ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-11> Сүлдийн соёлын судлал – Минжуур<дээд-11>
《ᠳ᠋ᠣᠣ (纛)》 ᠭᠡᠰᠡᠨ ᠪᠤᠷᠤᠭᠤ ᠣᠷᠴᠢᠭᠤᠯᠭ᠎ᠠ ᠶ᠋ᠢ ᠪᠠᠰᠠ ᠯᠠ ᠮᠥᠷᠳᠡᠨ ᠳᠠᠭᠠᠵᠤ ᠪᠠᠢᠭ᠎ᠠ ᠰᠣᠨᠢᠨ ᠶᠠᠪᠤᠳᠠᠯ ᠢ᠋ ᠥᠭᠦᠯᠡᠬᠦ ᠨᠢ
【ᠠᠭᠤᠯᠭ᠎ᠠ ᠶ᠋ᠢᠨ ᠲᠣᠪᠴᠢ】 ᠲᠤᠰ ᠥᠭᠦᠯᠡᠯ ᠳ᠋ᠦ᠍ ᠴᠠᠭᠠᠨ ᠰᠦᠯᠳᠡ ᠶ᠋ᠢ
《查干苏勒德》 ᠭᠡᠵᠦ ᠠᠪᠢᠶᠠᠴᠢᠯᠠᠨ ᠣᠷᠴᠢᠭᠤᠯᠵᠤ᠂
ᠴᠠᠭᠠᠨ ᠰᠦᠯᠳᠡ ᠶ᠋ᠢ ᠤᠤᠯ ᠨᠡᠷ᠎ᠡ ᠪᠡᠷ ᠨᠢ ᠥᠷᠭᠡᠨ ᠣᠯᠠᠨ
ᠤᠩᠰᠢᠭᠴᠢᠳ ᠲᠤ᠌ ᠲᠠᠨᠢᠯᠴᠠᠭᠤᠯᠤᠨ ᠥᠭᠪᠡᠯ ᠵᠣᠬᠢᠬᠤ ᠲᠤᠬᠠᠢ
ᠳᠥᠭᠥᠮ ᠥᠭᠦᠯᠡᠬᠦ ᠪᠣᠯᠤᠨ᠎ᠠ᠃
【ᠵᠠᠩᠭᠢᠯᠠᠭ᠎ᠠ ᠦᠭᠡ】 ᠪᠤᠷᠤᠭᠤ ᠣᠷᠴᠢᠭᠤᠯᠭ᠎ᠠ᠂ ᠮᠥᠷᠳᠡᠨ ᠳᠠᠭᠠᠬᠤ᠂
ᠰᠣᠨᠢᠨ ᠶᠠᠪᠤᠳᠠᠯ᠂ ᠥᠭᠦᠯᠡᠬᠦ ᠨᠢ᠃
ᠳᠤᠮᠳᠠᠳᠤ ᠤᠯᠤᠰ ᠤ᠋ᠨ ᠮᠣᠩᠭᠣᠯ ᠦᠨᠳᠦᠰᠦᠲᠡᠨ ᠴᠠᠭᠠᠨ ᠲᠤᠭ ᠢ᠋ ᠴᠠᠭᠠᠨ ᠰᠦᠯᠳᠡ ᠭᠡᠵᠦ ᠨᠡᠷᠡᠢᠳᠦᠭᠡᠳ ᠨᠢᠭᠡᠨᠲᠡ ᠵᠠᠩᠰᠢᠵᠠᠢ᠃ ᠭᠡᠪᠡᠴᠦ ᠵᠠᠷᠢᠮ ᠵᠣᠬᠢᠶᠠᠯ ᠳ᠋ᠤ᠌ ᠪᠠᠰᠠ ᠴᠠᠭᠠᠨ ᠰᠦᠯᠳᠡ ᠭᠡᠵᠦ ᠪᠢᠴᠢᠭᠡᠳ ᠲᠡᠭᠦᠨ ᠤ ᠳᠣᠣᠷ᠎ᠠ ᠨᠢ ᠬᠠᠭᠠᠯᠲᠠ ᠨᠡᠮᠡᠵᠦ ᠲᠤᠭ ᠭᠡᠵᠦ ᠲᠣᠳᠣᠷᠬᠠᠢᠯᠠᠨ ᠪᠢᠴᠢᠳᠡᠭ᠃ᠶᠠᠭᠠᠬᠢᠵᠤ ᠬᠡᠯᠡᠭᠰᠡᠨ ᠴᠦ᠍ ᠬᠠᠮᠢᠶ᠎ᠠ ᠦᠭᠡᠢ᠂ ᠴᠠᠭᠠᠨ ᠲᠤᠭ ᠪᠠ ᠴᠠᠭᠠᠨ ᠰᠦᠯᠳᠡ ᠪᠣᠯ ᠨᠢᠭᠡ ᠯᠡ ᠶᠠᠭᠤᠮ᠎ᠠ ᠶ᠋ᠢ ᠵᠢᠭᠠᠭᠰᠠᠨ ᠨᠡᠷ᠎ᠡ ᠦᠭᠡ ᠪᠣᠯᠤᠨ᠎ᠠ᠃ ᠡᠳᠦᠭᠡ ᠦᠶ᠎ᠡ ᠪᠣᠯᠬᠤ ᠳ᠋ᠤ᠌ ᠴᠠᠭᠠᠨ ᠰᠦᠯᠳᠡ ᠶ᠋ᠢᠨ ᠪᠡᠯᠭᠡᠳᠡᠯ ᠤᠨ ᠰᠣᠶᠣᠯ ᠪᠣᠯᠤᠨ ᠤᠯᠠᠮᠵᠢᠯᠠᠯᠲᠤ ᠦᠢᠯᠡᠳᠬᠦ (ᠤᠷᠠᠯᠢᠭ) ᠰᠣᠶᠣᠯ ᠨᠢ ᠪᠠᠳᠠᠷᠠᠨ ᠬᠥᠭᠵᠢᠭᠡᠳ ᠴᠠᠭᠠᠨ ᠰᠦᠯᠳᠡ ᠶ᠋ᠢᠨ ᠪᠣᠳᠠᠰ ᠤ᠋ᠨ ᠳᠦᠷᠰᠦ ᠨᠢ ᠭᠠᠭᠴᠠ ᠬᠢᠮᠡᠯ ᠳᠦᠷᠢ① ᠪᠢᠰᠢ᠂ ᠪᠠᠰᠠ ᠵᠢᠷᠤᠮᠠᠯ᠂ ᠱᠤᠭᠤᠮᠠᠯ᠂ ᠴᠢᠳᠬᠤᠮᠠᠯ ᠵᠡᠷᠭᠡ ᠣᠯᠠᠨ ᠵᠦᠢᠯ ᠤᠨ ᠳᠦᠷᠢ ᠪᠡᠷ ᠢᠯᠡᠷᠡᠨ ᠭᠠᠷᠴᠤ᠂ ᠴᠠᠭᠠᠨ ᠰᠦᠯᠳᠡ ᠶ᠋ᠢ ᠦᠰᠦᠭ ᠪᠢᠴᠢᠭ ᠢ᠋ᠶ᠋ᠡᠷ ᠨᠠᠷᠢᠨ ᠲᠠᠨᠢᠯᠴᠠᠭᠤᠯᠤᠭᠰᠠᠨ ᠦᠭᠡᠢ ᠴᠦ᠍ ᠲᠡᠭᠦᠨ ᠢ᠋ ᠣᠢᠯᠠᠭᠠᠵᠤ ᠪᠣᠯᠤᠮᠠᠷ ᠬᠡᠮᠵᠢᠶᠡᠨ ᠳ᠋ᠦ᠍ ᠬᠦᠷᠴᠡᠢ᠃ ᠭᠡᠪᠡᠴᠦ ᠣᠳᠣ ᠵᠠᠷᠢᠮ ᠮᠣᠩᠭᠣᠯ ᠨᠣᠮ ᠪᠢᠴᠢᠭ ᠪᠠ ᠵᠣᠬᠢᠶᠠᠯ ᠢ᠋ ᠬᠢᠲᠠᠳᠴᠢᠯᠠᠨ ᠣᠷᠴᠢᠭᠤᠯᠬᠤ ᠳᠤᠮᠳᠠ ᠡᠷᠲᠡᠨ ᠤ ᠬᠥᠮᠦᠨ ᠤ ᠣᠷᠴᠢᠭᠤᠯᠭ᠎ᠠ ᠶ᠋ᠢᠨ ᠪᠤᠷᠤᠭᠤ ᠪᠤᠶᠤ ᠬᠣᠴᠢ ᠨᠡᠷ᠎ᠡ ᠶᠢ ᠪᠠᠰᠠ ᠯᠠ ᠮᠥᠷᠳᠡᠨ ᠳᠠᠭᠠᠵᠤ᠂ ᠴᠠᠭᠠᠨ ᠰᠦᠯᠳᠡ ᠶ᠋ᠢ 《ᠪᠠᠢ ᠮᠣᠤ ᠳ᠋ᠣᠣ》(白旄纛)᠂ 《ᠪᠠᠢ ᠳ᠋ᠣᠣ》(白纛) ᠭᠡᠬᠦ ᠮᠡᠲᠦ ᠪᠡᠷ ᠣᠷᠴᠢᠭᠤᠯᠵᠤ ᠪᠠᠢᠨ᠎ᠠ᠃ ᠢᠩᠭᠢᠵᠦ ᠣᠷᠴᠢᠭᠤᠯᠤᠭᠰᠠᠨ ᠤ᠋ ᠦᠷ᠎ᠡ ᠳ᠋ᠦᠩ ᠨᠢ ᠨᠢᠭᠡ ᠳ᠋ᠦ᠍᠂ ᠴᠠᠭᠠᠨ ᠰᠦᠯᠳᠡ ᠶ᠋ᠢ ᠬᠢᠲᠠᠳ ᠰᠣᠶᠣᠯ ᠲᠠᠢ ᠬᠥᠮᠦᠨ ᠳ᠋ᠦ᠍ ᠣᠢᠯᠠᠭᠠᠭᠤᠯᠵᠤ ᠴᠢᠳᠠᠬᠤ ᠦᠭᠡᠢ᠂ ᠴᠢᠨᠠᠭᠰᠢᠯᠠᠪᠠᠯ ᠪᠤᠷᠤᠭᠤ ᠣᠢᠯᠠᠭᠠᠯᠲᠠ ᠥᠭᠬᠦ ᠬᠡᠮᠵᠢᠶᠡᠨ ᠳ᠋ᠦ᠍ ᠬᠦᠷᠦᠭᠦᠯᠦᠨ᠎ᠡ᠃ ᠬᠣᠶᠠᠷ ᠲᠤ᠌᠂ ᠰᠦᠯᠳᠡ ᠶ᠋ᠢᠨ ᠰᠣᠶᠣᠯ ᠢ᠋ᠶ᠋ᠠᠨ ᠦᠨᠡᠨ ᠵᠥᠪ ᠢ᠋ᠶ᠋ᠡᠷ ᠲᠠᠨᠢᠯᠴᠠᠭᠤᠯᠬᠤ ᠭᠡᠰᠡᠨ ᠵᠣᠷᠢᠯᠭ᠎ᠠ ᠳ᠋ᠤ᠌ ᠭᠥᠷᠦᠭᠦᠯᠵᠦ ᠴᠢᠳᠠᠬᠤ ᠦᠭᠡᠢ᠃ ᠡᠭᠦᠨ ᠢ᠋ ᠪᠣᠳᠠᠲᠠᠢ ᠪᠠᠷ ᠵᠠᠳᠠᠯᠵᠤ ᠬᠡᠯᠡᠪᠡᠯ 《ᠪᠠᠢ ᠮᠣᠤ ᠳ᠋ᠣᠣ》(白旄纛) ᠭᠡᠰᠡᠨ ᠨᠡᠷ᠎ᠡ ᠦᠭᠡ ᠶ᠋ᠢᠨ ᠤᠳᠬ᠎ᠠ ᠶ᠋ᠢ ᠣᠢᠯᠠᠭᠠᠬᠤ ᠳ᠋ᠤ᠌ ᠬᠥᠮᠦᠰ ᠡᠩ ᠦ᠋ᠨ《ᠲᠣᠯᠢ ᠪᠢᠴᠢᠭ》 ᠳᠡᠭᠡᠷ᠎ᠡ ᠡᠷᠢᠭᠡᠳ ᠣᠯᠬᠤ ᠦᠭᠡᠢ ᠪᠣᠯᠪᠠᠯ ᠳᠠᠷᠠᠭ᠎ᠠ ᠨᠢ ᠯᠠᠪᠲᠠᠢ ᠳᠤᠮᠳᠠᠳᠤ ᠤᠯᠤᠰ ᠤ᠋ᠨ ᠡᠷᠬᠡ ᠰᠦᠷᠲᠦ ᠲᠣᠯᠢ ᠪᠢᠴᠢᠭ᠂ ᠳᠠᠷᠤᠢ 《ᠦᠭᠡᠰ ᠤᠨ ᠳᠠᠯᠠᠢ》(辞海) ᠳᠡᠭᠡᠷ᠎ᠡ ᠡᠷᠢᠬᠦ ᠪᠣᠯᠤᠨ᠎ᠠ᠃ᠭᠡᠪᠡᠴᠦ ᠲᠡᠷᠡ ᠡᠢᠮᠦ ᠨᠢᠭᠡ ᠨᠡᠷ᠎ᠡ ᠦᠭᠡ ᠶ᠋ᠢ ᠣᠯᠵᠤ ᠴᠢᠳᠠᠬᠤ ᠦᠭᠡᠢ᠃ ᠲᠡᠭᠡᠪᠡᠯ ᠲᠡᠷᠡ ᠦᠭᠡ ᠶ᠋ᠢ ᠰᠠᠯᠭᠠᠵᠤ᠂ 《ᠮᠣᠤ ᠳ᠋ᠣᠣ》 ᠭᠡᠰᠡᠨ ᠨᠡᠷ᠎ᠡ ᠦᠭᠡ ᠶ᠋ᠢ ᠡᠷᠢᠵᠦ ᠦᠵᠡᠨ᠎ᠡ᠃ ᠭᠡᠪᠡᠴᠦ ᠡᠢᠮᠦ ᠨᠢᠭᠡ ᠨᠡᠷ᠎ᠡ ᠦᠭᠡ ᠶ᠋ᠢ ᠪᠠᠰᠠ ᠣᠯᠵᠤ ᠴᠢᠳᠠᠬᠤ ᠦᠭᠡᠢ᠃ ᠡᠢᠮᠦ ᠡᠴᠡ ᠴᠠᠭᠠᠨ ᠰᠦᠯᠳᠡ ᠨᠢ ᠶᠠᠭᠤ ᠪᠣᠯᠬᠤ ᠶ᠋ᠢ ᠣᠢᠯᠠᠭᠠᠵᠤ ᠴᠢᠳᠠᠬᠤ ᠦᠭᠡᠢ᠃ ᠠᠷᠭ᠎ᠠ ᠦᠭᠡᠢ ᠪᠣᠯᠬᠤ ᠳ᠋ᠠᠭᠠᠨ᠂《ᠮᠣᠤ ᠳ᠋ᠣᠣ》(旄纛) ᠭᠡᠰᠡᠨ ᠨᠡᠷ᠎ᠡ ᠦᠭᠡ ᠶ᠋ᠢ ᠴᠢᠨᠠᠭᠰᠢ ᠰᠠᠯᠭᠠᠵᠤ᠂ ᠭᠠᠭᠴᠠ《ᠮᠣᠤ》(旄) ᠭᠡᠰᠡᠨ ᠨᠡᠷ᠎ᠡ ᠦᠭᠡ ᠶ᠋ᠢ ᠡᠷᠢᠵᠦ ᠦᠵᠡᠨ᠎ᠡ᠃ ᠡᠨᠡ《ᠮᠣᠤ》(旄) ᠭᠡᠰᠡᠨ ᠨᠡᠷ᠎ᠡ ᠦᠭᠡ ᠨᠢ ᠬᠠᠷᠢᠨ 《ᠦᠭᠡᠰ ᠤᠨ ᠳᠠᠯᠠᠢ》 ᠳᠡᠭᠡᠷ᠎ᠡ 《ᠡᠷᠲᠡᠨ ᠤ ᠴᠠᠭ ᠲᠤ᠌ ᠲᠤᠭ ᠤ᠋ᠨ ᠡᠰᠢ ᠶ᠋ᠢᠨ ᠲᠣᠯᠣᠭᠠᠢ ᠳᠡᠭᠡᠷ᠎ᠡ ᠰᠠᠷᠯᠤᠭ ᠦᠬᠡᠷ ᠤᠨ ᠰᠡᠭᠦᠯ ᠢ᠋ᠶ᠋ᠡᠷ ᠵᠠᠰᠠᠯ ᠴᠢᠮᠡᠭ ᠬᠢᠳᠡᠭ᠂ ᠮᠣᠤ ᠪᠣᠯ ᠡᠢᠮᠦ ᠵᠠᠰᠠᠯ ᠴᠢᠮᠡᠭ ᠲᠡᠢ ᠲᠤᠭ ᠢ᠋ ᠵᠢᠭᠠᠳᠠᠭ》 ᠭᠡᠰᠡᠨ ᠲᠠᠢᠯᠪᠤᠷᠢ ᠲᠠᠢ ᠪᠠᠢᠳᠠᠭ᠃ ᠭᠡᠪᠡᠴᠦ ᠡᠨᠡ ᠨᠢ ᠶᠠᠮᠠᠷ ᠤᠯᠤᠰ ᠦᠨᠳᠦᠰᠦᠲᠡᠨ ᠤ ᠲᠣᠭ᠂ ᠶᠠᠭᠤᠨ ᠳ᠋ᠤ᠌ ᠬᠡᠷᠡᠭᠯᠡᠵᠦ ᠪᠠᠢᠭᠰᠠᠨ ᠭᠡᠳᠡᠭ ᠢ᠋ ᠲᠠᠢᠯᠪᠤᠷᠢᠯᠠᠭᠰᠠᠨ ᠦᠭᠡᠢ ᠪᠣᠯᠬᠣᠷ 《ᠮᠣᠤ》(旄) ᠭᠡᠰᠡᠨ ᠨᠡᠷ᠎ᠡ ᠦᠭᠡ ᠶ᠋ᠢ ᠪᠠᠰᠠ ᠯᠠ ᠰᠠᠢᠨ ᠣᠢᠯᠠᠭᠠᠵᠤ ᠴᠢᠳᠠᠬᠤ ᠦᠭᠡᠢ᠃ ᠡᠢᠮᠦ ᠪᠣᠯᠬᠣᠷ 《ᠮᠣᠤ》(旄) ᠭᠡᠰᠡᠨ ᠶᠠᠭᠤᠮ᠎ᠠ ᠠ᠋ᠴᠠ ᠴᠠᠭᠠᠨ ᠰᠦᠯᠳᠡ ᠶ᠋ᠢ ᠨᠡᠩ ᠴᠦ᠍ ᠣᠢᠯᠠᠭᠠᠵᠤ ᠴᠢᠳᠠᠬᠤ ᠦᠭᠡᠢ᠃ ᠳᠠᠷᠠᠭ᠎ᠠ ᠨᠢ 《ᠳ᠋ᠣᠣ》(纛) ᠭᠡᠰᠡᠨ ᠨᠡᠷ᠎ᠡ ᠦᠭᠡ ᠶ᠋ᠢ ᠡᠷᠢᠵᠦ ᠦᠵᠡᠨ᠎ᠡ᠃《ᠳ᠋ᠣᠣ》(纛) ᠭᠡᠰᠡᠨ ᠨᠡᠷ᠎ᠡ ᠦᠭᠡ ᠨᠢ ᠬᠠᠷᠢᠨ 《ᠦᠭᠡᠰ ᠤᠨ ᠳᠠᠯᠠᠢ》 ᠳᠡᠭᠡᠷ᠎ᠡ 《ᠳ᠋ᠣᠣ ᠪᠣᠯ ᠡᠷᠲᠡᠨ ᠤ ᠦᠶ᠎ᠡ ᠶ᠋ᠢᠨ ᠴᠡᠷᠢᠭ ᠠᠩᠭᠢ ᠪᠤᠶᠤ ᠶᠣᠰᠣᠯᠠᠯ ᠤ᠋ᠨ ᠴᠡᠷᠢᠭ ᠤᠨ ᠶᠡᠬᠡ ᠲᠤᠭ ᠪᠣᠯᠤᠨ᠎ᠠ》 ᠭᠡᠰᠡᠨ ᠲᠠᠢᠯᠪᠤᠷᠢ ᠲᠠᠢ ᠪᠠᠢᠳᠠᠭ᠂ ᠭᠡᠪᠡᠴᠦ ᠡᠨᠡ ᠨᠢ ᠶᠠᠮᠠᠷ ᠤᠯᠤᠰ ᠦᠨᠳᠦᠰᠦᠲᠡᠨ ᠤ ᠲᠣᠭ᠂ ᠶᠠᠮᠠᠷ ᠬᠡᠯᠪᠡᠷᠢ ᠮᠠᠶᠢᠭ ᠲᠠᠢ᠂ ᠶᠠᠭᠠᠬᠢᠵᠤ ᠦᠢᠯᠡᠳᠴᠦ ᠪᠦᠲᠦᠭᠡᠳᠡᠭ ᠭᠡᠳᠡᠭ ᠢ᠋ ᠲᠠᠢᠯᠪᠤᠷᠢᠯᠠᠭᠰᠠᠨ ᠦᠭᠡᠢ ᠪᠣᠯᠬᠣᠷ 《ᠳ᠋ᠣᠣ》(纛) ᠭᠡᠰᠡᠨ ᠨᠡᠷ᠎ᠡ ᠦᠭᠡ ᠶ᠋ᠢ ᠪᠠᠰᠠ ᠯᠠ ᠰᠠᠢᠨ ᠣᠢᠯᠠᠭᠠᠵᠤ ᠴᠢᠳᠠᠬᠤ ᠦᠭᠡᠢ᠃ ᠡᠢᠮᠦ ᠪᠣᠯᠬᠣᠷ 《ᠳ᠋ᠣᠣ》(纛) ᠭᠡᠰᠡᠨ ᠦᠭᠡ ᠡᠴᠡ ᠴᠠᠭᠠᠨ ᠰᠦᠯᠳᠡ ᠶ᠋ᠢ ᠨᠡᠩ ᠴᠦ᠍ ᠣᠢᠯᠠᠭᠠᠵᠤ ᠴᠢᠳᠠᠬᠤ ᠦᠭᠡᠢ᠃ ᠳᠡᠭᠡᠷ᠎ᠡ 《ᠪᠠᠢ ᠮᠣᠤ ᠳ᠋ᠣᠣ》(白旄纛) ᠭᠡᠰᠡᠨ ᠨᠡᠷ᠎ᠡ ᠦᠭᠡ ᠶ᠋ᠢ 《ᠲᠣᠯᠢ ᠪᠢᠴᠢᠭ》 ᠳᠡᠭᠡᠷ᠎ᠡ ᠪᠦᠬᠦᠯᠢ ᠪᠡᠷ ᠨᠢ ᠡᠷᠢᠵᠦ ᠦᠵᠡᠯ᠎ᠡ᠃ ᠪᠠᠰᠠ ᠰᠠᠯᠭᠠᠵᠤ ᠡᠷᠢᠵᠦ ᠦᠵᠡᠯ᠎ᠡ᠂ ᠭᠡᠪᠡᠴᠦ ᠴᠠᠭᠠᠨ ᠰᠦᠯᠳᠡ ᠶ᠋ᠢ ᠣᠢᠯᠠᠭᠠᠬᠤ ᠪᠠᠢᠲᠤᠭᠠᠢ ᠲᠤᠰ ᠶᠠᠭᠤᠮ᠎ᠠ ᠶ᠋ᠢ ᠴᠦ᠍ ᠣᠢᠯᠠᠭᠠᠵᠤ ᠴᠢᠳᠠᠬᠤ ᠦᠭᠡᠢ ᠪᠠᠢᠨ᠎ᠠ᠃ ᠡᠭᠦᠨ ᠡᠴᠡ ᠦᠵᠡᠪᠡᠯ ᠡᠷᠲᠡᠨ ᠤ ᠣᠷᠴᠢᠭᠤᠯᠭ᠎ᠠ ᠶ᠋ᠢᠨ ᠪᠤᠷᠤᠭᠤ ᠪᠤᠶᠤ ᠬᠣᠴᠢ ᠨᠡᠷ᠎ᠡ ᠶ᠋ᠢ ᠮᠥᠷᠳᠡᠨ ᠳᠠᠭᠠᠬᠤ ᠨᠢ ᠴᠠᠭᠠᠨ ᠰᠦᠯᠳᠡ ᠶ᠋ᠢᠨ ᠰᠣᠶᠣᠯ ᠢ᠋ᠶ᠋ᠠᠨ ᠲᠠᠨᠢᠯᠴᠠᠭᠤᠯᠵᠤ ᠴᠢᠳᠠᠬᠤ ᠦᠭᠡᠢ ᠮᠥᠷᠲᠡᠭᠡᠨ ᠬᠢᠲᠠᠳ ᠰᠣᠶᠣᠯᠲᠠᠨ ᠳ᠋ᠤ᠌ ᠴᠠᠭᠠᠨ ᠰᠦᠯᠳᠡ ᠶ᠋ᠢ ᠪᠤᠷᠤᠭᠤ ᠣᠢᠯᠠᠭᠠᠭᠤᠯᠬᠤ ᠪᠣᠯᠤᠯᠴᠠᠭ᠎ᠠ ᠭᠠᠷᠤᠮᠠᠷ ᠪᠣᠯᠭᠠᠵᠠᠢ᠃
ᠴᠠᠭᠠᠨ ᠰᠦᠯᠳᠡ ᠪᠣᠯ ᠡᠩᠬᠡ ᠲᠠᠢᠪᠤᠩ᠂ ᠬᠥᠭᠵᠢᠯ ᠪᠠᠳᠠᠷᠠᠯ᠂ ᠵᠣᠯ ᠵᠢᠷᠭᠠᠯ ᠢ᠋ ᠪᠡᠯᠭᠡᠳᠡᠵᠦ᠂ ᠳᠠᠶᠠᠩ ᠳᠡᠯᠡᠬᠡᠢ ᠳ᠋ᠦ᠍ ᠨᠡᠷ᠎ᠡ ᠠᠯᠳᠠᠷᠰᠢᠭᠰᠠᠨ ᠡᠷᠬᠢᠮ ᠳᠡᠭᠡᠳᠦ ᠪᠡᠯᠭᠡᠳᠡᠯ ᠤᠨ ᠡᠳ᠋ ᠮᠥᠨ᠂ ᠪᠠᠰᠠ ᠴᠤ᠌ ᠨᠢᠭᠡ ᠰᠢᠲᠦᠭᠡᠨ ᠪᠣᠯᠤᠨ᠎ᠠ᠃ ᠭᠡᠲᠡᠯ᠎ᠡ ᠡᠢᠮᠦ ᠨᠢᠭᠡᠨ ᠰᠣᠶᠣᠯ ᠤ᠋ᠨ ᠦᠵᠡᠭᠳᠡᠯ ᠢ᠋ ᠪᠤᠰᠤᠳ ᠦᠨᠳᠦᠰᠦᠲᠡᠨ ᠪᠠ ᠠᠷᠠᠰᠤᠲᠠᠨ ᠳ᠋ᠤ᠌ ᠦᠨᠡᠨ ᠵᠥᠪ ᠢ᠋ᠶ᠋ᠡᠷ ᠲᠠᠨᠢᠯᠴᠠᠭᠤᠯᠵᠤ ᠴᠢᠳᠠᠬᠤ ᠦᠭᠡᠢ ᠡᠴᠡ ᠪᠣᠯᠵᠤ᠂ ᠲᠡᠳᠡᠨ ᠳ᠋ᠦ᠍ ᠪᠤᠷᠤᠭᠤ ᠣᠢᠯᠠᠭᠠᠯᠲᠠ ᠲᠥᠷᠥᠭᠳᠡᠯ ᠥᠭᠬᠦ ᠨᠢ ᠲᠤᠢᠯ ᠤ᠋ᠨ ᠬᠠᠷᠠᠮᠰᠠᠯᠲᠠᠢ ᠶᠠᠪᠤᠳᠠᠯ ᠪᠣᠯᠤᠨ᠎ᠠ᠃《ᠮᠣᠩᠭᠣᠯ ᠤ᠋ᠨ ᠨᠢᠭᠤᠴᠠ ᠲᠣᠪᠴᠢᠶᠠᠨ》 ᠳ᠋ᠤ᠌ ᠴᠠᠭᠠᠨ ᠰᠦᠯᠳᠡ ᠶ᠋ᠢ《ᠪᠠᠢ ᠮᠣᠤ ᠳ᠋ᠣᠣ》(白旄纛)᠂ ᠭᠡᠵᠦ ᠪᠤᠷᠤᠭᠤ ᠣᠷᠴᠢᠭᠤᠯᠤᠭᠰᠠᠨ ᠪᠠᠢᠳᠠᠭ᠃ ᠭᠡᠪᠡᠴᠦ ᠬᠥᠮᠦᠨ ᠲᠥᠷᠥᠯᠬᠢᠲᠡᠨ ᠤ ᠰᠣᠶᠣᠯ ᠮᠡᠳᠡᠯᠭᠡ ᠬᠥᠭᠵᠢᠭᠰᠡᠨ ᠥᠨᠥᠳᠥᠷ ᠤᠨ ᠴᠠᠭ ᠲᠤ᠌ ᠲᠡᠭᠦᠨ ᠤ ᠣᠷᠴᠢᠭᠤᠯᠭ᠎ᠠ ᠶ᠋ᠢᠨ ᠪᠤᠷᠤᠭᠤ ᠶ᠋ᠢ ᠮᠡᠳᠡᠵᠦ ᠪᠠᠢᠭᠠᠳ ᠬᠡᠷᠬᠢᠨ ᠦᠷᠭᠦᠯᠵᠢᠯᠡᠭᠦᠯᠵᠦ ᠪᠣᠯᠬᠤ ᠠᠵᠢ᠃ᠴᠠᠭᠠᠨ ᠰᠦᠯᠳᠡ ᠪᠣᠯ ᠬᠠᠷᠢ ᠦᠨᠳᠦᠰᠦᠲᠡᠨ ᠪᠠ ᠠᠷᠠᠰᠤᠲᠠᠨ ᠤ᠋ ᠰᠣᠶᠣᠯ ᠤ᠋ᠨ ᠲᠡᠦᠬᠡᠨ ᠳ᠋ᠦ᠍ ᠪᠠᠢᠳᠠᠭ ᠦᠭᠡᠢ ᠪᠣᠯᠬᠣᠷ ᠴᠠᠭᠠᠨ ᠰᠦᠯᠳᠡ ᠶ᠋ᠢ ᠲᠡᠳᠡᠨ ᠳ᠋ᠦ᠍ ᠣᠢᠯᠠᠭᠠᠭᠤᠯᠤᠶᠠ ᠭᠡᠪᠡᠯ ᠵᠠᠪᠠᠯ ᠴᠠᠭᠠᠨ ᠰᠦᠯᠳᠡ ᠶ᠋ᠢᠨ ᠤᠬᠠᠭᠳᠠᠬᠤᠨ ᠢ᠋ ᠲᠠᠢᠯᠪᠤᠷᠢᠯᠠᠬᠤ ᠪᠠᠷ ᠳᠠᠮᠵᠢᠬᠤ ᠬᠡᠷᠡᠭᠲᠡᠢ᠃ ᠢᠩᠭᠢᠪᠡᠯ ᠵᠠᠪᠠᠯ ᠴᠠᠭᠠᠨ ᠰᠦᠯᠳᠡ ᠭᠡᠰᠡᠨ ᠨᠡᠷᠡᠢᠳᠦᠯ ᠢ᠋ ᠬᠡᠷᠡᠭᠯᠡᠬᠦ ᠶᠣᠰᠣᠲᠠᠢ᠃ ᠪᠤᠰᠤᠳ ᠦᠨᠳᠦᠰᠦᠲᠡᠨ ᠪᠠ ᠠᠷᠠᠰᠤᠲᠠᠨ ᠤ᠋ ᠰᠣᠶᠣᠯ ᠤ᠋ᠨ ᠲᠡᠦᠬᠡᠨ ᠳᠡᠭᠡᠷ᠎ᠡ ᠪᠠᠢᠳᠠᠭ ᠨᠡᠷ᠎ᠡ ᠦᠭᠡ ᠶ᠋ᠢ ᠬᠡᠯᠡᠯᠭᠡᠨ ᠦᠭᠡᠢ ᠣᠷᠴᠢᠭᠤᠯᠵᠤ ᠪᠣᠯᠤᠨ᠎ᠠ᠃ ᠬᠢᠲᠠᠳᠴᠢᠯᠠᠨ ᠣᠷᠴᠢᠭᠤᠯᠬᠤ ᠪᠠᠷ ᠵᠢᠱ᠌ᠢᠶᠡᠯᠡᠵᠦ ᠬᠡᠯᠡᠪᠡᠯ ᠲᠡᠭᠷᠢ ᠶ᠋ᠢ 《天》 ᠭᠡᠵᠦ᠂ ᠭᠠᠵᠠᠷ ᠢ᠋ 《地》 ᠭᠡᠵᠦ᠂ ᠬᠥᠮᠦᠨ ᠢ᠋《人》 ᠭᠡᠵᠦ ᠣᠷᠴᠢᠭᠤᠯᠵᠤ ᠪᠣᠯᠤᠨ᠎ᠠ᠃ ᠭᠡᠲᠡᠯ᠎ᠡ ᠬᠢᠲᠠᠳ ᠰᠣᠶᠣᠯ ᠤ᠋ᠨ ᠲᠡᠦᠬᠡᠨ ᠳ᠋ᠦ᠍ ᠪᠠᠢᠬᠤ ᠦᠭᠡᠢ ᠨᠡᠷ᠎ᠡ ᠦᠭᠡᠰ ᠢ᠋ ᠠᠯᠪᠠ ᠪᠠᠷ ᠣᠷᠴᠢᠭᠤᠯᠵᠤ ᠪᠣᠯᠬᠤ ᠦᠭᠡᠢ᠂ ᠤᠭ ᠨᠡᠷ᠎ᠡ ᠶ᠋ᠢ ᠠᠪᠢᠶᠠᠴᠢᠯᠠᠨ ᠣᠷᠴᠢᠭᠤᠯᠬᠤ ᠬᠡᠷᠡᠭᠲᠡᠢ᠃ ᠠᠪᠢᠶᠠᠴᠢᠯᠠᠨ ᠣᠷᠴᠢᠭᠤᠯᠬᠤ ᠪᠠᠷ ᠵᠢᠱ᠌ᠢᠶ᠎ᠡ ᠲᠠᠲᠠᠪᠠᠯ ᠪᠠᠲᠤ ᠭᠡᠰᠡᠨ ᠬᠥᠮᠦᠨ ᠤ ᠨᠠᠷᠠ ᠶ᠋ᠢ 《巴图》 ᠭᠡᠵᠦ᠂ ᠪᠦᠷᠢᠳᠦ ᠨᠠᠭᠤᠷ ᠭᠡᠰᠡᠨ ᠭᠠᠵᠠᠷ ᠤ᠋ᠨ ᠨᠡᠷ᠎ᠡ ᠶ᠋ᠢ 《布日德淖尔》 ᠭᠡᠵᠦ᠂ ᠨᠠᠭᠠᠳᠤᠮ ᠢ᠋ 《那达慕》 ᠭᠡᠬᠦ ᠮᠡᠲᠦ ᠪᠡᠷ ᠠᠪᠢᠶᠠᠴᠢᠯᠠᠭᠰᠠᠨ ᠣᠷᠴᠢᠭᠤᠯᠭ᠎ᠠ ᠬᠢᠬᠦ ᠡᠴᠡ ᠥᠭᠡᠷ᠎ᠡ ᠠᠷᠭ᠎ᠠ ᠦᠭᠡᠢ ᠪᠠᠢᠳᠠᠭ᠃ ᠴᠠᠭᠠᠨ ᠰᠦᠯᠳᠡ ᠪᠣᠯ ᠪᠤᠰᠤᠳ ᠦᠨᠳᠦᠰᠦᠲᠡᠨ ᠪᠠ ᠠᠷᠠᠰᠤᠲᠠᠨ ᠤ᠋ ᠰᠣᠶᠣᠯ ᠤ᠋ᠨ ᠲᠡᠦᠬᠡᠨ ᠳᠡᠭᠡᠷ᠎ᠡ ᠪᠠᠢᠳᠠᠭ ᠦᠭᠡᠢ ᠪᠣᠳᠠᠰ ᠤ᠋ᠨ ᠨᠡᠷ᠎ᠡ ᠪᠣᠯᠤᠨ᠎ᠠ᠃ ᠡᠢᠮᠦ ᠡᠴᠡ ᠴᠠᠭᠠᠨ ᠰᠦᠯᠳᠡ ᠶ᠋ᠢ 《查干苏勒德》 ᠭᠡᠵᠦ ᠯᠡ ᠠᠪᠢᠶᠠᠴᠢᠯᠠᠨ ᠣᠷᠴᠢᠭᠤᠯᠵᠤ᠂ ᠴᠠᠭᠠᠨ ᠰᠦᠯᠳᠡ ᠶ᠋ᠢ ᠴᠠᠭᠠᠨ ᠰᠦᠯᠳᠡ ᠭᠡᠰᠡᠨ ᠥᠪᠡᠷ ᠤᠨ ᠨᠡᠷ᠎ᠡ ᠪᠡᠷ ᠨᠢ ᠪᠤᠰᠤᠳ ᠲᠤ᠌ ᠲᠠᠨᠢᠯᠴᠠᠭᠤᠯᠬᠤ ᠬᠡᠷᠡᠭᠲᠡᠢ᠃ ᠬᠠᠷ᠎ᠠ᠂ ᠰᠦᠯᠳᠡ ᠪᠠ ᠠᠯᠠᠭ ᠰᠦᠯᠳᠡ ᠳ᠋ᠦ᠍ ᠡᠢᠮᠦᠷᠬᠦᠦ ᠪᠠᠢᠳᠠᠯ ᠣᠷᠣᠰᠢᠵᠤ ᠪᠠᠢᠳᠠᠭ ᠪᠣᠯᠬᠣᠷ ᠮᠥᠨ ᠲᠡᠭᠦᠨ ᠳ᠋ᠦ᠍ ᠪᠠᠰᠠ ᠠᠪᠢᠶᠠᠴᠢᠯᠠᠭᠰᠠᠨ ᠣᠷᠴᠢᠭᠤᠯᠭ᠎ᠠ ᠬᠢᠪᠡᠯ ᠵᠣᠬᠢᠨ᠎ᠠ᠃ ᠲᠤᠬᠠᠢᠯᠠᠪᠠᠯ《哈日苏勒德᠂ 阿拉格苏勒德》 ᠭᠡᠬᠦ ᠮᠡᠲᠦ᠃
ᠵᠡᠭᠦᠯᠲᠡ
① ᠬᠢᠮᠡᠯ ᠳᠦᠷᠢ ᠪᠣᠯ ᠭᠢᠯᠣᠪᠠᠷ᠂ ᠴᠠᠷ᠎ᠠ᠂ ᠮᠠᠨᠵᠢᠯᠭ᠎ᠠ ᠪᠣᠯᠤᠨ ᠰᠢᠯᠪᠢ ᠵᠡᠷᠭᠡ ᠪᠦᠲᠦᠴᠡ ᠡᠳ᠋ ᠢ᠋ ᠤᠭᠰᠠᠷᠠᠭᠤᠯᠵᠤ ᠪᠦᠲᠦᠭᠡᠭᠰᠡᠨ ᠴᠠᠭᠠᠨ ᠰᠦᠯᠳᠡ ᠶ᠋ᠢᠨ ᠳᠦᠷᠢ ᠶ᠋ᠢ ᠵᠢᠭᠠᠵᠤ ᠪᠠᠢᠨ᠎ᠠ᠃
2011 ᠣᠨ ᠤ᠋7 ᠰᠠᠷ᠎ᠠ
【ᠵᠣᠬᠢᠶᠠᠯ ᠤ᠋ᠨ ᠲᠠᠨᠢᠯᠴᠠᠭᠤᠯᠭ᠎ᠠ】 ᠲᠤᠰ ᠵᠣᠬᠢᠶᠠᠯ ᠢ᠋《ᠰᠢᠯᠢ ᠶ᠋ᠢᠨ ᠭᠣᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠤ ᠰᠡᠳᠬᠦᠯ》 ᠦ᠋ᠨ2012 ᠣᠨ ᠤ᠋ ᠬᠣᠶᠠᠳᠤᠭᠠᠷ ᠬᠤᠭᠤᠴᠠᠭᠠᠨ ᠳ᠋ᠤ᠌ ᠨᠡᠢᠲᠡᠯᠡᠪᠡ᠃
ᠵᠣᠬᠢᠶᠠᠭᠴᠢ
