ᠵᠣᠬᠢᠶᠠᠭᠴᠢ ᠶ᠋ᠢᠨ ᠲᠣᠪᠴᠢ ᠨᠠᠮᠲᠠᠷ-ᠰᠢᠷ᠎ᠠ ᠵᠤᠤ-ᠴᠢᠮᠡᠳ ᠂ ᠫᠣᠩᠰᠣᠭShar juu-Chamd ,PonsgШар жуу-Чамд ,Понсг
ᠴᠢᠮᠡᠳᠳᠣᠷᠵᠢ

ᠴᠢᠮᠡᠳᠳᠣᠷᠵᠢ( ᠴᠢᠮᠡᠳ ᠴᠦ᠍ ᠭᠡᠳᠡᠭ)1942 ᠣᠨ ᠤ᠋11 ᠰᠠᠷ᠎ᠠ ᠶ᠋ᠢᠨ8 ᠤ᠋ ᠡᠳᠦᠷ ᠥᠪᠥᠷ ᠮᠣᠩᠭᠣᠯ ᠤ᠋ᠨ ᠣᠷᠳᠣᠰ ᠬᠣᠲᠠ ( ᠤᠤᠯ ᠤ᠋ᠨ ᠶᠡᠬᠡ ᠵᠣᠣ ᠠᠢᠮᠠᠭ ) ᠤ᠋ᠨ ᠬᠠᠩᠭᠢᠨ ᠬᠤᠰᠢᠭᠤᠨ ᠤ᠋ ᠲᠥᠭᠥᠷᠢᠭ ᠰᠤᠮᠤᠨ ᠳ᠋ᠤ᠌ ᠲᠥᠷᠥᠵᠡᠢ᠃ ᠰᠣᠶᠣᠯ ᠤ᠋ᠨ ᠬᠡᠮᠵᠢᠶ᠎ᠡ ᠶᠡᠬᠡ ᠰᠤᠷᠭᠠᠭᠤᠯᠢ᠃
ᠳᠣᠯᠣᠭᠠᠨ ᠨᠠᠰᠤᠨ ᠠ᠋ᠴᠠ ᠪᠠᠨ ᠲᠥᠯ ᠮᠠᠯ ᠬᠠᠷᠢᠭᠤᠯᠵᠤ ᠬᠣᠵᠢᠮ ᠨᠢ ᠬᠠᠩᠭᠢᠨ ᠬᠤᠰᠢᠭᠤᠨ ᠤ᠋ ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠳ᠋ᠤ᠌ ᠪᠢᠴᠢᠭ ᠦᠵᠡᠵᠦ᠂1956 ᠣᠨ ᠳ᠋ᠤ᠌ ᠰᠤᠷᠤᠯᠭ᠎ᠠ ᠪᠠᠨ ᠵᠣᠭᠰᠣᠨ ᠭᠡᠷ ᠲᠡᠭᠡᠨ ᠬᠠᠷᠢᠵᠤ ᠬᠥᠳᠡᠯᠮᠦᠷᠢ ᠳ᠋ᠦ᠍ ᠣᠷᠣᠯᠴᠠᠪᠠ᠃1961 ᠣᠨ ᠳ᠋ᠤ᠌ ᠲᠥᠭᠥᠷᠢᠭ ᠰᠤᠮᠤᠨ ᠤ᠋ ᠳᠣᠯᠣᠤ᠋ᠰᠤ ᠶᠡᠬᠡ ᠪᠠᠷᠢᠭᠠᠳᠠ ᠶ᠋ᠢᠨ ᠨᠢᠭᠲᠠᠯᠠᠨ ᠪᠣᠳᠣᠭᠴᠢ ᠪᠣᠯᠵᠤ᠂1965 ᠣᠨ ᠠ᠋ᠴᠠ ᠪᠠᠷᠢᠭᠠᠳᠠ ᠶ᠋ᠢᠨ ᠳᠠᠷᠤᠭ᠎ᠠ ᠶ᠋ᠢᠨ ᠠᠵᠢᠯ ᠢ᠋ ᠬᠢᠪᠡ᠃1966 ᠣᠨ ᠳ᠋ᠤ᠌ ᠬᠠᠷ᠎ᠠ ᠪᠦᠯᠦᠭᠲᠡᠨ ᠢ᠋ᠶ᠋ᠡᠷ ᠴᠣᠬᠢᠭᠳᠠᠵᠤ᠂1970 ᠣᠨ ᠳ᠋ᠤ᠌ ᠲᠥᠭᠥᠷᠢᠭ ᠰᠤᠮᠤᠨ ᠤ᠋ ᠬᠠᠩᠭᠠᠯᠭ᠎ᠠ ᠶ᠋ᠢᠨ ᠬᠣᠷᠰᠢᠶᠠᠨ ᠤ᠋ ᠠᠵᠢᠯᠲᠠᠨ ᠪᠣᠯᠵᠤ᠂1978 ᠣᠨ ᠠ᠋ᠴᠠ ᠪᠠᠶᠠᠠᠤ᠋ᠰᠤ ᠬᠣᠷᠰᠢᠶᠠᠨ ᠤ᠋ ᠳᠠᠷᠤᠭ᠎ᠠ ᠪᠠᠷ᠂1982 ᠣᠨ ᠠ᠋ᠴᠠ ᠬᠠᠩᠭᠢᠨ ᠬᠤᠰᠢᠭᠤᠨ ᠤ᠋ ᠮᠠᠯ ᠤ᠋ᠨ ᠠᠰᠢᠭ ᠰᠢᠮ᠎ᠡ ᠺᠣᠮᠫᠠᠨᠢ ᠶ᠋ᠢᠨ ᠳᠠᠷᠤᠭ᠎ᠠ ᠪᠠᠷ ᠠᠵᠢᠯᠯᠠᠪᠠ᠃1985 ᠣᠨ ᠳ᠋ᠤ᠌ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ ᠶ᠋ᠢᠨ ᠶᠡᠬᠡ ᠵᠣᠣ ᠠᠢᠮᠠᠭ ᠲᠠᠬᠢ ᠬᠤᠪᠢᠶᠠᠷᠢ ᠰᠤᠷᠭᠠᠭᠤᠯᠢ ᠳ᠋ᠤ᠌ ᠰᠤᠷᠤᠯᠴᠠᠵᠤ1987 ᠤ᠋ ᠳ᠋ᠤ᠌ ᠰᠤᠷᠭᠠᠭᠤᠯᠢ ᠪᠠᠨ ᠲᠡᠭᠦᠰᠦᠭᠡᠳ ᠬᠠᠩᠭᠢᠨ ᠬᠤᠰᠢᠭᠤᠨ ᠤ᠋ ᠪᠠᠶᠠᠨᠪᠤᠯᠠᠭ ᠰᠤᠮᠤᠨ ᠤ᠋ ᠨᠠᠮ ᠤ᠋ᠨ ᠬᠣᠷᠢᠶᠠᠨ ᠤ᠋ ᠱᠦᠵᠢ ᠪᠡᠷ ᠠᠵᠢᠯᠯᠠᠵᠤ᠂1990 ᠤ᠋ ᠠ᠋ᠴᠠ ᠬᠣᠰᠢᠭᠤ ᠬᠠᠩᠭᠠᠯᠭ᠎ᠠ ᠶ᠋ᠢᠨ ᠬᠣᠷᠰᠢᠶᠠᠨ ᠤ᠋ ᠬᠠᠷᠢᠭᠤᠴᠠᠯᠭᠠᠲᠠᠨ ᠢ᠋ᠶ᠋ᠠᠷ ᠠᠵᠢᠯᠯᠠᠪᠠ᠃1998 ᠣᠨ ᠳ᠋ᠤ᠌ ᠠᠵᠢᠯ ᠠ᠋ᠴᠠ ᠪᠠᠨ ᠤᠷᠢᠳᠴᠢᠯᠠᠨ ᠠᠮᠠᠷᠠᠪᠠ᠃
ᠫᠤᠩᠰᠤᠭ

ᠫᠤᠩᠰᠤᠭ 1938 ᠣᠨ ᠤ᠋ 6 ᠰᠠᠷ᠎ᠠ ᠶ᠋ᠢᠨ19 ᠦ᠌ ᠡᠳᠦᠷ ᠬᠠᠩᠭᠢᠨ ᠬᠤᠰᠢᠭᠤᠨ ᠤ᠋ ᠰᠢᠷ᠎ᠠ ᠵᠣᠣ ᠳ᠋ᠤ᠌ ᠲᠥᠷᠥᠵᠡᠢ᠃7 ᠨᠠᠰᠤᠨ ᠠ᠋ᠴᠠ16 ᠨᠠᠰᠤ ᠬᠦᠷᠲᠡᠯ᠎ᠡ ᠠᠢᠯ ᠦ᠋ᠨ ᠮᠠᠯ ᠢ᠋ ᠬᠠᠷᠢᠭᠤᠯᠠᠬᠤ ᠪᠤᠶᠤ ᠭᠡᠷ ᠲᠡᠭᠡᠨ ᠪᠠᠭ᠎ᠠ ᠰᠠᠭ᠎ᠠ ᠠᠵᠢᠯ ᠬᠢᠵᠦ᠂16 ᠨᠠᠰᠤᠨ ᠠ᠋ᠴᠠ21 ᠬᠦᠷᠲᠡᠯ᠎ᠡ᠂ ᠬᠠᠩᠭᠢᠨ ᠬᠤᠰᠢᠭᠤᠨ ᠤ᠋ ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠳ᠋ᠤ᠌ ᠰᠤᠷᠤᠯᠴᠠᠪᠠ᠃ ᠳᠠᠷᠠᠭ᠎ᠠ ᠨᠢ ᠰᠢᠷ᠎ᠠ ᠵᠣᠣ ᠰᠤᠮᠤ ᠶ᠋ᠢᠨ ᠤᠯᠠᠭᠠᠨ ᠣᠳᠣ ᠭᠠᠴᠠᠭᠠᠨ ᠤ᠋ ᠨᠢᠭᠲᠠᠯᠠᠨ ᠪᠣᠳᠣᠭᠴᠢ ᠶ᠋ᠢᠨ ᠠᠵᠢᠯ ᠪᠤᠶᠤ ᠰᠠᠩ ᠬᠠᠮᠢᠶᠠᠷᠤᠭᠴᠢ ᠶ᠋ᠢᠨ ᠠᠵᠢᠯ ᠢ᠋ ᠳᠣᠯᠣᠭᠠᠨ ᠵᠢᠯ ᠬᠢᠵᠡᠢ᠃ ᠳᠠᠷᠠᠭ᠎ᠠ ᠨᠢ ᠰᠢᠷ᠎ᠠ ᠵᠣᠣ ᠰᠤᠮᠤᠨ ᠳ᠋ᠤ᠌ ᠨᠠᠢ᠍ᠮᠠᠨ ᠵᠢᠯ ᠨᠢᠭᠲᠠᠯᠠᠨ ᠪᠣᠳᠣᠭᠴᠢ ᠶ᠋ᠢᠨ ᠠᠵᠢᠯ ᠪᠠ ᠰᠠᠩ ᠬᠠᠮᠢᠶᠠᠷᠤᠭᠴᠢ ᠶ᠋ᠢᠨ ᠠᠵᠢᠯ ᠢ᠋ ᠬᠢᠬᠦ ᠶ᠋ᠢᠨ ᠳᠠᠭᠤ ᠰᠢᠷ᠎ᠠ ᠵᠣᠣ ᠰᠦᠮ᠎ᠡ ᠶ᠋ᠢᠨ ᠨᠢᠭᠲᠠᠯᠠᠨ ᠪᠣᠳᠣᠭᠴᠢ ᠶ᠋ᠢᠨ ᠠᠵᠢᠯ ᠢ᠋ ᠬᠠᠪᠰᠤᠷᠭᠠᠨ ᠬᠢᠪᠡ᠃
ᠰᠣᠶᠣᠯ ᠤ᠋ᠨ ᠬᠤᠪᠢᠰᠬᠠᠯ ᠡᠬᠢᠯᠡᠭᠰᠡᠨ ᠦ᠌ ᠳᠠᠷᠠᠭ᠎ᠠ ᠳᠠᠬᠢᠨ ᠤᠯᠠᠭᠠᠨ ᠣᠳᠣ ᠭᠠᠴᠠᠭᠠᠨ ᠤ᠋ ᠨᠢᠭᠲᠠᠯᠠᠨ ᠪᠣᠳᠣᠭᠴᠢ ᠶ᠋ᠢᠨ ᠠᠵᠢᠯ ᠪᠠ ᠰᠠᠩ ᠬᠠᠮᠢᠶᠠᠷᠤᠭᠴᠢ ᠶ᠋ᠢᠨ ᠠᠵᠢᠯ ᠢ᠋ ᠬᠢᠵᠦ᠂ ᠠᠷᠪᠠᠨ ᠵᠢᠯ ᠦ᠋ᠨ ᠳᠠᠷᠠᠭ᠎ᠠ ᠳᠠᠬᠢᠨ ᠰᠢᠷ᠎ᠠ ᠵᠣᠣ ᠰᠤᠮᠤᠨ ᠳ᠋ᠤ᠌ ᠪᠤᠴᠠᠨ ᠣᠴᠢᠵᠤ ᠰᠠᠩ ᠬᠥᠮᠥᠷᠭᠡ ᠶ᠋ᠢᠨ ᠬᠠᠮᠢᠶᠠᠷᠤᠭᠴᠢ ᠶ᠋ᠢᠨ ᠠᠵᠢᠯ ᠢ᠋ ᠭᠠᠷᠳᠠᠨ ᠬᠢᠵᠦ᠂ 55 ᠨᠠᠰᠤᠨ ᠠ᠋ᠴᠠ ᠬᠣᠢᠰᠢ ᠰᠤᠮᠤᠨ ᠤ᠋ ᠠᠵᠢᠯ ᠢ᠋ᠶ᠋ᠠᠨ ᠣᠷᠬᠢᠵᠤ ᠭᠡᠷ ᠲᠡᠭᠡᠨ ᠬᠠᠷᠢᠪᠠ᠃ ᠮᠥᠨ ᠡᠨᠡ ᠲᠠᠰᠢᠷᠠᠮ ᠳ᠋ᠤ᠌ ᠰᠢᠷ᠎ᠠ ᠵᠣᠣ ᠰᠦᠮ᠎ᠡ ᠶ᠋ᠢᠨ ᠨᠢᠭᠲᠠᠯᠠᠨ ᠪᠣᠳᠣᠭᠴᠢ ᠶ᠋ᠢᠨ ᠠᠵᠢᠯ ᠢ᠋ ᠬᠠᠪᠰᠤᠷᠭᠠᠨ ᠬᠢᠭᠰᠡᠭᠡᠷ᠃
ᠦᠰᠦᠭ ᠠᠮᠢᠯᠠᠭᠤᠯᠤᠭᠴᠢ᠄ ᠤᠤᠭᠠᠨᠵᠢᠳ᠂ ᠳᠠᠯᠠᠨᠲᠠᠢ᠂ ᠬᠤᠷᠴᠠᠰᠡᠴᠡᠨ᠂ ᠨᠠᠷᠠᠨᠲᠣᠭᠣᠰ
ᠬᠢᠨᠠᠭᠴᠢ᠄ ᠤᠤᠭᠠᠨᠵᠢᠳ᠂ ᠳᠠᠯᠠᠨᠲᠠᠢ᠂ ᠮᠡᠷᠭᠡᠨᠪᠢᠯᠢᠭ
