲᠡᠨ ᠡᠴᠡ ᠪᠡᠨ ᠰᠢᠲᠦᠭᠰᠡᠭᠡᠷ ᠢᠷᠡᠵᠡᠢ᠃ ᠴᠢᠩᠭᠢᠰ ᠬᠠᠭᠠᠨ ᠮᠣᠩᠭᠣᠯ ᠤ᠋ᠨ ᠨᠢᠭᠡᠳᠦᠭᠰᠡᠨ ᠲᠤᠯᠭᠤᠷ ᠲᠥᠷᠥ ᠶ᠋ᠢ ᠪᠠᠢᠭᠤᠯᠬᠤ ᠳ᠋ᠤ᠌ ᠤᠤᠯ ᠴᠠᠭᠠᠨ ᠰᠦᠯᠳᠡ (ᠾᠦᠩᠨᠦ ᠬᠥᠮᠦᠨ ᠤ ᠲᠣᠭ)  ᠶᠢ ᠵᠠᠰᠠᠨ ᠲᠡᠭᠦᠯᠳᠡᠷᠵᠢᠭᠦᠯᠦᠭᠡᠳ ᠮᠣᠩᠭᠣᠯ ᠲᠥᠷᠥ ᠶ᠋ᠢᠨ ᠴᠠᠭᠠᠨ ᠰᠦᠯᠳᠡ ᠪᠣᠯᠭᠠᠨ ᠳᠡᠭᠡᠳᠦᠯᠡᠨ ᠬᠡᠷᠡᠭᠯᠡᠵᠡᠢ᠃ᠬᠤᠪᠢᠯᠠᠢ ᠮᠣᠩᠭᠣᠯ ᠤ᠋ᠨ ᠨᠢᠭᠡᠳᠦᠭᠰᠡᠨ ᠲᠤᠯᠭᠤᠷ ᠲᠥᠷᠥ ᠶ᠋ᠢᠨ ᠬᠠᠭᠠᠨ ᠰᠠᠭᠤᠷᠢᠨ ᠢ᠋ ᠵᠠᠯᠭᠠᠮᠵᠢᠯᠠᠭᠰᠠᠨ ᠪᠣᠯᠬᠣᠷ ᠴᠠᠭᠠᠨ ᠰᠦᠯᠳᠡ ᠨᠢ ᠶᠠᠷᠢᠶᠠᠨ ᠦᠭᠡᠢ ᠪᠠᠰᠠ ᠶᠡᠬᠡ ᠶᠤᠸᠠᠨ ᠤᠯᠤᠰ ᠤ᠋ᠨ ᠲᠥᠷᠥ ᠶ᠋ᠢᠨ ᠴᠠᠭᠠᠨ ᠰᠦᠯᠳᠡ ᠪᠣᠯᠬᠤ ᠶᠣᠰᠣᠲᠠᠢ᠃《ᠰᠦᠯᠳᠡ ᠪᠣᠯ ᠤᠯᠠᠮᠵᠢᠯᠠᠯᠲᠤ ᠡᠷᠬᠢᠮ ᠳᠡᠭᠡᠳᠦ ᠪᠡᠯᠭᠡᠳᠡᠯ ᠤᠨ ᠡᠳ᠋ ᠮᠥᠨ》 ᠭᠡᠰᠡᠨ ᠥᠭᠦᠯᠡᠯ ᠳ᠋ᠦ᠍ ᠴᠠᠭᠠᠨ ᠰᠦᠯᠳᠡ ᠶ᠋ᠢᠨ ᠲᠡᠦᠬᠡᠨ ᠥᠩᠭᠡᠷᠡᠯᠲᠡ ᠪᠠ ᠰᠣᠶᠣᠯ ᠤ᠋ᠨ ᠲᠤᠬᠠᠢ ᠨᠢᠭᠡᠨᠲᠡ ᠥᠭᠦᠯᠡᠵᠦ ᠥᠩᠭᠡᠷᠡᠭᠰᠡᠨ ᠪᠣᠯᠬᠣᠷ ᠲᠤᠰ ᠥᠭᠦᠯᠡᠯ ᠳ᠋ᠦ᠍ ᠵᠥᠪᠬᠡᠨ 《ᠶᠠ ᠳ᠋ᠣᠣ (牙纛)》 ᠭᠡᠳᠡᠭ ᠨᠢ ᠴᠣᠬᠣᠮ ᠶᠠᠮᠠᠷ ᠶᠠᠭᠤᠮ᠎ᠠ ᠪᠣᠯᠬᠤ ᠪᠠ ᠶᠠᠭᠤᠨ ᠳ᠋ᠤ᠌ 《ᠶᠠ ᠳ᠋ᠣᠣ ᠯᠦ᠍ ᠵᠠᠩ (牙纛庐帐)》 ᠭᠡᠮᠡᠨ ᠳᠠᠭᠤᠳᠠᠭᠰᠠᠨ ᠤᠴᠢᠷ ᠰᠢᠯᠲᠠᠭᠠᠨ ᠢ᠋ ᠮᠠᠭᠠᠳᠯᠠᠭᠰᠠᠨ ᠰᠠᠭᠤᠷᠢᠨ ᠳᠡᠭᠡᠷ᠎ᠡ ᠴᠠᠭᠠᠨ ᠰᠦᠯᠳᠡ ᠶ᠋ᠢ ᠶᠡᠬᠡ ᠠᠮᠤᠭᠤᠯᠠᠩ ᠲᠠᠭᠲᠤ᠂ ᠭᠤᠷᠪᠠᠨ ᠶᠡᠬᠡ ᠬᠠᠭᠠᠯᠭ᠎ᠠ ᠪᠣᠯᠤᠨ ᠶᠡᠬᠡ ᠭᠡᠭᠡᠲᠦ ᠬᠠᠷᠰᠢ ᠳ᠋ᠤ᠌ ᠮᠠᠨᠳᠤᠭᠤᠯᠵᠤ ᠪᠠᠢᠭᠰᠠᠨ ᠢ᠋ ᠴᠢᠨᠠᠭᠰᠢᠳᠠ ᠨᠤᠲᠠᠯᠠᠵᠤ᠂ ᠥᠷᠭᠡᠨ ᠣᠯᠠᠨ ᠤᠩᠰᠢᠭᠴᠢᠳ ᠪᠠ ᠰᠦᠯᠳᠡ ᠶ᠋ᠢᠨ ᠰᠣᠶᠣᠯ ᠳ᠋ᠠᠭᠠᠨ ᠬᠠᠢᠷᠠᠲᠠᠢ ᠬᠥᠮᠦᠰ ᠤᠨ ᠶᠤᠸᠠᠨ ᠤᠯᠤᠰ ᠤ᠋ᠨ ᠦᠶ᠎ᠡ ᠶ᠋ᠢᠨ ᠴᠠᠭᠠᠨ ᠰᠦᠯᠳᠡ ᠶᠢᠨ ᠪᠠᠢᠳᠠᠯ ᠢ᠋ ᠣᠢᠯᠠᠭᠠᠬᠤ ᠳ᠋ᠤ᠌ ᠨᠢ ᠬᠢᠨᠠᠯᠲᠠ ᠪᠣᠯᠭᠠᠶ᠎ᠠ᠃ 
       ᠶᠤᠸᠠᠨ ᠤᠯᠤᠰ ᠤ᠋ᠨ ᠳᠤᠮᠳᠠ ᠦᠶ᠎ᠡ ᠶ᠋ᠢᠨ ᠰᠢᠳᠤᠷᠭᠤ ᠲᠦᠰᠢᠮᠡᠯ ᠢᠦᠢ ᠵᠢᠢ 《ᠳᠡᠭᠡᠳᠦ ᠨᠡᠢᠰᠯᠡᠯ ᠢ᠋ ᠰᠠᠬᠢᠭᠴᠢ ᠲᠦᠰᠢᠮᠡᠯ ᠾᠧ ᠾᠦᠢ ᠮᠢᠨ ᠤ ᠰᠦᠮ᠎ᠡ ᠶ᠋ᠢᠨ ᠬᠥᠰᠢᠶ᠎ᠡ》ᠳ᠋ᠦ᠍ 《ᠱ᠌ᠢᠽᠦ ᠬᠠᠭᠠᠨ ᠬᠢᠯᠢ ᠭᠠᠵᠠᠷ ᠢ᠋ᠶ᠋ᠠᠷ ᠰᠠᠭᠤᠬᠤ ᠬᠤᠭᠤᠴᠠᠭᠠᠨ ᠳ᠋ᠤᠷ᠂ ᠶᠠ ᠳ᠋ᠣᠣ ᠯᠦ᠍ ᠵᠠᠩ (牙纛庐帐)  ᠢ ᠯᠤᠸᠠᠨ ᠾᠧ ᠭᠣᠣᠯ ᠤ᠋ᠨ ᠳᠡᠭᠡᠷ᠎ᠡ ᠬᠥᠪᠡᠭᠡᠨ᠎ᠡ ᠪᠠᠷᠢᠭᠠᠳ ᠶᠣᠭᠤᠷᠭ᠎ᠠ ᠤᠷᠲᠤ ᠭᠡᠷ ᠢ᠋ ᠪᠠᠢᠭᠤᠯᠵᠤᠬᠤᠢ᠃ ᠡᠭᠦᠨ ᠢ᠋ᠶ᠋ᠡᠷ ᠲᠥᠷᠥ ᠬᠦᠷᠦᠨ᠎ᠡ ᠪᠠᠷᠠᠳᠠᠬᠤᠢ᠂ ᠵᠠᠰᠠᠭ ᠲᠥᠷᠥ ᠶ᠋ᠢᠨ ᠵᠠᠷᠯᠢᠭ ᠭᠠᠷᠭᠠᠬᠤᠢ᠂ ᠬᠣᠯᠠ ᠦᠷ᠎ᠡ ᠡᠴᠡ ᠢᠷᠡᠬᠦ ᠪᠣᠯᠤᠨ ᠴᠤᠭᠯᠠᠭᠠᠨ ᠬᠢᠬᠦ ᠶ᠋ᠢ ᠪᠠᠲᠤᠯᠠᠬᠤᠢ ᠳ᠋ᠤᠷ ᠳᠥᠭᠥᠮ ᠦᠵᠡᠭᠦᠯᠦᠭᠡᠳ ᠡᠮᠦᠨ᠎ᠡ ᠤᠮᠠᠷ᠎ᠠ ᠶ᠋ᠢᠨ ᠬᠠᠷᠢᠴᠠᠭ᠎ᠠ ᠶ᠋ᠢ ᠡᠵᠡᠮᠰᠢᠵᠦᠬᠦᠢ᠃ ᠤᠯᠤᠰ ᠪᠠᠢᠭᠤᠯᠤᠭᠳᠠᠭᠰᠠᠨ ᠠ᠋ᠴᠠ ᠬᠣᠢᠨ᠎ᠠ ᠶᠠᠨ ᠵᠢᠩ ᠳ᠋ᠦ᠍ᠷ ᠨᠡᠢᠰᠯᠡᠭᠦᠯᠬᠦ ᠪᠡᠷ ᠲᠣᠭᠲᠠᠭᠠᠵᠤ᠂ ᠺᠠᠢᠫᠢᠩ ᠢ᠋ᠶ᠋ᠠᠷ ᠳᠡᠭᠡᠳᠦ ᠨᠡᠢᠰᠯᠡᠯ ᠪᠣᠯᠭᠠᠭᠰᠠᠨ ᠠ᠋ᠴᠠ ᠲᠡᠷᠡ ᠨᠢ ᠠᠭᠠᠵᠢᠮ ᠢ᠋ᠶ᠋ᠠᠷ ᠵᠠᠰᠠᠭᠳᠠᠭᠰᠠᠨ ᠪᠣᠯᠠᠢ》① ᠭᠡᠰᠡᠨ ᠨᠢᠭᠡᠨ ᠲᠡᠮᠳᠡᠭᠯᠡᠯ ᠪᠠᠢᠳᠠᠭ᠃ ᠭᠡᠪᠡᠴᠦ ᠡᠨᠡ ᠬᠦ᠌ ᠲᠡᠮᠳᠡᠭᠯᠡᠯ ᠳ᠋ᠦ᠍ ᠠᠯᠬᠤᠮ ᠳᠠᠷᠠᠭᠠᠯᠠᠭᠰᠠᠨ ᠮᠠᠭᠠᠳᠯᠠᠯᠲᠠ ᠶ᠋ᠢ ᠬᠢᠪᠡᠯ ᠰᠠᠶᠢ ᠶᠤᠸᠠᠨ ᠤᠯᠤᠰ ᠤ᠋ᠨ ᠦᠶ᠎ᠡ ᠶ᠋ᠢᠨ ᠴᠠᠭᠠᠨ ᠰᠦᠯᠳᠡ ᠶ᠋ᠢ ᠣᠢᠯᠠᠭᠠᠵᠤ ᠴᠢᠳᠠᠨ᠎ᠠ᠃ ᠨᠢᠭᠡᠳᠦᠭᠡᠷ ᠠᠯᠬᠤᠮ ᠳ᠋ᠤ᠌ ᠡᠨᠡ ᠬᠦ᠌ ᠲᠡᠮᠳᠡᠭᠯᠡᠯ ᠤᠨ ᠳᠣᠲᠣᠷᠠᠬᠢ 《ᠶᠠ ᠳ᠋ᠣᠣ(牙纛)》 ᠭᠡᠳᠡᠭ ᠨᠢ ᠴᠣᠬᠣᠮ ᠶᠠᠮᠠᠷ ᠶᠠᠭᠤᠮ᠎ᠠ ᠪᠣᠯᠬᠤ ᠶ᠋ᠢ ᠤᠷᠢᠳ ᠢ᠋ᠶ᠋ᠠᠷ ᠮᠠᠭᠠᠳᠯᠠᠬᠤ ᠴᠢᠬᠤᠯᠠᠲᠠᠢ᠃ ᠱᠠᠩᠬᠠᠢ ᠶ᠋ᠢᠨ ᠲᠣᠯᠢ ᠪᠢᠴᠢᠭ ᠤᠨ ᠬᠡᠪᠯᠡᠯ ᠤᠨ ᠬᠣᠷᠢᠶ᠎ᠠ ᠶ᠋ᠢᠨ 《ᠦᠭᠡᠰ ᠤᠨ ᠳᠠᠯᠠᠢ》 ᠭᠡᠰᠡᠨ ᠨᠣᠮ ᠤ᠋ᠨ ᠲᠠᠢᠯᠪᠤᠷᠢ ᠠ᠋ᠴᠠ ᠦᠵᠡᠪᠡᠯ 《ᠳ᠋ᠤᠣ()》 ᠭᠡᠳᠡᠭ ᠨᠢ ᠳᠠᠷᠤᠢ ᠡᠷᠲᠡᠨ ᠤ ᠴᠡᠷᠢᠭ ᠠᠩᠭᠢ ᠪᠤᠶᠤ ᠵᠢᠭᠰᠠᠭᠠᠯ ᠤ᠋ᠨ ᠡᠩᠨᠡᠭᠡ ᠳ᠋ᠦ᠍ ᠬᠡᠷᠡᠭᠯᠡᠳᠡᠭ ᠪᠥᠰ ᠲᠣᠷᠭᠠᠨ ᠲᠤᠭ ᠪᠣᠯᠤᠨ᠎ᠠ᠃ ᠡᠷᠲᠡᠨ ᠤ ᠬᠢᠲᠠᠳ ᠪᠢᠴᠢᠭᠲᠡᠨ ᠮᠣᠩᠭᠣᠯᠴᠤᠳ ᠤ᠋ᠨ ᠲᠤᠭ (ᠰᠦᠯᠳᠡ) ᠪᠦᠬᠦᠨ ᠢ᠋ ᠡᠨᠡ ᠬᠦ᠌ 《 ᠳ᠋ᠤᠣ ()》 ᠲᠡᠢ ᠠᠳᠠᠯᠢ ᠶᠠᠭᠤᠮ᠎ᠠ ᠭᠡᠵᠦ ᠪᠤᠷᠤᠭᠤ ᠪᠠᠷ ᠣᠢᠯᠠᠭᠠᠳᠠᠭ᠃ᠡᠢᠮᠦ ᠡᠴᠡ ᠲᠡᠳᠡ ᠴᠠᠭᠠᠨ ᠰᠦᠯᠳᠡ ᠶ᠋ᠢᠨ ᠣᠷᠣᠢ ᠶ᠋ᠢᠨ 《》 ᠰᠢᠲᠦ ᠰᠢᠭ ᠬᠡᠯᠪᠡᠷᠢ ᠳᠦᠷᠰᠦ ᠪᠡᠷ ᠨᠢ 《 ᠳ᠋ᠣᠣ ()》 ᠶᠢᠨ ᠲᠣᠳᠣᠳᠬᠠᠯ ᠪᠣᠯᠭᠠᠵᠤ᠂ ᠴᠠᠭᠠᠨ ᠰᠦᠯᠳᠡ ᠶ᠋ᠢ 《ᠶᠠ ᠳ᠋ᠣᠣ (牙纛)》 ᠭᠡᠵᠦ ᠨᠡᠷᠡᠢᠳᠴᠡᠢ᠃ ᠡᠨᠡ ᠨᠢ ᠬᠡᠯᠡᠯᠭᠡᠨ ᠦᠭᠡᠢ ᠦᠭᠡ ᠬᠡᠯᠡᠨ ᠤ ᠬᠠᠷᠰᠢ ᠰᠠᠭᠠᠳ ᠠ᠋ᠴᠠ ᠪᠣᠯᠵᠤ ᠤᠭ ᠨᠡᠷᠡᠢᠳᠦᠯ ᠢ᠋ᠶ᠋ᠡᠷ ᠨᠢ ᠳᠠᠭᠤᠳᠠᠵᠤ ᠴᠢᠳᠠᠭᠰᠠᠨ ᠦᠭᠡᠢ ᠪᠠᠢᠬ᠎ᠠ᠃ ᠳᠡᠭᠡᠷᠡᠬᠢ ᠵᠠᠳᠠᠯᠤᠯᠲᠠ ᠠ᠋ᠴᠠ ᠦᠵᠡᠪᠡᠯ 《ᠶᠠ ᠳ᠋ᠣᠣ》ᠭᠡᠳᠡᠭ ᠨᠢ ᠳᠠᠷᠤᠢ ᠮᠣᠩᠭᠣᠯ ᠲᠥᠷᠥ ᠶ᠋ᠢᠨ ᠴᠠᠭᠠᠨ ᠰᠦᠯᠳᠡ ᠶ᠋ᠢ ᠬᠡᠯᠡᠵᠦ ᠪᠠᠢᠨ᠎ᠠ ᠭᠡᠵᠦ ᠮᠠᠭᠠᠳᠯᠠᠨ ᠮᠡᠳᠡᠵᠦ ᠪᠣᠯᠤᠨ᠎ᠠ᠃ ᠬᠣᠶᠠᠳᠤᠭᠠᠷ ᠠᠯᠬᠤᠮ ᠳ᠋ᠤ᠌᠂ 《ᠶᠠ ᠳ᠋ᠣᠣ (牙纛) ᠯᠦ᠍ ᠵᠠᠩ》 ᠨᠢ ᠶᠠᠭᠤᠨ ᠳ᠋ᠤ᠌ ᠴᠠᠭᠠᠨ ᠰᠦᠯᠳᠡ ᠶ᠋ᠢᠨ ᠨᠡᠷ᠎ᠡ ᠪᠡᠷ 《ᠴᠠᠭᠠᠨ ᠰᠦᠯᠳᠡᠲᠦ ᠥᠷᠭᠥᠭᠡ ᠴᠠᠴᠠᠷ》 ᠭᠡᠮᠡᠨ ᠳᠠᠭᠤᠳᠠᠭᠳᠠᠭᠰᠠᠨ ᠪᠣᠢ ᠭᠡᠰᠡᠨ ᠠᠰᠠᠭᠤᠳᠠᠯ ᠢ᠋ ᠴᠢᠨᠠᠭᠰᠢ ᠵᠠᠳᠠᠯᠬᠤ ᠴᠢᠬᠤᠯᠠᠲᠠᠢ ᠪᠠᠢᠨ᠎ᠠ᠃ ᠲᠡᠷᠡ ᠦᠶ᠎ᠡ ᠳ᠋ᠦ᠍ ᠬᠡᠷᠡᠭᠴᠡᠭᠡ ᠨᠢ ᠠᠳᠠᠯᠢ ᠦᠭᠡᠢ᠂ ᠬᠢᠴᠡ ᠡᠳ᠋ ᠨᠢ ᠠᠳᠠᠯᠢ ᠦᠭᠡᠢ᠂ ᠶᠡᠬᠡ ᠪᠠᠬ᠎ᠠ ᠨᠢ ᠠᠳᠠᠯᠢ ᠦᠭᠡᠢ ᠣᠯᠠᠨ ᠶᠠᠩᠵᠤ ᠶ᠋ᠢᠨ ᠥᠷᠭᠥᠭᠡ ᠴᠠᠴᠠᠷ ᠤ᠋ᠳ ᠪᠠᠢᠭᠰᠠᠨ ᠪᠠᠢᠬ᠎ᠠ᠂ ᠭᠡᠪᠡᠴᠦ ᠲᠡᠮᠳᠡᠭᠯᠡᠯ ᠳ᠋ᠦ᠍ ᠬᠡᠯᠡᠵᠦ ᠪᠠᠢᠭ᠎ᠠ 《ᠥᠷᠭᠥᠭᠡ ᠴᠠᠴᠠᠷ (庐帐)》 ᠭᠡᠳᠡᠭ ᠨᠢ ᠬᠠᠷᠢᠨ ᠬᠤᠪᠢᠯᠠᠢ ᠶ᠋ᠢᠨ ᠴᠡᠷᠢᠭ ᠤᠨ ᠬᠦᠷᠢᠶᠡᠨ ᠤ ᠲᠥᠪ ᠤᠷᠲᠤ ᠭᠡᠷ ᠢ ᠬᠡᠯᠡᠵᠦ ᠪᠠᠢᠨ᠎ᠠ᠃ ᠬᠤᠪᠢᠯᠠᠢ ᠬᠢᠯᠢ ᠬᠢᠵᠠᠭᠠᠷ ᠲᠤ᠌ ᠪᠠᠢᠬᠤ ᠬᠤᠭᠤᠴᠠᠭᠠᠨ ᠳ᠋ᠠᠭᠠᠨ ᠡᠨᠡ ᠬᠦ᠌ 《ᠥᠷᠭᠥᠭᠡ ᠴᠠᠴᠠᠷ (庐帐)》 ᠢ᠋ᠶ᠋ᠡᠨ ᠯᠤᠸᠠᠨ ᠾᠧ ᠭᠣᠣᠯ ᠤ᠋ᠨ ᠳᠡᠭᠡᠳᠦ ᠤᠷᠤᠰᠬᠠᠯ ᠤ᠋ᠨ ᠬᠣᠢᠲᠤ ᠳᠡᠨᠵᠢᠨ ᠳᠡᠭᠡᠷ᠎ᠡ ᠪᠠᠢᠭᠤᠯᠤᠭᠠᠳ ᠨᠢᠭᠡ ᠲᠠᠯ᠎ᠠ ᠪᠠᠷ ᠲᠡᠭᠷᠢ ᠶ᠋ᠢᠨ ᠳᠣᠣᠷᠠᠬᠢ ᠨᠡᠷᠡᠲᠦ ᠬᠥᠮᠦᠰ ᠢ᠋ ᠡᠯᠰᠡᠨ ᠴᠤᠭᠯᠠᠭᠤᠯᠵᠤ᠂ ᠨᠡᠷ᠎ᠡ ᠠᠯᠳᠠᠷᠰᠢᠭᠰᠠᠨ 《ᠰᠢᠷ᠎ᠠ ᠲᠠᠯ᠎ᠠ ᠠᠯᠪᠠᠨ ᠣᠷᠳᠣᠨ》 ᠢ᠋ ᠪᠠᠢᠭᠤᠯᠵᠤ᠂ ᠭᠣᠪᠢ ᠶ᠋ᠢᠨ ᠡᠮᠦᠨᠡᠬᠢ ᠬᠢᠲᠠᠳ ᠭᠠᠵᠠᠷ ᠤ᠋ᠨ ᠴᠡᠷᠢᠭ ᠠᠷᠠᠳ ᠤ᠋ᠨ ᠶᠡᠬᠡ ᠶᠠᠪᠤᠳᠠᠯ ᠢ᠋ ᠶᠡᠷᠦᠩᠬᠡᠢᠯᠡᠨ ᠵᠠᠰᠠᠪᠠ᠃ ᠨᠥᠭᠦᠭᠡ ᠲᠠᠯ᠎ᠠ ᠪᠠᠷ ᠮᠣᠩᠭᠣᠯ ᠲᠥᠷᠥ ᠶ᠋ᠢᠨ ᠮᠥᠩᠬᠡ ᠬᠠᠭᠠᠨ ᠤ᠋ ᠵᠠᠷᠯᠢᠭ ᠢ᠋ ᠵᠢᠷᠤᠮᠯᠠᠵᠤ᠂ ᠡᠯ᠎ᠡ ᠲᠥᠷᠥᠯ ᠤᠨ ᠲᠤᠰᠬᠠᠢ ᠮᠡᠷᠭᠡᠵᠢᠯᠲᠡᠨ ᠢ᠋ ᠵᠣᠬᠢᠶᠠᠨ ᠪᠠᠢᠭᠤᠯᠵᠤ᠂ ᠶᠣᠭᠤᠷᠭ᠎ᠠ ᠤᠷᠲᠤ ᠭᠡᠷ (ᠰᠢᠷᠣᠢ ᠴᠢᠯᠠᠭᠤ ᠲᠣᠭᠣᠰᠬ᠎ᠠ ᠪᠠᠷ ᠪᠠᠷᠢᠭᠰᠠᠨ ᠥᠨᠳᠥᠷ ᠪᠥᠭᠡᠳ ᠥᠷᠭᠡᠨ ᠬᠡᠷᠡᠮ ᠲᠡᠢ ᠤᠷᠲᠤ ᠬᠣᠲᠠ ᠶ᠋ᠢ ᠬᠡᠯᠡᠨ᠎ᠡ᠂ ᠬᠡᠷᠡᠮ ᠨᠢ ᠲᠠᠯ᠎ᠠ ᠪᠦᠷᠢ ᠳ᠋ᠡᠭᠡᠨ ᠨᠢᠭᠡ ᠡᠴᠡ ᠭᠤᠷᠪᠠᠨ ᠡᠭᠦᠳᠡ ᠬᠠᠭᠠᠯᠭ᠎ᠠ ᠲᠠᠢ ᠪᠠᠢᠳᠠᠭ - ᠡᠰᠢᠯᠡᠭᠴᠢ ᠡᠴᠡ)  ᠢ ᠴᠣᠭᠴᠠᠯᠠᠨ ᠪᠠᠢᠭᠤᠯᠵᠠᠢ᠃ ᠮᠣᠩᠭᠣᠯ ᠲᠥᠷᠥ ᠶ᠋ᠢᠨ ᠮᠥᠩᠬᠡ ᠬᠠᠭᠠᠨ ᠤ᠋ ᠶᠢᠰᠦᠳᠦᠭᠡᠷ ᠣᠨ(1259 ᠣᠨ) ᠳ᠋ᠤ᠌ ᠶᠣᠭᠤᠷᠭ᠎ᠠ ᠤᠷᠲᠤ ᠭᠡᠷ ᠢ ᠬᠡᠳᠦᠢᠪᠡᠷ ᠪᠠᠢᠭᠤᠯᠵᠤ ᠳᠠᠭᠤᠰᠬᠠᠭᠠᠳ ᠺᠠᠢᠫᠢᠩ ᠭᠡᠮᠡᠨ ᠨᠡᠷᠡᠢᠳᠦᠭᠰᠡᠨ ᠪᠣᠯᠪᠠᠴᠤ ᠤᠯᠠᠮᠵᠢᠯᠠᠯᠲᠤ 《ᠥᠷᠭᠥᠭᠡ ᠴᠠᠴᠠᠷ (庐帐)》 ᠢ᠋ᠶ᠋ᠠᠨ ᠮᠥᠨ ᠯᠡ ᠬᠡᠷᠡᠭᠯᠡᠭᠰᠡᠭᠡᠷ ᠪᠠᠢᠵᠠᠢ᠃ ᠵᠦᠩ ᠲᠦᠩ ᠤᠨ ᠲᠡᠷᠢᠭᠦᠨ ᠣᠨ(1260 ᠣᠨ) ᠤ᠋ ᠭᠤᠷᠪᠠᠨ ᠰᠠᠷ᠎ᠠ ᠳ᠋ᠤ᠌ ᠬᠤᠪᠢᠯᠠᠢ ᠮᠣᠩᠭᠣᠯ ᠤ᠋ᠨ ᠨᠢᠭᠡᠳᠦᠭᠰᠡᠨ ᠲᠤᠯᠭᠤᠷ ᠲᠥᠷᠥ ᠶ᠋ᠢᠨ ᠬᠠᠭᠠᠨ ᠰᠠᠭᠤᠷᠢᠨ᠎ᠠ ᠰᠠᠭᠤᠬᠤ ᠦᠶ᠎ᠡ ᠳ᠋ᠦ᠍᠂ ᠮᠣᠩᠭᠣᠯ ᠲᠥᠷᠥ ᠶ᠋ᠢᠨ ᠬᠠᠭᠠᠨ ᠰᠠᠭᠤᠷᠢᠨ ᠢ᠋ ᠵᠠᠯᠭᠠᠮᠵᠢᠯᠠᠳᠠᠭ ᠤᠯᠠᠮᠵᠢᠯᠠᠯᠲᠤ ᠵᠠᠩᠰᠢᠯ ᠢ᠋ᠶ᠋ᠠᠷ ᠢ᠋ᠶ᠋ᠠᠨ ᠴᠠᠭᠠᠨ ᠰᠦᠯᠳᠡ ᠶ᠋ᠢ ᠺᠠᠢᠫᠢᠩ ᠳ᠋ᠠᠬᠢ 《ᠥᠷᠭᠥᠭᠡ ᠴᠠᠴᠠᠷ (牙纛庐帐)》 ᠲᠠᠭᠠᠨ ᠮᠠᠨᠳᠤᠭᠤᠯᠵᠤ ᠬᠠᠭᠠᠨ ᠰᠠᠭᠤᠵᠠᠢ᠃ ᠴᠠᠭᠠᠨ ᠰᠦᠯᠳᠡ ᠪᠡᠨ ᠵᠠᠯᠠᠭᠰᠠᠨ ᠶᠤᠮ ᠴᠢᠨᠢ ᠯᠠᠪᠲᠠᠢ ᠲᠡᠭᠦᠨ ᠳ᠋ᠦ᠍ ᠮᠥᠷᠭᠥᠬᠦ ᠶᠣᠰᠣᠯᠠᠯ ᠢ᠋ ᠶᠠᠪᠤᠭᠳᠠᠭᠤᠯᠤᠭᠰᠠᠨ ᠪᠠᠢᠬ᠎ᠠ᠂ ᠵᠥᠪᠬᠡᠨ ᠨᠠᠷᠢᠨ ᠲᠣᠳᠣᠷᠬᠠᠢ ᠲᠡᠮᠳᠡᠭᠯᠡᠯ ᠨᠢ ᠣᠯᠳᠠᠭᠠᠳᠤᠢ ᠲᠡᠳᠦᠢ᠃ ᠳᠡᠭᠡᠷᠡᠬᠢ ᠵᠠᠳᠠᠯᠤᠯᠲᠠ ᠠ᠋ᠴᠠ ᠦᠵᠡᠪᠡᠯ 《ᠥᠷᠭᠥᠭᠡ ᠴᠠᠴᠠᠷ (庐帐)》 ᠲᠤ᠌ ᠴᠠᠭᠠᠨ ᠰᠦᠯᠳᠡ ᠶ᠋ᠢ ᠮᠠᠨᠳᠤᠭᠤᠯᠵᠤ ᠪᠠᠢᠭᠰᠠᠨ ᠠ᠋ᠴᠠ ᠲᠡᠷᠡ ᠨᠢ ᠬᠣᠵᠢᠮ 《ᠴᠠᠭᠠᠨ ᠰᠦᠯᠳᠡᠲᠦ ᠥᠷᠭᠥᠭᠡ ᠴᠠᠴᠠᠷ (牙纛庐帐)》 ᠭᠡᠮᠡᠨ ᠨᠡᠷᠡᠯᠡᠭᠳᠡᠵᠦ᠂ ᠭᠣᠪᠢ ᠶ᠋ᠢᠨ ᠠᠷᠤ ᠥᠪᠥᠷ ᠲᠦ᠍ ᠠᠯᠳᠠᠷᠰᠢᠵᠠᠢ ᠭᠡᠵᠦ ᠮᠠᠭᠠᠳᠯᠠᠵᠤ ᠪᠣᠯᠤᠨ᠎ᠠ᠃ ᠭᠤᠷᠪᠠᠳᠤᠭᠠᠷ ᠠᠯᠬᠤᠮ ᠳ᠋ᠤ᠌᠂ ᠡᠮᠦᠨᠡᠬᠢ ᠨᠢᠭᠡ᠂ ᠬᠣᠶᠠᠳᠤᠭᠠᠷ ᠠᠯᠬᠤᠮ ᠤ᠋ᠨ ᠮᠠᠭᠠᠳᠯᠠᠯᠲᠠ ᠶ᠋ᠢᠨ ᠰᠠᠭᠤᠷᠢᠨ ᠳᠡᠭᠡᠷ᠎ᠡ ᠴᠠᠭᠠᠨ ᠰᠦᠯᠳᠡ ᠶ᠋ᠢ ᠶᠡᠬᠡ ᠠᠮᠤᠭᠤᠯᠠᠩ ᠲᠠᠭᠲᠤ᠂ ᠭᠤᠷᠪᠠᠨ ᠶᠡᠬᠡ ᠬᠠᠭᠠᠯᠭ᠎ᠠ ᠪᠠ ᠶᠡᠬᠡ ᠭᠡᠭᠡᠲᠦ ᠬᠠᠷᠰᠢ ᠳ᠋ᠤ᠌ ᠮᠠᠨᠳᠤᠭᠤᠯᠵᠤ ᠪᠠᠢᠭᠰᠠᠨ ᠪᠠ ᠡᠰᠡᠬᠦ ᠶ᠋ᠢ ᠳᠣᠣᠷᠠᠬᠢ ᠮᠡᠲᠦ ᠵᠦᠢᠴᠢᠯᠡᠨ ᠮᠠᠭᠠᠳᠯᠠᠵᠤ ᠪᠣᠯᠤᠨ᠎ᠠ᠃ 
       (ᠨᠢᠭᠡ) ᠵᠦᠩ ᠲᠦᠩ ᠤᠨ ᠳᠥᠷᠪᠡᠳᠦᠭᠡᠷ ᠣᠨ(1263 ᠣᠨ) ᠤ᠋ ᠲᠠᠪᠤᠨ ᠰᠠᠷ᠎ᠠ ᠳ᠋ᠤ᠌ ᠬᠤᠪᠢᠯᠠᠢ ᠰᠡᠴᠡᠨ ᠬᠠᠭᠠᠨ ᠺᠠᠢᠫᠢᠩ ᠤᠷᠲᠤ ᠶ᠋ᠢ ᠳᠡᠭᠡᠳᠦ ᠨᠡᠢᠰᠯᠡᠯ ᠬᠣᠲᠠ ᠪᠣᠯᠭᠠᠵᠤ᠂ ᠳᠡᠭᠡᠳᠦ ᠨᠡᠢᠰᠯᠡᠯ ᠤᠨ ᠪᠠᠢᠭᠤᠯᠤᠮᠵᠢ ᠶ᠋ᠢ ᠲᠣᠭᠲᠠᠭᠠᠵᠠᠢ᠃ ᠶᠡᠬᠡ ᠠᠮᠤᠭᠤᠯᠠᠩ ᠲᠠᠭᠲᠤ ᠪᠣᠯ ᠬᠠᠭᠠᠨ ᠡᠵᠡᠨ ᠤ ᠳᠡᠭᠡᠳᠦ ᠨᠡᠢᠰᠯᠡᠯ ᠳ᠋ᠡᠬᠢ ᠤᠷᠲᠤ ᠪᠣᠯᠤᠨ᠎ᠠ᠃ ᠬᠤᠪᠢᠯᠠᠢ ᠬᠠᠭᠠᠨ ᠰᠠᠭᠤᠭᠰᠠᠨ ᠤ᠋ ᠬᠣᠢᠨᠠᠬᠢ ᠳᠣᠯᠣᠳᠤᠭᠠᠷ ᠵᠢᠯ᠂ ᠥᠭᠡᠷ᠎ᠡ ᠪᠡᠷ ᠬᠡᠯᠡᠪᠡᠯ ᡁᠢ ᠶᠤᠸᠠᠨ ᠤ᠋ ᠭᠤᠷᠪᠠᠳᠤᠭᠠᠷ ᠣᠨ (1266 ᠣᠨ) ᠤ᠋ ᠠᠷᠪᠠᠨ ᠬᠣᠶᠠᠷ ᠰᠠᠷ᠎ᠠ ᠳ᠋ᠤ᠌ ᠲᠡᠭᠦᠨ ᠢ ᠳᠣᠷᠣᠨᠠᠲᠤ ᠬᠡᠭᠡᠨᠴᠢᠷ ᠬᠠᠭᠠᠯᠭ᠎ᠠ ᠪᠣᠯᠤᠨ ᠥᠷᠥᠨᠡᠲᠦ ᠬᠡᠭᠡᠨᠴᠢᠷ ᠬᠠᠭᠠᠯᠭ᠎ᠠ ᠶ᠋ᠢᠨ ᠬᠣᠭᠣᠷᠣᠨᠳᠣᠬᠢ ᠶᠡᠬᠡ ᠵᠠᠮ ᠤ᠋ᠨ ᠬᠠᠭᠠᠨ ᠲᠡᠭᠷᠢ ᠬᠠᠭᠠᠯᠭ᠎ᠠ ᠶ᠋ᠢᠨ ᠳᠣᠲᠣᠷ᠎ᠠ ᠵᠠᠮ ᠤ᠋ᠨ ᠬᠣᠢᠲᠤ ᠦᠵᠦᠭᠦᠷ᠂ T ᠦᠰᠦᠭ ᠤᠨ ᠬᠡᠯᠪᠡᠷᠢᠲᠦ ᠠᠭᠤᠯᠵᠠᠷ ᠭᠠᠵᠠᠷ ᠤ᠋ᠨ ᠬᠣᠢᠨ᠎ᠠ ᠲᠠᠯ᠎ᠠ ᠳ᠋ᠤ᠌ ᠨᠢ ᠰᠢ ᠴᠦᠨ ᠭᠧ ② ᠬᠠᠷᠰᠢ ᠶ᠋ᠢᠨ ᠬᠡᠪᠴᠢᠶ᠎ᠡ ᠪᠠ ᠬᠡᠪ ᠮᠠᠶᠢᠭ ᠢ᠋ ᠳᠠᠭᠤᠷᠢᠶᠠᠵᠤ ᠪᠠᠷᠢᠵᠠᠢ᠃ ᠶᠡᠬᠡ ᠠᠮᠤᠭᠤᠯᠠᠩ ᠲᠠᠭᠲᠤ ᠶ᠋ᠢ ᠡᠬᠢᠯᠡᠨ ᠬᠡᠷᠡᠭᠯᠡᠬᠦ ᠦᠶ᠎ᠡ ᠳ᠋ᠦ᠍ ᠬᠤᠪᠢᠯᠠᠢ ᠰᠡᠴᠡᠨ ᠬᠠᠭᠠᠨ 《ᠥᠷᠭᠥᠭᠡ ᠴᠠᠴᠠᠷ》 ᠤ᠋ᠨ ᠴᠠᠭᠠᠨ ᠰᠦᠯᠳᠡ ᠶ᠋ᠢ ᠰᠢᠯᠵᠢᠭᠦᠯᠦᠨ ᠶᠡᠬᠡ ᠠᠮᠤᠭᠤᠯᠠᠩ ᠲᠠᠭᠲᠤ ᠳ᠋ᠤ᠌ ᠮᠠᠨᠳᠤᠭᠤᠯᠤᠭᠰᠠᠨ ᠪᠠᠢᠵᠠᠢ᠃ ᠤᠴᠢᠷ ᠨᠢ ᠴᠠᠭᠠᠨ ᠰᠦᠯᠳᠡ ᠪᠣᠯ ᠲᠥᠷᠥ ᠶ᠋ᠢᠨ ᠴᠠᠭᠠᠨ ᠰᠦᠯᠳᠡ ᠪᠣᠯᠬᠣᠷ ᠲᠡᠭᠦᠨ ᠢ᠋ ᠬᠦᠨᠳᠦᠯᠡᠨ ᠬᠡᠷᠡᠭᠯᠡᠬᠦ ᠶᠣᠰᠣᠲᠠᠢ ᠪᠢᠯᠡ᠃ ᠡᠭᠦᠨ ᠤ ᠤᠯᠠᠮ ᠠ᠋ᠴᠠ ᠤᠯᠠᠮᠵᠢᠯᠠᠯᠲᠤ 《ᠥᠷᠭᠥᠭᠡ ᠴᠠᠴᠠᠷ》 ᠨᠢ ᠶᠡᠬᠡ ᠠᠮᠤᠭᠤᠯᠠᠩ ᠲᠠᠭᠲᠤ ᠪᠠᠷ ᠣᠷᠣᠯᠠᠭᠳᠠᠵᠤ᠂ ᠲᠡᠭᠦᠨ ᠤ ᠲᠡᠦᠬᠡᠲᠦ ᠡᠭᠦᠷᠭᠡ ᠪᠡᠨ ᠪᠡᠶᠡᠯᠡᠭᠦᠯᠵᠡᠢ᠃ ᠳᠠᠬᠢᠭᠠᠳ ᠬᠡᠯᠡᠪᠡᠯ ᠲᠡᠮᠦᠷ ᠪᠣᠯᠤᠨ ᠲᠡᠭᠦᠨ ᠤ ᠳᠠᠷᠠᠭᠠᠬᠢ ᠬᠠᠢᠰᠠᠩ᠂ ᠠᠷᠠᠵᠢᠪᠠ᠂ ᠳᠦᠲᠡᠮᠦᠷ (ᠬᠣᠶᠠᠳᠠᠬᠢ ᠤᠳᠠᠭ᠎ᠠ)᠂ ᠲᠣᠭᠣᠨᠲᠡᠮᠦᠷ ᠤᠨ ᠬᠠᠭᠠᠨ ᠰᠢᠷᠡᠭᠡᠨ᠎ᠡ ᠰᠠᠭᠤᠬᠤ ᠶᠣᠰᠣᠯᠠᠯ ᠢ᠋ ᠳᠡᠭᠡᠳᠦ ᠨᠡᠢᠰᠯᠡᠯ ᠤᠨ ᠶᠡᠬᠡ ᠠᠮᠤᠭᠤᠯᠠᠩ ᠲᠠᠭᠲᠤ ᠳ᠋ᠤ᠌ ᠶᠠᠪᠤᠭᠤᠯᠤᠭᠰᠠᠨ ᠭᠡᠳᠡᠭ ᠪᠣᠯᠬᠣᠷ ᠴᠠᠭᠠᠨ ᠰᠦᠯᠳᠡ ᠶ᠋ᠢ ᠶᠡᠬᠡ ᠠᠮᠤᠭᠤᠯᠠᠩ ᠲᠠᠭᠲᠤ ᠳ᠋ᠤ᠌ ᠮᠠᠨᠳᠤᠭᠤᠯᠵᠤ ᠪᠠᠢᠭᠰᠠᠨ ᠨᠢ ᠯᠠᠪᠲᠠᠢ᠃ ᠳᠡᠭᠡᠷᠡᠬᠢ ᠵᠦᠢᠴᠢᠯᠡᠯ ᠡᠴᠡ ᠶᠤᠸᠠᠨ ᠤᠯᠤᠰ ᠤ᠋ᠨ ᠦᠶ᠎ᠡ ᠳ᠋ᠦ᠍ ᠴᠠᠭᠠᠨ ᠰᠦᠯᠳᠡ ᠶ᠋ᠢ ᠶᠡᠬᠡ ᠠᠮᠤᠭᠤᠯᠠᠩ ᠲᠠᠭᠲᠤ (大安阁)  ᠳᠤ ᠮᠠᠨᠳᠤᠭᠤᠯᠵᠤ ᠪᠠᠢᠵᠠᠢ ᠭᠡᠵᠦ ᠮᠠᠭᠠᠳᠯᠠᠵᠤ ᠪᠣᠯᠤᠨ᠎ᠠ᠃ 
       (ᠬᠣᠶᠠᠷ) ᠶᠤᠸᠠᠨ ᠤᠯᠤᠰ ᠤ᠋ᠨ ᠳᠡᠭᠡᠳᠦ ᠨᠡᠢᠰᠯᠡᠯ ᠤᠨ ᠬᠠᠭᠠᠨ ᠲᠡᠭᠷᠢ᠂ ᠳᠣᠷᠣᠨᠠᠲᠤ ᠬᠡᠭᠡᠨᠴᠢᠷ ᠪᠣᠯᠤᠨ ᠥᠷᠥᠨᠡᠲᠦ ᠬᠡᠭᠡᠨᠴᠢᠷ ᠭᠡᠰᠡᠨ ᠭᠤᠷᠪᠠᠨ ᠬᠠᠭᠠᠯᠭ᠎ᠠ ᠪᠣᠯ ᠤᠯᠤᠰ ᠤ᠋ᠨ ᠳᠣᠲᠣᠷ᠎ᠠ ᠭᠠᠳᠠᠨ᠎ᠠ ᠨᠥᠯᠥᠭᠡ ᠲᠡᠢ ᠴᠢᠬᠤᠯᠠ ᠭᠠᠵᠠᠷ ᠪᠣᠯᠤᠨ᠎ᠠ᠃ ᠡᠢᠮᠦ ᠡᠴᠡ ᠬᠠᠭᠠᠯᠭᠠᠨ ᠤ᠋ ᠳᠡᠭᠡᠷᠡᠬᠢ ᠠᠰᠠᠷ ᠤ᠋ᠨ ᠡᠮᠦᠨ᠎ᠡ ᠨᠢ ᠪᠦᠷ ᠨᠢᠭᠡ ᠴᠠᠭᠠᠨ ᠰᠦᠯᠳᠡ ᠶ᠋ᠢ ᠮᠠᠨᠳᠤᠭᠤᠯᠵᠤ ᠪᠠᠢᠭᠰᠠᠨ ᠭᠡᠳᠡᠭ ᠢ᠋ ᠮᠠᠭᠠᠳᠯᠠᠨ ᠮᠡᠳᠡᠵᠦ ᠪᠣᠯᠤᠨ᠎ᠠ᠃ ᠡᠨᠳᠡ ᠲᠣᠳᠣᠷᠬᠠᠢᠯᠠᠬᠤ ᠴᠢᠬᠤᠯᠠᠲᠠᠢ ᠵᠦᠢᠯ ᠭᠡᠪᠡᠯ: ᠨᠢᠭᠡ ᠨᠢ ᠴᠠᠭᠠᠨ ᠰᠦᠯᠳᠡ ᠶ᠋ᠢ ᠳᠣᠪᠣᠢᠮ᠎ᠠ ᠭᠠᠵᠠᠷ ᠳᠡᠭᠡᠷ᠎ᠡ ᠮᠠᠨᠳᠤᠭᠤᠯᠳᠠᠭ ᠵᠤᠷᠰᠢᠯ ᠢ᠋ ᠦᠨᠳᠦᠰᠦᠯᠡᠵᠦ᠂ ᠬᠠᠭᠠᠯᠭᠠᠨ ᠠᠰᠠᠷ ᠤ᠋ᠨ ᠡᠮᠦᠨ᠎ᠡ ᠨᠢ ᠴᠠᠭᠠᠨ ᠰᠦᠯᠳᠡ ᠶ᠋ᠢ ᠮᠠᠨᠳᠤᠭᠤᠯᠤᠭᠰᠠᠨ ᠭᠡᠵᠦ ᠮᠠᠭᠠᠳᠯᠠᠵᠠᠢ᠃ ᠬᠣᠶᠠᠷ ᠨᠢ ᠴᠢᠬᠤᠯᠠ ᠶᠡᠬᠡ ᠤᠯᠤᠰ ᠤ᠋ᠨ ᠶᠣᠰᠣᠯᠠᠯ ᠳ᠋ᠤ᠌ ᠶᠢᠰᠦᠨ ᠬᠥᠯᠲᠦ ᠴᠠᠭᠠᠨ ᠰᠦᠯᠳᠡ ᠶ᠋ᠢ ᠮᠠᠨᠳᠤᠭᠤᠯᠵᠤ᠂ ᠶᠡᠷᠦ ᠶ᠋ᠢᠨ ᠤᠴᠢᠷ ᠶᠠᠪᠤᠳᠠᠯ ᠳᠡᠭᠡᠷ᠎ᠡ ᠭᠠᠭᠴᠠ ᠴᠠᠭᠠᠨ ᠰᠦᠯᠳᠡ ᠶ᠋ᠢ ᠮᠠᠨᠳᠤᠭᠤᠯᠳᠠᠭ ᠵᠤᠷᠰᠢᠯ ᠢ᠋ ᠦᠨᠳᠦᠰᠦᠯᠡᠵᠦ᠂ ᠬᠠᠭᠠᠯᠭ᠎ᠠ ᠶ᠋ᠢᠨ ᠠᠰᠠᠷ ᠪᠦᠷᠢ ᠶ᠋ᠢᠨ ᠡᠮᠦᠨ᠎ᠡ ᠨᠢ ᠨᠢᠭᠡ ᠴᠠᠭᠠᠨ ᠰᠦᠯᠳᠡ ᠶ᠋ᠢ ᠮᠠᠨᠳᠤᠭᠤᠯᠵᠠᠢ ᠭᠡᠵᠦ ᠮᠠᠭᠠᠳᠯᠠᠵᠠᠢ᠃ ᠴᠠᠭᠠᠨ ᠰᠦᠯᠳᠡ ᠶ᠋ᠢ ᠵᠡᠷᠭᠡᠴᠡᠭᠦᠯᠦᠨ ᠮᠠᠨᠳᠤᠭᠤᠯᠬᠤ ᠪᠣᠯ ᠪᠤᠷᠬᠠᠨ ᠱᠠᠰᠢᠨ ᠤ᠋ ᠰᠣᠶᠣᠯ ᠤ᠋ᠨ ᠨᠥᠯᠥᠭᠡ ᠡᠴᠡ ᠪᠣᠯᠤᠭᠰᠠᠨ ᠶᠤᠮ᠃ ᠯᠠᠮᠠ ᠶ᠋ᠢᠨ ᠱᠠᠰᠢᠨ ᠮᠣᠩᠭᠣᠯ ᠣᠷᠣᠨ ᠳ᠋ᠤ᠌ ᠳᠡᠯᠭᠡᠷᠡᠭᠰᠡᠨ ᠡᠴᠡ ᠬᠣᠢᠰᠢ ᠬᠠ ᠶᠠ ᠦᠭᠡᠢ ᠦᠵᠡᠭᠳᠡᠬᠦ ᠪᠣᠯᠵᠠᠢ᠃ ᠡᠨᠡ ᠨᠢ ᠬᠡᠷᠡᠭ ᠳᠡᠭᠡᠷ᠎ᠡ ᠪᠡᠨ ᠴᠠᠭᠠᠨ ᠰᠦᠯᠳᠡ ᠶ᠋ᠢᠨ ᠬᠦᠨᠳᠦ ᠶ᠋ᠢ ᠪᠠᠭᠤᠷᠠᠭᠤᠯᠵᠤ᠂ ᠴᠠᠭᠠᠨ ᠰᠦᠯᠳᠡ ᠶ᠋ᠢ ᠵᠠᠰᠠᠯ ᠴᠢᠮᠡᠭᠯᠡᠯ ᠳᠡᠭᠡᠷ᠎ᠡ ᠬᠡᠷᠡᠭᠯᠡᠬᠦ ᠥᠭᠡᠳᠡ ᠬᠥᠲᠥᠯᠦᠭᠰᠡᠨ ᠶᠠᠪᠤᠳᠠᠯ ᠪᠣᠯᠤᠨ᠎ᠠ᠃ ᠲᠡᠷᠡ ᠦᠶ᠎ᠡ ᠳ᠋ᠦ᠍ ᠬᠠᠷᠢᠨ ᠡᠢᠮᠦ ᠪᠠᠢᠭᠰᠠᠨ ᠦᠭᠡᠢ᠃ 
       (ᠭᠤᠷᠪᠠ) ᠬᠤᠪᠢᠯᠠᠢ 《ᠬᠠᠭᠠᠨ ᠰᠠᠭᠤᠭᠰᠠᠨ ᠡᠬᠢᠨ ᠤ ᠦᠶ᠎ᠡ ᠳ᠋ᠡᠭᠡᠨ ᠬᠣᠶᠠᠷ ᠭᠠᠵᠠᠷ ᠲᠤ᠌ ᠨᠡᠢᠰᠯᠡᠬᠦ ᠪᠡᠷ ᠪᠣᠯᠵᠤ᠂ ᠵᠢᠯ ᠪᠣᠯᠭᠠᠨ ᠶᠠᠨ ᠵᠢᠩ᠂ ᠺᠠᠢᠫᠢᠩ ᠬᠣᠲᠠ ᠳ᠋ᠤᠷ ᠡᠭᠡᠯᠵᠢᠯᠡᠨ ᠰᠠᠭᠤᠵᠤ᠂ ᠶᠠᠨ ᠵᠢᠩ ᠳ᠋ᠦ᠍ ᠡᠪᠦᠯᠵᠢᠨ᠂ ᠺᠠᠢᠫᠢᠩ ᠳ᠋ᠤ᠌ ᠵᠤᠰᠠᠳᠠᠭ ᠪᠥᠭᠡᠳ ᠬᠥᠳᠡᠭᠡ ᠨᠤᠲᠤᠭ ᠲᠠᠬᠢ ᠺᠠᠢᠫᠢᠩ ᠬᠣᠲᠠ ᠪᠠᠷ ᠭᠣᠣᠯ ᠨᠡᠢᠰᠯᠡᠯ᠂ ᠶᠠᠨ ᠵᠢᠩ ᠬᠣᠲᠠ ᠪᠠᠷ ᠳᠠᠭᠠᠭᠤᠯᠢ ᠪᠣᠯᠭᠠᠵᠤ ᠪᠠᠢᠵᠠᠢ᠃ ᡁᠢ ᠶᠤᠸᠠᠨ ᠤ᠋ ᠲᠡᠷᠢᠭᠦᠨ ᠣᠨ(1264 ᠣᠨ) ᠤ᠋ ᠨᠠᠢ᠍ᠮᠠᠨ ᠰᠠᠷ᠎ᠠ ᠳ᠋ᠤ᠌ ᠶᠠᠨ ᠵᠢᠩ ᠢ᠋ ᠪᠠᠰᠠ ᠳᠤᠮᠳᠠᠳᠤ ᠨᠡᠢᠰᠯᠡᠯ ᠭᠡᠮᠡᠨ ᠬᠠᠯᠠᠪᠠ》③᠃ ᡁᠾ ᠶᠤᠸᠠᠨ ᠤ᠋ ᠭᠤᠷᠪᠠᠳᠤᠭᠠᠷ ᠣᠨ (1266 ᠣᠨ) ᠠ᠋ᠴᠠ 《ᠳᠤᠮᠳᠠᠳᠤ ᠨᠡᠢᠰᠯᠡᠯ ᠬᠣᠲᠠ ᠶ᠋ᠢᠨ ᠣᠢᠷᠠᠯᠴᠠᠭ᠎ᠠ ᠰᠢᠨ᠎ᠡ ᠬᠣᠲᠠ ᠶ᠋ᠢ ᠪᠠᠢᠭᠤᠯᠵᠤ᠂ ᡁᠢ ᠶᠤᠸᠠᠨ ᠤ᠋ ᠶᠢᠰᠦᠳᠦᠭᠡᠷ ᠣᠨ(1272 ᠣᠨ) ᠤ᠋ ᠬᠣᠶᠠᠷ ᠰᠠᠷ᠎ᠠ ᠳ᠋ᠤ᠌ ᠰᠢᠨ᠎ᠡ ᠬᠣᠲᠠ ᠶ᠋ᠢ ᠶᠡᠬᠡ ᠨᠡᠢᠰᠯᠡᠯ ᠬᠣᠲᠠ (ᠣᠳᠣ ᠶ᠋ᠢᠨ ᠪᠡᠭᠡᠵᠢᠩ ᠬᠣᠲᠠ ᠪᠣᠯᠤᠨ᠎ᠠ) ᠭᠡᠮᠡᠨ ᠨᠡᠷᠡᠢᠳᠦᠭᠡᠳ ᠤᠤᠯ ᠤ᠋ᠨ ᠳᠤᠮᠳᠠᠳᠤ ᠨᠡᠢᠰᠯᠡᠯ ᠢ᠋ ᠶᠡᠬᠡ ᠨᠡᠢᠰᠯᠡᠯ ᠬᠣᠲᠠ ᠶ᠋ᠢᠨ ᠨᠢᠭᠡᠨ ᠬᠡᠰᠡᠭ ᠪᠣᠯᠭᠠᠪᠠ᠃ ᠶᠡᠬᠡ ᠨᠡᠢᠰᠯᠡᠯ ᠬᠣᠲᠠ ᠶ᠋ᠢ ᠭᠣᠣᠯ ᠨᠡᠢᠰᠯᠡᠯ ᠪᠣᠯᠭᠠᠭᠰᠠᠨ ᠢ᠋ᠶ᠋ᠠᠷ ᠳᠡᠭᠡᠳᠦ ᠨᠡᠢᠰᠯᠡᠯ ᠬᠣᠲᠠ ᠶ᠋ᠢᠨ ᠪᠠᠢᠷᠢ ᠰᠠᠭᠤᠷᠢ ᠨᠢ ᠠᠶᠠᠨᠳᠠᠭᠠᠨ ᠬᠤᠪᠢᠷᠠᠵᠤ᠂ ᠭᠣᠣᠯ ᠨᠡᠢᠰᠯᠡᠯ ᠪᠠᠢᠭᠰᠠᠨ ᠠ᠋ᠴᠠ ᠪᠠᠨ ᠳᠠᠭᠠᠭᠤᠯᠢ ᠨᠡᠢᠰᠯᠡᠯ ᠪᠣᠯᠪᠠ》④᠃ ᠶᠡᠬᠡ ᠭᠡᠭᠡᠲᠦ ᠬᠠᠷᠰᠢ ᠪᠣᠯ ᠬᠠᠭᠠᠨ ᠡᠵᠡᠨ ᠤ ᠶᠡᠬᠡ ᠨᠡᠢᠰᠯᠡᠯ ᠬᠣᠲᠠ ᠳ᠋ᠠᠬᠢ ᠬᠠᠮᠤᠭ ᠤ᠋ᠨ ᠲᠣᠮᠣ ᠮᠥᠷᠲᠡᠭᠡᠨ ᠭᠣᠣᠯ ᠤᠷᠲᠤ ᠪᠣᠯᠤᠨ᠎ᠠ᠃《ᠲᠡᠷᠡ ᠪᠣᠯ ᠵᠡᠭᠦᠨᠰᠢ ᠪᠠᠷᠠᠭᠤᠨᠰᠢ ᠥᠷᠭᠡᠨ ᠢ᠋ᠶ᠋ᠡᠷ ᠢ᠋ᠶ᠋ᠡᠨ ᠬᠣᠶᠠᠷ ᠵᠠᠭᠤᠨ ᠲᠣᠬᠣᠢ᠂ ᠭᠤᠯᠳᠤ ᠪᠠᠷ ᠢ᠋ᠶ᠋ᠠᠨ ᠵᠠᠭᠤ ᠬᠣᠷᠢᠨ ᠲᠣᠬᠣᠢ᠂ ᠥᠨᠳᠥᠷ ᠢ᠋ᠶ᠋ᠡᠷ ᠢ᠋ᠶ᠋ᠡᠨ ᠶᠡᠷᠡᠨ ᠲᠣᠬᠣᠢ ᠰᠦᠷᠯᠢᠭ ᠲᠣᠮᠣ ᠪᠠᠷᠢᠯᠭ᠎ᠠ ᠪᠣᠯᠤᠨ᠎ᠠ᠂ ᠬᠠᠷᠰᠢ ᠶ᠋ᠢᠨ ᠡᠮᠦᠨᠡᠬᠢ ᠶᠡᠨᠳᠡᠷ ᠲᠣᠪᠴᠢᠶ᠎ᠠ ᠶ᠋ᠢ ᠭᠤᠷᠪᠠᠨ ᠳᠡᠭᠲᠡᠷ ᠬᠤᠪᠢᠶᠠᠵᠤ᠂ ᠳᠡᠭᠡᠷ᠎ᠡ ᠨᠢ ᠴᠥᠮ ᠯᠤᠤ ᠭᠠᠷᠤᠳᠢ ᠰᠡᠢᠯᠪᠦᠷᠢᠯᠡᠭᠰᠡᠨ ᠭᠠᠨᠲᠢᠭ ᠴᠢᠯᠠᠭᠤᠨ ᠬᠡᠷᠡᠰᠬᠡ ᠪᠡᠷ ᠲᠣᠭᠣᠷᠢᠭᠤᠯᠤᠭᠠᠳ ᠭᠠᠨᠲᠢᠭ ᠴᠢᠯᠠᠭᠤᠨ ᠬᠡᠷᠡᠰᠬᠡ ᠶ᠋ᠢᠨ ᠪᠠᠭᠠᠨ᠎ᠠ ᠪᠣᠯᠭᠠᠨ ᠤ᠋ ᠳᠣᠣᠷ᠎ᠠ ᠪᠦᠷ ᠠᠯᠲᠠᠨ ᠮᠡᠯᠡᠬᠡᠢ ᠶ᠋ᠢᠨ ᠲᠣᠯᠣᠭᠠᠢ ᠶ᠋ᠢ ᠦᠵᠡᠮᠵᠢ ᠲᠡᠭᠦᠰ ᠰᠡᠢᠯᠪᠦᠷᠢᠯᠡᠵᠡᠢ᠃ ᠶᠡᠨᠳᠡᠷ ᠲᠣᠪᠴᠢᠶᠠᠨ ᠤ᠋ ᠳᠡᠭᠡᠷᠡᠬᠢ ᠨᠢᠭᠡᠨ ᠬᠡᠰᠡᠭ ᠲᠦ᠍ ᠡᠯᠡᠰᠦᠨ ᠴᠦᠯ ᠤᠨ ᠡᠪᠡᠰᠦ ᠶ᠋ᠢ ᠠᠪᠴᠢᠷᠠᠵᠤ ᠲᠠᠷᠢᠵᠠᠢ᠃ ᠠᠵᠢᠯ ᠦᠢᠯᠡᠰ ᠪᠦᠲᠦᠭᠡᠬᠦ ᠪᠣᠯ ᠠᠮᠠᠷ ᠦᠭᠡᠢ ᠭᠡᠰᠡᠨ ᠢ᠋ ᠶᠤᠸᠠᠨ ᠤᠯᠤᠰ ᠤ᠋ᠨ ᠱ᠌ᠢᠽᠦ ᠬᠠᠭᠠᠨ ᠬᠤᠪᠢᠯᠠᠢ ᠦᠷ᠎ᠡ ᠠᠴᠢᠨᠠᠷ ᠲᠠᠭᠠᠨ ᠤᠮᠠᠷᠲᠠᠯ ᠦᠭᠡᠢ ᠶ᠋ᠢ ᠰᠠᠨᠠᠭᠤᠯᠬᠤ ᠶ᠋ᠢᠨ ᠲᠥᠯᠥᠭᠡ ᠡᠭᠦᠨ ᠢ᠋ ᠲᠤᠰᠬᠠᠢᠯᠠᠨ ᠠᠪᠴᠢᠷᠠᠵᠤ ᠲᠠᠷᠢᠭᠤᠯᠤᠭᠰᠠᠨ ᠪᠠᠢᠨ᠎ᠠ》⑤᠃ ᠶᠡᠬᠡ ᠭᠡᠭᠡᠲᠦ ᠬᠠᠷᠰᠢ ᠶ᠋ᠢ 《ᡁᠢ ᠶᠤᠸᠠᠨ ᠤ᠋ ᠠᠷᠪᠠᠳᠤᠭᠠᠷ ᠣᠨ(1273 ᠣᠨ) ᠳ᠋ᠤ᠌ ᠪᠠᠷᠢᠵᠤ ᠳᠠᠭᠤᠰᠬᠠᠵᠠᠢ》⑥᠃ ᠬᠤᠪᠢᠯᠠᠢ ᠪᠣᠯᠤᠨ ᠲᠡᠭᠦᠨ ᠤ ᠬᠤᠢᠴᠢ ᠦᠶ᠎ᠡ ᠶ᠋ᠢᠨ ᠬᠠᠭᠠᠳ ᠨᠢ ᠶᠡᠬᠡ ᠨᠡᠢᠰᠯᠡᠯ ᠬᠣᠲᠠ ᠳ᠋ᠤ᠌ ᠪᠠᠢᠬᠤ ᠬᠤᠭᠤᠴᠠᠭᠠᠨ ᠳ᠋ᠠᠭᠠᠨ ᠪᠣᠢ ᠪᠦᠬᠦᠢ ᠴᠢᠬᠤᠯᠠ ᠶᠡᠬᠡ ᠶᠣᠰᠣᠯᠠᠯ ᠢ᠋ᠶ᠋ᠠᠨ ᠪᠦᠷ ᠶᠡᠬᠡ ᠭᠡᠭᠡᠲᠦ ᠬᠠᠷᠰᠢ ᠳ᠋ᠤ᠌ ᠬᠢᠳᠡᠭ᠃ ᠬᠣᠢᠴᠢ ᠦᠶ᠎ᠡ ᠶ᠋ᠢᠨ ᠠᠶᠤᠷᠪᠠᠷᠪᠠᠳᠡ᠂ ᠱᠤᠳᠪᠠᠯᠠ᠂ ᠳᠦᠲᠡᠮᠦᠷ᠂ ᠷᠢᠨᠴᠢᠨᠪᠠᠯ ᠬᠠᠭᠠᠨ ᠰᠠᠭᠤᠷᠢᠨ ᠳ᠋ᠤ᠌ ᠰᠠᠭᠤᠬᠤ ᠶᠣᠰᠣᠯᠠᠯ ᠢ᠋ᠶ᠋ᠠᠨ ᠪᠦᠷ ᠡᠨᠳᠡ ᠦᠪᠡᠳᠡᠭᠰᠢ ᠶᠡᠬᠡ ᠪᠡᠷ ᠶᠠᠪᠤᠭᠤᠯᠵᠠᠢ᠃ ᠡᠭᠦᠨ ᠡᠴᠡ ᠴᠠᠭᠠᠨ ᠰᠦᠯᠳᠡ ᠶ᠋ᠢ ᠶᠡᠬᠡ ᠭᠡᠭᠡᠲᠦ ᠬᠠᠷᠰᠢ ᠳ᠋ᠤ᠌ ᠮᠠᠨᠳᠤᠭᠤᠯᠵᠤ ᠪᠠᠢᠭᠰᠠᠨ ᠢ᠋ ᠵᠦᠢᠴᠢᠯᠡᠨ ᠮᠡᠳᠡᠵᠦ ᠪᠣᠯᠤᠨ᠎ᠠ᠃ ᠤᠴᠢᠷ ᠨᠢ ᠡᠷᠲᠡᠨ ᠤ ᠮᠣᠩᠭᠣᠯ ᠲᠥᠷᠥ ᠶ᠋ᠢᠨ ᠶᠣᠰᠣᠨ ᠳ᠋ᠤ᠌ ᠴᠠᠭᠠᠨ ᠰᠦᠯᠳᠡ ᠪᠡᠨ ᠪᠣᠰᠬᠠᠵᠤ ᠡᠵᠡᠨ ᠬᠠᠭᠠᠨ ᠢ᠋ᠶ᠋ᠠᠨ ᠰᠢᠷᠡᠭᠡᠨ ᠳ᠋ᠦ᠍ᠨᠢ ᠵᠠᠯᠠᠳᠠᠭ ᠵᠠᠩᠰᠢᠯ ᠲᠠᠢ ᠪᠠᠢᠳᠠᠭ᠃ ᠴᠠᠭᠠᠨ ᠰᠦᠯᠳᠡ ᠶ᠋ᠢ ᠬᠡᠳᠦᠢ ᠳ᠋ᠦ᠍ ᠶᠡᠬᠡ ᠭᠡᠭᠡᠲᠦ ᠬᠠᠷᠰᠢ ᠳ᠋ᠤ᠌ ᠪᠤᠰᠬᠠᠭᠰᠠᠨ ᠪᠣᠢ ᠭᠡᠪᠡᠯ 《ᠶᠤᠸᠠᠨ ᠤᠯᠤᠰ ᠤ᠋ᠨ ᠲᠡᠦᠬᠡ》 ᠶ᠋ᠢᠨ 《ᡁᠢ ᠶᠤᠸᠠᠨ ᠤ᠋ ᠠᠷᠪᠠᠨ ᠨᠢᠭᠡᠳᠦᠭᠡᠷ ᠣᠨ(1274 ᠣᠨ) ᠤ᠋ ᠴᠠᠭᠠᠨ ᠰᠠᠷ᠎ᠠ ᠳ᠋ᠤ᠌ ᠬᠤᠪᠢᠯᠠᠢ ᠬᠠᠭᠠᠨ᠂ ᠶᠡᠬᠡ ᠣᠷᠳᠣᠨ ᠳ᠋ᠤᠷ ᠠᠩᠬ᠎ᠠ ᠮᠣᠷᠢᠯᠠᠨ ᠰᠠᠭᠠᠲᠠᠵᠤ᠂ ᠬᠠᠭᠠᠨ ᠤ᠋ ᠲᠠᠢᠴᠢ᠂ ᠣᠯᠠᠨ ᠸᠠᠩ᠂ ᠨᠣᠶᠠᠳ ᠲᠦᠰᠢᠮᠡᠳ ᠯᠦ᠍ᠭᠡ ᠴᠢᠭᠤᠯᠭᠠᠨ ᠴᠢᠭᠤᠯᠪᠠᠢ》⑦ ᠭᠡᠰᠡᠨ ᠲᠡᠮᠳᠡᠭᠯᠡᠯ ᠡᠴᠡ ᠦᠵᠡᠪᠡᠯ ᡁᠢ ᠶᠤᠸᠠᠨ ᠤ᠋ ᠠᠷᠪᠠᠨ ᠨᠢᠭᠡᠳᠦᠭᠡᠷ ᠣᠨ(1274 ᠣᠨ) ᠤ᠋ ᠴᠠᠭᠠᠨ ᠰᠠᠷ᠎ᠠ ᠪᠣᠯ ᠪᠠᠷᠤᠭ ᠴᠠᠭᠠᠨ ᠰᠦᠯᠳᠡ ᠶ᠋ᠢ ᠶᠡᠬᠡ ᠭᠡᠭᠡᠲᠦ ᠬᠠᠷᠰᠢ ᠳ᠋ᠤ᠌ ᠵᠠᠯᠠᠭᠰᠠᠨ ᠠᠩᠬᠠᠨ ᠤ᠋ ᠴᠠᠭ ᠮᠥᠨ ᠭᠡᠵᠦ ᠵᠦᠢᠴᠢᠯᠡᠨ ᠮᠡᠳᠡᠵᠦ ᠪᠣᠯᠤᠨ᠎ᠠ᠃ ᠶᠡᠷᠦᠩᠬᠡᠢ ᠳ᠋ᠦ᠍ᠨᠢ ᠦᠵᠡᠪᠡᠯ ᠶᠡᠬᠡ ᠶᠤᠸᠠᠨ ᠤᠯᠤᠰ ᠤ᠋ᠨ ᠦᠶ᠎ᠡ ᠳ᠋ᠦ᠍ ᠲᠥᠷᠥ ᠶ᠋ᠢᠨ ᠴᠠᠭᠠᠨ ᠰᠦᠯᠳᠡ ᠶ᠋ᠢ ᠬᠦᠨᠳᠦᠯᠡᠨ ᠬᠡᠷᠡᠭᠯᠡᠵᠦ ᠪᠠᠢᠭᠰᠠᠨ ᠪᠣᠯᠬᠣᠷ ᠬᠤᠪᠢᠯᠠᠢ 《ᠥᠷᠭᠥᠭᠡ ᠴᠠᠴᠠᠷ》 ᠲᠤ᠌ ᠬᠠᠭᠠᠨ ᠰᠢᠷᠡᠭᠡᠨ᠎ᠡ ᠰᠠᠭᠤᠬᠤ ᠳ᠋ᠤ᠌᠂ ᠲᠡᠮᠦᠷ᠂ ᠬᠠᠢᠰᠠᠩ᠂ ᠠᠷᠠᠵᠢᠪᠠ (ᠬᠣᠶᠠᠳᠠᠬᠢ ᠤᠳᠠᠭ᠎ᠠ)᠂ ᠲᠣᠭᠣᠨᠲᠡᠮᠦᠷ ᠶᠡᠬᠡ ᠠᠮᠤᠭᠤᠯᠠᠩ ᠲᠠᠭᠲᠤ ᠳ᠋ᠤ᠌ ᠬᠠᠭᠠᠨ ᠰᠢᠷᠡᠭᠡᠨ᠎ᠡ ᠰᠠᠭᠤᠬᠤ ᠳ᠋ᠤ᠌᠂ ᠠᠶᠤᠪᠡᠷᠪᠠᠳᠠ᠂ ᠱᠤᠳᠪᠠᠯᠠ᠂ ᠳᠦᠲᠡᠮᠦᠷ᠂ ᠷᠢᠨᠴᠢᠨᠪᠠᠯ ᠶᠡᠬᠡ ᠭᠡᠭᠡᠲᠦ ᠬᠠᠷᠰᠢ ᠳ᠋ᠤ᠌ ᠬᠠᠭᠠᠨ ᠰᠢᠷᠡᠭᠡᠨ᠎ᠡ ᠰᠠᠭᠤᠬᠤ ᠳ᠋ᠤ᠌ ᠪᠦᠷ ᠲᠥᠷᠥ ᠶ᠋ᠢᠨ ᠴᠠᠭᠠᠨ ᠰᠦᠯᠳᠡ ᠪᠡᠨ ᠮᠠᠨᠳᠤᠭᠤᠯᠵᠤ ᠬᠠᠭᠠᠨ ᠰᠢᠷᠡᠭᠡᠨ᠎ᠡ ᠰᠠᠭᠤᠵᠠᠢ ᠭᠡᠳᠡᠭ ᠨᠢ ᠲᠣᠳᠣᠬᠠᠨ ᠪᠠᠢᠨ᠎ᠠ᠃ ᠲᠤᠬᠠᠢ ᠶ᠋ᠢᠨ ᠦᠶ᠎ᠡ ᠳ᠋ᠦ᠍ ᠶᠤᠸᠠᠨ ᠤᠯᠤᠰ ᠤ᠋ᠨ ᠰᠤᠳᠤᠷ ᠪᠢᠴᠢᠭ ᠨᠢ ᠤᠯᠠᠭᠠᠨ ᠠᠯᠴᠢᠭᠤᠷᠲᠠᠨ ᠤ᠋ ᠲᠠᠷᠢᠶᠠᠴᠢᠨ ᠤ᠋ ᠪᠣᠰᠤᠯᠭ᠎ᠠ ᠶ᠋ᠢᠨ ᠴᠡᠷᠢᠭ ᠲᠦ᠍ ᠭᠠᠯᠳᠠᠭᠳᠠᠨ ᠰᠦᠢᠳᠬᠡᠭᠳᠡᠭᠰᠡᠨ ᠪᠣᠯᠬᠣᠷ ᠴᠠᠭᠠᠨ ᠰᠦᠯᠳᠡ ᠶ᠋ᠢᠨ ᠬᠠᠮᠢᠶ᠎ᠠ ᠲᠠᠢ ᠨᠠᠷᠢᠨ ᠲᠡᠮᠳᠡᠭᠯᠡᠯ ᠢ᠋ ᠣᠯᠬᠤ ᠪᠣᠯᠣᠯᠴᠠᠭ᠎ᠠ ᠵᠢᠭᠠᠬᠠᠨ ᠴᠤ᠌ ᠦᠭᠡᠢ ᠶᠦᠮ᠃ ᠡᠢᠮᠦ ᠡᠴᠡ ᠣᠳᠣ ᠭᠠᠭᠴᠠᠬᠠᠨ ᠰᠦᠯᠳᠡ ᠶ᠋ᠢᠨ ᠬᠠᠮᠢᠶ᠎ᠠ ᠲᠠᠢ ᠳᠠᠯᠳᠠ ᠦᠭᠡᠰ ᠢ᠋ ᠵᠠᠳᠠᠯᠤᠨ ᠮᠠᠭᠠᠳᠯᠠᠬᠤ ᠪᠠᠷ ᠯᠠ ᠳᠠᠮᠵᠢᠨ ᠣᠢᠯᠠᠭᠠᠵᠤ ᠮᠡᠳᠡᠬᠦ ᠬᠡᠷᠡᠭᠲᠡᠢ ᠪᠣᠯᠵᠠᠢ᠃ ᠡᠷᠳᠡᠮᠲᠡᠨ ᠰᠤᠳᠤᠯᠤᠭᠴᠢᠳ ᠲᠠ ᠪᠦᠬᠦᠨ ᠤ ᠮᠠᠷᠭᠤᠨ ᠥᠭᠦᠯᠡᠬᠦ ᠶ᠋ᠢ ᠮᠡᠬᠦᠰ ᠮᠢᠨᠦ ᠪᠡᠶ᠎ᠡ ᠶᠡᠬᠡᠳᠡ ᠬᠦᠰᠡᠵᠦ ᠪᠠᠢᠨ᠎ᠠ᠃ 

 ᠵᠡᠭᠦᠯᠲᠡ 
① 虞集 《道园学古绿》,卷十三。
② ᠰᠢ ᠴᠦᠨ ᠭᠧ ᠪᠣᠯ ᠡᠷᠲᠡᠨ ᠤ ᠰᠥᠩ ᠤᠯᠤᠰ (ᠣᠳᠣ ᠶ᠋ᠢᠨ ᠾᠧᠨᠠᠨ ᠮᠣᠵᠢ ᠶ᠋ᠢᠨ ᠺᠠᠢᠹᠧᠩ) ᠦᠨ ᠬᠤᠳᠠ ᠪᠣᠯᠤᠨ᠎ᠠ᠃ ᠨᠢᠭᠡ ᠣᠨᠴᠠ ᠪᠥᠬᠡᠯᠢᠭ ᠮᠤᠳᠤᠨ ᠪᠦᠲᠦᠴᠡ ᠲᠡᠢ ᠲᠣᠮᠣ ᠪᠠᠷᠢᠯᠭ᠎ᠠ ᠪᠣᠯᠤᠨ᠎ᠠ᠃ ᠳᠡᠭᠡᠳᠦ ᠨᠡᠢᠰᠯᠡᠯ ᠤᠨ ᠶᠡᠬᠡ ᠠᠮᠤᠭᠤᠯᠠᠩ ᠲᠠᠭᠲᠤ ᠪᠣᠯ ᠶᠠᠭ ᠰᠢ ᠴᠦᠨ ᠭᠧ ᠶ᠋ᠢ ᠳᠠᠭᠤᠷᠢᠶᠠᠵᠤ ᠪᠠᠷᠢᠵᠠᠢ᠃ 
③④⑤⑥⑦ ᠴᠧᠨ ᠬᠣᠣ ᠬᠤᠸᠠ᠄《ᠶᠤᠸᠠᠨ ᠤᠯᠤᠰ ᠤ᠋ᠨ ᠶᠡᠬᠡ ᠨᠡᠢᠰᠯᠡᠯ》᠂ ᠦᠨᠳᠦᠰᠦᠲᠡᠨ ᠤ ᠬᠡᠪᠯᠡᠯ ᠤᠨ ᠬᠣᠷᠢᠶ᠎ᠠ᠂ 1985 ᠣᠨ᠂ 68᠂ 70· 84᠂ 119᠂ 120 ᠳ᠋ᠤᠭᠠᠷ ᠨᠢᠭᠤᠷ ᠲᠤ᠌᠃ 

                                2011 ᠣᠨ ᠤ᠋ 4 ᠰᠠᠷ᠎ᠠ 

    【ᠵᠣᠬᠢᠶᠠᠯ ᠤ᠋ᠨ ᠲᠠᠨᠢᠯᠴᠠᠭᠤᠯᠭ᠎ᠠ】 ᠲᠤᠰ ᠥᠭᠦᠯᠡᠯ ᠢ᠋ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠰᠢᠯᠢ ᠶ᠋ᠢᠨ ᠭᠣᠣᠯ ᠠᠢᠮᠠᠭ ᠤ᠋ᠨ ᠬᠣᠷᠢᠶ᠎ᠠ ᠪᠠ ᠰᠢᠯᠢ ᠶ᠋ᠢᠨ ᠭᠣᠣᠯ ᠠᠢᠮᠠᠭ ᠤ᠋ᠨ ᠵᠠᠬᠢᠷᠭ᠎ᠠ ᠪᠦᠬᠦ ᠠᠢᠮᠠᠭ ᠤ᠋ᠨ ᠡᠯ᠎ᠡ ᠦᠨᠳᠦᠰᠦᠲᠡᠨ ᠤ ᠠᠷᠠᠳ ᠲᠦᠮᠡᠨ ᠳ᠋ᠦ᠍ ᠶᠤᠸᠠᠨ ᠤᠯᠤᠰ ᠤ᠋ᠨ ᠳᠡᠭᠡᠳᠦ ᠨᠡᠢᠰᠯᠡᠯ ᠤᠨ ᠬᠠᠭᠤᠴᠢ ᠪᠠᠭᠤᠷᠢ ᠶ᠋ᠢ ᠳᠡᠯᠡᠬᠡᠢ ᠶᠢᠨ ᠰᠣᠶᠣᠯ ᠤ᠋ᠨ ᠥᠪ ᠢ᠋ᠶ᠋ᠡᠷ ᠡᠷᠡᠮᠡᠯᠵᠡᠬᠦ ᠠᠵᠢᠯᠯᠠᠭ᠎ᠠ ᠳ᠋ᠤ᠌ ᠣᠷᠣᠯᠴᠠᠳᠤᠭᠠᠢ ᠭᠡᠵᠦ ᠤᠷᠢᠶᠠᠯᠠᠵᠤ ᠪᠠᠢᠭ᠎ᠠ ᠦᠶ᠎ᠡ ᠳ᠋ᠦ᠍ ᠲᠤᠭᠤᠷᠪᠢᠨ ᠪᠢᠴᠢᠭᠰᠡᠨ ᠨᠣᠮ᠃ ᠵᠣᠬᠢᠶᠠᠯ ᠨᠢ ᠶᠤᠸᠠᠨ ᠤᠯᠤᠰ ᠤ᠋ᠨ ᠦᠶ᠎ᠡ ᠳ᠋ᠦ᠍ ᠴᠠᠭᠠᠨ ᠰᠦᠯᠳᠡ ᠶ᠋ᠢ ᠶᠡᠬᠡ ᠠᠮᠤᠭᠤᠯᠠᠩ ᠲᠠᠭᠲᠤ᠂ ᠶᠡᠬᠡ ᠭᠡᠭᠡᠲᠦ ᠬᠠᠷᠰᠢ ᠪᠣᠯᠤᠨ ᠬᠠᠭᠠᠯᠭ᠎ᠠ ᠶ᠋ᠢᠨ ᠳᠡᠭᠡᠷᠡᠬᠢ ᠠᠰᠠᠷ ᠤ᠋ᠨ ᠡᠮᠦᠨ᠎ᠡ ᠨᠢ ᠮᠠᠨᠳᠤᠭᠤᠯᠵᠤ ᠪᠠᠢᠭᠰᠠᠨ ᠢ᠋ ᠨᠤᠲᠠᠯᠠᠵᠠᠢ᠃ ᠲᠤᠰ ᠥᠭᠦᠯᠡᠯ ᠨᠢ 《ᠰᠢᠯᠢ ᠶ᠋ᠢᠨ ᠭᠣᠣᠯ ᠤ᠋ᠨ ᠡᠳᠦᠷ ᠤᠨ ᠰᠣᠨᠢᠨ》 ᠤ᠋ 《ᠰᠢᠨ᠎ᠡ ᠮᠠᠯᠴᠢᠳ ᠤ᠋ᠨ ᠰᠣᠨᠢᠨ》 ᠳ᠋ᠤ᠌ 2011 ᠣᠨ ᠤ᠋ 6 ᠰᠠᠷ᠎ᠠ ᠶ᠋ᠢᠨ 19  ᠤ ᠡᠳᠦᠷ ᠪᠣᠯᠤᠨ 26 ᠤ᠋ ᠡᠳᠦᠷ ᠵᠠᠯᠭᠠᠬ᠎ᠠ ᠪᠠᠷ ᠨᠡᠢᠲᠡᠯᠡᠭᠳᠡᠪᠡ᠃ 

                               ᠵᠣᠬᠢᠶᠠᠭᠴᠢ