ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-12> Сүлдийн соёлын судлал – Минжуур<дээд-12> ᠵᠠᠩ ᠦᠢᠯᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-12> Сүлдийн соёлын судлал – Минжуур<дээд-12>

ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-12> Сүлдийн соёлын судлал – Минжуур<дээд-12>

ᠠᠩᠭᠢᠯᠠᠯ:ᠵᠠᠩ ᠦᠢᠯᠡ
2026-02-22

94

ᠡᠳᠦᠭᠡ ᠦᠶ᠎ᠡ ᠶ᠋ᠢᠨ ᠰᠦᠯᠳᠡ ᠶ᠋ᠢᠨ ᠤᠬᠠᠭᠳᠠᠬᠤᠨ ᠢ᠋ ᠲᠤᠷᠰᠢᠨ ᠥᠭᠦᠯᠡᠬᠦ ᠨᠢ


     【ᠠᠭᠤᠯᠭ᠎ᠠ ᠶ᠋ᠢᠨ ᠲᠣᠪᠴᠢ】 ᠴᠠᠭᠠᠨ ᠰᠦᠯᠳᠡ᠂ ᠬᠠᠷ᠎ᠠ ᠰᠦᠯᠳᠡ ᠪᠣᠯᠤᠨ 
                  ᠠᠯᠠᠭ ᠰᠦᠯᠳᠡ ᠪᠣᠯ ᠤᠷᠲᠤ ᠤᠳᠠᠭᠠᠨ ᠲᠡᠦᠬᠡ ᠲᠡᠢ᠂ ᠡᠯᠪᠡᠭ ᠪᠠᠶᠠᠯᠢᠭ 
                  ᠰᠣᠶᠣᠯ ᠤ᠋ᠨ ᠠᠭᠤᠯᠤᠭᠳᠠᠬᠤᠨ ᠲᠠᠢ᠂ ᠳᠡᠯᠡᠬᠡᠢ ᠶ᠋ᠢᠨ ᠴᠢᠬᠢᠨ᠎ᠡ 
                  ᠳᠠᠭᠤᠷᠢᠰᠬᠠᠯᠲᠠᠢ ᠭᠤᠷᠪᠠᠨ ᠶᠡᠬᠡ ᠢᠯᠠᠭᠤᠭᠰᠠᠨ ᠰᠦᠯᠳᠡ ᠪᠣᠯᠤᠨ᠎ᠠ᠃
                  ᠰᠦᠯᠳᠡ ᠶ᠋ᠢᠨ ᠡᠩ ᠤᠨ ᠪᠠ ᠮᠥᠨ ᠴᠢᠨᠠᠷ ᠤ᠋ᠨ ᠣᠨᠴᠠᠯᠢᠭ ᠨᠢ 
                  ᠲᠡᠦᠬᠡ ᠶ᠋ᠢᠨ ᠬᠥᠭᠵᠢᠯᠲᠡ ᠶ᠋ᠢ ᠳᠠᠭᠠᠯᠳᠤᠨ ᠬᠤᠪᠢᠷᠠᠭᠰᠠᠭᠠᠷ ᠢᠷᠡᠭᠰᠡᠨ ᠲᠤᠯᠠ 
                  ᠭᠤᠷᠪᠠᠨ ᠢᠯᠠᠭᠤᠬᠤ ᠰᠦᠯᠳᠡ ᠶ᠋ᠢᠨ ᠤᠬᠠᠭᠳᠠᠬᠤᠨ ᠢ᠋ ᠲᠠᠢᠯᠪᠤᠷᠢᠯᠠᠬᠤ ᠳ᠋ᠤ᠌ 
                  ᠡᠷᠬᠡᠪᠰᠢ ᠪᠠᠢᠭ᠎ᠠ ᠤᠯᠤᠰ ᠣᠷᠣᠨ᠂ ᠲᠡᠦᠬᠡᠨ ᠱᠠᠲᠤ ᠦᠶ᠎ᠡ᠂ ᠳᠠᠷᠤᠢ 
                  ᠡᠷᠲᠡ ᠦᠶ᠎ᠡ᠂ ᠮᠣᠩᠭᠣᠯ ᠶᠤᠸᠠᠨ ᠤ᠋ ᠦᠶ᠎ᠡ᠂ ᠡᠳᠦᠭᠡ ᠦᠶ᠎ᠡ ᠭᠡᠵᠦ 
                  ᠢᠯᠭᠠᠬᠤ ᠬᠡᠷᠡᠭᠲᠡᠢ᠃ ᠲᠤᠰ ᠵᠣᠬᠢᠶᠠᠯ ᠳ᠋ᠤ᠌ ᠡᠷᠲᠡᠨ ᠡᠳᠦᠭᠡ ᠳᠣᠲᠣᠭᠠᠳᠤ 
                  ᠭᠠᠳᠠᠭᠠᠳᠤ ᠶ᠋ᠢᠨ ᠪᠢᠴᠢᠭ ᠰᠤᠳᠤᠷ ᠤ᠋ᠨ ᠲᠡᠮᠳᠡᠭᠯᠡᠯ ᠢ᠋ ᠦᠨᠳᠦᠰᠦᠯᠡᠨ᠂ 
                  ᠰᠦᠯᠳᠡ ᠶ᠋ᠢᠨ ᠰᠤᠳᠤᠯᠭᠠᠨ ᠤ᠋ ᠦᠷ᠎ᠡ ᠪᠦᠲᠦᠭᠡᠯ ᠲᠡᠢ ᠤᠶᠠᠯᠳᠤᠭᠤᠯᠵᠤ᠂ 
                  ᠡᠳᠦᠭᠡ ᠦᠶ᠎ᠡ ᠶ᠋ᠢᠨ ᠰᠦᠯᠳᠡ ᠶ᠋ᠢᠨ ᠤᠬᠠᠭᠳᠠᠬᠤᠨ ᠳ᠋ᠤ᠌ 
                  ᠳᠣᠣᠷᠠᠬᠢ ᠮᠡᠲᠦ ᠲᠠᠢᠯᠪᠤᠷᠢ ᠬᠢᠶ᠎ᠡ᠃ 
      【ᠵᠠᠩᠭᠢᠯᠠᠭ᠎ᠠ ᠦᠭᠡ】 ᠡᠳᠦᠭᠡ ᠦᠶ᠎ᠡ᠂ ᠰᠦᠯᠳᠡ᠂ ᠤᠬᠠᠭᠳᠠᠬᠤᠨ᠂ 
                           ᠲᠤᠷᠰᠢᠨ ᠥᠭᠦᠯᠡᠬᠦ᠃ 

          ᠳᠤᠮᠳᠠᠳᠤ ᠤᠯᠤᠰ ᠲᠡᠬᠢ ᠡᠳᠦᠭᠡ ᠦᠶ᠎ᠡ ᠶ᠋ᠢᠨ ᠴᠠᠭᠠᠨ ᠰᠦᠯᠳᠡ ᠶ᠋ᠢᠨ ᠤᠬᠠᠭᠳᠠᠬᠤᠨ 

       ᠴᠠᠭᠠᠨ ᠰᠦᠯᠳᠡ ᠪᠣᠯ ᠤᠤᠯ ᠨᠢ ᠪᠥᠬᠡ ᠮᠥᠷᠭᠥᠯ ᠤᠨ ᠰᠢᠲᠦᠯᠭᠡ ᠶ᠋ᠢᠨ ᠣᠨᠴᠠᠯᠢᠭ ᠲᠠᠢ ᠰᠢᠳᠢᠲᠦ ᠡᠳ᠋ ᠪᠣᠯᠤᠨ᠎ᠠ᠃ ᠴᠠᠭᠠᠨ ᠰᠦᠯᠳᠡ ᠨᠢ ᠾᠦᠩᠨᠦ᠂ ᠮᠣᠩᠭᠣᠯ᠂ ᠶᠤᠸᠠᠨ ᠵᠡᠷᠭᠡ ᠭᠤᠷᠪᠠᠨ ᠤᠯᠤᠰ ᠤ᠋ᠨ ᠲᠥᠷᠥ ᠶ᠋ᠢᠨ ᠪᠡᠯᠭᠡ ᠲᠡᠮᠳᠡᠭ ᠪᠣᠯᠵᠤ ᠥᠩᠭᠡᠷᠡᠵᠡᠢ᠂ ᠬᠣᠵᠢᠮ ᠨᠢ ᠡᠩᠬᠡ ᠲᠠᠢᠪᠤᠩ᠂ ᠬᠥᠭᠵᠢᠯ ᠪᠠᠳᠠᠷᠠᠯ᠂ ᠵᠣᠯ ᠵᠢᠷᠭᠠᠯ ᠤ᠋ᠨ ᠪᠡᠯᠭᠡᠳᠡᠯ ᠤᠨ ᠡᠳ᠋ ᠪᠣᠯᠤᠨ ᠤᠯᠠᠷᠢᠨ ᠬᠤᠪᠢᠷᠠᠵᠠᠢ᠂ ᠭᠡᠪᠡᠴᠦ ᠵᠠᠷᠢᠮ ᠭᠠᠵᠠᠷ ᠣᠷᠣᠨ ᠳ᠋ᠤ᠌ ᠣᠳᠣ ᠪᠠᠰᠠ ᠳᠠᠬᠢᠭ᠍ᠰᠠᠭᠠᠷ ᠪᠠᠢᠨ᠎ᠠ᠃ ᠴᠠᠭᠠᠨ ᠰᠦᠯᠳᠡ ᠨᠢ ᠰᠡᠷᠡᠭᠡ ᠭᠢᠯᠣᠪᠠᠷ᠂ ᠴᠠᠷ᠎ᠠ᠂ ᠮᠠᠨᠵᠢᠯᠭ᠎ᠠ᠂ ᠰᠢᠯᠪᠢ ᠵᠡᠷᠭᠡ ᠳᠥᠷᠪᠡᠨ ᠬᠡᠰᠡᠭ ᠢ᠋ᠶ᠋ᠡᠷ ᠪᠦᠷᠢᠯᠳᠦᠵᠡᠢ᠃ ᠴᠠᠭᠠᠨ ᠰᠦᠯᠳᠡ ᠤᠷᠲᠤ ᠤᠳᠠᠭᠠᠨ ᠲᠡᠦᠬᠡᠨ ᠶᠠᠪᠤᠴᠠ ᠳᠤᠮᠳᠠ ᠪᠡᠯᠭᠡᠳᠡᠯ ᠤᠨ ᠰᠣᠶᠣᠯ᠂ ᠱᠠᠰᠢᠨ ᠰᠤᠷᠲᠠᠬᠤᠨ ᠤ᠋ ᠰᠣᠶᠣᠯ ᠪᠣᠯᠤᠨ ᠦᠢᠯᠡᠳᠬᠦ ᠰᠣᠶᠣᠯ ᠢ᠋ ᠪᠦᠲᠦᠭᠡᠵᠡᠢ᠃ ᠮᠣᠩᠭᠣᠯ ᠪᠠ ᠪᠤᠰᠤᠳ ᠦᠨᠳᠦᠰᠦᠲᠡᠨ ᠲᠡᠭᠦᠨ ᠢ᠋ ᠳᠡᠭᠡᠳᠦᠯᠡᠨ ᠰᠢᠲᠦᠳᠡᠭ᠃ 
       ᠴᠠᠭᠠᠨ ᠰᠦᠯᠳᠡ ᠶ᠋ᠢᠨ ᠤᠬᠠᠭᠳᠠᠬᠤᠨ ᠢ᠋ ᠳᠡᠯᠭᠡᠷᠡᠩᠭᠦᠢ ᠪᠡᠷ ᠲᠠᠢᠯᠪᠤᠷᠢᠯᠠᠪᠠᠯ᠄ ᠴᠠᠭᠠᠨ ᠰᠦᠯᠳᠡ ᠶ᠋ᠢ《ᠮᠣᠩᠭᠣᠯ ᠤ᠋ᠨ ᠨᠢᠭᠤᠴᠠ ᠲᠣᠪᠴᠢᠶᠠᠨ》 ᠳ᠋ᠤ᠌ ᠴᠠᠭᠠᠨ ᠲᠤᠭ ᠭᠡᠵᠦ ᠨᠡᠷᠡᠢᠳᠴᠦ᠂ ᠮᠣᠩᠭᠣᠯ ᠤᠯᠤᠰ ᠪᠣᠯᠤᠨ ᠣᠷᠣᠰ ᠤ᠋ᠨ ᠪᠦᠭᠦᠳᠡ ᠨᠠᠢᠷᠠᠮᠳᠠᠬᠤ ᠬᠣᠯᠪᠣᠭᠠᠲᠤ ᠤᠯᠤᠰ ᠤ᠋ᠨ ᠮᠣᠩᠭᠣᠯᠴᠤᠳ ᠣᠳᠣ《ᠮᠣᠩᠭᠣᠯ ᠤ᠋ᠨ ᠨᠢᠭᠤᠴᠠ ᠲᠣᠪᠴᠢᠶᠠᠨ》 ᠤ᠋ ᠨᠡᠷᠡᠢᠳᠦᠯ ᠢ᠋ᠶ᠋ᠠᠷ ᠨᠢ ᠮᠥᠨ ᠴᠠᠭᠠᠨ ᠲᠤᠭ ᠭᠡᠵᠦ ᠳᠠᠭᠤᠳᠠᠵᠤ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠮᠣᠩᠭᠣᠯ ᠪᠠ ᠪᠤᠰᠤᠳ ᠦᠨᠳᠦᠰᠦᠲᠡᠨ ᠴᠠᠭᠠᠨ ᠲᠤᠭ ᠢ᠋ ᠣᠳᠣ ᠴᠠᠭᠠᠨ ᠰᠦᠯᠳᠡ ᠭᠡᠵᠦ ᠨᠡᠷᠡᠢᠳᠴᠦ ᠪᠠᠢᠨ᠎ᠠ᠃《ᠮᠣᠩᠭᠣᠯ ᠤ᠋ᠨ ᠨᠢᠭᠤᠴᠠ ᠲᠣᠪᠴᠢᠶᠠᠨ》 ᠪᠣᠯᠤᠨ 《ᠶᠤᠸᠠᠨ ᠤᠯᠤᠰ ᠤ᠋ᠨ ᠲᠡᠦᠬᠡ》 ᠳ᠋ᠦ᠍ ᠴᠠᠭᠠᠨ ᠰᠦᠯᠳᠡ ᠶ᠋ᠢ《ᠪᠠᠢ ᠮᠣᠤ ᠳ᠋ᠣᠣ(白旄纛)》᠂ 《ᠶᠠ ᠳ᠋ᠣᠣ(牙纛)》 ᠭᠡᠬᠦ ᠮᠡᠲᠦ ᠪᠡᠷ ᠣᠷᠴᠢᠭᠤᠯᠤᠨ ᠨᠡᠷᠡᠯᠡᠭᠰᠡᠨ ᠪᠠᠢᠳᠠᠭ᠃ ᠭᠡᠪᠡᠴᠦ ᠬᠢᠲᠠᠳ ᠰᠣᠶᠣᠯ ᠤ᠋ᠨ ᠬᠦᠷᠢᠶᠡᠨ ᠳ᠋ᠦ᠍ ᠡᠢᠮᠦ ᠴᠠᠭᠠᠨ ᠰᠦᠯᠳᠡ ᠶ᠋ᠢ ᠪᠦᠲᠦᠭᠡᠨ ᠲᠠᠬᠢᠭ᠍ᠰᠠᠨ ᠦᠢᠯᠡᠳᠦᠯᠭᠡ ᠦᠭᠡᠢ ᠪᠣᠯᠬᠣᠷ ᠡᠨᠡ ᠣᠷᠴᠢᠭᠤᠯᠭ᠎ᠠ ᠨᠢ ᠪᠦᠷ ᠣᠨᠣᠪᠴᠢ ᠦᠭᠡᠢ ᠪᠣᠯᠵᠠᠢ᠃ ᠰᠣᠶᠣᠯ ᠬᠥᠭᠵᠢᠭᠰᠡᠨ ᠥᠨᠥᠳᠥᠷ ᠡᠨᠡ ᠬᠦ᠌ ᠪᠤᠷᠤᠭᠤ ᠣᠷᠴᠢᠭᠤᠯᠭ᠎ᠠ ᠶ᠋ᠢ ᠬᠡᠷᠬᠢᠨ ᠮᠥᠷᠳᠡᠨ ᠳᠠᠭᠠᠵᠤ ᠪᠣᠯᠬᠤ ᠠᠵᠢ᠃ ᠡᠢᠮᠦ ᠡᠴᠡ ᠬᠢᠲᠠᠳ ᠬᠡᠯᠡᠨ ᠳᠡᠭᠡᠷ᠎ᠡ ᠬᠠᠰᠢ ᠯᠠ 《查干苏勒德》 ᠭᠡᠰᠡᠨ ᠠᠪᠢᠶᠠᠴᠢᠯᠠᠭᠰᠠᠨ ᠣᠷᠴᠢᠭᠤᠯᠭ᠎ᠠ ᠶ᠋ᠢ ᠠᠪᠬᠤ ᠬᠡᠷᠡᠭᠲᠡᠢ ᠪᠠᠢᠨ᠎ᠠ᠃ᠴᠠᠭᠠᠨ ᠰᠦᠯᠳᠡ ᠶ᠋ᠢᠨ ᠮᠠᠨᠵᠢᠯᠭ᠎ᠠ ᠶ᠋ᠢ ᠣᠩᠭᠣᠨ ᠴᠠᠭᠠᠨ ᠠᠵᠢᠷᠭᠠᠨ ᠤ᠋ ᠬᠥᠬᠥᠯ ᠢ᠋ᠶ᠋ᠡᠷ ᠬᠢᠵᠦ᠂ ᠣᠨᠴᠠᠭᠠᠢ ᠨᠢᠭᠡᠨ ᠤᠳᠬ᠎ᠠ ᠶ᠋ᠢ ᠢᠯᠡᠳᠬᠡᠭᠰᠡᠨ ᠪᠣᠯᠬᠣᠷ ᠲᠡᠭᠦᠨ ᠦ᠌ ᠮᠠᠨᠵᠢᠯᠭ᠎ᠠ ᠶ᠋ᠢᠨ ᠬᠢᠨᠢ ᠥᠩᠭᠡ ᠪᠡᠷ ᠨᠢ ᠴᠠᠭᠠᠨ ᠰᠦᠯᠳᠡ ᠭᠡᠮᠡᠨ ᠨᠡᠷᠡᠢᠳᠦᠭᠰᠡᠨ ᠭᠡᠳᠡᠭ᠃ ᠾᠦᠩᠨᠦᠴᠦᠳ ᠠᠯᠢ ᠡᠷᠲᠡ ᠲᠡᠭᠷᠢ ᠶ᠋ᠢᠨ ᠪᠦᠷᠢᠯᠸ᠎ᠠ᠂ ᠳᠠᠷᠤᠢ《ᠨᠠᠷᠠ᠂ ᠰᠠᠷᠠ᠂ ᠭᠠᠯ᠂ ᠪᠤᠭᠤ ᠭᠥᠷᠦᠭᠡᠰᠦᠨ ᠤ ᠳᠦᠷᠰᠦ ᠲᠡᠢ》 ᠡᠳ᠋ ᠢ᠋ ᠪᠦᠲᠦᠭᠡᠭᠡᠳ ᠲᠠᠬᠢᠵᠤ ᠪᠠᠢᠵᠠᠢ᠃ ᠨᠡᠢᠲᠡ ᠶ᠋ᠢᠨ ᠣᠨ ᠲᠣᠭᠠᠯᠠᠯ ᠠ᠋ᠴᠠ ᠡᠮᠦᠨ᠎ᠡ 209 ᠣᠨ ᠳ᠋ᠤ᠌ ᠮᠣᠳᠣᠨ ᠴᠡᠨ ᠢᠦᠢ ᠾᠦᠩᠨᠦ ᠤᠯᠤᠰ ᠢ ᠪᠠᠢᠭᠤᠯᠬᠤ ᠳ᠋ᠤ᠌ ᠡᠭᠦᠨ ᠢ᠋ᠶ᠋ᠡᠨ ᠳᠡᠭᠡᠳᠦᠯᠡᠨ ᠬᠡᠷᠡᠭᠯᠡᠵᠦ ᠲᠥᠷᠥ ᠶ᠋ᠢᠨ ᠰᠦᠯᠳᠡ ᠪᠣᠯᠭᠠᠵᠠᠢ᠃ ᠡᠨᠡ ᠬᠦ᠌ ᠰᠢᠳᠢᠲᠦ ᠡᠳ᠋ ᠨᠢ ᠲᠥᠷᠥ ᠶ᠋ᠢᠨ ᠰᠦᠯᠳᠡ ᠪᠣᠯᠵᠤ᠂ ᠬᠡᠳᠦᠨ ᠡᠷᠢᠨ ᠵᠠᠭᠤᠨ ᠤ᠋ ᠴᠠᠭ ᠢ ᠥᠩᠭᠡᠷᠡᠭᠡᠭᠡᠳ ᠤᠮᠠᠷᠠᠲᠤ ᠶ᠋ᠢᠨ ᠨᠡᠭᠦᠳᠡᠯᠴᠢᠨ ᠦᠨᠳᠦᠰᠦᠲᠡᠨ ᠤ ᠰᠡᠳᠬᠢᠯ ᠳ᠋ᠦ᠍ ᠵᠣᠬᠢᠬᠤ ᠪᠠᠢᠷᠢ ᠰᠠᠭᠤᠷᠢ ᠪᠠ ᠨᠥᠯᠥᠭᠡ ᠲᠡᠢ ᠪᠣᠯᠵᠠᠢ᠃ ᠡᠢᠮᠦ ᠡᠴᠡ ᠾᠦᠩᠨᠦ ᠤᠯᠤᠰ ᠵᠠᠳᠠᠷᠠᠵᠤ ᠰᠦᠯᠳᠡ ᠨᠢ ᠬᠡᠳᠦᠢᠪᠡᠷ ᠲᠥᠷᠥ ᠶ᠋ᠢᠨ ᠪᠡᠯᠭᠡ ᠲᠡᠮᠳᠡᠭ ᠤᠨ ᠤᠳᠬ᠎ᠠ ᠪᠠᠨ ᠠᠯᠳᠠᠭᠰᠠᠨ ᠪᠣᠯᠪᠠᠴᠤ ᠮᠥᠨ ᠯᠡ ᠰᠢᠳᠢᠲᠦ ᠡᠳ᠋ ᠢ᠋ᠶ᠋ᠡᠷ ᠢ᠋ᠶ᠋ᠡᠨ ᠮᠣᠩᠭᠣᠯ ᠠᠢᠮᠠᠭ ᠲᠤ᠌ ᠤᠯᠠᠮᠵᠢᠯᠠᠭᠳᠠᠨ ᠰᠢᠲᠦᠭᠳᠡᠵᠦ ᠪᠠᠢᠵᠠᠢ᠃ 
       ᠲᠡᠮᠦᠵᠢᠨ ᠮᠣᠩᠭᠣᠯ ᠠᠢᠮᠠᠭ ᠤ᠋ᠨ ᠬᠠᠨ ᠰᠠᠭᠤᠭᠰᠠᠨ ᠠ᠋ᠴᠠ ᠬᠣᠢᠰᠢ᠂ ᠡᠨᠡ ᠬᠦ᠌ ᠾᠦᠩᠨᠦ ᠶ᠋ᠢᠨ ᠰᠦᠯᠳᠡ ᠳ᠋ᠦ᠍ ᠣᠩᠭᠤᠨ ᠴᠠᠭᠠᠨ ᠠᠵᠢᠷᠭᠠᠨ ᠤ᠋ ᠬᠥᠬᠥᠯ ᠢ᠋ᠶ᠋ᠡᠷ ᠮᠠᠨᠵᠢᠯᠭ᠎ᠠ ᠬᠢᠵᠦ᠂ ᠡᠨᠡᠷᠢᠩᠭᠦᠢ ᠶᠡᠬᠡ ᠴᠠᠭᠠᠨ ᠰᠦᠯᠳᠡ ᠪᠣᠯᠭᠠᠵᠤ᠂ ᠪᠠᠰᠠ ᠨᠠᠢ᠍ᠮᠠᠨ ᠵᠦᠭ ᠲᠦᠨᠢ ᠡᠯᠴᠢ ᠴᠠᠭᠠᠨ ᠰᠦᠯᠳᠡ ᠶ᠋ᠢ ᠨᠡᠮᠡᠵᠦ᠂ ᠶᠢᠰᠦ ᠶ᠋ᠢᠨ ᠪᠡᠯᠭᠡᠲᠦ ᠲᠣᠭ᠎ᠠ ᠶ᠋ᠢ ᠪᠦᠷᠢᠯᠳᠦᠭᠦᠯᠦᠭᠰᠡᠨ ᠴᠣᠭᠴᠠ ᠴᠠᠭᠠᠨ ᠰᠦᠯᠳᠡ ᠶ᠋ᠢ ᠪᠦᠲᠦᠭᠡᠵᠦ᠂ ᠲᠡᠭᠦᠨ ᠤ ᠪᠡᠯᠭᠡᠳᠡᠯ᠂ ᠱᠠᠰᠢᠨ ᠰᠤᠷᠲᠠᠬᠤᠨ ᠪᠣᠯᠤᠨ ᠦᠢᠯᠡᠳᠬᠦ ᠰᠣᠶᠣᠯ ᠤ᠋ᠨ ᠠᠭᠤᠯᠤᠭᠳᠠᠬᠤᠨ ᠢ᠋ ᠪᠠᠶᠠᠯᠢᠭᠵᠢᠭᠤᠯᠵᠤ᠂ ᠮᠣᠩᠭᠣᠯ ᠰᠣᠶᠣᠯ ᠤ᠋ᠨ ᠭᠠᠢᠬᠠᠮᠰᠢᠭ ᠢ᠋ ᠡᠭᠦᠳᠴᠡᠢ᠃ ᠨᠡᠩ ᠢᠯᠠᠩᠭᠤᠶ᠎ᠠ ᠴᠢᠩᠭᠢᠰ ᠬᠠᠭᠠᠨ ᠠᠷᠪᠠᠨ ᠭᠤᠷᠪᠠᠳᠤᠭᠠᠷ ᠵᠠᠭᠤᠨ ᠤ᠋ ᠡᠬᠢᠨ ᠳ᠋ᠦ᠍ ᠮᠣᠩᠭᠣᠯ ᠤ᠋ᠨ ᠨᠢᠭᠡᠳᠦᠭᠰᠡᠨ ᠲᠤᠯᠭᠤᠷ ᠲᠥᠷᠥ ᠶ᠋ᠢ ᠪᠠᠢᠭᠤᠯᠬᠤ ᠳ᠋ᠤ᠌ ᠡᠨᠡ ᠬᠦ᠌ ᠶᠢᠰᠦᠨ ᠬᠥᠯᠲᠦ ᠴᠠᠭᠠᠨ ᠰᠦᠯᠳᠡ ᠪᠡᠨ ᠤᠨᠤᠨ ᠮᠥᠷᠡᠨ ᠤ ᠡᠬᠢᠨ ᠳ᠋ᠦ᠍ ᠪᠣᠰᠬᠠᠨ᠂ ᠮᠣᠩᠭᠣᠯ ᠤ᠋ᠨ ᠨᠢᠭᠡᠳᠦᠭᠰᠡᠨ ᠲᠤᠯᠭᠤᠷ ᠲᠥᠷᠥ ᠶ᠋ᠢ ᠪᠠᠢᠭᠤᠯᠵᠤ᠂ ᠬᠠᠭᠠᠨ ᠰᠢᠷᠡᠭᠡᠨ ᠳ᠋ᠦ᠍ ᠰᠠᠭᠤᠭᠰᠠᠨ ᠢ᠋ᠶ᠋ᠠᠨ ᠳᠡᠯᠡᠬᠡᠢ ᠳ᠋ᠠᠬᠢᠨ᠎ᠠ ᠲᠤᠩᠬᠠᠭᠯᠠᠵᠠᠢ᠃ ᠡᠭᠦᠨ ᠡᠴᠡ ᠴᠠᠭᠠᠨ ᠰᠦᠯᠳᠡ ᠳ᠋ᠦ᠍ ᠲᠥᠷᠥ ᠭᠦᠷᠦᠨ ᠢ᠋ ᠲᠥᠯᠥᠭᠡᠯᠡᠭᠰᠡᠨ ᠭᠦᠨ ᠤᠳᠬ᠎ᠠ ᠨᠡᠮᠡᠭᠳᠡᠭᠰᠡᠨ ᠡᠴᠡ ᠭᠠᠳᠠᠨ᠎ᠠ ᠴᠠᠭᠠᠨ ᠰᠦᠯᠳᠡ ᠶ᠋ᠢᠨ ᠡᠩᠬᠡ ᠲᠠᠢᠪᠤᠩ᠂ ᠬᠥᠭᠵᠢᠯ ᠪᠠᠳᠠᠷᠠᠯ᠂ ᠵᠣᠯ ᠵᠢᠷᠭᠠᠯ ᠢ᠋ ᠪᠡᠯᠭᠡᠳᠡᠭᠰᠡᠨ ᠣᠨᠴᠠᠭᠠᠢ ᠤᠳᠬ᠎ᠠ ᠨᠢ ᠲᠣᠳᠣᠷᠠᠵᠤ᠂ ᠪᠦᠬᠦ ᠮᠣᠩᠭᠣᠯᠴᠤᠳ ᠤ᠋ᠨ ᠴᠠᠭᠠᠨ ᠰᠦᠯᠳᠡ ᠶ᠋ᠢ ᠳᠡᠭᠡᠳᠦᠯᠡᠨ ᠰᠢᠲᠦᠬᠦ ᠰᠡᠳᠬᠢᠴᠡ ᠨᠢ ᠶᠡᠬᠡ ᠪᠡᠷ ᠳᠡᠭᠡᠭᠰᠢᠯᠡᠵᠡᠢ᠃ ᠶᠡᠬᠡ ᠶᠤᠸᠠᠨ ᠤᠯᠤᠰ ᠤ᠋ᠨ ᠦᠶ᠎ᠡ ᠳ᠋ᠦ᠍ ᠳᠡᠭᠡᠳᠦ ᠨᠡᠢᠰᠯᠡᠯ ᠤᠨ ᠶᠡᠬᠡ ᠠᠮᠤᠭᠤᠯᠠᠩ ᠲᠠᠭᠲᠤ᠂ ᠶᠡᠬᠡ ᠨᠡᠢᠰᠯᠡᠯ ᠤᠨ ᠶᠡᠬᠡ ᠭᠡᠭᠡᠳᠦ ᠬᠠᠷᠰᠢ ᠪᠣᠯᠤᠨ ᠳᠡᠭᠡᠳᠦ ᠨᠡᠢᠰᠯᠡᠯ ᠬᠣᠲᠠ ᠶ᠋ᠢᠨ ᠭᠣᠣᠯ ᠭᠣᠣᠯ ᠡᠭᠦᠳᠡᠨ ᠳ᠋ᠦ᠍ ᠨᠢ ᠴᠠᠭᠠᠨ ᠰᠦᠯᠳᠡ ᠶ᠋ᠢ ᠮᠠᠨᠳᠤᠭᠤᠯᠵᠤ᠂ ᠤᠯᠤᠰ ᠭᠦᠷᠦᠨ ᠤ ᠡᠩᠬᠡ ᠲᠠᠢᠪᠤᠩ᠂ ᠠᠵᠢᠯ ᠦᠢᠯᠡᠰ ᠤᠨ ᠬᠥᠭᠵᠢᠯ ᠪᠠᠳᠠᠷᠠᠯ᠂ ᠠᠷᠠᠳ ᠢᠷᠭᠡᠳ ᠤᠨ ᠵᠣᠯ ᠵᠢᠷᠭᠠᠯ ᠢ᠋ ᠪᠡᠯᠭᠡᠳᠡᠳᠡᠭ ᠵᠠᠩᠰᠢᠯ ᠲᠠᠢ ᠪᠠᠢᠵᠠᠢ᠃ ᠮᠣᠩᠭᠣᠯ ᠮᠠᠨᠵᠤ ᠶ᠋ᠢ ᠳᠠᠭᠠᠭᠰᠠᠨ ᠠ᠋ᠴᠠ ᠬᠣᠢᠰᠢ ᠴᠠᠭᠠᠨ ᠰᠦᠯᠳᠡ ᠨᠢ ᠬᠡᠳᠦᠢᠪᠡᠷ ᠲᠥᠷᠥ ᠶ᠋ᠢᠨ ᠪᠡᠯᠭᠡ ᠲᠡᠮᠳᠡᠭ ᠤᠨ ᠤᠳᠬ᠎ᠠ ᠪᠠᠨ ᠠᠯᠳᠠᠵᠤ᠂ ᠡᠨᠡᠷᠢᠩᠭᠦᠢ ᠲᠠᠪᠢᠨ ᠲᠠᠪᠤᠨ ᠴᠠᠭᠠᠨ ᠲᠡᠭᠷᠢ ᠶ᠋ᠢᠨ ᠪᠦᠷᠢᠯᠸ᠎ᠠ ᠪᠠᠷ ᠰᠦᠮ᠎ᠡ ᠬᠡᠢᠳ᠂ ᠬᠣᠰᠢᠭᠤ ᠨᠤᠲᠤᠭ ᠪᠣᠯᠤᠨ ᠠᠷᠠᠳ ᠢᠷᠭᠡᠳ ᠲᠦ᠍ ᠲᠠᠬᠢᠭᠳᠠᠬᠤ ᠪᠣᠯᠤᠭᠰᠠᠨ ᠪᠣᠯᠪᠠᠴᠤ ᠡᠷᠬᠢᠮ ᠳᠡᠭᠡᠳᠦ ᠪᠡᠯᠭᠡᠳᠡᠯ ᠤᠨ ᠡᠳ᠋ ᠤᠨ ᠤᠳᠬ᠎ᠠ ᠨᠢ ᠶᠡᠷᠦ ᠡᠴᠡ ᠪᠠᠯᠠᠷᠠᠭᠠᠳᠤᠢ᠃ ᠨᠡᠩ ᠢᠯᠠᠩᠭᠤᠶ᠎ᠠ ᠡᠳᠦᠭᠡ ᠦᠶ᠎ᠡ ᠪᠣᠯᠬᠤ ᠳ᠋ᠤ᠌ ᠴᠠᠭᠠᠨ ᠰᠦᠯᠳᠡ ᠨᠢ ᠡᠩᠬᠡ ᠲᠠᠢᠪᠤᠩ᠂ ᠬᠥᠭᠵᠢᠯ ᠪᠠᠳᠠᠷᠠᠯ᠂ ᠵᠣᠯ ᠵᠢᠷᠭᠠᠯ ᠤ᠋ᠨ ᠪᠡᠯᠭᠡᠳᠡᠯ ᠤᠨ ᠡᠳ᠋ ᠢ᠋ᠶ᠋ᠡᠷ ᠬᠦᠨᠳᠦᠯᠡᠭᠳᠡᠨ ᠬᠡᠷᠡᠭᠯᠡᠭᠳᠡᠵᠦ᠂ ᠪᠡᠯᠭᠡᠳᠡᠯ ᠤᠨ ᠰᠣᠶᠣᠯ ᠤ᠋ᠨ ᠬᠥᠭᠵᠢᠯ ᠪᠠᠳᠠᠷᠠᠯ ᠤ᠋ᠨ ᠬᠠᠨᠳᠤᠰᠢ ᠨᠢ ᠤᠯᠠᠮ ᠢ᠋ᠶ᠋ᠠᠷ ᠰᠠᠢᠨ ᠪᠣᠯᠵᠤ ᠪᠠᠢᠨ᠎ᠠ᠃ 
       ᠴᠠᠭᠠᠨ ᠰᠦᠯᠳᠡ ᠶ᠋ᠢ ᠪᠦᠲᠦᠭᠡᠬᠦ ᠳ᠋ᠦ᠍ ᠲᠤᠰᠬᠠᠢ ᠲᠠᠷᠬᠠᠳ ᠥᠯᠵᠡᠢ ᠪᠡᠯᠭᠡ ᠲᠡᠢ ᠡᠳ᠋᠂ ᠳᠦᠷᠰᠦ᠂ ᠥᠩᠭᠡ ᠪᠣᠯᠤᠨ ᠲᠣᠭ᠎ᠠ ᠶ᠋ᠢ ᠬᠡᠷᠡᠭᠯᠡᠵᠦ᠂ ᠰᠡᠷᠡᠭᠡ ᠭᠢᠯᠣᠪᠠᠷ᠂ ᠨᠠᠶᠠᠨ ᠨᠢᠭᠡᠨ (ᠮᠠᠨᠵᠢᠯᠭ᠎ᠠ ᠵᠡᠭᠦᠬᠦ) ᠨᠦᠬᠡ ᠲᠡᠢ ᠮᠥᠩᠭᠥᠨ ᠴᠠᠷ᠎ᠠ᠂ ᠮᠠᠨᠵᠢᠯᠭ᠎ᠠ᠂ ᠰᠢᠯᠪᠢ ᠵᠡᠷᠭᠡ ᠳᠥᠷᠪᠡᠨ ᠪᠦᠲᠦᠴᠡ ᠡᠳ᠋ ᠢ᠋ ᠲᠤᠰ ᠲᠤᠰ ᠢ᠋ᠶ᠋ᠠᠷ ᠨᠢ ᠦᠢᠯᠡᠳᠴᠦ᠂ ᠰᠦᠯᠳᠡ ᠶ᠋ᠢᠨ ᠲᠤᠰᠬᠠᠢ ᠠᠯᠪᠠᠲᠤ ᠳᠠᠷᠬᠠᠨ ᠢ᠋ᠶ᠋ᠠᠷ ᠤᠭᠰᠠᠷᠠᠭᠤᠯᠳᠠᠭ᠃ ᠲᠠᠬᠢᠯᠭ᠎ᠠ ᠳ᠋ᠤ᠌ ᠬᠡᠷᠡᠭᠯᠡᠬᠦ ᠴᠠᠭᠠᠨ ᠰᠦᠯᠳᠡ ᠶ᠋ᠢ ᠷᠠᠪᠨᠠᠢᠯᠠᠭᠤᠯᠤᠭᠠᠳ ᠬᠡᠷᠡᠭᠯᠡᠳᠡᠭ ᠵᠠᠩᠰᠢᠯ ᠲᠠᠢ᠃ ᠴᠠᠭᠠᠨ ᠰᠦᠯᠳᠡ ᠤᠷᠲᠤ ᠤᠳᠠᠭᠠᠨ ᠲᠡᠦᠬᠡᠨ ᠬᠤᠪᠢᠰᠤᠯᠲᠠ ᠶ᠋ᠢᠨ ᠶᠠᠪᠤᠴᠠ ᠳᠤᠮᠳᠠ ᠭᠢᠯᠠᠯᠵᠠᠭᠰᠠᠨ ᠰᠣᠶᠣᠯ ᠢ᠋ ᠪᠦᠲᠦᠭᠡᠵᠡᠢ᠃ ᠵᠣᠬᠢᠶᠠᠭᠴᠢ 《ᠰᠦᠯᠳᠡ ᠪᠣᠯ ᠤᠯᠠᠮᠵᠢᠯᠠᠯᠲᠤ ᠡᠷᠬᠢᠮ ᠳᠡᠭᠡᠳᠦ ᠪᠡᠯᠭᠡᠳᠡᠯ ᠤᠨ ᠡᠳ᠋ ᠮᠥᠨ》 ᠭᠡᠰᠡᠨ ᠥᠭᠦᠯᠡᠯ ᠳ᠋ᠦ᠍ ᠰᠦᠯᠳᠡ ᠶ᠋ᠢᠨ ᠰᠣᠶᠣᠯ ᠳ᠋ᠤ᠌ ᠪᠡᠯᠭᠡᠳᠡᠯ ᠤᠨ ᠰᠣᠶᠣᠯ᠂ ᠱᠠᠰᠢᠨ ᠰᠤᠷᠲᠠᠬᠤᠨ ᠤ᠋ ᠰᠣᠶᠣᠯ ᠪᠣᠯᠤᠨ ᠦᠢᠯᠡᠳᠬᠦ ᠰᠣᠶᠣᠯ ᠭᠡᠰᠡᠨ ᠭᠤᠷᠪᠠᠨ ᠲᠥᠷᠥᠯ ᠤᠨ ᠰᠣᠶᠣᠯ ᠤ᠋ᠨ ᠠᠭᠤᠯᠤᠭᠳᠠᠬᠤᠨ ᠪᠠᠢᠬᠤ ᠶ᠋ᠢ ᠨᠤᠲᠠᠯᠠᠭᠰᠠᠨ ᠮᠥᠷᠲᠡᠭᠡᠨ ᠲᠤᠰ ᠪᠦᠷᠢ ᠶ᠋ᠢᠨ ᠤᠬᠠᠭᠳᠠᠬᠤᠨ ᠳ᠋ᠤ᠌ ᠨᠢ ᠲᠠᠢᠯᠪᠤᠷᠢ ᠬᠢᠵᠡᠢ᠃ᠪᠡᠯᠭᠡᠳᠡᠯ ᠤᠨ ᠰᠣᠶᠣᠯ ᠨᠢ ᠳᠣᠲᠣᠷ᠎ᠠ ᠪᠠᠨ ᠪᠠᠰᠠ ᠴᠠᠭᠠᠨ ᠰᠦᠯᠳᠡ ᠶ᠋ᠢ ᠣᠯᠠᠨ ᠨᠡᠢᠲᠡ ᠶ᠋ᠢᠨ ᠤᠴᠢᠷ ᠶᠠᠪᠤᠳᠠᠯ ᠳᠡᠭᠡᠷ᠎ᠡ ᠬᠡᠷᠡᠭᠯᠡᠬᠦ ᠰᠣᠶᠣᠯ ᠪᠣᠯᠤᠨ ᠬᠤᠪᠢ ᠪᠡᠶ᠎ᠡ ᠶ᠋ᠢᠨ ᠤᠴᠢᠷ ᠶᠠᠪᠤᠳᠠᠯ ᠳᠡᠭᠡᠷ᠎ᠡ ᠬᠡᠷᠡᠭᠯᠡᠬᠦ ᠰᠣᠶᠣᠯ ᠭᠡᠵᠦ ᠬᠣᠶᠠᠷ ᠰᠠᠯᠪᠤᠷᠢᠯᠠᠭᠰᠠᠨ ᠪᠠᠢᠳᠠᠭ᠃ ᠱᠠᠰᠢᠨ ᠰᠤᠷᠲᠠᠬᠤᠨ ᠤ᠋ ᠰᠣᠶᠣᠯ ᠢ᠋ ᠰᠦᠰᠦᠭ ᠪᠢᠰᠢᠷᠡᠯ ᠤᠨ ᠢᠯᠡᠷᠡᠬᠦ ᠬᠡᠯᠪᠡᠷᠢ ᠪᠡᠷ ᠨᠢ ᠬᠡᠯᠡᠪᠡᠯ ᠳᠣᠲᠣᠷ᠎ᠠ ᠪᠠᠨ ᠪᠠᠰᠠ ᠴᠠᠭᠠᠨ ᠰᠦᠯᠳᠡ ᠶ᠋ᠢ ᠲᠠᠬᠢᠬᠤ ᠶᠣᠰᠣᠯᠠᠯ ᠤ᠋ᠨ ᠰᠣᠶᠣᠯ᠂ ᠴᠠᠭᠠᠨ ᠰᠦᠯᠳᠡ ᠳ᠋ᠦ᠍ ᠰᠠᠴᠤᠯᠢ ᠡᠷᠭᠦᠬᠦ ᠶᠣᠰᠣᠯᠠᠯ ᠤ᠋ᠨ ᠰᠣᠶᠣᠯ ᠪᠣᠯᠤᠨ ᠮᠥᠷᠭᠥᠯ ᠬᠢᠬᠦ ᠶᠣᠰᠣᠯᠠᠯ ᠤ᠋ᠨ ᠰᠣᠶᠣᠯ ᠭᠡᠵᠦ ᠭᠤᠷᠪᠠ ᠰᠠᠯᠪᠤᠷᠢᠯᠠᠭᠰᠠᠨ ᠪᠠᠢᠳᠠᠭ᠂ ᠦᠢᠯᠡᠳᠬᠦ ᠰᠣᠶᠣᠯ ᠨᠢ ᠬᠢᠮᠡᠯ ᠰᠦᠯᠳᠡ ᠶ᠋ᠢ ᠦᠢᠯᠡᠳᠬᠦ ᠤᠯᠠᠮᠵᠢᠯᠠᠯᠲᠤ ᠦᠢᠯᠡᠳᠬᠦ ᠰᠣᠶᠣᠯ ᠪᠠ ᠲᠡᠭᠦᠨ ᠤ ᠤᠯᠠᠮᠵᠢᠯᠠᠯᠲᠤ ᠦᠢᠯᠡᠳᠬᠦ ᠰᠣᠶᠣᠯ ᠤ᠋ᠨ ᠳᠡᠭᠡᠷ᠎ᠡ ᠰᠠᠭᠤᠷᠢᠯᠠᠭᠰᠠᠨ ᠵᠢᠷᠤᠬᠤ ᠱᠤᠭᠤᠬᠤ᠂ ᠴᠢᠳᠬᠤᠬᠤ ᠁ ᠮᠡᠲᠦ ᠶ᠋ᠢᠨ ᠤᠷᠠᠯᠠᠯ ᠤ᠋ᠨ ᠰᠣᠶᠣᠯ ᠤ᠋ᠳ ᠰᠠᠯᠪᠤᠷᠢᠯᠠᠭᠰᠠᠨ ᠪᠠᠢᠳᠠᠭ᠃ ᠰᠦᠯᠳᠡ ᠶ᠋ᠢᠨ ᠰᠣᠶᠣᠯ ᠤ᠋ᠨ ᠥᠪ ᠬᠥᠷᠥᠩᠭᠡ ᠪᠣᠯ ᠬᠥᠮᠦᠨ ᠲᠥᠷᠥᠯᠬᠢᠲᠡᠨ ᠤ ᠨᠡᠢᠭᠡᠮ ᠤᠨ ᠪᠣᠯᠪᠠᠰᠤᠨ ᠤ᠋ ᠨᠢᠭᠡ ᠠᠭᠤᠯᠭ᠎ᠠ ᠨᠢ ᠪᠠᠢᠵᠤ᠂ ᠮᠣᠩᠭᠣᠯ ᠦᠨᠳᠦᠰᠦᠲᠡᠨ ᠤ ᠠᠷᠠᠳ ᠢᠷᠭᠡᠳ ᠤᠨ ᠦᠶ᠎ᠡ ᠦᠶ᠎ᠡ ᠪᠡᠷ ᠢ᠋ᠶ᠋ᠡᠨ ᠤᠯᠠᠮᠵᠢᠯᠠᠳᠠᠭ᠂ ᠠᠷᠠᠳ ᠢᠷᠭᠡᠳ ᠤᠨ ᠠᠵᠤ ᠠᠮᠢᠳᠤᠷᠠᠯ ᠯᠤᠭ᠎ᠠ ᠨᠢᠭᠲᠠ ᠬᠣᠯᠪᠣᠭᠠᠲᠠᠢ ᠨᠢᠭᠡ ᠵᠦᠢᠯ ᠤᠨ ᠰᠣᠶᠣᠯ ᠤ᠋ᠨ ᠢᠯᠡᠷᠡᠬᠦ ᠬᠡᠯᠪᠡᠷᠢ ᠪᠠ ᠰᠣᠶᠣᠯ ᠤ᠋ᠨ ᠤᠷᠤᠨ ᠵᠠᠢ ᠪᠣᠯᠤᠨ᠎ᠠ᠃ ᠲᠡᠷᠡ ᠨᠢ ᠲᠡᠦᠬᠡ ᠶ᠋ᠢᠨ ᠬᠥᠭᠵᠢᠯᠲᠡ ᠶ᠋ᠢᠨ ᠠᠮᠢᠳᠤ ᠭᠡᠷᠡᠴᠢ ᠪᠣᠯᠬᠤ ᠮᠥᠷᠲᠡᠭᠡᠨ ᠪᠠᠰᠠ ᠴᠤ᠌ ᠬᠣᠪᠣᠷ ᠨᠠᠨᠳᠢᠨ᠂ ᠴᠢᠬᠤᠯᠠ ᠦᠨ᠎ᠡ ᠥᠷᠲᠡᠭ ᠲᠡᠢ ᠰᠣᠶᠣᠯ ᠤ᠋ᠨ ᠡᠬᠢ ᠪᠠᠶᠠᠯᠢᠭ ᠪᠣᠯᠬᠤ ᠶᠤᠮ᠃ ᠠᠷᠠᠳ ᠤ᠋ᠨ ᠵᠠᠩ ᠦᠢᠯᠡ ᠶ᠋ᠢᠨ ᠵᠠᠷᠢᠮ ᠲᠤᠰᠬᠠᠢ ᠮᠡᠷᠭᠡᠵᠢᠯᠲᠡᠨ᠂ ᠴᠠᠭᠠᠨ ᠲᠤᠭ ᠪᠣᠯ ᠥᠯᠵᠡᠢᠲᠦ ᠡᠳ᠋ ᠮᠥᠨ ᠭᠡᠳᠡᠭ᠃ ᠪᠢ ᠦᠵᠡᠪᠡᠯ ᠡᠭᠦᠨ ᠢ᠋ ᠪᠤᠷᠤᠭᠤ ᠭᠡᠬᠦ ᠶ᠋ᠢᠨ ᠠᠷᠭ᠎ᠠ ᠦᠭᠡᠢ᠂ ᠤᠯᠠᠮᠵᠢᠯᠠᠯᠲᠤ ᠦᠵᠡᠯᠲᠡ ᠨᠢ ᠴᠠᠭᠠᠨ ᠲᠤᠭ ᠢ᠋ᠶ᠋ᠠᠷ 《ᠡᠩᠬᠡᠵᠢᠨ》 ᠢ᠋ᠶ᠋ᠡᠨ  ᠪᠡᠯᠭᠡᠳᠡᠪᠡᠯ ᠬᠥᠮᠦᠨ ᠳ᠋ᠦ᠍ ᠥᠯᠵᠡᠢ ᠪᠤᠶᠠᠨ᠂ ᠵᠣᠯ ᠵᠠᠪᠰᠢᠶ᠋ᠨ ᠢ᠋ ᠠᠪᠴᠢᠷᠠᠨ ᠥᠭᠳᠡᠭ ᠭᠡᠵᠦ ᠦᠵᠡᠳᠡᠭ᠃ ᠡᠨᠡ ᠬᠦ᠌ ᠤᠳᠬ᠎ᠠ ᠰᠠᠨᠠᠭᠠᠨ ᠠ᠋ᠴᠠ ᠨᠢ ᠬᠡᠯᠡᠪᠡᠯ ᠴᠠᠭᠠᠨ ᠲᠤᠭ ᠪᠣᠯ ᠥᠯᠵᠡᠢᠲᠦ ᠡᠳ᠋ ᠮᠥᠨ ᠭᠡᠵᠦ ᠪᠠᠰᠠ ᠪᠣᠯᠤᠨ᠎ᠠ᠃ ᠭᠡᠪᠡᠴᠦ ᠡᠨᠡ ᠨᠢ ᠤᠯᠠᠮᠵᠢᠯᠠᠯᠲᠤ ᠡᠷᠬᠢᠮ ᠳᠡᠭᠡᠳᠦ ᠪᠡᠯᠭᠡᠳᠡᠯ ᠤᠨ ᠡᠳ᠋ ᠮᠥᠨ ᠭᠡᠵᠦ ᠰᠢᠨᠵᠢᠯᠡᠨ ᠥᠭᠦᠯᠡᠭᠰᠡᠨ ᠢ ᠨᠥᠯᠥᠭᠡᠯᠡᠵᠦ ᠴᠢᠳᠠᠬᠤ ᠦᠭᠡᠢ ᠶᠦᠮ᠃ ᠰᠦᠯᠳᠡ ᠬᠥᠮᠦᠰ ᠲᠦ᠍ ᠣᠶᠤᠨ ᠰᠠᠨᠠᠭᠠᠨ ᠤ᠋ ᠬᠠᠨᠤᠮᠵᠢ ᠣᠯᠭᠣᠵᠤ᠂ ᠵᠣᠷᠢᠭ ᠰᠠᠨᠠᠭᠠᠨ ᠤ᠋ ᠲᠤᠯᠭᠠᠭᠤᠷ ᠪᠣᠯᠳᠠᠭ ᠲᠤᠯᠠ ᠮᠣᠩᠭᠣᠯᠴᠤᠳ ᠠᠯᠢ ᠡᠷᠲᠡᠨ ᠡᠴᠡ ᠴᠠᠭᠠᠨ ᠰᠦᠯᠳᠡ ᠶ᠋ᠢ ᠳᠡᠭᠡᠳᠦᠯᠡᠨ ᠰᠢᠲᠦᠭᠰᠡᠭᠡᠷ ᠢᠷᠡᠵᠡᠢ᠃ ᠳᠡᠭᠡᠳᠦᠯᠡᠨ ᠰᠢᠲᠦᠬᠦ ᠭᠡᠰᠡᠨ ᠦᠭᠡᠨ ᠳ᠋ᠦ᠍ ᠬᠣᠶᠠᠷ ᠵᠦᠢᠯ ᠤᠨ ᠠᠭᠤᠯᠭ᠎ᠠ ᠪᠠᠭᠲᠠᠵᠤ ᠪᠠᠢᠳᠠᠭ᠃ ᠨᠢᠭᠡ ᠨᠢ᠂ ᠴᠠᠭᠠᠨ ᠰᠦᠯᠳᠡ ᠶ᠋ᠢ ᠠᠵᠤ ᠠᠮᠢᠳᠤᠷᠠᠯ ᠤ᠋ᠨ ᠣᠯᠠᠨ ᠵᠦᠢᠯ ᠤᠨ ᠤᠴᠢᠷ ᠶᠠᠪᠤᠳᠠᠯ ᠳᠡᠭᠡᠷ᠎ᠡ ᠪᠡᠯᠭᠡᠳᠡᠯ ᠤᠨ ᠡᠳ᠋ ᠢ᠋ᠶ᠋ᠡᠷ ᠬᠦᠨᠳᠦᠯᠡᠨ ᠬᠡᠷᠡᠭᠯᠡᠬᠦ; ᠨᠥᠭᠦᠭᠡ ᠨᠢᠭᠡ ᠨᠢ᠂ ᠴᠠᠭᠠᠨ ᠰᠦᠯᠳᠡ ᠶ᠋ᠢ ᠲᠠᠬᠢᠵᠤ ᠥᠪᠡᠷ ᠤᠨ ᠤᠴᠢᠷ ᠶᠠᠪᠤᠳᠠᠯ ᠢ᠋ᠶ᠋ᠠᠨ ᠴᠠᠭᠠᠨ ᠰᠦᠯᠳᠡ ᠳ᠋ᠦ᠍ ᠨᠠᠮᠠᠨᠴᠢᠯᠠᠨ ᠳᠠᠭᠠᠳᠬᠠᠬᠤ ᠪᠣᠯᠤᠨ᠎ᠠ᠃ ᠡᠳᠦᠭᠡ ᠨᠢᠭᠡᠳᠦᠭᠡᠷ ᠠᠭᠤᠯᠭ᠎ᠠ ᠨᠢ ᠭᠣᠣᠯ ᠪᠠᠢᠷᠢ ᠶ᠋ᠢ ᠡᠵᠡᠯᠡᠵᠦ᠂ ᠨᠢᠭᠡᠨᠲᠡ ᠪᠦᠬᠦ ᠨᠡᠢᠭᠡᠮ ᠤᠨ ᠴᠢᠨᠠᠷ ᠲᠠᠢ ᠢᠷᠦᠭᠡᠯ ᠤᠨ ᠬᠡᠯᠪᠡᠷᠢ ᠪᠣᠯᠵᠠᠢ᠃ 

          ᠳᠤᠮᠳᠠᠳᠤ ᠤᠯᠤᠰ ᠲᠡᠬᠢ ᠡᠳᠦᠭᠡ ᠦᠶ᠎ᠡ ᠶ᠋ᠢᠨ ᠬᠠᠷ᠎ᠠ ᠰᠦᠯᠳᠡ ᠶ᠋ᠢᠨ ᠤᠬᠠᠭᠳᠠᠬᠤᠨ 

       ᠬᠠᠷ᠎ᠠ ᠰᠦᠯᠳᠡ ᠪᠣᠯ ᠤᠤᠯ ᠨᠢ ᠪᠥᠬᠡ ᠮᠥᠷᠭᠥᠯ ᠤᠨ ᠰᠢᠲᠦᠯᠭᠡ ᠶ᠋ᠢᠨ ᠣᠨᠴᠠᠯᠢᠭ ᠲᠠᠢ ᠰᠢᠳᠢᠲᠦ ᠡᠳ᠋ ᠪᠣᠯᠤᠨ᠎ᠠ᠃ ᠴᠢᠩᠭᠢᠰ ᠬᠠᠭᠠᠨ ᠲᠡᠭᠦᠨ ᠢ᠋ ᠴᠡᠷᠢᠭ ᠲᠡᠢᠨ ᠳᠡᠭᠡᠷ᠎ᠡ ᠬᠡᠷᠡᠭᠯᠡᠵᠦ ᠥᠩᠭᠡᠷᠡᠵᠡᠢ᠂ ᠬᠣᠵᠢᠮ ᠨᠢ ᠬᠠᠷᠭᠢᠰ ᠪᠦᠬᠦᠨ ᠢ᠋ ᠠᠶᠤᠯᠭᠠᠨ ᠳᠠᠷᠤᠬᠤ ᠪᠡᠯᠭᠡᠳᠡᠯ ᠤᠨ ᠡᠳ᠋ ᠪᠣᠯᠤᠨ ᠤᠯᠠᠷᠢᠨ ᠬᠤᠪᠢᠷᠠᠵᠠᠢ᠂ ᠭᠡᠪᠡᠴᠦ ᠵᠠᠷᠢᠮ ᠭᠠᠵᠠᠷ ᠣᠷᠣᠨ ᠳ᠋ᠤ᠌ ᠣᠳᠣ ᠪᠤᠯᠲᠠᠯ ᠳᠠᠬᠢᠭ᠍ᠰᠠᠭᠠᠷ ᠪᠠᠢᠨ᠎ᠠ᠃ ᠬᠠᠷ᠎ᠠ ᠰᠦᠯᠳᠡ ᠨᠢ ᠭᠢᠯᠣᠪᠠᠷ᠂ ᠴᠠᠷ᠎ᠠ᠂ ᠮᠠᠨᠵᠢᠯᠭ᠎ᠠ᠂ ᠰᠢᠯᠪᠢ ᠵᠡᠷᠭᠡ ᠳᠥᠷᠪᠡᠨ ᠬᠡᠰᠡᠭ ᠢ᠋ᠶ᠋ᠡᠷ ᠪᠦᠷᠢᠯᠳᠦᠵᠡᠢ᠃ ᠬᠠᠷ᠎ᠠ ᠰᠦᠯᠳᠡ ᠤᠷᠲᠤ ᠤᠳᠠᠭᠠᠨ ᠲᠡᠦᠬᠡᠨ ᠶᠠᠪᠤᠴᠠ ᠳᠤᠮᠳᠠ ᠪᠡᠯᠭᠡᠳᠡᠯ ᠤᠨ ᠰᠣᠶᠣᠯ᠂ ᠱᠠᠰᠢᠨ ᠰᠤᠷᠲᠠᠬᠤᠨ ᠤ᠋ ᠰᠣᠶᠣᠯ ᠪᠣᠯᠤᠨ ᠦᠢᠯᠡᠳᠬᠦ ᠰᠣᠶᠣᠯ ᠢ᠋ ᠪᠦᠲᠦᠭᠡᠵᠡᠢ᠃ ᠮᠣᠩᠭᠣᠯ ᠦᠨᠳᠦᠰᠦᠲᠡᠨ ᠲᠡᠭᠦᠨ ᠢ᠋ ᠳᠡᠭᠡᠳᠦᠯᠡᠨ ᠰᠢᠲᠦᠳᠡᠭ᠃ 
       ᠬᠠᠷ᠎ᠠ ᠰᠦᠯᠳᠡ ᠶ᠋ᠢᠨ ᠤᠬᠠᠭᠳᠠᠬᠤᠨ ᠢ᠋ ᠳᠡᠯᠭᠡᠷᠡᠩᠭᠦᠢ ᠪᠡᠷ ᠲᠠᠢᠯᠪᠤᠷᠢᠯᠠᠪᠠᠯ᠄ ᠬᠠᠷ᠎ᠠ ᠰᠦᠯᠳᠡ ᠶ᠋ᠢ 《ᠮᠣᠩᠭᠣᠯ ᠤ᠋ᠨ ᠨᠢᠭᠤᠴᠠ ᠲᠣᠪᠴᠢᠶᠠᠨ》 ᠳ᠋ᠤ᠌ ᠬᠠᠷ᠎ᠠ ᠲᠤᠭ ᠭᠡᠵᠦ ᠨᠡᠷᠡᠢᠳᠴᠦ᠂ ᠮᠣᠩᠭᠣᠯ ᠤᠯᠤᠰ ᠪᠠ ᠣᠷᠣᠰ ᠤ᠋ᠨ ᠪᠦᠭᠦᠳᠡ ᠨᠠᠢᠷᠠᠮᠳᠠᠬᠤ ᠬᠣᠯᠪᠣᠭᠠᠲᠤ ᠤᠯᠤᠰ ᠤ᠋ᠨ ᠮᠣᠩᠭᠣᠯᠴᠤᠳ《ᠮᠣᠩᠭᠣᠯ ᠤ᠋ᠨ ᠨᠢᠭᠤᠴᠠ ᠲᠣᠪᠴᠢᠶᠠᠨ》 ᠤ᠋ ᠨᠡᠷᠡᠢᠳᠦᠯ ᠢ᠋ᠶ᠋ᠡᠷ ᠨᠢ ᠮᠥᠨ ᠬᠠᠷ᠎ᠠ ᠲᠤᠭ ᠭᠡᠵᠦ ᠳᠠᠭᠤᠳᠠᠳᠠᠭ᠃ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠮᠣᠩᠭᠣᠯ ᠪᠠ ᠪᠤᠰᠤᠳ ᠦᠨᠳᠦᠰᠦᠲᠡᠨ ᠬᠠᠷ᠎ᠠ ᠲᠤᠭ ᠢ᠋ ᠬᠠᠷ᠎ᠠ ᠰᠦᠯᠳᠡ ᠭᠡᠵᠦ ᠨᠡᠷᠡᠢᠳᠴᠦ ᠪᠠᠢᠨ᠎ᠠ᠃《ᠮᠣᠩᠭᠣᠯ ᠤ᠋ᠨ ᠨᠢᠭᠤᠴᠠ ᠲᠣᠪᠴᠢᠶᠠᠨ》 ᠪᠣᠯᠤᠨ 《ᠶᠤᠸᠠᠨ ᠤᠯᠤᠰ ᠤ᠋ᠨ ᠲᠡᠦᠬᠡ》 ᠳ᠋ᠦ᠍ ᠬᠠᠷ᠎ᠠ ᠰᠦᠯᠳᠡ ᠶ᠋ᠢ 《ᠾᠧᠢ ᠮᠣᠤ ᠳ᠋ᠣᠣ(黑旄纛)》᠂ 《ᠴᠢ ᠳ᠋ᠣᠣ (旗纛)》᠂ 《 ᠽᠣᠤ ᠳ᠋ᠣᠣ (皂纛)》 ᠭᠡᠬᠦ ᠮᠡᠲᠦ ᠣᠯᠠᠨ ᠶᠠᠩᠵᠤ ᠪᠠᠷ ᠣᠷᠴᠢᠭᠤᠯᠤᠨ ᠨᠡᠷᠡᠯᠡᠭᠰᠡᠨ ᠪᠠᠢᠳᠠᠭ᠃ ᠭᠡᠪᠡᠴᠦ ᠬᠢᠲᠠᠳ ᠰᠣᠶᠣᠯ ᠤ᠋ᠨ ᠬᠦᠷᠢᠶᠡᠨ ᠳ᠋ᠦ᠍ ᠡᠢᠮᠦ ᠬᠠᠷ᠎ᠠ ᠰᠦᠯᠳᠡ ᠶ᠋ᠢ ᠪᠦᠲᠦᠭᠡᠨ ᠲᠠᠬᠢᠭ᠍ᠰᠠᠨ ᠦᠢᠯᠡᠳᠦᠯᠭᠡ ᠦᠭᠡᠢ ᠪᠣᠯᠬᠣᠷ ᠡᠨᠡ ᠨᠢ ᠪᠦᠷ ᠣᠨᠣᠪᠴᠢ ᠦᠭᠡᠢ ᠣᠷᠴᠢᠭᠤᠯᠭ᠎ᠠ ᠪᠣᠯᠵᠠᠢ᠃ᠰᠣᠶᠣᠯ ᠬᠥᠭᠵᠢᠭᠰᠡᠨ ᠥᠨᠥᠳᠥᠷ ᠡᠨᠡ ᠬᠦ᠌ ᠪᠤᠷᠤᠭᠤ ᠣᠷᠴᠢᠭᠤᠯᠭ᠎ᠠ ᠶ᠋ᠢ ᠬᠡᠷᠬᠢᠨ ᠮᠥᠷᠳᠡᠨ ᠳᠠᠭᠠᠵᠤ ᠪᠣᠯᠬᠤ ᠠᠵᠢ᠃ᠡᠢᠮᠦ ᠡᠴᠡ ᠬᠢᠲᠠᠳ ᠬᠡᠯᠡᠨ ᠳᠡᠭᠡᠷ᠎ᠡ ᠬᠠᠰᠢ ᠯᠠ 《哈日苏勒德》 ᠭᠡᠰᠡᠨ ᠠᠪᠢᠶᠠᠴᠢᠯᠠᠭᠰᠠᠨ ᠣᠷᠴᠢᠭᠤᠯᠭ᠎ᠠ ᠶ᠋ᠢ ᠠᠪᠬᠤ ᠬᠡᠷᠡᠭᠲᠡᠢ ᠪᠠᠢᠨ᠎ᠠ᠃ ᠬᠠᠷ᠎ᠠ ᠰᠦᠯᠳᠡ ᠶ᠋ᠢᠨ ᠮᠠᠨᠵᠢᠯᠭ᠎ᠠ ᠶ᠋ᠢ ᠣᠩᠭᠤᠨ ᠬᠠᠷ᠎ᠠ ᠠᠵᠢᠷᠭᠠᠨ ᠤ᠋ ᠬᠥᠬᠥᠯ ᠢ᠋ᠶ᠋ᠡᠷ ᠬᠢᠵᠦ᠂ ᠣᠨᠴᠠᠭᠠᠢ ᠨᠢᠭᠡᠨ ᠤᠳᠬ᠎ᠠ ᠶ᠋ᠢ ᠢᠯᠡᠳᠬᠡᠳᠡᠭ ᠪᠣᠯᠬᠣᠷ ᠲᠡᠭᠦᠨ ᠤ ᠮᠠᠨᠵᠢᠯᠭ᠎ᠠ ᠶ᠋ᠢᠨ ᠥᠩᠭᠡ ᠪᠡᠷ ᠨᠢ ᠬᠠᠷ᠎ᠠ ᠰᠦᠯᠳᠡ ᠭᠡᠵᠦ ᠨᠡᠷᠡᠢᠳᠦᠭᠰᠡᠨ ᠭᠡᠳᠡᠭ᠃ 
       ᠮᠣᠩᠭᠣᠯᠴᠤᠳ ᠠᠷᠪᠠᠳᠤᠭᠠᠷ ᠵᠠᠭᠤᠨ ᠤ᠋ ᠦᠶ᠎ᠡ ᠳ᠋ᠦ᠍ ᠠᠮᠢᠲᠠᠨ ᠤ᠋ ᠠᠷᠠᠰᠤ ᠪᠠᠷ ᠲᠡᠭᠷᠢ ᠶ᠋ᠢᠨ ᠪᠦᠷᠢᠯᠸ᠎ᠠ - ᠬᠠᠷ᠎ᠠ ᠰᠦᠯᠳᠡ ᠶ᠋ᠢ ᠪᠦᠲᠦᠭᠡᠨ ᠲᠠᠬᠢᠵᠤ ᠪᠠᠢᠵᠠᠢ᠃ ᠲᠡᠮᠦᠵᠢᠨ ᠮᠣᠩᠭᠣᠯ ᠤᠯᠤᠰ ᠤ᠋ᠨ ᠬᠠᠨ ᠰᠠᠭᠤᠭᠰᠠᠨ ᠠ᠋ᠴᠠ ᠬᠣᠢᠰᠢ᠂ ᠠᠮᠢᠲᠠᠨ ᠤ᠋ ᠠᠷᠠᠰᠤ ᠪᠠᠷ ᠦᠢᠯᠡᠳᠦᠭᠰᠡᠨ ᠬᠠᠷ᠎ᠠ ᠰᠦᠯᠳᠡ ᠶ᠋ᠢ ᠲᠡᠮᠦᠷ ᠬᠢᠯᠣᠪᠠᠷ ᠲᠠᠢ᠂ ᠬᠥᠬᠥᠯ ᠴᠢᠮᠡᠭ ᠲᠡᠢ᠂ ᠮᠤᠳᠤᠨ ᠰᠢᠯᠪᠢ ᠲᠠᠢ ᠪᠣᠯᠭᠠᠨ ᠲᠡᠭᠦᠯᠳᠡᠷᠵᠢᠭᠦᠯᠵᠦ᠂ ᠲᠡᠭᠦᠨ ᠤ ᠪᠡᠯᠭᠡᠳᠡᠯ᠂ ᠱᠠᠰᠢᠨ ᠰᠤᠷᠲᠠᠬᠤᠨ ᠪᠠ ᠦᠢᠯᠡᠳᠬᠦ ᠰᠣᠶᠣᠯ ᠤ᠋ᠨ ᠠᠭᠤᠯᠤᠭᠳᠠᠬᠤᠨ ᠢ᠋ ᠪᠠᠶᠠᠯᠢᠭᠵᠢᠭᠤᠯᠵᠤ᠂ ᠮᠣᠩᠭᠣᠯ ᠰᠣᠶᠣᠯ ᠤ᠋ᠨ ᠭᠠᠢᠬᠠᠮᠰᠢᠭ ᠢ ᠡᠭᠦᠳᠴᠡᠢ᠃ ᠴᠢᠩᠭᠢᠰ ᠬᠠᠭᠠᠨ ᠮᠣᠩᠭᠣᠯ ᠤ᠋ᠨ ᠨᠢᠭᠡᠳᠦᠭᠰᠡᠨ ᠲᠤᠯᠭᠤᠷ ᠲᠥᠷᠥ ᠶ᠋ᠢ ᠪᠠᠢᠭᠤᠯᠬᠤ ᠳ᠋ᠤ᠌ ᠡᠨᠡ ᠬᠦ᠌ ᠰᠢᠳᠢᠲᠦ ᠡᠳ᠋ - ᠬᠠᠷ᠎ᠠ ᠰᠦᠯᠳᠡ ᠪᠡᠨ ᠴᠡᠷᠢᠭ ᠲᠡᠢᠨ ᠳ᠋ᠦ᠍ ᠬᠡᠷᠡᠭᠯᠡᠭᠰᠡᠨ ᠡᠴᠡ ᠲᠡᠭᠦᠨ ᠤ ᠬᠠᠷᠭᠢᠰ ᠪᠦᠬᠦᠨ ᠢ᠋ ᠠᠶᠤᠯᠭᠠᠨ ᠳᠠᠷᠤᠬᠤ ᠪᠡᠯᠭᠡᠳᠡᠯ ᠤᠨ ᠣᠨᠴᠠᠭᠠᠢ ᠤᠳᠬ᠎ᠠ ᠨᠢ ᠲᠣᠳᠣᠷᠠᠵᠤ᠂ ᠮᠣᠩᠭᠣᠯᠴᠤᠳ ᠤ᠋ᠨ ᠬᠠᠷ᠎ᠠ ᠰᠦᠯᠳᠡ ᠶ᠋ᠢ ᠳᠡᠭᠡᠳᠦᠯᠡᠨ ᠰᠢᠲᠦᠬᠦ ᠰᠡᠳᠬᠢᠴᠡ ᠨᠢ ᠶᠡᠬᠡ ᠪᠡᠷ ᠳᠡᠭᠡᠭᠰᠢᠯᠡᠵᠡᠢ᠃ ᠶᠤᠸᠠᠨ ᠤᠯᠤᠰ ᠤ᠋ᠨ ᠦᠶ᠎ᠡ ᠳ᠋ᠦ᠍ ᠬᠠᠷ᠎ᠠ ᠰᠦᠯᠳᠡ ᠶ᠋ᠢ ᠨᠢᠭᠡᠨᠲᠡ ᠶᠢᠰᠦᠨ ᠶᠡᠬᠡ ᠪᠡᠯᠭᠡᠳᠡᠯ ᠡᠳ᠋ ᠤᠨ ᠨᠢᠭᠡ ᠪᠡᠷ ᠲᠣᠭᠲᠠᠭᠠᠵᠤ᠂ ᠬᠠᠭᠠᠨ ᠡᠵᠡᠨ ᠬᠣᠶᠠᠷ ᠨᠡᠢᠰᠯᠡᠯ ᠤᠨ ᠬᠣᠭᠣᠷᠣᠨᠳᠣ ᠵᠠᠯᠠᠷᠠᠨ ᠶᠠᠪᠤᠬᠤ ᠳ᠋ᠤ᠌ ᠬᠠᠷ᠎ᠠ ᠰᠦᠯᠳᠡ ᠶ᠋ᠢ ᠶᠡᠬᠡ ᠵᠢᠭᠰᠠᠭᠠᠯ ᠤ᠋ᠨ ᠡᠮᠦᠨ᠎ᠡ ᠮᠠᠨᠳᠤᠭᠤᠯᠵᠤ᠂ ᠠᠯᠢᠪᠠ ᠬᠠᠷᠭᠢᠰ ᠮᠠᠭᠤ ᠶ᠋ᠢ ᠠᠶᠤᠯᠭᠠᠨ ᠳᠠᠷᠤᠵᠤ᠂ ᠭᠠᠢ ᠪᠠᠷᠴᠢᠳ ᠪᠦᠬᠦᠨ ᠢ᠋ ᠠᠷᠢᠯᠭᠠᠬᠤ ᠶ᠋ᠢᠨ ᠪᠡᠯᠭᠡᠳᠡᠯ ᠪᠣᠯᠭᠠᠵᠤ ᠪᠠᠢᠵᠠᠢ᠃ ᠮᠣᠩᠭᠣᠯ ᠮᠠᠨᠵᠤ ᠶ᠋ᠢ ᠳᠠᠭᠠᠭᠰᠠᠨ ᠠ᠋ᠴᠠ ᠬᠣᠢᠰᠢ᠂ ᠬᠠᠷ᠎ᠠ ᠰᠦᠯᠳᠡ ᠨᠢ ᠬᠡᠳᠦᠢᠪᠡᠷ ᠳᠥᠴᠢᠨ ᠳᠥᠷᠪᠡᠨ ᠬᠠᠷ᠎ᠠ ᠲᠡᠭᠷᠢ ᠪᠡᠨ ᠪᠦᠷᠢᠯᠸ᠎ᠠ ᠪᠠᠷ ᠬᠣᠰᠢᠭᠤ ᠨᠤᠲᠤᠭ ᠪᠠ ᠠᠷᠠᠳ ᠢᠷᠭᠡᠳ ᠲᠦ᠍ ᠲᠠᠬᠢᠭᠳᠠᠬᠤ ᠪᠣᠯᠤᠭᠰᠠᠨ ᠪᠣᠯᠪᠠᠴᠤ ᠲᠡᠭᠦᠨ ᠤ ᠡᠷᠬᠢᠮ ᠳᠡᠭᠡᠳᠦ ᠪᠡᠯᠭᠡᠳᠡᠯ ᠤᠨ ᠡᠳ᠋ ᠤᠨ ᠤᠳᠬ᠎ᠠ ᠨᠢ ᠶᠡᠷᠦ ᠡᠴᠡ ᠪᠠᠯᠠᠷᠠᠭᠠᠳᠤᠢ᠃ 
       ᠬᠠᠷ᠎ᠠ ᠰᠦᠯᠳᠡ ᠶ᠋ᠢ ᠪᠦᠲᠦᠭᠡᠬᠦ ᠳ᠋ᠦ᠍ ᠲᠤᠰᠬᠠᠢ ᠳᠠᠷᠬᠠᠳ ᠥᠯᠵᠡᠢ ᠪᠡᠯᠭᠡ ᠲᠡᠢ ᠡᠳ᠋᠂ ᠳᠦᠷᠰᠦ᠂ ᠥᠩᠭᠡ ᠪᠣᠯᠤᠨ ᠲᠣᠭ᠎ᠠ ᠶ᠋ᠢ ᠬᠡᠷᠡᠭᠯᠡᠵᠦ᠂ ᠬᠢᠯᠣᠪᠠᠷ᠂ ᠨᠠᠶᠠᠨ ᠨᠢᠭᠡᠨ (ᠮᠠᠨᠵᠢᠯᠭ᠎ᠠ ᠵᠡᠭᠦᠬᠦ) ᠨᠦᠬᠡ ᠲᠡᠢ ᠮᠥᠩᠭᠥᠨ ᠴᠠᠷ᠎ᠠ᠂ ᠮᠠᠨᠵᠢᠯᠭ᠎ᠠ᠂ ᠰᠢᠯᠪᠢ ᠵᠡᠷᠭᠡ ᠳᠥᠷᠪᠡᠨ ᠬᠡᠰᠡᠭ ᠪᠦᠲᠦᠴᠡ ᠡᠳ᠋ ᠢ᠋ ᠲᠤᠰ ᠲᠤᠰ ᠲᠤᠨᠢ ᠦᠢᠯᠡᠳᠴᠦ᠂ ᠰᠦᠯᠳᠡ ᠶ᠋ᠢᠨ ᠲᠤᠰᠬᠠᠢ ᠠᠯᠪᠠᠲᠤ ᠳᠠᠷᠬᠠᠨ ᠢ᠋ᠶ᠋ᠠᠷ ᠤᠭᠰᠠᠷᠠᠭᠤᠯᠳᠠᠭ᠃ ᠲᠠᠬᠢᠯᠭ᠎ᠠ ᠳ᠋ᠤ᠌ ᠬᠡᠷᠡᠭᠯᠡᠬᠦ ᠬᠠᠷ᠎ᠠ ᠰᠦᠯᠳᠡ ᠶ᠋ᠢ ᠷᠠᠪᠨᠠᠢᠯᠠᠭᠤᠯᠤᠭᠠᠳ ᠬᠡᠷᠡᠭᠯᠡᠳᠡᠭ ᠵᠠᠩᠰᠢᠯ ᠲᠠᠢ᠃ 

          ᠳᠤᠮᠳᠠᠳᠤ ᠤᠯᠤᠰ ᠲᠡᠬᠢ ᠡᠳᠦᠭᠡ ᠦᠶ᠎ᠡ ᠶ᠋ᠢᠨ ᠠᠯᠠᠭ ᠰᠦᠯᠳᠡ ᠶ᠋ᠢᠨ ᠤᠬᠠᠭᠳᠠᠬᠤᠨ 

       ᠠᠯᠠᠭ ᠰᠦᠯᠳᠡ ᠪᠣᠯ ᠤᠤᠯ ᠨᠢ ᠪᠥᠬᠡ ᠮᠥᠷᠭᠥᠯ ᠤᠨ ᠰᠢᠲᠦᠯᠭᠡ ᠶ᠋ᠢᠨ ᠣᠨᠴᠠᠯᠢᠭ ᠲᠠᠢ ᠰᠢᠳᠢᠲᠦ ᠡᠳ᠋ ᠪᠣᠯᠤᠨ᠎ᠠ᠃ ᠬᠣᠵᠢᠮ ᠨᠢ ᠡᠪ ᠨᠢᠭᠡᠳᠦᠯ ᠤᠨ ᠪᠡᠯᠭᠡᠳᠡᠯ ᠤᠨ ᠡᠳ᠋ ᠪᠣᠯᠤᠨ ᠤᠯᠠᠷᠢᠨ ᠬᠤᠪᠢᠷᠠᠵᠠᠢ᠃ ᠭᠡᠪᠡᠴᠦ ᠵᠠᠷᠢᠮ ᠭᠠᠵᠠᠷ ᠣᠷᠣᠨ ᠣᠳᠣ ᠪᠠᠰᠠ ᠳᠠᠬᠢᠭ᠍ᠰᠠᠭᠠᠷ ᠪᠠᠢᠨ᠎ᠠ᠃ ᠠᠯᠠᠭ ᠰᠦᠯᠳᠡ ᠨᠢ ᠭᠢᠯᠤᠪᠠᠷ᠂ ᠴᠠᠷ᠎ᠠ᠂ ᠮᠠᠨᠵᠢᠯᠠᠨ᠎ᠠ᠂ ᠰᠢᠯᠪᠢ ᠵᠡᠷᠭᠡ ᠳᠥᠷᠪᠡᠨ ᠬᠡᠰᠡᠭ ᠢ᠋ᠶ᠋ᠡᠷ ᠪᠦᠷᠢᠯᠳᠦᠵᠡᠢ᠃ ᠠᠯᠠᠭ ᠰᠦᠯᠳᠡ ᠤᠷᠲᠤ ᠤᠳᠠᠭᠠᠨ ᠲᠡᠦᠬᠡᠨ ᠶᠠᠪᠤᠴᠠ ᠳᠤᠮᠳᠠ ᠪᠡᠯᠭᠡᠳᠡᠯ ᠤᠨ ᠰᠣᠶᠣᠯ᠂ ᠱᠠᠰᠢᠨ ᠰᠤᠷᠲᠠᠬᠤᠨ ᠤ᠋ ᠰᠣᠶᠣᠯ ᠪᠣᠯᠤᠨ ᠦᠢᠯᠡᠳᠬᠦ ᠰᠣᠶᠣᠯ ᠢ ᠪᠦᠲᠦᠭᠡᠵᠡᠢ᠃ ᠨᠢᠭᠡ ᠪᠦᠯᠦᠭ ᠮᠣᠩᠭᠣᠯ ᠦᠨᠳᠦᠰᠦᠲᠡᠨ ᠲᠡᠭᠦᠨ ᠢ᠋ ᠳᠡᠭᠡᠳᠦᠯᠡᠨ ᠰᠢᠲᠦᠳᠡᠭ᠃ 
       ᠠᠯᠠᠭ ᠰᠦᠯᠳᠡ ᠶ᠋ᠢᠨ ᠤᠬᠠᠭᠳᠠᠬᠤᠨ ᠢ᠋ ᠳᠡᠯᠭᠡᠷᠡᠩᠭᠦᠢ ᠪᠡᠷ ᠲᠠᠢᠯᠪᠤᠷᠢᠯᠠᠪᠠᠯ᠄ ᠠᠯᠠᠭ ᠰᠦᠯᠳᠡ ᠶ᠋ᠢ 《ᠮᠣᠩᠭᠣᠯ ᠤ᠋ᠨ ᠨᠢᠭᠤᠴᠠ ᠲᠣᠪᠴᠢᠶᠠᠨ》 ᠳ᠋ᠤ᠌ ᠠᠯᠠᠭ ᠲᠤᠭ ᠭᠡᠵᠦ ᠨᠡᠷᠡᠢᠳᠴᠦ᠂ ᠮᠣᠩᠭᠣᠯ ᠤᠯᠤᠰ ᠪᠠ ᠣᠷᠣᠰ ᠤ᠋ᠨ ᠪᠦᠭᠦᠳᠡ ᠨᠠᠢᠷᠠᠮᠳᠠᠬᠤ ᠬᠣᠯᠪᠣᠭᠠᠲᠤ ᠤᠯᠤᠰ ᠤ᠋ᠨ ᠮᠣᠩᠭᠣᠯᠴᠤᠳ 《ᠮᠣᠩᠭᠣᠯ ᠤ᠋ᠨ ᠨᠢᠭᠤᠴᠠ ᠲᠣᠪᠴᠢᠶᠠᠨ》 ᠤ᠋ ᠨᠡᠷᠡᠢᠳᠦᠯ ᠢ᠋ᠶ᠋ᠡᠷ ᠨᠢ ᠮᠥᠨ ᠠᠯᠠᠭ ᠲᠤᠭ ᠭᠡᠵᠦ ᠳᠠᠭᠤᠳᠠᠳᠠᠭ᠃ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠮᠣᠩᠭᠣᠯ ᠪᠠ ᠪᠤᠰᠤᠳ ᠦᠨᠳᠦᠰᠦᠲᠡᠨ ᠠᠯᠠᠭ ᠲᠤᠭ ᠢ᠋ ᠠᠯᠠᠭ ᠰᠦᠯᠳᠡ ᠭᠡᠵᠦ ᠨᠡᠷᠡᠢᠳᠴᠦ ᠪᠠᠢᠳᠠᠭ᠃《ᠮᠣᠩᠭᠣᠯ ᠤ᠋ᠨ ᠨᠢᠭᠤᠴᠠ ᠲᠣᠪᠴᠢᠶᠠᠨ》 ᠪᠣᠯᠤᠨ 《ᠶᠤᠸᠠᠨ ᠤᠯᠤᠰ ᠤ᠋ᠨ ᠲᠡᠦᠬᠡ》 ᠳ᠋ᠦ᠍ ᠠᠯᠠᠭ ᠰᠦᠯᠳᠡ ᠶ᠋ᠢ 《ᠬᠤᠸᠠ ᠮᠣᠤ ᠳ᠋ᠣᠣ (花旄纛)》᠂ 《ᠶᠢᠩ ᠴᠢᠶᠠᠩ (英枪)》᠃《ᠲᠢᠶᠧ ᠹᠠᠨ ᠭᠠᠨ(铁幡竿)》 ᠭᠡᠬᠦ ᠮᠡᠲᠦᠴᠢᠯᠡᠨ ᠣᠯᠠᠨ ᠶᠠᠩᠵᠤ ᠪᠠᠷ ᠣᠷᠴᠢᠭᠤᠯᠤᠨ ᠨᠡᠷᠡᠯᠡᠭᠰᠡᠨ ᠪᠠᠢᠳᠠᠭ᠃ ᠭᠡᠪᠡᠴᠦ ᠬᠢᠲᠠᠳ ᠰᠣᠶᠣᠯ ᠤ᠋ᠨ ᠬᠦᠷᠢᠶᠡᠨ ᠳ᠋ᠦ᠍ ᠡᠢᠮᠦ ᠠᠯᠠᠭ ᠰᠦᠯᠳᠡ ᠶ᠋ᠢ ᠪᠦᠲᠦᠭᠡᠨ ᠲᠠᠬᠢᠭ᠍ᠰᠠᠨ ᠦᠢᠯᠡᠳᠦᠯᠭᠡ ᠦᠭᠡᠢ ᠪᠣᠯᠬᠣᠷ ᠡᠨᠡ ᠣᠷᠴᠢᠭᠤᠯᠭ᠎ᠠ ᠨᠢ ᠪᠦᠷ ᠣᠨᠣᠪᠴᠢ ᠦᠭᠡᠢ ᠪᠣᠯᠵᠠᠢ᠂ ᠡᠢᠮᠦ ᠡᠴᠡ ᠬᠢᠲᠠᠳ ᠬᠡᠯᠡᠨ ᠳᠡᠭᠡᠷ᠎ᠡ ᠭᠠᠰᠢ ᠯᠠ 《阿拉格苏勒德》 ᠭᠡᠰᠡᠨ ᠠᠪᠢᠶᠠᠴᠢᠯᠠᠭᠰᠠᠨ ᠣᠷᠴᠢᠭᠤᠯᠭ᠎ᠠ ᠶ᠋ᠢ ᠠᠪᠬᠤ ᠬᠡᠷᠡᠭᠲᠡᠢ ᠪᠠᠢᠨ᠎ᠠ᠃ ᠠᠯᠠᠭ ᠰᠦᠯᠳᠡ ᠶ᠋ᠢᠨ ᠮᠠᠨᠵᠢᠯᠭ᠎ᠠ ᠶ᠋ᠢ ᠣᠩᠭᠤᠨ ᠴᠠᠭᠠᠨ ᠠᠵᠢᠷᠭ᠎ᠠ ᠪᠣᠯᠤᠨ ᠣᠩᠭᠤᠨ ᠬᠠᠷ᠎ᠠ ᠠᠵᠢᠷᠭᠠᠨ ᠤ᠋ ᠬᠥᠬᠥᠯ ᠢ᠋ᠶ᠋ᠡᠷ ᠬᠢᠵᠦ᠂ ᠣᠨᠴᠠᠭᠠᠢ ᠨᠢᠭᠡᠨ ᠤᠳᠬ᠎ᠠ ᠶ᠋ᠢ ᠢᠯᠡᠳᠬᠡᠳᠡᠭ ᠪᠣᠯᠬᠣᠷ ᠲᠡᠭᠦᠨ ᠤ ᠮᠠᠨᠵᠢᠯᠭ᠎ᠠ ᠶ᠋ᠢᠨ ᠥᠩᠭᠡ ᠪᠡᠷ ᠨᠢ ᠠᠯᠠᠭ ᠰᠦᠯᠳᠡ ᠭᠡᠵᠦ ᠨᠡᠷᠡᠢᠳᠦᠭᠰᠡᠨ ᠭᠡᠳᠡᠭ᠃ ᠠᠷᠪᠠᠨ ᠨᠢᠭᠡᠳᠦᠭᠡᠷ ᠵᠠᠭᠤᠨ ᠤ᠋ ᠦᠶ᠎ᠡ ᠳ᠋ᠦ᠍ ᠪᠣᠷᠵᠢᠭᠢᠨ ᠣᠪᠣᠭᠲᠠᠨ ᠳᠣᠬᠢᠭᠤᠷ ᠳᠣᠯᠣᠭᠠᠨ ᠣᠳᠣᠨ ᠤ᠋ ᠪᠦᠷᠢᠯᠸ᠎ᠠ ᠠᠯᠠᠭ ᠰᠦᠯᠳᠡ ᠶ᠋ᠢ ᠪᠦᠲᠦᠭᠡᠨ ᠲᠠᠬᠢᠵᠤ ᠪᠠᠢᠵᠠᠢ᠃ 
       ᠠᠷᠪᠠᠨ ᠬᠣᠶᠠᠳᠤᠭᠠᠷ ᠵᠠᠭᠤᠨ ᠤ᠋ ᠡᠬᠢ ᠪᠡᠷ ᠪᠣᠷᠵᠢᠭᠢᠨ ᠣᠪᠣᠭ ᠤᠭᠰᠠᠭᠠᠲᠠᠨ ᠤ᠋ ᠡᠪ ᠨᠢᠭᠡᠳᠦᠯ ᠨᠢ ᠶᠡᠬᠡ ᠪᠡᠷ ᠴᠢᠩᠭᠠᠷᠠᠵᠤ᠂ ᠪᠣᠷᠵᠢᠭᠢᠨ ᠣᠪᠣᠭ ᠤ᠋ᠨ ᠬᠠᠪᠤᠯ ᠬᠠᠨ ᠨᠢ ᠬᠠᠮᠤᠭ ᠮᠣᠩᠭᠣᠯ ᠢ᠋ ᠵᠠᠬᠢᠷᠴᠤ ᠮᠣᠩᠭᠣᠯ ᠠᠢᠮᠠᠭ ᠢ᠋ ᠪᠡᠶ᠎ᠡ ᠪᠡᠨ ᠳᠠᠭᠠᠭᠠᠭᠰᠠᠨ ᠲᠤᠰᠠᠭᠠᠷ ᠤᠯᠤᠰ ᠪᠣᠯᠭᠠᠵᠠᠢ᠃ᠮᠣᠩᠭᠣᠯᠴᠤᠳ ᠡᠭᠦᠨ ᠢ᠋ ᠠᠯᠠᠭ ᠰᠦᠯᠳᠡ ᠶ᠋ᠢᠨ ᠢᠪᠡᠭᠡᠯ ᠭᠡᠵᠦ ᠦᠵᠡᠭᠡᠳ ᠠᠯᠠᠭ ᠰᠦᠯᠳᠡ ᠶ᠋ᠢ ᠢᠳᠡᠭᠡᠨ ᠪᠢᠰᠢᠷᠡᠬᠦ ᠰᠡᠳᠬᠢᠴᠡ ᠨᠢ ᠤᠯᠠᠮ ᠢ᠋ᠶ᠋ᠠᠷ ᠨᠡᠮᠡᠭᠳᠡᠵᠦ᠂ ᠠᠯᠠᠭ ᠰᠦᠯᠳᠡ ᠶ᠋ᠢ ᠬᠠᠮᠤᠭ ᠮᠣᠩᠭᠣᠯ ᠢ᠋ᠶ᠋ᠠᠷ ᠢ᠋ᠶ᠋ᠠᠨ ᠳᠡᠭᠡᠳᠦᠯᠡᠨ ᠰᠢᠲᠦᠬᠦ ᠪᠣᠯᠵᠠᠢ᠃ ᠡᠢᠮᠦ ᠡᠴᠡ ᠠᠯᠠᠭ ᠰᠦᠯᠳᠡ ᠳ᠋ᠦ᠍ ᠳᠠᠭᠠᠳᠬᠠᠳᠠᠭ ᠠᠭᠤᠯᠭ᠎ᠠ ᠨᠢ ᠠᠭᠠᠵᠢᠮ ᠢ᠋ᠶ᠋ᠠᠷ ᠡᠪ ᠨᠢᠭᠡᠳᠦᠯ ᠢ᠋ ᠪᠡᠯᠭᠡᠳᠡᠭᠰᠡᠨ ᠣᠨᠴᠠᠭᠠᠢ ᠤᠳᠬ᠎ᠠ ᠲᠠᠢ ᠪᠣᠯᠤᠨ ᠤᠯᠠᠷᠢᠨ ᠬᠤᠪᠢᠷᠠᠵᠠᠢ᠃ ᠪᠢᠴᠢᠭ ᠰᠤᠳᠤᠷ ᠤ᠋ᠨ ᠲᠡᠮᠳᠡᠭᠯᠡᠯ ᠤᠨ ᠭᠡᠷᠡᠴᠢᠯᠡᠬᠦ ᠪᠡᠷ ᠮᠣᠩᠭᠣᠯᠴᠤᠳ ᠤ᠋ᠨ ᠳᠡᠭᠡᠳᠦᠰ ᠠᠯᠢ ᠡᠷᠲᠡᠨ ᠡᠴᠡ ᠠᠯᠠᠭ ᠰᠦᠯᠳᠡ ᠶ᠋ᠢ ᠡᠪ ᠨᠢᠭᠡᠳᠦᠯ ᠤᠨ ᠪᠡᠯᠭᠡᠳᠡᠯ ᠢ᠋ᠶ᠋ᠡᠷ ᠳᠡᠭᠡᠳᠦᠯᠡᠨ ᠬᠡᠷᠡᠭᠯᠡᠵᠦ ᠪᠠᠢᠵᠠᠢ᠃ ᠲᠠᠢᠴᠢᠭᠤᠳ ᠤ᠋ᠨ ᠲᠠᠷᠭᠤᠲᠠᠢ ᠬᠢᠷᠢᠯᠳᠦᠭ ᠶᠢᠰᠦᠭᠡᠢ ᠪᠠᠭᠠᠲᠤᠷ ᠦᠭᠡᠢ ᠪᠣᠯᠤᠭᠰᠠᠨ ᠤ᠋ ᠬᠣᠢᠨ᠎ᠠ ᠲᠡᠮᠦᠵᠢᠨ ᠤ ᠪᠠᠯᠴᠢᠷ ᠪᠠᠭ᠎ᠠ ᠪᠠᠢᠬᠤ ᠶ᠋ᠢ ᠵᠠᠪᠳᠤᠵᠤ ᠬᠠᠭᠠᠴᠠᠯ ᠡᠭᠦᠰᠬᠡᠨ ᠬᠠᠮᠤᠭ ᠮᠣᠩᠭᠣᠯ ᠤ᠋ᠨ ᠬᠠᠨ ᠰᠠᠭᠤᠬᠤ ᠪᠠᠷ ᠣᠷᠣᠯᠳᠣᠵᠠᠢ᠃ ᠡᠨᠡ ᠬᠦ᠌ ᠬᠠᠭᠠᠴᠠᠨ ᠰᠠᠯᠵᠤ ᠪᠠᠢᠭ᠎ᠠ ᠵᠠᠩᠭᠢᠯᠠᠭ᠎ᠠ ᠶ᠋ᠢᠨ ᠴᠠᠭ ᠮᠥᠴᠡ ᠳ᠋ᠦ᠍ ᠥᠭᠡᠯᠦᠨ ᠥᠵᠢᠨ ᠲᠤᠭ (ᠠᠯᠠᠭ ᠲᠤᠭ) ᠢ᠋ ᠲᠠᠬᠢᠵᠤ ᠰᠠᠭᠤᠭᠰᠠᠨ ᠦᠭᠡᠢ ᠬᠠᠷᠢᠨ ᠲᠤᠭ ᠢ᠋ᠶ᠋ᠠᠨ ᠥᠨᠳᠥᠷ ᠮᠠᠨᠳᠤᠭᠤᠯᠵᠤ ᠤᠯᠤᠰ ᠢᠷᠭᠡᠳ ᠤᠨ ᠪᠦᠯᠬᠦᠮᠳᠡᠨ ᠨᠢᠭᠡᠳᠬᠦ ᠶ᠋ᠢᠨ ᠪᠡᠯᠭᠡᠳᠡᠯ ᠪᠣᠯᠭᠠᠭᠰᠠᠨ ᠪᠠᠢᠨ᠎ᠠ᠃ ᠪᠠᠰᠠ ᠬᠡᠯᠡᠪᠡᠯ ᠮᠥᠩᠬᠡ ᠬᠠᠭᠠᠨ ᠤ᠋ ᠵᠢᠷᠭᠤᠳᠤᠭᠠᠷ ᠣᠨ ᠳ᠋ᠤ᠌ ᠬᠤᠪᠢᠯᠠᠢ ᠪᠠᠭ᠎ᠠ ᠬᠤᠷᠠᠬᠤ ᠶ᠋ᠢᠨ ᠠᠭᠤᠯᠠ ᠶ᠋ᠢᠨ ᠬᠣᠷᠮᠣᠢ ᠯᠤᠸᠠᠨ ᠾᠧ ᠭᠣᠣᠯ ᠤ᠋ᠨ ᠳᠡᠭᠡᠳᠦ ᠤᠷᠤᠰᠬᠠᠯ ᠤ᠋ᠨ ᠬᠣᠢᠲᠤ ᠳᠡᠨᠵᠢᠨ ᠳᠡᠭᠡᠷ᠎ᠡ ᠰᠢᠨ᠎ᠡ ᠬᠣᠲᠠ ᠶ᠋ᠢ ᠡᠬᠢᠯᠡᠵᠦ ᠪᠠᠢᠭᠤᠯᠬᠤ ᠳ᠋ᠤ᠌ ᠠᠯᠠᠭ ᠰᠦᠯᠳᠡ ᠶ᠋ᠢ ᠬᠠᠳᠠᠨᠲᠠᠶ ᠠᠭᠤᠯᠠ ᠶ᠋ᠢᠨ ᠣᠷᠣᠢ ᠳᠡᠭᠡᠷ᠎ᠡ ᠵᠠᠯᠠᠵᠤ᠂ ᠲᠥᠷᠥᠯ ᠤᠭᠰᠠᠭ᠎ᠠ ᠪᠠᠷ ᠢ᠋ᠶ᠋ᠠᠨ ᠡᠪ ᠪᠦᠯᠬᠦᠮᠳᠡᠯ ᠲᠡᠢ ᠪᠠᠢᠬᠤ ᠶ᠋ᠢ ᠪᠡᠯᠭᠡᠳᠡᠵᠡᠢ᠃ ᠣᠳᠣ ᠦᠶ᠎ᠡ ᠪᠣᠯᠬᠤ ᠳ᠋ᠤ᠌ ᠠᠯᠠᠭ ᠰᠦᠯᠳᠡ ᠨᠢ ᠡᠷᠬᠢᠮ ᠳᠡᠭᠡᠳᠦ ᠪᠡᠯᠭᠡᠳᠡᠯ ᠤᠨ ᠡᠳ᠋ ᠪᠣᠯᠵᠤ ᠮᠣᠩᠭᠣᠯᠴᠤᠳ ᠲᠤ᠌ ᠳᠡᠭᠡᠳᠦᠯᠡᠭᠳᠡᠨ ᠰᠢᠲᠦᠭᠳᠡᠭᠰᠡᠭᠡᠷ ᠪᠠᠢᠭ᠎ᠠ᠃ 
       ᠠᠯᠠᠭ ᠰᠦᠯᠳᠡ ᠶ᠋ᠢ ᠪᠦᠲᠦᠭᠡᠬᠦ ᠳ᠋ᠦ᠍ ᠲᠤᠰᠬᠠᠢ ᠳᠠᠷᠬᠠᠳ ᠥᠯᠵᠡᠢ ᠪᠡᠯᠭᠡ ᠲᠡᠢ ᠡᠳ᠋᠂ ᠳᠦᠷᠰᠦ᠂ ᠥᠩᠭᠡ ᠪᠣᠯᠤᠨ ᠲᠣᠭ᠎ᠠ ᠶ᠋ᠢ ᠬᠡᠷᠡᠭᠯᠡᠵᠦ᠂ ᠬᠢᠯᠦᠪᠠᠷ᠂ ᠨᠠᠶᠠᠨ ᠨᠢᠭᠡ (ᠮᠠᠨᠵᠢᠯᠭ᠎ᠠ ᠵᠡᠭᠦᠬᠦ) ᠨᠦᠬᠡ ᠲᠡᠢ ᠮᠥᠩᠭᠥᠨ ᠴᠠᠷ᠎ᠠ᠂ ᠮᠠᠨᠵᠢᠯᠭ᠎ᠠ᠂ ᠰᠢᠯᠪᠢ ᠵᠡᠷᠭᠡ ᠳᠥᠷᠪᠡᠨ ᠬᠡᠰᠡᠭ ᠪᠦᠲᠦᠴᠡ ᠡᠳ᠋ ᠢ᠋ ᠲᠤᠰ ᠲᠤᠰ ᠲᠤ᠌ ᠨᠢ ᠦᠢᠯᠡᠳᠴᠦ᠂ ᠰᠦᠯᠳᠡ ᠶ᠋ᠢᠨ ᠲᠤᠰᠬᠠᠢ ᠠᠯᠪᠠᠲᠤ ᠳᠠᠷᠬᠠᠨ ᠢ᠋ᠶ᠋ᠠᠷ ᠤᠭᠰᠠᠷᠠᠭᠤᠯᠳᠠᠭ᠃ ᠲᠠᠬᠢᠯᠭ᠎ᠠ ᠶ᠋ᠢᠨ ᠠᠯᠠᠭ ᠰᠦᠯᠳᠡ ᠶ᠋ᠢ ᠷᠠᠪᠨᠠᠢᠯᠠᠭᠤᠯᠤᠭᠠᠳ ᠬᠡᠷᠡᠭᠯᠡᠳᠡᠭ ᠵᠠᠩᠰᠢᠯ ᠲᠠᠢ᠃ 
       ᠠᠯᠠᠭ ᠰᠦᠯᠳᠡ ᠶ᠋ᠢ ᠳᠡᠭᠡᠳᠦᠯᠡᠨ ᠰᠢᠲᠦᠬᠦ ᠭᠡᠰᠡᠨ ᠦᠭᠡᠨ ᠳ᠋ᠦ᠍ ᠬᠣᠶᠠᠷ ᠵᠦᠢᠯ ᠤᠨ ᠠᠭᠤᠯᠭ᠎ᠠ ᠪᠠᠭᠲᠠᠵᠤ ᠪᠠᠢᠳᠠᠭ᠃ ᠨᠢᠭᠡ ᠨᠢ ᠠᠯᠠᠭ ᠰᠦᠯᠳᠡ ᠶ᠋ᠢ ᠠᠵᠤ ᠠᠮᠢᠳᠤᠷᠠᠯ ᠤ᠋ᠨ ᠣᠨᠴᠠᠭᠠᠢ ᠤᠴᠢᠷ ᠶᠠᠪᠤᠳᠠᠯ ᠳᠡᠭᠡᠷ᠎ᠡ ᠪᠡᠯᠭᠡᠳᠡᠯ ᠤᠨ ᠡᠳ᠋ ᠢ᠋ᠶ᠋ᠡᠷ ᠬᠡᠷᠡᠭᠯᠡᠬᠦ᠂ ᠨᠥᠭᠦᠭᠡ ᠨᠢᠭᠡ ᠨᠢ ᠠᠯᠠᠭ ᠰᠦᠯᠳᠡ ᠶ᠋ᠢ ᠲᠠᠬᠢᠵᠤ᠂ ᠥᠪᠡᠷ ᠤᠨ ᠤᠴᠢᠷ ᠶᠠᠪᠤᠳᠠᠯ ᠢ᠋ᠶ᠋ᠠᠨ ᠠᠯᠠᠭ ᠰᠦᠯᠳᠡ ᠳ᠋ᠦ᠍ ᠨᠠᠮᠠᠨᠴᠢᠯᠠᠨ ᠳᠠᠭᠠᠳᠬᠠᠬᠤ ᠪᠣᠯᠤᠨ᠎ᠠ᠃ ᠣᠳᠣ ᠬᠣᠶᠠᠳᠤᠭᠠᠷ ᠠᠭᠤᠯᠭ᠎ᠠ ᠨᠢ ᠭᠣᠣᠯ ᠪᠠᠢᠷᠢ ᠶ᠋ᠢ ᠡᠵᠡᠯᠡᠵᠦ ᠪᠣᠢ᠃ 
       ᠴᠠᠭᠠᠨ᠂ ᠬᠠᠷ᠎ᠠ ᠪᠣᠯᠤᠨ ᠠᠯᠠᠭ ᠭᠤᠷᠪᠠᠨ ᠶᠡᠬᠡ ᠰᠦᠯᠳᠡ ᠶ᠋ᠢᠨ ᠤᠬᠠᠭᠳᠠᠬᠤᠨ ᠢ᠋ ᠬᠠᠮᠲᠤ ᠳ᠋ᠤ᠌ ᠨᠢ ᠥᠭᠦᠯᠡᠭᠰᠡᠨ ᠲᠤᠯᠠ ᠵᠠᠷᠢᠮ ᠵᠦᠢᠯ ᠳ᠋ᠦ᠍ ᠳᠠᠪᠲᠠᠭᠳᠠᠭᠰᠠᠨ ᠭᠠᠵᠠᠷ ᠪᠣᠢ᠃ ᠡᠷᠳᠡᠮᠲᠡᠨ ᠮᠡᠷᠭᠡᠳ ᠤᠨ ᠮᠠᠷᠭᠤᠨ ᠥᠭᠦᠯᠡᠬᠦ ᠶ᠋ᠢ ᠴᠢᠩ ᠰᠡᠳᠬᠢᠯ ᠡᠴᠡ ᠪᠡᠨ ᠬᠦᠰᠡᠵᠦ ᠪᠠᠢᠨ᠎ᠠ᠃ 
            
                          2012 ᠣᠨ ᠤ᠋ 10 ᠰᠠᠷ᠎ᠠ ᠶ᠋ᠢᠨ 25 ᠤ᠋ ᠡᠳᠦᠷ 

     【ᠵᠣᠬᠢᠶᠠᠯ ᠤ᠋ᠨ ᠲᠠᠨᠢᠯᠴᠠᠭᠤᠯᠭ᠎ᠠ】 2012 ᠣᠨ ᠤ᠋ 9 ᠰᠠᠷ᠎ᠠ ᠳ᠋ᠤ᠌ ᠶᠤᠸᠠᠨ ᠤ᠋ ᠳᠡᠭᠡᠳᠦ ᠨᠡᠢᠰᠯᠡᠯ ᠢ᠋ ᠰᠤᠳᠤᠯᠬᠤ ᠲᠥᠪ ᠨᠠᠮ᠎ᠠ ᠶ᠋ᠢ ᠤᠷᠢᠨ ᠵᠠᠯᠠᠵᠤ᠂《ᠬᠣᠶᠠᠳᠤᠭᠠᠷ ᠬᠤᠭᠤᠴᠠᠭᠠᠨ ᠤ᠋ ᠶᠤᠸᠠᠨ ᠤ᠋ ᠳᠡᠭᠡᠳᠦ ᠨᠡᠢᠰᠯᠡᠯ ᠤᠨ ᠪᠠᠭᠤᠷᠢ ᠬᠢᠭᠡᠳ ᠰᠣᠶᠣᠯ ᠢ᠋ ᠰᠤᠳᠤᠯᠤᠨ ᠶᠠᠷᠢᠯᠴᠠᠬᠤ ᠬᠤᠷᠠᠯ》 ᠳ᠋ᠤ᠌ ᠣᠷᠣᠯᠴᠠᠭᠤᠯᠬᠤ ᠳ᠋ᠤ᠌ ᠪᠢ 《ᠡᠳᠦᠭᠡ ᠦᠶ᠎ᠡ ᠶ᠋ᠢᠨ ᠰᠦᠯᠳᠡ ᠶ᠋ᠢᠨ ᠤᠬᠠᠭᠳᠠᠬᠤᠨ ᠢ᠋ ᠲᠤᠷᠰᠢᠨ ᠥᠭᠦᠯᠡᠬᠦ ᠨᠢ》 ᠭᠡᠰᠡᠨ ᠭᠠᠷᠴᠠᠭ ᠲᠠᠢ ᠥᠭᠦᠯᠡᠯ ᠢ᠋ ᠲᠤᠭᠤᠷᠪᠢᠨ ᠪᠢᠴᠢᠭᠡᠳ ᠰᠤᠳᠤᠯᠤᠨ ᠶᠠᠷᠢᠯᠴᠠᠬᠤ ᠬᠤᠷᠠᠯ ᠳ᠋ᠤ᠌ ᠳᠡᠪᠰᠢᠭᠦᠯᠵᠡᠢ᠃ ᠲᠤᠰ ᠵᠢᠯ ᠦ᠋ᠨ11 ᠰᠠᠷ᠎ᠠ ᠳ᠋ᠤ᠌ 《ᠭᠤᠷᠪᠠᠳᠤᠭᠠᠷ ᠬᠤᠭᠤᠴᠠᠭᠠᠨ ᠤ᠋ ᠴᠢᠩᠭᠢᠰ ᠬᠠᠭᠠᠨ ᠤ᠋ ᠳᠠᠢᠯᠭ᠎ᠠ ᠶ᠋ᠢᠨ ᠲᠠᠬᠢᠯᠭ᠎ᠠ ᠶ᠋ᠢᠨ ᠰᠣᠶᠣᠯ ᠤ᠋ᠨ ᠰᠤᠳᠤᠯᠤᠨ ᠶᠠᠷᠢᠯᠴᠠᠬᠤ ᠬᠤᠷᠠᠯ》 ᠠ᠋ᠴᠠ ᠪᠦᠬᠦ ᠣᠷᠣᠨ ᠤ᠋ ᠬᠡᠪᠴᠢᠶᠡᠨ ᠳ᠋ᠦ᠍ ᠡᠷᠳᠡᠮ ᠰᠢᠨᠵᠢᠯᠡᠭᠡᠨ ᠤ ᠥᠭᠦᠯᠡᠯ ᠢ᠋ ᠡᠯᠰᠡᠬᠦ ᠳ᠋ᠦ᠍ ᠲᠤᠰ ᠥᠭᠦᠯᠡᠯ ᠨᠢ ᠰᠣᠩᠭᠣᠭᠳᠠᠨ ᠣᠷᠣᠭᠠᠳ ᠡᠨᠡ ᠬᠤᠷᠠᠯ ᠳ᠋ᠤ᠌ ᠣᠷᠣᠯᠴᠠᠵᠠᠢ᠃ 2013 ᠣᠨ ᠤ᠋ ᠨᠢᠭᠡᠳᠦᠭᠡᠷ ᠬᠤᠭᠤᠴᠠᠭᠠᠨ ᠤ᠋ 《ᠰᠢᠯᠢ ᠶ᠋ᠢᠨ ᠭᠣᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠤ ᠰᠡᠳᠬᠦᠯ》 ᠳ᠋ᠦ᠍ ᠨᠡᠢᠲᠡᠯᠡᠭᠳᠡᠪᠡ᠃ 

                                            ᠵᠣᠬᠢᠶᠠᠭᠴᠢ