ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-14> Сүлдийн соёлын судлал – Минжуур<дээд-14> ᠵᠠᠩ ᠦᠢᠯᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-14> Сүлдийн соёлын судлал – Минжуур<дээд-14>

ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠡᠭᠡᠳᠦ-14> Сүлдийн соёлын судлал – Минжуур<дээд-14>

ᠠᠩᠭᠢᠯᠠᠯ:ᠵᠠᠩ ᠦᠢᠯᠡ
2026-02-28

59

ᠲᠤᠭ ᠤ᠋ᠨ ᠥᠨᠢᠳᠡ ᠲᠣᠭᠲᠠᠨᠢᠭᠰᠠᠨ ᠤᠴᠢᠷ ᠰᠢᠯᠲᠠᠭᠠᠨ ᠢ᠋ ᠲᠣᠳᠣᠷᠠᠭᠤᠯᠤᠨ ᠥᠭᠦᠯᠡᠬᠦ ᠨᠢ


    【ᠠᠭᠤᠯᠭ᠎ᠠ ᠶ᠋ᠢᠨ ᠲᠣᠪᠴᠢ】 ᠲᠤᠭ (ᠰᠦᠯᠳᠡ) ᠨᠢ ᠤᠷᠲᠤ ᠬᠤᠭᠤᠴᠠᠭᠠᠨ ᠤ᠋ 
                ᠤᠯᠠᠮᠵᠢᠯᠠᠯ ᠵᠠᠯᠭᠠᠮᠵᠢᠯᠠᠯ ᠤ᠋ᠨ ᠲᠡᠦᠬᠡᠨ ᠶᠠᠪᠤᠴᠠ ᠶ᠋ᠢ ᠥᠩᠭᠡᠷᠡᠭᠡᠬᠦ ᠳᠤᠮᠳᠠ 
                ᠨᠢᠭᠡᠨ ᠰᠢᠳᠢᠲᠦ ᠡᠳ᠋ ᠡᠴᠡ ᠪᠡᠨ ᠠᠭᠠᠵᠢᠮ ᠢ᠋ᠶ᠋ᠠᠷ ᠡᠷᠬᠢᠮ ᠳᠡᠭᠡᠳᠦ 
                ᠪᠡᠯᠭᠡᠳᠡᠯ ᠤᠨ ᠡᠳ᠋ ᠪᠣᠯᠤᠨ ᠬᠤᠪᠢᠷᠠᠵᠤ ᠶᠢᠷᠲᠢᠨᠴᠦ ᠳᠡᠭᠡᠷ᠎ᠡ ᠲᠣᠭᠲᠠᠨᠢᠭᠠᠳ 
                ᠬᠣᠷᠢᠨ ᠨᠢᠭᠡᠳᠦᠭᠡᠷ ᠵᠠᠭᠤᠨ ᠤ᠋ ᠠᠯᠲᠠᠨ ᠪᠣᠱᠣᠭ᠎ᠠ ᠶ᠋ᠢ ᠠᠯᠬᠤᠨ ᠣᠷᠣᠵᠠᠢ᠃
                ᠲᠤᠰ ᠥᠭᠦᠯᠡᠯ ᠳ᠋ᠦ᠍ ᠲᠡᠦᠬᠡᠨ ᠮᠠᠲ᠋ᠧᠷᠢᠶᠠᠯ ᠪᠠ ᠰᠤᠳᠤᠯᠭᠠᠨ ᠤ᠋ 
                ᠦᠷ᠎ᠡ ᠳ᠋ᠦᠩ ᠢ᠋ ᠦᠨᠳᠦᠰᠦᠯᠡᠨ ᠲᠤᠭ ᠤ᠋ᠨ ᠥᠨᠢᠳᠡ ᠲᠣᠭᠲᠠᠨᠢᠵᠤ 
                ᠴᠢᠳᠠᠭᠰᠠᠨ ᠰᠢᠯᠲᠠᠭᠠᠨ ᠢ᠋ ᠰᠢᠨᠵᠢᠯᠡᠨ ᠲᠣᠳᠣᠷᠬᠠᠢᠯᠠᠬᠤ ᠪᠣᠯᠤᠨ᠎ᠠ᠃ 
     【ᠵᠠᠩᠭᠢᠯᠠᠭ᠎ᠠ ᠦᠭᠡ】 ᠲᠤᠭ᠂ ᠥᠨᠢᠳᠡ ᠲᠣᠭᠲᠠᠨᠢᠭᠰᠠᠨ ᠰᠢᠯᠲᠠᠭᠠᠨ᠂ 
                         ᠲᠣᠳᠣᠷᠠᠭᠤᠯᠤᠨ ᠥᠭᠦᠯᠡᠬᠦ ᠨᠢ᠃ 

       ᠲᠤᠭ (ᠰᠦᠯᠳᠡ) ᠪᠣᠯ ᠮᠣᠩᠭᠣᠯ ᠦᠨᠳᠦᠰᠦᠲᠡᠨ ᠤ ᠢᠵᠠᠭᠤᠷ ᠳᠡᠭᠡᠳᠦᠰ ᠤᠨ ᠪᠦᠲᠦᠭᠡᠨ ᠲᠠᠬᠢᠭ᠍ᠰᠠᠨ ᠰᠢᠳᠢᠲᠦ ᠡᠳ᠋ ᠪᠣᠯᠤᠨ᠎ᠠ᠃ ᠲᠡᠷᠡ ᠪᠣᠯ ᠲᠡᠭᠷᠢ ᠲᠠᠬᠢᠬᠤ ᠰᠣᠶᠣᠯ ᠤ᠋ᠨ ᠪᠦᠲᠦᠭᠡᠭᠳᠡᠬᠦᠨ ᠮᠥᠨ᠃ ᠲᠤᠭ ᠲᠤ᠌ ᠴᠠᠭᠠᠨ ᠲᠤᠭ᠂ ᠬᠠᠷ᠎ᠠ ᠲᠤᠭ᠂ ᠠᠯᠠᠭ ᠲᠤᠭ ᠭᠡᠰᠡᠨ ᠭᠤᠷᠪᠠᠨ ᠵᠦᠢᠯ ᠪᠣᠢ᠃ᠮᠣᠩᠭᠣᠯᠴᠤᠳ ᠲᠤᠭ ᠢ᠋ ᠪᠢᠳᠡᠨ ᠤ ᠣᠶᠤᠨ ᠰᠠᠨᠠᠭᠠᠨ ᠤ᠋ ᠲᠤᠯᠭᠠᠭᠤᠷ ᠪᠣᠯᠤᠭᠰᠠᠨ ᠡᠳ᠋ ᠭᠡᠵᠦ ᠦᠵᠡᠭᠡᠳ 《ᠠᠯᠲᠠᠨ ᠪᠢᠴᠢᠭ》 ᠡᠴᠡ ᠡᠬᠢᠯᠡᠨ ᠬᠣᠵᠢᠮ ᠤ᠋ᠨ ᠰᠤᠷᠪᠤᠯᠵᠢ ᠨᠣᠮ ᠬᠦᠷᠲᠡᠯ᠎ᠡ ᠪᠦᠷ ᠰᠦᠯᠳᠡ ᠭᠡᠵᠦ ᠬᠦᠨᠳᠦᠳᠬᠡᠨ ᠲᠡᠮᠳᠡᠭᠯᠡᠵᠡᠢ᠃ ᠭᠡᠪᠡᠴᠦ ᠵᠠᠷᠢᠮ ᠰᠤᠷᠪᠤᠯᠵᠢ ᠪᠢᠴᠢᠭ ᠲᠦ᠍ ᠪᠠᠰᠠ ᠲᠤᠭ ᠪᠣᠯᠤᠨ ᠰᠦᠯᠳᠡ ᠭᠡᠰᠡᠨ ᠬᠣᠶᠠᠷ ᠨᠡᠷ᠎ᠡ ᠶ᠋ᠢ ᠵᠡᠷᠭᠡᠴᠡᠭᠦᠯᠦᠨ ᠬᠡᠷᠡᠭᠯᠡᠭᠰᠡᠨ ᠴᠦ᠍ ᠪᠠᠢᠳᠠᠭ᠃ ᠰᠤᠳᠤᠯᠭᠠᠨ ᠤ᠋ ᠡᠭᠦᠳᠡᠨ ᠡᠴᠡ ᠦᠵᠡᠪᠡᠯ ᠬᠠᠰᠢ ᠯᠠ ᠲᠤᠭ ᠭᠡᠰᠡᠨ ᠤᠤᠯ ᠨᠡᠷ᠎ᠡ ᠶ᠋ᠢ ᠰᠡᠷᠭᠦᠭᠡᠨ ᠬᠡᠷᠡᠭᠯᠡᠪᠡᠯ ᠵᠣᠬᠢᠨ᠎ᠠ᠃ 
      ᠴᠠᠭᠠᠨ ᠲᠤᠭ ᠨᠢ ᠬᠡᠳᠦᠨ ᠮᠢᠩᠭᠠᠨ ᠣᠨ ᠤ᠋ ᠤᠯᠠᠮᠵᠢᠯᠠᠯ ᠵᠠᠯᠭᠠᠮᠵᠢᠯᠠᠯ ᠤ᠋ᠨ ᠲᠡᠦᠬᠡᠨ ᠶᠠᠪᠤᠴᠠ ᠶ᠋ᠢ ᠥᠩᠭᠡᠷᠡᠭᠡᠬᠦ ᠳᠤᠮᠳᠠ ᠰᠢᠳᠢᠲᠦ ᠡᠳ᠋ ᠡᠴᠡ ᠪᠡᠨ ᠠᠭᠠᠵᠢᠮ ᠢ᠋ᠶ᠋ᠠᠷ ᠡᠩᠬᠡᠵᠢᠨ᠂ ᠳᠠᠷᠤᠢ ᠡᠩᠬᠡ ᠲᠠᠢᠪᠤᠩ᠂ ᠬᠥᠭᠵᠢᠯ ᠪᠠᠳᠠᠷᠠᠯ᠂ ᠵᠣᠯ ᠵᠢᠷᠭᠠᠯ ᠤ᠋ᠨ ᠪᠡᠯᠭᠡᠳᠡᠯ ᠤᠨ ᠡᠳ᠋ ᠪᠣᠯᠤᠨ ᠬᠤᠪᠢᠷᠠᠵᠤ᠂ ᠶᠢᠷᠲᠢᠨᠴᠦ ᠳᠡᠭᠡᠷ᠎ᠡ ᠲᠣᠭᠲᠠᠨᠢᠭᠠᠳ ᠬᠣᠷᠢᠨ ᠨᠢᠭᠡᠳᠦᠭᠡᠷ ᠵᠠᠭᠤᠨ ᠤ᠋ ᠠᠯᠲᠠᠨ ᠪᠣᠱᠣᠭ᠎ᠠ ᠶ᠋ᠢ ᠠᠯᠬᠤᠨ ᠣᠷᠣᠵᠠᠢ᠃ ᠲᠡᠷᠡ ᠶᠠᠭᠠᠬᠢᠭᠠᠳ ᠨᠢᠭᠡᠨ ᠣᠳᠤᠨ ᠭᠠᠷᠠᠭ ᠮᠡᠲᠦ ᠥᠨᠢᠳᠡ ᠲᠣᠭᠲᠠᠨᠢᠵᠤ ᠴᠢᠳᠠᠭᠰᠠᠨ ᠪᠣᠢ? ᠲᠡᠦᠬᠡᠨ ᠮᠠᠲ᠋ᠧᠷᠢᠶᠠᠯ ᠪᠠ ᠰᠤᠳᠤᠯᠭᠠᠨ ᠤ᠋ ᠦᠷ᠎ᠡ ᠳ᠋ᠦᠩ ᠢ᠋ ᠦᠨᠳᠦᠰᠦᠯᠡᠨ ᠲᠡᠭᠦᠨ ᠤ ᠭᠣᠣᠯ ᠰᠢᠯᠲᠠᠭᠠᠨ ᠢ᠋ ᠨᠠᠷᠢᠪᠴᠢᠯᠠᠨ ᠰᠢᠨᠵᠢᠯᠡᠪᠡᠯ ᠱᠠᠰᠢᠨ ᠰᠤᠷᠲᠠᠬᠤᠨ᠂ ᠤᠯᠤᠰ ᠲᠥᠷᠥ ᠪᠣᠯᠤᠨ ᠪᠤᠰᠤᠳ ᠬᠦᠴᠦᠨ ᠵᠦᠢᠯ ᠮᠣᠩᠭᠣᠯᠴᠤᠳ ᠤ᠋ᠨ ᠴᠠᠭᠠᠨ ᠲᠤᠭ ᠤ᠋ᠨ ᠰᠣᠶᠣᠯ ᠢ᠋ ᠤᠯᠠᠮᠵᠢᠯᠠᠨ ᠪᠠᠳᠠᠷᠠᠭᠤᠯᠬᠤ ᠳ᠋ᠤ᠌ ᠨᠢ ᠲᠤᠢᠯ ᠤ᠋ᠨ ᠴᠢᠬᠤᠯᠠ ᠶᠡᠬᠡ ᠦᠢᠯᠡᠳᠦᠯ ᠦᠵᠡᠭᠦᠯᠵᠦ ᠪᠠᠢᠭᠰᠠᠨ ᠳ᠋ᠤ᠌ ᠣᠷᠣᠰᠢᠨ᠎ᠠ ᠭᠡᠵᠦ ᠨᠤᠲᠠᠯᠠᠵᠤ ᠪᠣᠯᠤᠨ᠎ᠠ᠃ ᠡᠭᠦᠨ ᠢ ᠪᠣᠳᠠᠲᠠᠢ ᠪᠠᠷ ᠲᠣᠳᠣᠷᠠᠭᠤᠯᠤᠨ ᠬᠡᠯᠡᠪᠡᠯ ᠨᠢᠭᠡ ᠳ᠋ᠦ᠍ ᠤᠤᠭᠠᠯ ᠱᠠᠰᠢᠨ ᠤ᠋ ᠦᠵᠡᠭᠦᠯᠦᠭᠰᠡᠨ ᠦᠢᠯᠡᠳᠦᠯ ᠪᠣᠯᠤᠨ᠎ᠠ᠃ ᠪᠥᠬᠡ ᠮᠥᠷᠭᠥᠯ ᠤᠨ ᠱᠠᠰᠢᠨ ᠪᠣᠯ ᠮᠣᠩᠭᠣᠯᠴᠤᠳ ᠤ᠋ᠨ ᠢᠵᠠᠭᠤᠷ ᠳᠡᠭᠡᠳᠦᠰ ᠤᠨ ᠡᠭᠦᠳᠦᠨ ᠪᠦᠲᠦᠭᠡᠭᠰᠡᠨ ᠣᠯᠠᠨ ᠰᠢᠲᠦᠭᠡᠨᠲᠦ ᠱᠠᠰᠢᠨ ᠶᠤᠮ᠃ ᠪᠥᠬᠡ ᠮᠥᠷᠭᠥᠯ ᠤᠨ ᠱᠠᠰᠢᠨ ᠨᠢ ᠡᠢᠮᠦ ᠨᠢᠭᠡ ᠣᠨᠴᠠᠯᠢᠭ ᠠ᠋ᠴᠠ ᠪᠣᠯᠵᠤ᠂ ᠮᠣᠩᠭᠣᠯᠴᠤᠳ ᠤ᠋ᠨ ᠢᠵᠠᠭᠤᠷ ᠳᠡᠭᠡᠳᠦᠰ ᠤᠨ ᠰᠢᠲᠦᠳᠡᠭ ᠰᠢᠳᠢᠲᠦ ᠡᠳ᠋(ᠳᠠᠷᠤᠢ ᠴᠠᠭᠠᠨ ᠲᠤᠭ ᠤ᠋ᠨ ᠡᠮᠦᠨ᠎ᠡ ᠪᠡᠶ᠎ᠡ ᠨᠢ ᠪᠣᠯᠤᠨ᠎ᠠ)  ᠢ ᠥᠪᠡᠷ ᠤᠨ ᠡᠵᠡᠳ ᠰᠢᠲᠦᠭᠳᠡᠬᠦᠨ ᠢ᠋ᠶ᠋ᠡᠨ ᠪᠣᠯᠭᠠᠨ᠂ ᠳᠥᠭᠥᠮ ᠪᠦᠳᠦᠭᠦᠯᠢᠭ ᠲᠠᠬᠢᠯᠭ᠎ᠠ ᠶ᠋ᠢ ᠦᠢᠯᠡᠳᠦᠭᠡᠳ ᠰᠢᠳᠢᠲᠦ ᠡᠳ᠋ ᠤᠨ ᠱᠠᠰᠢᠨ ᠰᠤᠷᠲᠠᠬᠤᠨ ᠤ᠋ ᠰᠣᠶᠣᠯ ᠤ᠋ᠨ ᠡᠭᠦᠰᠦᠯ ᠪᠦᠷᠢᠯᠳᠦᠯ ᠳ᠋ᠦ᠍ ᠴᠢᠬᠤᠯᠠ ᠦᠢᠯᠡᠳᠦᠯ ᠦᠵᠡᠭᠦᠯᠵᠡᠢ᠃ ᠡᠭᠦᠨ ᠤ ᠤᠯᠠᠮ ᠠ᠋ᠴᠠ ᠰᠢᠳᠢᠲᠦ ᠡᠳ᠋ ᠨᠢ ᠤᠮᠠᠷᠠᠲᠤ ᠶ᠋ᠢᠨ ᠣᠯᠠᠨ ᠨᠡᠭᠦᠳᠡᠯᠴᠢᠨ ᠦᠨᠳᠦᠰᠦᠲᠡᠨ ᠤ ᠲᠣᠮᠳᠠ ᠠᠳᠠᠯᠢ ᠪᠤᠰᠤ ᠶ᠋ᠢᠨ ᠨᠥᠯᠥᠭᠡ ᠲᠡᠢ ᠪᠣᠯᠵᠠᠢ᠃ ᠬᠣᠶᠠᠷ ᠲᠤ᠌ ᠾᠦᠩᠨᠦ ᠤᠯᠤᠰ ᠤ᠋ᠨ ᠦᠵᠡᠭᠦᠯᠦᠭᠰᠡᠨ ᠦᠢᠯᠡᠳᠦᠯ ᠪᠣᠯᠤᠨ᠎ᠠ᠃ ᠨᠡᠢᠲᠡ ᠶ᠋ᠢᠨ ᠤᠨ ᠲᠣᠭᠠᠯᠠᠯ ᠠ᠋ᠴᠠ ᠡᠮᠦᠨ᠎ᠡ 209 ᠣᠨ ᠳ᠋ᠤ᠌ ᠮᠤᠳᠤᠨ ᠴᠠᠨ ᠢᠦᠢ ᠾᠦᠩᠨᠦ ᠤᠯᠤᠰ ᠢ᠋ ᠪᠠᠢᠭᠤᠯᠬᠤ ᠳ᠋ᠤ᠌ ᠮᠣᠩᠭᠣᠯᠴᠤᠳ ᠤ᠋ᠨ ᠢᠵᠠᠭᠤᠷ ᠳᠡᠭᠡᠳᠦᠰ ᠤᠨ ᠰᠢᠲᠦᠵᠦ ᠪᠠᠢᠭᠰᠠᠨ ᠰᠢᠳᠢᠲᠦ ᠡᠳ᠋ ᠢ᠋ ᠲᠥᠷᠥ ᠶ᠋ᠢᠨ ᠲᠤᠭ ᠪᠣᠯᠭᠠᠨ ᠬᠦᠨᠳᠦᠯᠡᠨ ᠬᠡᠷᠡᠭᠯᠡᠵᠡᠢ᠃ ᠡᠨᠡ ᠨᠢ ᠲᠤᠭ ᠤ᠋ᠨ(ᠳᠠᠷᠤᠢ ᠴᠠᠭᠠᠨ ᠲᠤᠭ ᠤ᠋ᠨ ᠡᠮᠦᠨ᠎ᠡ ᠪᠡᠶ᠎ᠡ ᠨᠢ ᠪᠣᠯᠤᠨ᠎ᠠ) ᠦᠢᠯᠡᠳᠬᠦ ᠰᠣᠶᠣᠯ ᠪᠣᠯᠤᠨ ᠪᠡᠯᠭᠡᠳᠡᠯ ᠤᠨ ᠰᠣᠶᠣᠯ ᠤ᠋ᠨ ᠡᠭᠦᠰᠦᠯ ᠪᠦᠷᠢᠯᠳᠦᠯ ᠳ᠋ᠦ᠍ ᠴᠢᠬᠤᠯᠠ ᠦᠢᠯᠡᠳᠦᠯ ᠦᠵᠡᠭᠦᠯᠦᠭᠰᠡᠨ ᠢ᠋ᠶ᠋ᠡᠷ ᠦᠯᠦ ᠪᠠᠷᠠᠨ ᠪᠠᠰᠠ ᠪᠦᠬᠦᠢᠯᠡ ᠤᠮᠠᠷᠠᠲᠤ ᠶ᠋ᠢᠨ ᠨᠡᠭᠦᠳᠡᠯᠴᠢᠨ ᠦᠨᠳᠦᠰᠦᠲᠡᠨ᠂ ᠢᠯᠠᠩᠭᠤᠶ᠎ᠠ ᠮᠣᠩᠭᠣᠯ ᠠᠢᠮᠠᠭ ᠤ᠋ᠨ ᠳᠤᠮᠳᠠ ᠲᠤᠭ ᠤ᠋ᠨ ᠨᠥᠯᠥᠭᠡ ᠶ᠋ᠢ ᠥᠷᠭᠡᠳᠬᠡᠭᠰᠡᠨ ᠶᠦᠮ᠃ ᠶᠠᠭ ᠡᠢᠮᠦ ᠤᠴᠢᠷ ᠠ᠋ᠴᠠ ᠪᠣᠯᠵᠤ᠂ ᠬᠣᠵᠢᠮ ᠨᠢ ᠾᠦᠩᠨᠦ ᠶ᠋ᠢᠨ ᠲᠥᠷᠥ ᠨᠢ ᠵᠠᠳᠠᠷᠠᠭᠰᠠᠨ ᠪᠣᠯᠪᠠᠴᠤ ᠲᠡᠭᠦᠨ ᠤ ᠲᠣᠭ ᠨᠢ ᠬᠠᠷᠢᠨ ᠮᠣᠩᠭᠣᠯ ᠠᠢᠮᠠᠭ (ᠤᠯᠤᠰ) ᠲᠤ᠌ ᠰᠢᠲᠦᠭᠳᠡᠭᠰᠡᠭᠡᠷ ᠨᠠᠢ᠍ᠮᠠᠨ ᠵᠠᠭᠤ ᠭᠠᠷᠤᠢ ᠵᠢᠯ ᠪᠣᠯᠵᠠᠢ᠃ ᠭᠤᠷᠪᠠ ᠳ᠋ᠤ᠌ ᠴᠢᠩᠭᠢᠰ ᠬᠠᠭᠠᠨ ᠤ᠋ ᠦᠵᠡᠭᠦᠯᠦᠭᠰᠡᠨ ᠦᠢᠯᠡᠳᠦᠯ ᠪᠣᠯᠤᠨ᠎ᠠ᠃ ᠲᠡᠮᠦᠵᠢᠨ ᠮᠣᠩᠭᠣᠯ ᠠᠢᠮᠠᠭ (ᠤᠯᠤᠰ) ᠤ᠋ᠨ ᠬᠠᠨ ᠢ᠋ᠶ᠋ᠠᠷ ᠡᠷᠭᠦᠮᠵᠢᠯᠡᠭᠳᠡᠭᠰᠡᠨ ᠤ ᠳᠠᠷᠠᠭ᠎ᠠ᠂ ᠰᠣᠶᠣᠯ ᠤ᠋ᠨ ᠤᠯᠠᠮᠵᠢᠯᠠᠯ ᠢ᠋ᠶ᠋ᠠᠨ ᠬᠦᠨᠳᠦᠳᠬᠡᠨ ᠾᠦᠩᠨᠦ ᠶ᠋ᠢᠨ ᠲᠤᠭ ᠲᠤ᠌ ᠴᠠᠭᠠᠨ ᠠᠵᠢᠷᠭᠠᠨ ᠤ᠋ ᠬᠥᠬᠥᠯ ᠢ᠋ᠶ᠋ᠡᠷ ᠮᠠᠨᠵᠢᠯᠭ᠎ᠠ ᠬᠢᠵᠦ᠂ ᠪᠠᠳᠠᠷᠠᠩᠭᠤᠢ ᠶᠡᠬᠡ ᠴᠠᠭᠠᠨ ᠲᠤᠭ ᠪᠣᠯᠭᠠᠨ ᠰᠢᠨᠡᠳᠬᠡᠭᠰᠡᠨ ᠤ ᠬᠠᠮᠲᠤ ᠪᠠᠰᠠ ᠲᠡᠭᠦᠨ ᠤ ᠨᠠᠢ᠍ᠮᠠᠨ ᠵᠦᠭ ᠲᠦ᠍ ᠨᠢ ᠡᠯᠴᠢ ᠴᠠᠭᠠᠨ ᠲᠤᠭ ᠢ᠋ ᠨᠡᠮᠡᠷᠢᠯᠡᠵᠦ᠂ ᠶᠢᠰᠦ ᠶ᠋ᠢᠨ ᠪᠡᠯᠭᠡᠲᠦ ᠲᠣᠭ᠎ᠠ ᠶ᠋ᠢ ᠪᠦᠷᠢᠯᠳᠦᠭᠦᠯᠦᠭᠰᠡᠨ ᠴᠣᠭᠴᠠ ᠴᠠᠭᠠᠨ ᠲᠤᠭ ᠢ᠋ ᠡᠭᠦᠳᠦᠨ ᠪᠦᠲᠦᠭᠡᠵᠡᠢ᠃ᠮᠣᠩᠭᠣᠯ ᠤ᠋ᠨ ᠨᠢᠭᠡᠳᠦᠭᠰᠡᠨ ᠲᠤᠯᠭᠤᠷ ᠲᠥᠷᠥ ᠶ᠋ᠢ ᠪᠠᠢᠭᠤᠯᠬᠤ ᠳ᠋ᠤ᠌ ᠡᠨᠡ ᠬᠦ᠌ ᠶᠢᠰᠦᠨ ᠬᠥᠯᠲᠦ ᠴᠠᠭᠠᠨ ᠲᠤᠭ ᠢ᠋ᠶ᠋ᠠᠨ ᠤᠨᠤᠨ ᠮᠥᠷᠡᠨ ᠤ ᠬᠥᠪᠡᠭᠡᠨ ᠳ᠋ᠦ᠍ ᠮᠠᠨᠳᠤᠭᠤᠯᠵᠤ᠂ ᠲᠡᠮᠦᠵᠢᠨ ᠳ᠋ᠦ᠍ ᠴᠢᠩᠭᠢᠰ ᠬᠠᠭᠠᠨ ᠴᠣᠯᠠ ᠡᠷᠭᠦᠭᠰᠡᠨ ᠢ᠋ᠶ᠋ᠡᠨ ᠪᠦᠬᠦ ᠳᠡᠯᠡᠬᠡᠢ ᠳ᠋ᠦ᠍ ᠲᠤᠩᠬᠠᠭᠯᠠᠵᠠᠢ᠃ ᠡᠨᠡ ᠨᠢ ᠴᠠᠭᠠᠨ ᠲᠤᠭ ᠤ᠋ᠨ ᠦᠢᠯᠡᠳᠬᠦ ᠰᠣᠶᠣᠯ ᠪᠣᠯᠤᠨ ᠪᠡᠯᠭᠡᠳᠡᠯ ᠤᠨ ᠰᠣᠶᠣᠯ ᠤ᠋ᠨ ᠪᠦᠷᠢᠯᠳᠦᠨ ᠬᠥᠭᠵᠢᠬᠦ ᠳ᠋ᠦ᠍ ᠲᠤᠢᠯ ᠤ᠋ᠨ ᠴᠢᠬᠤᠯᠠ ᠦᠢᠯᠡᠳᠦᠯ ᠦᠵᠡᠭᠦᠯᠪᠡ᠃ ᠡᠭᠦᠨ ᠡᠴᠡ ᠴᠠᠭᠠᠨ ᠲᠤᠭ ᠲᠤ᠌ ᠲᠥᠷᠥ ᠭᠦᠷᠦᠨ ᠢ᠋ ᠲᠥᠯᠥᠭᠡᠯᠡᠭᠰᠡᠨ ᠭᠦᠨ ᠤᠳᠬ᠎ᠠ ᠨᠡᠮᠡᠭᠳᠡᠭᠰᠡᠨ ᠡᠴᠡ ᠭᠠᠳᠠᠨ᠎ᠠ ᠪᠠᠰᠠ ᠡᠩᠬᠡᠵᠢᠨ ᠪᠡᠯᠭᠡᠳᠡᠭᠰᠡᠨ ᠣᠨᠴᠠᠭᠠᠢ ᠤᠳᠬ᠎ᠠ ᠨᠢ ᠲᠣᠳᠣᠷᠠᠵᠤ᠂ ᠪᠦᠬᠦ ᠮᠣᠩᠭᠣᠯᠴᠤᠳ ᠤ᠋ᠨ ᠴᠠᠭᠠᠨ ᠲᠤᠭ ᠢ᠋ ᠳᠡᠭᠡᠳᠦᠯᠡᠨ ᠰᠢᠲᠦᠬᠦ ᠰᠡᠳᠬᠢᠴᠡ ᠳ᠋ᠦ᠍ ᠨᠢ ᠴᠢᠬᠤᠯᠠ ᠨᠥᠯᠥᠭᠡ ᠦᠵᠡᠭᠦᠯᠵᠡᠢ᠃ ᠳᠥᠷᠪᠡ ᠳ᠋ᠦ᠍ ᠲᠥᠷᠥ ᠶ᠋ᠢᠨ ᠱᠠᠰᠢᠨ ᠤ᠋ ᠦᠵᠡᠭᠦᠯᠦᠭᠰᠡᠨ ᠦᠢᠯᠡᠳᠦᠯ ᠪᠣᠯᠤᠨ᠎ᠠ᠃ ᠴᠢᠩᠭᠢᠰ ᠬᠠᠭᠠᠨ ᠶᠡᠬᠡ ᠮᠣᠩᠭᠣᠯ ᠤᠯᠤᠰ ᠢ᠋ ᠪᠠᠢᠭᠤᠯᠵᠤ ᠪᠥᠬᠡ ᠮᠥᠷᠭᠥᠯ ᠤᠨ ᠱᠠᠰᠢᠨ ᠢ᠋ ᠲᠥᠷᠥ ᠶ᠋ᠢᠨ ᠱᠠᠰᠢᠨ ᠪᠣᠯᠭᠠᠪᠠ᠃ ᠡᠢᠮᠦ ᠡᠴᠡ ᠪᠥᠬᠡ ᠮᠥᠷᠭᠥᠯ ᠤᠨ ᠱᠠᠰᠢᠨ ᠨᠢ ᠴᠠᠭᠠᠨ ᠲᠤᠭ ᠢ᠋ ᠡᠨᠡᠷᠢᠩᠭᠦᠢ ᠲᠠᠪᠢᠨ ᠲᠠᠪᠤᠨ ᠴᠠᠭᠠᠨ ᠲᠡᠭᠷᠢ ᠶ᠋ᠢᠨ ᠪᠦᠷᠢᠯᠸ᠎ᠠ ᠪᠠᠷ ᠦᠵᠡᠵᠦ᠂ ᠰᠡᠳᠬᠢᠯᠴᠢ ᠦᠵᠡᠯᠲᠡ ᠪᠡᠷ ᠴᠠᠭᠠᠨ ᠲᠤᠭ ᠢ᠋ ᠰᠤᠷᠲᠠᠯᠴᠢᠯᠠᠨ ᠤᠬᠠᠭᠤᠯᠵᠤ᠂ ᠲᠠᠬᠢᠯᠭ᠎ᠠ ᠶ᠋ᠢᠨ ᠶᠣᠰᠣ ᠳᠦᠷᠢᠮ ᠢ᠋ ᠪᠠᠢᠭᠤᠯᠵᠠᠢ᠃ ᠡᠨᠡ ᠨᠢ ᠴᠠᠭᠠᠨ ᠲᠤᠭ ᠤ᠋ᠨ ᠱᠠᠰᠢᠨ ᠰᠤᠷᠲᠠᠬᠤᠨ ᠤ᠋ ᠰᠣᠶᠣᠯ ᠤ᠋ᠨ ᠪᠠᠳᠠᠷᠠᠯᠲᠠ ᠳ᠋ᠤ᠌ ᠴᠢᠬᠤᠯᠠ ᠦᠢᠯᠡᠳᠦᠯ ᠦᠵᠡᠭᠦᠯᠵᠡᠢ᠃ᠡᠭᠦᠨ ᠤ ᠤᠯᠠᠮ ᠢ᠋ᠶ᠋ᠠᠷ ᠮᠣᠩᠭᠣᠯᠴᠤᠳ ᠤ᠋ᠨ ᠴᠠᠭᠠᠨ ᠲᠤᠭ ᠢ᠋ᠶ᠋ᠠᠨ ᠰᠢᠲᠦᠨ ᠪᠢᠰᠢᠷᠡᠬᠦ ᠰᠦᠰᠦᠭ ᠪᠢᠰᠢᠷᠡᠯ ᠨᠢ ᠴᠦ᠍ ᠤᠯᠠᠮ ᠬᠥᠭᠵᠢᠵᠡᠢ᠃ ᠲᠠᠪᠤ ᠳ᠋ᠤ᠌ ᠶᠡᠬᠡ ᠶᠤᠸᠠᠨ ᠤᠯᠤᠰ ᠤ᠋ᠨ ᠦᠵᠡᠭᠦᠯᠦᠭᠰᠡᠨ ᠦᠢᠯᠡᠳᠦᠯ ᠪᠣᠯᠤᠨ᠎ᠠ᠃ ᠬᠤᠪᠢᠯᠠᠢ ᠬᠠᠭᠠᠨ ᠶᠡᠬᠡ ᠶᠤᠸᠠᠨ ᠤᠯᠤᠰ ᠢ᠋ ᠪᠠᠢᠭᠤᠯᠬᠤ ᠳ᠋ᠤ᠌ ᠶᠡᠬᠡ ᠮᠣᠩᠭᠣᠯ ᠤᠯᠤᠰ ᠤ᠋ᠨ ᠲᠥᠷᠥ ᠶ᠋ᠢᠨ ᠴᠠᠭᠠᠨ ᠲᠤᠭ ᠢ᠋ ᠵᠠᠯᠭᠠᠮᠵᠢᠯᠠᠨ ᠠᠪᠴᠤ᠂ ᠶᠡᠬᠡ ᠶᠤᠸᠠᠨ ᠤᠯᠤᠰ ᠤ᠋ᠨ ᠪᠡᠯᠭᠡ ᠲᠡᠮᠳᠡᠭ ᠪᠣᠯᠭᠠᠨ ᠣᠯᠠᠨ ᠵᠦᠢᠯ ᠤᠨ ᠴᠢᠬᠤᠯᠠ ᠶᠠᠪᠤᠳᠠᠯ ᠳᠡᠭᠡᠷ᠎ᠡ ᠪᠦᠷ ᠳᠡᠭᠡᠳᠦᠯᠡᠨ ᠬᠡᠷᠡᠭᠯᠡᠵᠡᠢ᠃ ᠡᠨᠡ ᠨᠢ ᠴᠠᠭᠠᠨ ᠲᠤᠭ ᠤᠨ ᠪᠡᠯᠭᠡᠳᠡᠯ ᠤᠨ ᠰᠣᠶᠣᠯ ᠪᠠ ᠤᠯᠠᠮᠵᠢᠯᠠᠯᠲᠤ ᠦᠢᠯᠡᠳᠬᠦ ᠰᠣᠶᠣᠯ ᠤ᠋ᠨ ᠪᠠᠳᠠᠷᠠᠯᠲᠠ ᠳ᠋ᠤ᠌ ᠴᠢᠬᠤᠯᠠ ᠶᠡᠬᠡ ᠦᠢᠯᠡᠳᠦᠯ ᠦᠵᠡᠭᠦᠯᠵᠡᠢ᠃ ᠵᠢᠷᠭᠤᠭ᠎ᠠ ᠳ᠋ᠤ᠌ ᠡᠷᠢᠨᠴᠢᠨ ᠵᠢᠨᠦᠩ ᠤᠨ ᠦᠵᠡᠭᠦᠯᠦᠭᠰᠡᠨ ᠦᠢᠯᠡᠳᠦᠯ ᠪᠣᠯᠤᠨ᠎ᠠ᠃1634 ᠣᠨ ᠳ᠋ᠤ᠌ ᠯᠢᠭᠳᠡᠨ ᠬᠠᠭᠠᠨ ᠡᠪᠡᠳᠴᠢᠨ ᠢ᠋ᠶ᠋ᠡᠷ ᠬᠥᠬᠡᠨᠠᠭᠤᠷ ᠲᠤ᠌ ᠨᠠᠰᠤ ᠪᠠᠷᠠᠵᠤ᠂ ᠬᠣᠢᠲᠤ ᠶᠤᠸᠠᠨ ᠤᠯᠤᠰ ᠮᠠᠨᠵᠤ ᠶ᠋ᠢᠨ ᠲᠥᠷᠥ ᠶ᠋ᠢ ᠳᠠᠭᠠᠪᠠ᠃ ᠭᠡᠪᠡᠴᠦ ᠣᠷᠳᠣᠰ ᠲᠦᠮᠡᠨ ᠤ ᠡᠷᠢᠨᠴᠢᠨ ᠵᠢᠨᠦᠩ ᠮᠣᠩᠭᠣᠯ ᠦᠨᠳᠦᠰᠦᠲᠡᠨ ᠤ ᠢᠵᠠᠭᠤᠷ ᠳᠡᠭᠡᠳᠦᠰ ᠤᠨ ᠤᠯᠠᠮᠵᠢᠯᠠᠯᠲᠤ ᠴᠠᠭᠠᠨ ᠲᠤᠭ ᠤ᠋ᠨ ᠰᠢᠲᠦᠯᠭᠡ ᠪᠡᠨ ᠬᠠᠶᠠᠭᠰᠠᠨ ᠦᠭᠡᠢ᠂ ᠬᠠᠷᠢᠨ ᠱᠠᠨᠰᠢ ᠶ᠋ᠢᠨ ᠲᠡᠮᠡᠭᠡᠲᠦ ᠪᠠᠯᠭᠠᠰᠤᠨ ᠤ᠋ ᠨᠠᠭᠠᠭᠤᠷ ᠪᠠᠢᠬᠤ ᠴᠠᠭᠠᠨ ᠬᠡᠷᠡᠮ ᠢ᠋ ᠳᠠᠭᠠᠭᠰᠠᠨ ᠨᠤᠲᠤᠭ ᠪᠡᠯᠴᠢᠭᠡᠷ ᠢ᠋ᠶ᠋ᠡᠨ ᠵᠠᠢᠴᠢᠯᠠᠨ ᠭᠠᠷᠭᠠᠵᠤ᠂ ᠬᠥᠬᠡᠨᠠᠭᠤᠷ ᠠ᠋ᠴᠠ ᠪᠤᠴᠠᠵᠤ ᠢᠷᠡᠭᠰᠡᠨ ᠴᠠᠭᠠᠨ ᠲᠤᠭ ᠤ᠋ᠨ ᠠᠯᠪᠠᠲᠤ ᠢᠷᠭᠡᠳ ᠤᠨ ᠠᠮᠢᠳᠤᠷᠠᠯ ᠢ᠋ ᠨᠢ ᠲᠥᠪᠬᠢᠨᠡᠭᠦᠯᠵᠦ᠂ ᠴᠠᠭᠠᠨ ᠲᠤᠭ ᠤ᠋ᠨ ᠲᠠᠬᠢᠯᠭ᠎ᠠ ᠶ᠋ᠢ ᠦᠷᠭᠦᠯᠵᠢᠯᠡᠭᠦᠯᠬᠦ ᠨᠥᠬᠥᠴᠡᠯ ᠢ᠋ ᠪᠦᠷᠢᠯᠳᠦᠭᠦᠯᠦᠨ ᠥᠭᠴᠡᠢ᠂ 1649 ᠣᠨ ᠳ᠋ᠤ᠌ ᠮᠠᠨᠵᠤ ᠶ᠋ᠢᠨ ᠵᠠᠰᠠᠭ ᠤ᠋ᠨ ᠭᠠᠵᠠᠷ ᠠ᠋ᠴᠠ ᠣᠷᠳᠣᠰ ᠢ᠋ ᠶᠡᠬᠡ ᠵᠣᠣ ᠴᠢᠭᠤᠯᠭᠠᠨ ᠪᠣᠯᠭᠠᠬᠤ ᠳ᠋ᠤ᠌ ᠲᠡᠳᠡᠨᠡᠷ ᠢ᠋ ᠦᠦᠰᠢᠨ ᠬᠤᠰᠢᠭᠤᠨ ᠳ᠋ᠤ᠌ ᠣᠷᠣᠭᠤᠯᠵᠠᠢ᠃ ᠤᠯᠠᠮᠵᠢᠯᠠᠯᠲᠤ ᠴᠠᠭᠠᠨ ᠲᠤᠭ ᠢ᠋ ᠤᠤᠯ ᠨᠢ ᠴᠠᠭᠠᠨ ᠬᠡᠷᠡᠮ ᠤᠨ ᠳᠡᠷᠭᠡᠳᠡᠬᠢ ᠪᠣᠷᠣ ᠲᠣᠯᠣᠭᠠᠢ ᠳ᠋ᠤ᠌ ᠲᠠᠬᠢᠵᠤ ᠪᠠᠢᠭᠠᠳ ᠰᠡᠭᠦᠯ ᠳ᠋ᠦ᠍ ᠨᠢ ᠮᠠᠭᠤ ᠪᠤᠯᠠᠭ ᠤ᠋ᠨ ᠲᠣᠭᠣᠭᠠᠲᠤ ᠶ᠋ᠢᠨ ᠴᠠᠢᠳᠠᠮ ᠳ᠋ᠤ᠌ ᠲᠠᠬᠢᠵᠠᠢ᠂ ᠡᠷᠢᠨᠴᠢᠨ ᠵᠢᠨᠦᠩ ᠤᠨ ᠡᠨᠡ ᠬᠦ᠌ ᠴᠢᠷᠮᠠᠢᠯᠭ᠎ᠠ ᠨᠢ ᠴᠠᠭᠠᠨ ᠲᠤᠭ ᠤ᠋ᠨ ᠦᠢᠯᠡᠳᠬᠦ ᠰᠣᠶᠣᠯ ᠤ᠋ᠨ ᠤᠯᠠᠮᠵᠢᠯᠠᠯ ᠵᠠᠯᠭᠠᠮᠵᠢᠯᠠᠯ ᠪᠣᠯᠤᠨ ᠱᠠᠰᠢᠨ ᠰᠤᠷᠲᠠᠬᠤᠨ ᠤ᠋ ᠰᠣᠶᠣᠯ ᠤ᠋ᠨ ᠬᠥᠭᠵᠢᠯᠲᠡ ᠳ᠋ᠦ᠍ ᠴᠢᠬᠤᠯᠠ ᠶᠡᠬᠡ ᠦᠢᠯᠡᠳᠦᠯ ᠭᠠᠷᠭᠠᠵᠠᠢ᠃ ᠳᠣᠯᠣᠭ᠎ᠠ ᠳ᠋ᠤ᠌ ᠬᠠᠷᠢ ᠶ᠋ᠢᠨ ᠱᠠᠰᠢᠨ ᠤ᠋ ᠦᠵᠡᠭᠦᠯᠦᠭᠰᠡᠨ ᠦᠢᠯᠡᠳᠦᠯ ᠪᠣᠯᠤᠨ᠎ᠠ᠃ ᠶᠤᠸᠠᠨ ᠤᠯᠤᠰ ᠤ᠋ᠨ ᠹᠧᠣᠳᠠᠯ ᠨᠣᠶᠠᠷᠬᠠᠭ᠍ᠴᠢᠳ ᠨᠢ ᠪᠥᠬᠡ ᠮᠥᠷᠭᠥᠯ ᠤᠨ ᠱᠠᠰᠢᠨ ᠢ᠋ ᠲᠠᠶᠠᠭᠳᠠᠵᠤ᠂ ᠲᠡᠭᠦᠨ ᠤ ᠣᠷᠣᠨ ᠳ᠋ᠤ᠌ ᠨᠢ ᠤᠯᠠᠭᠠᠨ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠢ᠋ ᠳᠡᠯᠭᠡᠷᠡᠭᠦᠯᠦᠨ ᠲᠥᠷᠥ ᠶ᠋ᠢᠨ ᠱᠠᠰᠢᠨ ᠪᠣᠯᠭᠠᠨ ᠰᠢᠲᠦᠭᠰᠡᠨ ᠪᠣᠯᠪᠠᠴᠤ ᠬᠣᠢᠲᠤ ᠶᠤᠸᠠᠨ ᠤᠯᠤᠰ ᠤ᠋ᠨ ᠦᠶ᠎ᠡ ᠬᠦᠷᠬᠦ ᠳ᠋ᠦ᠍ ᠥᠨᠥ ᠤᠯᠠᠭᠠᠨ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠨᠢ ᠬᠠᠶᠠᠭᠳᠠᠵᠤ᠂ ᠪᠥᠬᠡ ᠮᠥᠷᠭᠥᠯ ᠤᠨ ᠱᠠᠰᠢᠨ ᠲᠣᠯᠣᠭᠠᠢ ᠥᠨᠳᠡᠢᠪᠡ᠃ ᠭᠡᠲᠡᠯ᠎ᠡ ᠬᠣᠢᠲᠤ ᠶᠤᠸᠠᠨ ᠤᠯᠤᠰ ᠤ᠋ᠨ ᠰᠡᠭᠦᠯᠴᠢ ᠴᠢᠩ ᠤᠯᠤᠰ ᠤ᠋ᠨ ᠡᠬᠢᠨ ᠤ ᠦᠶ᠎ᠡ ᠬᠦᠷᠬᠦ ᠳ᠋ᠦ᠍ ᠬᠠᠷᠢᠨ ᠰᠢᠷ᠎ᠠ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠮᠣᠩᠭᠣᠯ ᠣᠷᠤᠨ ᠳ᠋ᠤ᠌ ᠨᠡᠪᠲᠡᠷᠡᠨ ᠣᠷᠣᠵᠤ᠂ ᠴᠢᠩ ᠤᠯᠤᠰ ᠤ᠋ᠨ ᠵᠠᠰᠠᠭ ᠤ᠋ᠨ ᠭᠠᠵᠠᠷ ᠤ᠋ᠨ ᠬᠦᠴᠦᠲᠡᠢ ᠳᠡᠮᠵᠢᠯᠭᠡ ᠳᠣᠣᠷ᠎ᠠ ᠮᠣᠩᠭᠣᠯ ᠣᠷᠣᠨ ᠢ᠋ᠶ᠋ᠠᠷ ᠥᠷᠨᠢᠨ ᠳᠡᠯᠭᠡᠷᠡᠵᠦ᠂ ᠮᠣᠩᠭᠣᠯ ᠦᠨᠳᠦᠰᠦᠲᠡᠨ ᠤ ᠠᠷᠠᠳ ᠣᠯᠠᠨ ᠰᠢᠷ᠎ᠠ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠢ᠋ ᠰᠢᠲᠦᠬᠦ ᠪᠣᠯᠵᠠᠢ᠃ ᠡᠨᠡ ᠦᠶ᠎ᠡ ᠳ᠋ᠦ᠍ ᠪᠥᠬᠡ ᠮᠥᠷᠭᠥᠯ ᠤᠨ ᠱᠠᠰᠢᠨ ᠨᠢ ᠬᠡᠳᠦᠢᠪᠡᠷ ᠲᠤᠢᠯᠪᠤᠷᠢᠲᠠᠢ ᠤᠰᠠᠳᠬᠤ ᠵᠠᠮ ᠳ᠋ᠠᠭᠠᠨ ᠣᠷᠣᠭᠰᠠᠨ ᠪᠣᠯᠪᠠᠴᠤ ᠰᠢᠷ᠎ᠠ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠨᠢ ᠮᠣᠩᠭᠣᠯᠴᠤᠳ ᠤ᠋ᠨ ᠴᠠᠭᠠᠨ ᠲᠤᠭ ᠢ᠋ ᠭᠠᠳᠠᠭᠤᠷᠴᠢᠯᠠᠭᠰᠠᠨ ᠦᠭᠡᠢ ᠬᠠᠷᠢᠨ ᠰᠡᠳᠬᠢᠯᠴᠢ ᠦᠵᠡᠯᠲᠡ ᠪᠡᠷ ᠴᠠᠭᠠᠨ ᠲᠤᠭ ᠢ᠋ ᠰᠤᠷᠲᠠᠯᠴᠢᠯᠠᠨ ᠤᠬᠠᠭᠤᠯᠵᠤ᠂ ᠰᠢᠷ᠎ᠠ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠤ᠋ ᠰᠣᠶᠣᠯ ᠢ᠋ᠶ᠋ᠠᠷ ᠴᠠᠭᠠᠨ ᠲᠤᠭ ᠤ᠋ᠨ ᠪᠦᠲᠦᠴᠡ ᠶ᠋ᠢ ᠭᠣᠶᠣᠯᠠᠵᠤ ᠴᠠᠭᠠᠨ ᠲᠤᠭ ᠤ᠋ᠨ ᠲᠠᠬᠢᠯᠭ᠎ᠠ ᠶ᠋ᠢᠨ ᠶᠣᠰᠣ ᠳᠦᠷᠢᠮ ᠳ᠋ᠦ᠍ ᠰᠢᠷ᠎ᠠ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠤ᠋ ᠥᠩᠭᠡ ᠪᠣᠳᠣᠭ ᠢ᠋ ᠴᠦ᠍ ᠣᠷᠣᠭᠤᠯᠵᠠᠢ᠃ ᠴᠢᠨᠠᠭᠰᠢᠯᠠᠪᠠᠯ ᠵᠠᠷᠢᠮ ᠰᠦᠮ᠎ᠡ ᠬᠡᠢᠳ ᠨᠢ ᠪᠠᠰᠠ ᠴᠠᠭᠠᠨ ᠲᠤᠭ ᠢ᠋ ᠪᠤᠷᠬᠠᠨ ᠤ᠋ ᠳᠤᠭᠠᠩ ᠳ᠋ᠠᠭᠠᠨ ᠵᠠᠯᠠᠵᠤ ᠪᠤᠰᠤᠳ ᠪᠤᠷᠬᠠᠳ ᠲᠠᠢ ᠨᠢᠭᠡ ᠠᠳᠠᠯᠢ ᠳᠡᠭᠡᠳᠦᠯᠡᠨ ᠰᠢᠲᠦᠪᠡ᠃ ᠡᠨᠡ ᠨᠢ ᠮᠣᠩᠭᠣᠯᠴᠤᠳ ᠤ᠋ᠨ ᠴᠠᠭᠠᠨ ᠲᠤᠭ ᠤᠨ ᠱᠠᠰᠢᠨ ᠰᠤᠷᠲᠠᠬᠤᠨ ᠤ᠋ ᠰᠣᠶᠣᠯ ᠪᠣᠯᠤᠨ ᠦᠢᠯᠡᠳᠬᠦ ᠰᠣᠶᠣᠯ ᠤ᠋ᠨ ᠬᠥᠭᠵᠢᠯᠲᠡ ᠳ᠋ᠦ᠍ ᠴᠢᠬᠤᠯᠠ ᠦᠢᠯᠡᠳᠦᠯ ᠦᠵᠡᠭᠦᠯᠵᠦ᠂ ᠬᠠᠷ᠎ᠠ᠂ ᠰᠢᠷ᠎ᠠ ᠮᠣᠩᠭᠣᠯᠴᠤᠳ ᠤ᠋ᠨ ᠴᠠᠭᠠᠨ ᠲᠤᠭ ᠢ᠋ᠶ᠋ᠠᠨ ᠢᠳᠡᠭᠡᠨ ᠪᠢᠰᠢᠷᠡᠬᠦ ᠰᠡᠳᠬᠢᠯᠭᠡ ᠶ᠋ᠢ ᠤᠯᠠᠮ ᠨᠡᠮᠡᠭᠳᠡᠭᠦᠯᠵᠡᠢ᠃ ᠶᠠᠭ ᠡᠢᠮᠦ ᠪᠣᠯᠬᠣᠷ ᠰᠢᠷ᠎ᠠ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠤᠰᠠᠳᠤᠭᠰᠠᠨ ᠥᠨᠥᠳᠥᠷ ᠴᠦ᠍ ᠭᠡᠳ ᠵᠠᠷᠢᠮ ᠭᠠᠵᠠᠷ ᠣᠷᠣᠨ ᠤ᠋ ᠮᠣᠩᠭᠣᠯ ᠦᠨᠳᠦᠰᠦᠲᠡᠨ ᠤ ᠠᠷᠠᠳ ᠢᠷᠭᠡᠳ ᠲᠡᠭᠦᠨ ᠤ ᠶᠣᠰᠤ ᠵᠢᠷᠤᠮ ᠢ᠋ᠶ᠋ᠠᠷ ᠴᠠᠭᠠᠨ ᠲᠤᠭ ᠢ᠋ᠶ᠋ᠠᠨ ᠳᠠᠬᠢᠭ᠍ᠰᠠᠭᠠᠷ ᠪᠠᠢᠭ᠎ᠠ᠃ ᠨᠠᠢ᠍ᠮᠠ ᠳ᠋ᠤ᠌ ᠤᠷᠤᠨ ᠨᠤᠲᠤᠭ ᠤ᠋ᠨ ᠨᠣᠶᠠᠳ ᠤ᠋ᠨ ᠦᠢᠯᠡᠳᠦᠯ ᠪᠣᠯᠤᠨ᠎ᠠ᠃ ᠡᠩᠬᠡ ᠠᠮᠤᠭᠤᠯᠠᠩ ᠬᠠᠭᠠᠨ ᠤ᠋ ᠳᠤᠮᠳᠠ ᠦᠶ᠎ᠡ ᠪᠣᠯᠬᠤ ᠳ᠋ᠤ᠌ ᠶᠡᠬᠡ ᠵᠣᠣ ᠶ᠋ᠢᠨ ᠴᠢᠭᠤᠯᠭᠠᠨ ᠳ᠋ᠠᠬᠢ ᠶᠡᠷᠦᠩᠬᠡᠢ ᠰᠢᠲᠦᠭᠡᠨ ᠤ ᠳᠠᠬᠢᠯᠭᠠᠨ ᠦᠢᠯᠡ ᠬᠠᠷᠰᠢ ᠬᠡᠷᠡᠭ ᠪᠣᠯᠤᠭᠰᠠᠨ ᠳ᠋ᠤ᠌ ᠠᠷᠤ ᠳᠥᠷᠪᠡ ᠥᠪᠥᠷ ᠵᠢᠷᠭᠤᠭᠠᠨ ᠴᠢᠭᠤᠯᠭᠠᠨ ᠤ᠋ ᠣᠯᠠᠨ ᠵᠠᠰᠠᠭ ᠸᠠᠩ ᠬᠦᠩ ᠨᠠᠷ ᠬᠡᠯᠡᠯᠴᠡᠵᠦ ᠪᠠᠢᠭᠠᠳ ᠡᠯ᠎ᠡ ᠬᠤᠰᠢᠭᠤᠨ ᠠ᠋ᠴᠠ ᠲᠠᠪᠤᠨ ᠵᠠᠭᠤᠨ ᠡᠷᠦᠬᠡ ᠠᠢᠯ ᠢ᠋ ᠲᠡᠳᠡᠨ ᠭᠠᠷᠭᠠᠵᠤ᠂ ᠳᠠᠷᠬᠠᠳ ᠤ᠋ᠨ ᠡᠩᠨᠡᠭᠡ ᠶ᠋ᠢ ᠡᠭᠦᠰᠬᠡᠨ ᠪᠠᠢᠭᠤᠯᠪᠠ᠃ ᠲᠡᠳᠡᠨ ᠳ᠋ᠦ᠍ ᠭᠠᠵᠠᠷ ᠨᠤᠲᠤᠭ ᠭᠠᠷᠭᠠᠨ ᠥᠭᠴᠦ᠂ ᠴᠡᠷᠢᠭ ᠤᠨ ᠠᠯᠪᠠ ᠭᠠᠢᠯᠢ ᠭᠤᠪᠴᠢᠭᠤᠷ ᠠ᠋ᠴᠠ ᠭᠡᠯᠳᠦᠷᠢᠭᠦᠯᠵᠦ᠂ ᠲᠡᠳᠡ ᠨᠠᠷ ᠢ᠋ᠶ᠋ᠠᠷ ᠶᠡᠷᠦᠩᠬᠡᠢ ᠰᠢᠲᠦᠭᠡᠨ ᠢ᠋ ᠰᠠᠬᠢᠭᠤᠯᠵᠤ᠂ ᠡᠳᠦᠷ ᠳᠣᠳᠣᠮ ᠤ᠋ᠨ ᠲᠠᠬᠢᠯᠭ᠎ᠠ ᠶ᠋ᠢ ᠦᠢᠯᠡᠳᠦᠭᠦᠯᠵᠡᠢ᠃ ᠴᠠᠭᠠᠨ ᠲᠤᠭ ᠴᠤ᠌ ᠬᠠᠮᠤᠷᠭᠠᠨ ᠳ᠋ᠤ᠌ ᠣᠷᠣᠵᠤ ᠲᠠᠬᠢᠯᠭ᠎ᠠ ᠶ᠋ᠢᠨ ᠲᠤᠬᠠᠢ ᠪᠢᠴᠢᠭ ᠰᠤᠳᠤᠷ ᠴᠤ᠌ ᠵᠣᠬᠢᠶᠠᠭᠳᠠᠵᠠᠢ᠃ᠡᠭᠦᠨ ᠢ᠋ᠶ᠋ᠡᠷ ᠪᠠᠷᠠᠬᠤ ᠦᠭᠡᠢ ᠪᠠᠰᠠ ᠰᠢᠯᠢ ᠶ᠋ᠢᠨ ᠭᠣᠣᠯ ᠴᠢᠭᠤᠯᠭᠠᠨ ᠤ᠋ ᠠᠪᠠᠭ᠎ᠠ ᠬᠣᠰᠢᠭᠤ᠂ ᠶᠡᠬᠡ ᠵᠣᠣ ᠴᠢᠭᠤᠯᠭᠠᠨ ᠤ᠋ ᠦᠦᠰᠢᠨ ᠬᠣᠰᠢᠭᠤ᠂ ᠠᠷᠤ ᠮᠣᠩᠭᠣᠯ ᠤ᠋ᠨ ᠰᠡᠴᠡᠨ ᠬᠠᠨ ᠠᠢᠮᠠᠭ ᠤ᠋ᠨ ᠰᠠᠷᠲᠠᠭᠤᠯ ᠬᠦᠩ ᠤᠨ ᠬᠣᠰᠢᠭᠤ᠂ ᠰᠠᠢᠨ ᠨᠣᠶᠠᠨ ᠬᠠᠨ ᠤ᠋ ᠡᠷᠳᠡᠨᠢ ᠵᠣᠣ ᠬᠡᠢᠳ᠂ ᠴᠠᠬᠠᠷ ᠤ᠋ᠨ ᠬᠥᠪᠡᠭᠡᠲᠦ ᠰᠢᠷ᠎ᠠ ᠬᠣᠰᠢᠭᠤ (ᠠᠭᠠᠷ ᠠᠭᠤᠯᠠ ᠶ᠋ᠢᠨ ᠣᠷᠭᠢᠯ ᠳ᠋ᠤ᠌)᠁ ᠵᠡᠷᠭᠡ ᠭᠠᠵᠠᠷ ᠢ᠋ᠶ᠋ᠠᠷ ᠴᠠᠭᠠᠨ ᠲᠤᠭ ᠢ᠋ ᠲᠠᠬᠢᠵᠠᠭᠠᠵᠤ᠂ ᠪᠠᠰᠠ ᠠᠷᠤ ᠮᠣᠩᠭᠣᠯ ᠤ᠋ᠨ ᠵᠠᠰᠠᠭᠲᠤ ᠬᠠᠨ ᠠᠢᠮᠠᠭ ᠤ᠋ᠨ ᠯᠤ᠂ ᠵᠠᠩᠵᠤᠨ ᠬᠦᠩ ᠤᠨ ᠬᠤᠰᠢᠭᠤᠨ ᠳ᠋ᠤ᠌ ᠴᠠᠭᠠᠲᠠᠢ ᠬᠠᠭᠠᠨ ᠤ᠋ ᠴᠠᠭᠠᠨ ᠲᠤᠭ ᠭᠡᠳᠡᠭ ᠢ᠋ ᠲᠠᠬᠢᠵᠤ ᠪᠠᠢᠵᠠᠢ᠃ ᠡᠳᠡᠭᠡᠷ ᠦᠢᠯᠡ ᠠᠵᠢᠯᠯᠠᠭ᠎ᠠ ᠨᠤᠭᠤᠳ ᠨᠢ ᠴᠠᠭᠠᠨ ᠲᠤᠭ ᠤ᠋ᠨ ᠱᠠᠰᠢᠨ ᠰᠤᠷᠲᠠᠬᠤᠨ ᠤ᠋ ᠰᠣᠶᠣᠯ ᠤ᠋ᠨ ᠬᠥᠭᠵᠢᠯ ᠳ᠋ᠦ᠍ ᠴᠢᠬᠤᠯᠠ ᠦᠢᠯᠡᠳᠦᠯ ᠭᠠᠷᠭᠠᠵᠠᠢ᠃ ᠶᠢᠰᠦ ᠳ᠋ᠦ᠍ ᠬᠥᠮᠦᠨ ᠲᠥᠷᠥᠯᠬᠢᠲᠡᠨ ᠤ ᠬᠠᠮᠲᠤ ᠶ᠋ᠢᠨ ᠰᠣᠶᠣᠯ ᠤ᠋ᠨ ᠡᠯᠧᠮᠧᠨ᠋ᠲ ᠤᠨ ᠦᠢᠯᠡᠳᠦᠯ ᠪᠣᠯᠤᠨ᠎ᠠ᠃ ᠴᠠᠭᠠᠨ ᠲᠤᠭ ᠨᠢ ᠲᠡᠦᠬᠡᠨ ᠳᠡᠭᠡᠷ᠎ᠡ ᠪᠤᠰᠤᠳ ᠦᠨᠳᠦᠰᠦᠲᠡᠨ ᠤ ᠢᠷᠭᠡᠳ ᠲᠦ᠍ ᠰᠢᠲᠦᠭᠳᠡᠵᠦ ᠪᠠᠢᠵᠠᠢ᠃ ᠤᠴᠢᠷ ᠨᠢ ᠴᠠᠭᠠᠨ ᠲᠤᠭ ᠤ᠋ᠨ ᠢᠯᠡᠳᠬᠡᠵᠦ ᠪᠠᠢᠳᠠᠭ ᠣᠨᠴᠠᠭᠠᠢ ᠤᠳᠬ᠎ᠠ ᠰᠠᠨᠠᠭ᠎ᠠ ᠨᠢ ᠪᠤᠰᠤᠳ ᠦᠨᠳᠦᠰᠦᠲᠡᠨ ᠤ ᠢᠷᠭᠡᠳ ᠤᠨ ᠪᠡᠶᠡᠴᠢ ᠬᠦᠰᠡᠯ ᠳ᠋ᠦ᠍ ᠨᠢ ᠶᠠᠭ ᠨᠡᠢᠴᠡᠵᠦ ᠪᠠᠢᠭᠰᠠᠨ ᠪᠣᠯᠬᠣᠷ ᠪᠤᠰᠤᠳ ᠦᠨᠳᠦᠰᠦᠲᠡᠨ ᠤ ᠢᠷᠭᠡᠳ ᠨᠢ ᠮᠣᠩᠭᠣᠯᠴᠤᠳ ᠲᠠᠢ ᠬᠠᠮᠲᠤ ᠰᠢᠲᠦᠭᠰᠡᠭᠡᠷ ᠢᠷᠡᠵᠡᠢ᠃ ᠡᠭᠦᠨ ᠡᠴᠡ ᠴᠠᠭᠠᠨ ᠲᠤᠭ ᠲᠤ᠌ ᠠᠭᠤᠯᠤᠭᠳᠠᠵᠤ ᠪᠠᠢᠭ᠎ᠠ ᠬᠥᠮᠦᠨ ᠲᠥᠷᠥᠯᠬᠢᠲᠡᠨ ᠤ ᠬᠠᠮᠲᠤ ᠶ᠋ᠢᠨ ᠰᠣᠶᠣᠯ ᠤ᠋ᠨ ᠡᠯᠧᠮᠧᠨ᠋ᠲ ᠨᠢ ᠬᠠᠷᠢᠨ ᠴᠠᠭᠠᠨ ᠲᠤᠭ ᠤ᠋ᠨ ᠰᠣᠶᠣᠯ ᠤᠨ ᠬᠥᠭᠵᠢᠨ ᠪᠠᠳᠠᠷᠠᠬᠤ ᠳ᠋ᠤ᠌ ᠴᠢᠬᠤᠯᠠ ᠦᠢᠯᠡᠳᠦᠯ ᠭᠠᠷᠭᠠᠵᠠᠢ ᠭᠡᠳᠡᠭ ᠢ᠋ ᠮᠡᠳᠡᠵᠦ ᠪᠣᠯᠤᠨ᠎ᠠ᠃ ᠠᠷᠪᠠ ᠳ᠋ᠤ᠌ ᠲᠥᠷᠥ ᠶ᠋ᠢᠨ ᠪᠣᠳᠣᠯᠭ᠎ᠠ ᠶ᠋ᠢᠨ ᠦᠢᠯᠡᠳᠦᠯ ᠪᠣᠯᠤᠨ᠎ᠠ᠃ ᠳᠤᠮᠳᠠᠳᠤ ᠤᠯᠤᠰ ᠥᠭᠡᠷᠡᠴᠢᠯᠡᠯᠲᠡ ᠬᠢᠵᠦ ᠴᠢᠯᠥᠭᠡᠲᠡᠢ ᠶᠠᠪᠤᠯᠴᠠᠭᠰᠠᠨ ᠠ᠋ᠴᠠ ᠨᠡᠰᠢ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠤᠷᠤᠨ ᠨᠠᠮ ᠤ᠋ᠨ 《ᠰᠢᠯᠢᠳᠡᠭ ᠰᠣᠶᠣᠯ ᠢ᠋ ᠤᠯᠠᠮᠵᠢᠯᠠᠨ ᠪᠠᠳᠠᠷᠠᠭᠤᠯᠬᠤ》 ᠲᠥᠷᠥ ᠶ᠋ᠢᠨ ᠪᠣᠳᠣᠯᠭ᠎ᠠ ᠶ᠋ᠢ ᠲᠤᠤᠱᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ ᠰᠣᠶᠣᠯ ᠤ᠋ᠨ ᠲᠣᠮᠣ ᠣᠷᠣᠨ ᠤ᠋ ᠪᠦᠲᠦᠭᠡᠨ ᠪᠠᠢᠭᠤᠯᠤᠯᠲᠠ ᠶ᠋ᠢ ᠬᠦᠴᠦᠲᠡᠢ ᠠᠳᠬᠤᠪᠠ᠃ ᠡᠨᠡ ᠨᠢ ᠴᠠᠭᠠᠨ ᠲᠤᠭ ᠤ᠋ᠨ ᠰᠣᠶᠣᠯ᠂ ᠢᠯᠠᠩᠭᠤᠶ᠎ᠠ ᠲᠡᠭᠦᠨ ᠤ ᠪᠡᠯᠭᠡᠳᠡᠯ ᠤᠨ ᠰᠣᠶᠣᠯ ᠢ᠋ ᠤᠯᠠᠮᠵᠢᠯᠠᠨ ᠪᠠᠳᠠᠷᠠᠭᠤᠯᠬᠤ ᠳ᠋ᠤ᠌ ᠴᠢᠬᠤᠯᠠ ᠦᠢᠯᠡᠳᠦᠯ ᠦᠵᠡᠭᠦᠯᠵᠡᠢ᠃ ᠭᠡᠪᠡᠴᠦ ᠣᠳᠣ ᠴᠠᠭᠠᠨ ᠲᠤᠭ ᠤ᠋ᠨ ᠬᠡᠷᠡᠭᠴᠡᠭᠡ ᠶᠡᠬᠡᠳᠬᠦ ᠶ᠋ᠢ ᠳᠠᠭᠠᠯᠳᠤᠨ ᠨᠡᠢᠭᠡᠮ ᠳᠡᠭᠡᠷ᠎ᠡ ᠴᠠᠭᠠᠨ ᠲᠤᠭ ᠤ᠋ᠨ ᠤᠯᠠᠮᠵᠢᠯᠠᠯᠲᠤ ᠦᠢᠯᠡᠳᠬᠦ ᠰᠣᠶᠣᠯ ᠢ᠋ ᠭᠠᠵᠢᠭᠤᠳᠠᠭᠤᠯᠤᠨ ᠦᠢᠯᠡᠳᠬᠦ ᠦᠵᠡᠭᠳᠡᠯ ᠭᠠᠷᠴᠤ ᠪᠠᠢᠬᠤ ᠶ᠋ᠢ ᠠᠩᠬᠠᠷᠤᠭᠤᠰᠢᠲᠠᠢ ᠪᠠᠢᠨ᠎ᠠ᠃ 
       ᠬᠠᠷ᠎ᠠ ᠲᠤᠭ ᠨᠢ ᠮᠢᠩᠭᠠᠨ ᠣᠨ ᠤ᠋ ᠤᠯᠠᠮᠵᠢᠯᠠᠯ ᠵᠠᠯᠭᠠᠮᠵᠢᠯᠠᠯ ᠤ᠋ᠨ ᠲᠡᠦᠬᠡᠨ ᠶᠠᠪᠤᠴᠠ ᠶ᠋ᠢ ᠥᠩᠭᠡᠷᠡᠭᠡᠬᠦ ᠳᠤᠮᠳᠠ᠂ ᠰᠢᠳᠢᠲᠦ ᠡᠳ᠋ ᠡᠴᠡ ᠪᠡᠨ ᠠᠶᠤᠯᠭᠠᠬᠤᠢ ᠶ᠋ᠢᠨ ᠪᠡᠯᠭᠡᠳᠡᠯ ᠤᠨ ᠡᠳ᠋ ᠪᠣᠯᠵᠤ᠂ ᠶᠢᠷᠲᠢᠨᠴᠦ ᠳᠡᠭᠡᠷ᠎ᠡ ᠲᠣᠭᠲᠠᠨᠢᠭᠠᠳ ᠬᠣᠷᠢᠨ ᠨᠢᠭᠡᠳᠦᠭᠡᠷ ᠵᠠᠭᠤᠨ ᠤ᠋ ᠠᠯᠲᠠᠨ ᠪᠣᠱᠣᠭ᠎ᠠ ᠶ᠋ᠢ ᠠᠯᠬᠤᠨ ᠣᠷᠣᠪᠠ᠃ ᠲᠡᠷᠡ ᠶᠠᠭᠠᠬᠢᠭᠠᠳ ᠨᠢᠭᠡᠨ ᠣᠳᠤᠨ ᠭᠠᠷᠠᠭ ᠮᠡᠲᠦ ᠥᠨᠢᠳᠡ ᠲᠣᠭᠲᠠᠨᠢᠵᠤ ᠴᠢᠳᠠᠭᠰᠠᠨ ᠪᠣᠢ?  ᠲᠡᠦᠬᠡᠨ ᠮᠠᠲ᠋ᠧᠷᠢᠶᠠᠯ ᠪᠣᠯᠤᠨ ᠰᠤᠳᠤᠯᠭᠠᠨ ᠤ᠋ ᠦᠷ᠎ᠡ ᠳ᠋ᠦᠩ ᠢ᠋ ᠦᠨᠳᠦᠰᠦᠯᠡᠨ ᠲᠡᠭᠦᠨ ᠤ ᠭᠣᠣᠯ ᠰᠢᠯᠲᠠᠭᠠᠨ ᠢ᠋ ᠨᠠᠷᠢᠪᠴᠢᠯᠠᠨ ᠰᠢᠨᠵᠢᠯᠡᠪᠡᠯ ᠱᠠᠰᠢᠨ ᠰᠤᠷᠲᠠᠬᠤᠨ᠂ ᠤᠯᠤᠰ ᠲᠥᠷᠥ ᠪᠣᠯᠤᠨ ᠪᠤᠰᠤᠳ ᠬᠦᠴᠦᠨ ᠵᠦᠢᠯ ᠮᠣᠩᠭᠣᠯᠴᠤᠳ ᠤ᠋ᠨ ᠬᠠᠷ᠎ᠠ ᠲᠤᠭ ᠤ᠋ᠨ ᠰᠣᠶᠣᠯ ᠢ᠋ ᠤᠯᠠᠮᠵᠢᠯᠠᠨ ᠪᠠᠳᠠᠷᠠᠭᠤᠯᠬᠤ ᠳ᠋ᠤ᠌ ᠨᠢ ᠲᠤᠢᠯ ᠤ᠋ᠨ ᠴᠢᠬᠤᠯᠠ ᠦᠢᠯᠡᠳᠦᠯ ᠦᠵᠡᠭᠦᠯᠵᠦ ᠪᠠᠢᠭᠰᠠᠨ ᠳ᠋ᠤ᠌ ᠣᠷᠣᠰᠢᠨ᠎ᠠ ᠭᠡᠵᠦ ᠨᠤᠲᠠᠯᠠᠵᠤ ᠪᠣᠯᠤᠨ᠎ᠠ᠃ ᠡᠭᠦᠨ ᠢ᠋ ᠪᠣᠳᠠᠲᠠᠢ ᠪᠠᠷ ᠲᠣᠳᠣᠷᠠᠭᠤᠯᠤᠨ ᠬᠡᠯᠡᠪᠡᠯ ᠨᠢᠭᠡ ᠳ᠋ᠦ᠍ ᠴᠢᠩᠭᠢᠰ ᠬᠠᠭᠠᠨ ᠤ᠋ ᠦᠵᠡᠭᠦᠯᠦᠭᠰᠡᠨ ᠦᠢᠯᠡᠳᠦᠯ ᠪᠣᠯᠤᠨ᠎ᠠ᠃ ᠲᠡᠮᠦᠵᠢᠨ ᠮᠣᠩᠭᠣᠯ ᠠᠢᠮᠠᠭ (ᠤᠯᠤᠰ) ᠤᠨ ᠬᠠᠨ ᠢ᠋ᠶ᠋ᠠᠷ ᠡᠷᠭᠦᠮᠵᠢᠯᠡᠭᠳᠡᠭᠰᠡᠨ ᠤ ᠳᠠᠷᠠᠭ᠎ᠠ᠂ ᠰᠣᠶᠣᠯ ᠤ᠋ᠨ ᠤᠯᠠᠮᠵᠢᠯᠠᠯ ᠢ᠋ᠶ᠋ᠠᠨ ᠡᠷᠬᠢᠮᠯᠡᠨ ᠬᠦᠨᠳᠦᠳᠬᠡᠵᠦ᠂ ᠮᠣᠩᠭᠣᠯᠴᠤᠳ ᠤᠨ ᠬᠡᠳᠦᠨ ᠵᠠᠭᠤᠨ ᠵᠢᠯ ᠤᠨ ᠳᠣᠷᠰᠢ ᠳᠠᠬᠢᠭ᠍ᠰᠠᠭᠠᠷ ᠢᠷᠡᠭᠰᠡᠨ ᠰᠢᠳᠢᠲᠦ ᠡᠳ᠋ ᠲᠦ᠍ ᠭᠠᠢᠬᠠᠮᠰᠢᠭᠲᠤ ᠵᠠᠰᠠᠯᠲᠠ ᠬᠢᠵᠦ᠂ ᠶᠡᠬᠡ ᠮᠣᠩᠭᠣᠯ ᠤᠯᠤᠰ ᠢ᠋ ᠪᠠᠢᠭᠤᠯᠬᠤ ᠳ᠋ᠤ᠌ ᠲᠡᠭᠦᠨ ᠢ᠋ ᠴᠡᠷᠢᠭ ᠲᠡᠢᠨ ᠳᠡᠭᠡᠷ᠎ᠡ ᠳᠡᠭᠡᠳᠦᠯᠡᠨ ᠬᠡᠷᠡᠭᠯᠡᠵᠡᠢ᠃ ᠡᠨᠡ ᠨᠢ ᠬᠠᠷ᠎ᠠ ᠲᠤᠭ ᠤ᠋ᠨ ᠰᠣᠶᠣᠯ᠂ ᠢᠯᠠᠩᠭᠤᠶ᠎ᠠ ᠦᠢᠯᠡᠳᠬᠦ ᠰᠣᠶᠣᠯ ᠤ᠋ᠨ ᠪᠠᠳᠠᠷᠠᠯᠲᠠ ᠳ᠋ᠤ᠌ ᠲᠤᠢᠯ ᠤ᠋ᠨ ᠴᠢᠬᠤᠯᠠ ᠶᠡᠬᠡ ᠦᠢᠯᠡᠳᠦᠯ ᠭᠠᠷᠭᠠᠵᠠᠢ᠃ ᠬᠣᠶᠠᠷ ᠲᠤ᠌ ᠲᠥᠷᠥ ᠶ᠋ᠢᠨ ᠱᠠᠰᠢᠨ ᠤ᠋ ᠦᠢᠯᠡᠳᠦᠯ ᠪᠣᠯᠤᠨ᠎ᠠ᠃ ᠴᠢᠩᠭᠢᠰ ᠬᠠᠭᠠᠨ ᠪᠥᠬᠡ ᠮᠥᠷᠭᠥᠯ ᠤᠨ ᠱᠠᠰᠢᠨ ᠢ᠋ ᠰᠢᠲᠦᠵᠦ᠂ ᠲᠡᠭᠦᠨ ᠢ᠋ᠶ᠋ᠡᠷ ᠲᠥᠷᠥ ᠶ᠋ᠢᠨ ᠱᠠᠰᠢᠨ ᠪᠣᠯᠭᠠᠵᠠᠢ᠃ ᠡᠢᠮᠦ ᠡᠴᠡ ᠪᠥᠬᠡ ᠮᠥᠷᠭᠥᠯ ᠤᠨ ᠱᠠᠰᠢᠨ ᠨᠢ ᠮᠣᠩᠭᠣᠯᠴᠤᠳ ᠤ᠋ᠨ ᠬᠠᠷ᠎ᠠ ᠲᠤᠭ ᠢ᠋ ᠳᠥᠴᠢᠨ ᠳᠥᠷᠪᠡᠨ ᠬᠠᠷ᠎ᠠ ᠲᠡᠭᠷᠢ ᠶ᠋ᠢᠨ ᠪᠦᠷᠢᠯᠸ᠎ᠠ ᠪᠠᠷ ᠦᠵᠡᠵᠦ᠂ ᠰᠡᠳᠬᠢᠯᠴᠢ ᠦᠵᠡᠯᠲᠡ ᠪᠡᠷ ᠲᠡᠭᠦᠨ ᠢ᠋ ᠰᠤᠷᠲᠠᠯᠴᠢᠯᠠᠨ ᠤᠬᠠᠭᠤᠯᠵᠤ᠂ ᠲᠠᠬᠢᠯᠭ᠎ᠠ ᠶ᠋ᠢᠨ ᠶᠣᠰᠣ ᠳᠦᠷᠢᠮ ᠢ᠋ ᠬᠡᠯᠪᠡᠷᠢᠵᠢᠭᠦᠯᠦᠨ ᠲᠣᠭᠲᠠᠭᠠᠵᠠᠢ᠃ ᠡᠨᠡ ᠨᠢ ᠬᠠᠷ᠎ᠠ ᠲᠤᠭ ᠤ᠋ᠨ ᠱᠠᠰᠢᠨ ᠰᠤᠷᠲᠠᠬᠤᠨ ᠤ᠋ ᠰᠣᠶᠣᠯ ᠤ᠋ᠨ ᠬᠥᠭᠵᠢᠯᠲᠡ ᠳ᠋ᠦ᠍ ᠴᠢᠬᠤᠯᠠ ᠦᠢᠯᠡᠳᠦᠯ ᠦᠵᠡᠭᠦᠯᠵᠡᠢ᠃ ᠡᠭᠦᠨ ᠡᠴᠡ ᠪᠣᠯᠵᠤ ᠮᠣᠩᠭᠣᠯᠴᠤᠳ ᠤ᠋ᠨ ᠬᠠᠷ᠎ᠠ ᠲᠤᠭ ᠢ᠋ᠶ᠋ᠠᠨ ᠰᠢᠲᠦᠨ ᠪᠢᠰᠢᠷᠡᠬᠦ ᠰᠦᠰᠦᠭ ᠪᠢᠰᠢᠷᠡᠯ ᠨᠢ ᠤᠯᠠᠮ ᠢ᠋ᠶ᠋ᠠᠷ ᠬᠥᠭᠵᠢᠵᠡᠢ᠃ ᠶᠠᠭ ᠡᠢᠮᠦ ᠪᠠᠢᠭᠰᠠᠨ ᠪᠣᠯᠬᠣᠷ ᠬᠠᠷ᠎ᠠ ᠲᠤᠭ ᠨᠢ ᠪᠥᠬᠡ ᠮᠥᠷᠭᠥᠯ ᠤᠨ ᠱᠠᠰᠢᠨ ᠤ᠋ ᠤᠰᠠᠳᠬᠤ ᠶ᠋ᠢ ᠳᠠᠭᠠᠯᠳᠤᠨ ᠤᠰᠠᠳᠤᠭᠰᠠᠨ ᠦᠭᠡᠢ᠂ ᠮᠣᠩᠭᠣᠯᠴᠤᠳ ᠬᠠᠷᠢᠨ ᠬᠠᠷ᠎ᠠ ᠲᠤᠭ ᠢ᠋ ᠮᠥᠨ ᠯᠡ ᠳᠥᠴᠢᠨ ᠳᠥᠷᠪᠡᠨ ᠲᠡᠭᠷᠢ ᠶ᠋ᠢᠨ ᠪᠦᠷᠢᠯᠸ᠎ᠠ ᠪᠠᠷ ᠳᠡᠭᠡᠳᠦᠯᠡᠨ ᠰᠢᠲᠦᠭᠰᠡᠭᠡᠷ ᠢᠷᠡᠵᠡᠢ᠃ ᠭᠤᠷᠪᠠ ᠳ᠋ᠤ᠌ ᠶᠡᠬᠡ ᠶᠤᠸᠠᠨ ᠤᠯᠤᠰ ᠤ᠋ᠨ ᠦᠵᠡᠭᠦᠯᠦᠭᠰᠡᠨ ᠦᠢᠯᠡᠳᠦᠯ ᠪᠣᠯᠤᠨ᠎ᠠ᠃ ᠶᠤᠸᠠᠨ ᠤᠯᠤᠰ ᠤ᠋ᠨ ᠹᠧᠣᠳᠠᠯ ᠤ᠋ᠨ ᠨᠣᠶᠠᠷᠬᠠᠭ᠍ᠴᠢᠳ ᠬᠡᠳᠦᠢᠪᠡᠷ ᠤᠯᠠᠭᠠᠨ ᠮᠠᠯᠠᠭᠠᠢᠲᠤ ᠪᠤᠷᠬᠠᠨ ᠤ᠋ ᠱᠠᠰᠢᠨ ᠤ᠋ ᠮᠠᠬᠠᠺᠠᠯᠠ ᠪᠤᠷᠬᠠᠨ ᠢ᠋ ᠰᠢᠲᠦᠭᠰᠡᠨ ᠪᠣᠯᠪᠠᠴᠤ ᠮᠣᠩᠭᠣᠯᠴᠤᠳ ᠤ᠋ᠨ ᠤᠯᠠᠮᠵᠢᠯᠠᠯᠲᠤ ᠬᠠᠷ᠎ᠠ ᠲᠤᠭ ᠢ᠋ ᠶᠡᠷᠦ ᠡᠴᠡ ᠬᠠᠶᠠᠭᠰᠠᠨ ᠦᠭᠡᠢ᠂ ᠬᠠᠷᠢᠨ ᠤᠯᠠᠮᠵᠢᠯᠠᠯᠲᠤ ᠬᠠᠷ᠎ᠠ ᠲᠤᠭ ᠢ᠋ ᠠᠶᠤᠯᠭᠠᠬᠤᠢ ᠶ᠋ᠢᠨ ᠪᠡᠯᠭᠡᠳᠡᠯ ᠤᠨ ᠡᠳ᠋ ᠪᠣᠯᠭᠠᠨ ᠬᠦᠨᠳᠦᠯᠡᠵᠦ᠂ ᠬᠠᠭᠠᠨᠲᠤ ᠲᠥᠷᠥ ᠶ᠋ᠢᠨ ᠶᠢᠰᠦᠨ ᠪᠡᠯᠭᠡ ᠡᠷᠳᠡᠨᠢ ᠶ᠋ᠢᠨ ᠬᠠᠮᠤᠭ ᠤ᠋ᠨ ᠡᠮᠦᠨ᠎ᠡ ᠨᠢ ᠵᠢᠭᠰᠠᠭᠠᠪᠠ᠃ ᠲᠡᠷᠡᠴᠢᠯᠡᠨ ᠬᠠᠭᠠᠨ ᠡᠵᠡᠳ ᠬᠣᠶᠠᠷ ᠨᠡᠢᠰᠯᠡᠯ ᠤᠨ ᠬᠣᠭᠣᠷᠣᠨᠳᠣ ᠵᠠᠯᠠᠷᠠᠨ ᠶᠠᠪᠤᠬᠤ ᠳ᠋ᠤ᠌ ᠤᠯᠠᠮᠵᠢᠯᠠᠯᠲᠤ ᠬᠠᠷ᠎ᠠ ᠲᠤᠭ ᠢ᠋ ᠴᠡᠷᠢᠭ ᠤᠨ ᠵᠢᠭᠰᠠᠭᠠᠯ ᠤ᠋ᠨ ᠡᠮᠦᠨ᠎ᠡ ᠨᠢ ᠮᠠᠨᠳᠤᠭᠤᠯᠵᠤ᠂ ᠪᠦᠬᠦᠢᠯᠡ ᠵᠠᠯᠠᠷᠠᠨ ᠶᠠᠪᠤᠬᠤ ᠵᠠᠮ ᠳ᠋ᠠᠭᠠᠨ ᠪᠦᠷ ᠠᠶᠤᠯᠭᠠᠬᠤᠢ ᠶ᠋ᠢᠨ ᠪᠡᠯᠭᠡᠳᠡᠯ ᠪᠣᠯᠭᠠᠨ ᠳᠡᠭᠡᠳᠦᠯᠡᠨ ᠬᠡᠷᠡᠭᠯᠡᠵᠡᠢ᠃ ᠡᠨᠡ ᠨᠢ ᠬᠠᠷ᠎ᠠ ᠲᠤᠭ ᠤ᠋ᠨ ᠪᠡᠯᠭᠡᠳᠡᠯ ᠤᠨ ᠰᠣᠶᠣᠯ ᠤ᠋ᠨ ᠬᠥᠭᠵᠢᠯᠲᠡ ᠳ᠋ᠦ᠍ ᠲᠤᠢᠯ ᠤ᠋ᠨ ᠴᠢᠬᠤᠯᠠ ᠶᠡᠬᠡ ᠦᠢᠯᠡᠳᠦᠯ ᠦᠵᠡᠭᠦᠯᠵᠡᠢ᠃ ᠭᠡᠪᠡᠴᠦ ᠥᠭᠡᠷ᠎ᠡ ᠨᠢᠭᠡᠨ ᠬᠠᠷ᠎ᠠ ᠲᠤᠭ ᠢ᠋ ᠪᠦᠲᠦᠭᠡᠵᠦ᠂ ᠤᠯᠠᠮᠵᠢᠯᠠᠯᠲᠤ ᠬᠠᠷ᠎ᠠ ᠲᠤᠭ ᠤ᠋ᠨ ᠦᠢᠯᠡᠳᠬᠦ ᠰᠣᠶᠣᠯ ᠳ᠋ᠤ᠌ ᠠᠷᠢᠯᠤᠰᠢ ᠦᠭᠡᠢ ᠬᠣᠣᠷ ᠨᠥᠯᠥᠭᠡ ᠶ᠋ᠢ ᠡᠭᠦᠰᠬᠡᠭᠰᠡᠨ ᠢ᠋ ᠡᠷᠬᠡᠪᠰᠢ ᠳᠤᠷᠠᠳᠤᠭᠤᠰᠢᠲᠠᠢ ᠪᠠᠢᠨ᠎ᠠ᠃ ᠪᠣᠳᠠᠲᠠᠢ ᠪᠠᠷ ᠬᠡᠯᠡᠪᠡᠯ ᠤᠯᠠᠭᠠᠨ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠢ᠋ ᠰᠢᠲᠦᠭᠴᠢᠳ ᠨᠢ ᠬᠠᠷ᠎ᠠ ᠲᠤᠭ ᠤ᠋ᠨ ᠵᠢᠳᠠ ᠬᠡᠯᠪᠡᠷᠢᠲᠦ ᠭᠢᠯᠣᠪᠠᠷ ᠢ᠋ ᠰᠡᠷᠡᠭᠡ ᠬᠡᠯᠪᠡᠷᠢᠲᠦ ᠭᠢᠯᠣᠪᠠᠷ ᠪᠣᠯᠭᠠᠨ ᠥᠭᠡᠷᠡᠴᠢᠯᠡᠵᠦ᠂ ᠮᠠᠬᠠᠺᠠᠯᠠ ᠪᠤᠷᠬᠠᠨ ᠤ᠋ ᠬᠠᠵᠠᠭᠤ ᠳ᠋ᠤ᠌ ᠪᠣᠰᠬᠠᠵᠠᠢ᠃ ᠡᠢᠮᠦ ᠡᠴᠡ ᠬᠣᠵᠢᠮ ᠤ᠋ᠨ ᠬᠥᠮᠦᠰ ᠰᠡᠷᠡᠭᠡ ᠬᠡᠯᠪᠡᠷᠢᠲᠦ ᠬᠢᠯᠦᠪᠠᠷ ᠲᠠᠢ ᠬᠠᠷ᠎ᠠ ᠲᠤᠭ ᠢ᠋ ᠮᠠᠬᠠᠺᠠᠯᠠ ᠶ᠋ᠢᠨ ᠬᠠᠷ᠎ᠠ ᠲᠤᠭ ᠭᠡᠳᠡᠭ ᠪᠠᠢᠵᠠᠢ᠃ ᠴᠢᠩ ᠤᠯᠤᠰ ᠤ᠋ᠨ ᠰᠡᠭᠦᠯᠴᠢ ᠶ᠋ᠢᠨ ᠦᠶ᠎ᠡ ᠬᠦᠷᠬᠦ ᠳ᠋ᠦ᠍ ᠮᠣᠩᠭᠣᠯᠴᠤᠳ ᠬᠡᠳᠦᠢᠪᠡᠷ ᠤᠯᠠᠮᠵᠢᠯᠠᠯᠲᠤ ᠬᠠᠷ᠎ᠠ ᠲᠤᠭ ᠢ᠋ᠶ᠋ᠠᠨ ᠰᠢᠲᠦᠵᠦ ᠪᠠᠢᠭᠰᠠᠨ ᠪᠣᠯᠪᠠᠴᠤ ᠴᠥᠭᠡᠨ ᠬᠡᠳᠦᠨ ᠬᠤᠰᠢᠭᠤᠨ ᠤ᠋ ᠸᠠᠩ ᠨᠣᠶᠠᠳ ᠪᠠᠰᠠ ᠮᠥᠬᠥᠭᠡᠳ ᠤᠳᠠᠭᠰᠠᠨ ᠶᠡᠬᠡ ᠶᠤᠸᠠᠨ ᠤᠯᠤᠰ ᠤ᠋ᠨ ᠰᠡᠷᠡᠭᠡ ᠬᠡᠯᠪᠡᠷᠢᠲᠦ ᠬᠢᠯᠣᠪᠠᠷ ᠲᠠᠢ ᠬᠠᠷ᠎ᠠ ᠲᠤᠭ (ᠮᠠᠬᠠᠺᠠᠯᠠ ᠶ᠋ᠢᠨ ᠬᠠᠷ᠎ᠠ ᠲᠤᠭ) ᠢ᠋ ᠰᠡᠷᠭᠦᠭᠡᠨ ᠲᠠᠬᠢᠬᠤ ᠪᠣᠯᠵᠠᠢ᠃ ᠡᠭᠦᠨ ᠢ 《ᠮᠣᠩᠭᠣᠯ ᠲᠠᠬᠢᠯᠭ᠎ᠠ》 ᠶ᠋ᠢᠨ 《ᠦᠵᠦᠮᠦᠴᠢᠨ ᠰᠦᠯᠳᠡ ᠣᠪᠣᠭ᠎ᠠ ᠶ᠋ᠢ ᠠᠯᠲᠠᠨ ᠬᠢᠩᠭᠠᠨ ᠤ᠋ ᠰᠠᠯᠪᠤᠷᠢ ᠱᠣᠭᠰᠣᠷᠭ᠎ᠠ ᠶ᠋ᠢᠨ ᠨᠢᠷᠤᠭᠤᠨ ᠤ᠋ ᠠᠪᠠᠢ ᠬᠠᠨ ᠠᠭᠤᠯᠠ ᠶ᠋ᠢᠨ ᠬᠠᠮᠤᠭ ᠥᠨᠳᠥᠷ ᠣᠷᠣᠢ ᠳᠡᠭᠡᠷ᠎ᠡ ᠦᠵᠦᠮᠦᠴᠢᠨ ᠤ ᠠᠩᠬᠠᠳᠤᠭᠠᠷ ᠦᠶ᠎ᠡ ᠶ᠋ᠢᠨ ᠬᠣᠱᠣᠢ ᠰᠡᠴᠡᠨ ᠴᠢᠨ ᠸᠠᠩ ᠪᠣᠰᠬᠠᠵᠠᠢ᠃ᠴᠢᠯᠠᠭᠤ ᠶ᠋ᠢ ᠴᠠᠪᠴᠢᠵᠤ᠂ ᠵᠠᠰᠠᠭᠰᠠᠨ ᠴᠢᠯᠠᠭᠤ ᠪᠠᠷ ᠣᠪᠣᠭ᠎ᠠ ᠪᠤᠰᠬᠠᠵᠤ᠂ ᠭᠣᠣᠯ ᠳ᠋ᠤ᠌ ᠨᠢ ᠭᠤᠷᠪᠠᠨ ᠰᠡᠷᠡᠭᠡ ᠲᠡᠢ ᠰᠦᠯᠳᠡ ᠶ᠋ᠢᠨ ᠪᠤᠰᠬᠠᠵᠤ ᠵᠢᠯ ᠪᠦᠷᠢ ᠶ᠋ᠢᠨ ᠪᠢᠯᠢᠭ ᠤᠨ ᠤᠯᠠᠷᠢᠯ ᠤ᠋ᠨ ᠳᠣᠯᠣᠭᠠᠨ ᠰᠠᠷ᠎ᠠ ᠶ᠋ᠢᠨ ᠠᠷᠪᠠᠨ ᠲᠠᠪᠤᠨ ᠳ᠋ᠤ᠌ ᠲᠠᠬᠢᠯᠭ᠎ᠠ ᠬᠢᠵᠦ᠂ ᠰᠡᠭᠦᠯᠡᠷ ᠣᠪᠣᠭᠠᠲᠤ ᠶ᠋ᠢᠨ ᠰᠦᠮ᠎ᠡ ᠶ᠋ᠢ ᠪᠠᠷᠢᠭᠰᠠᠨ ᠬᠣᠢᠨ᠎ᠠ ᠡᠨᠡ ᠰᠦᠮ᠎ᠡ ᠪᠡᠷ ᠲᠠᠬᠢᠯᠭ᠎ᠠ ᠬᠢᠯᠭᠡᠵᠡᠢ᠃ ᠦᠵᠦᠮᠦᠴᠢᠨ ᠰᠦᠯᠳᠡ ᠶ᠋ᠢᠨ ᠲᠤᠬᠠᠢ ᠪᠤᠰᠤᠳ ᠮᠠᠲ᠋ᠧᠷᠢᠶᠠᠯ ᠢ᠋ ᠯᠠᠪᠯᠠᠭᠰᠠᠨ ᠳ᠋ᠤ᠌ ᠦᠵᠦᠮᠦᠴᠢᠨ ᠰᠦᠯᠳᠡ ᠨᠢ ᠬᠠᠷ᠎ᠠ ᠰᠦᠯᠳᠡ (ᠬᠠᠷ᠎ᠠ ᠲᠤᠭ) ᠤ᠋ᠨ ᠬᠤᠪᠢᠯᠪᠤᠷᠢ ᠰᠦᠯᠳᠡ ᠪᠣᠯᠤᠨ᠎ᠠ》① ᠭᠡᠰᠡᠨ ᠲᠡᠮᠳᠡᠭᠯᠡᠯ ᠪᠣᠯᠤᠨ 《ᠴᠢᠩᠭᠢᠰ ᠬᠠᠭᠠᠨ ᠤ᠋ ᠳᠣᠭᠰᠢᠨ ᠬᠠᠷ᠎ᠠ ᠰᠦᠯᠳᠡ》 ᠶ᠋ᠢᠨ 《ᠰᠡᠴᠡᠨ ᠬᠠᠨ ᠠᠢᠮᠠᠭ ᠤ᠋ᠨ ᠬᠤᠷᠴᠠ ᠸᠠᠩ ᠳᠦᠳᠡᠩ ᠤᠨ ᠬᠣᠰᠢᠭᠤ (ᠡᠳᠦᠭᠡ ᠶ᠋ᠢᠨ ᠰᠦᠬᠡᠪᠠᠭᠠᠲᠤᠷ ᠠᠢᠮᠠᠭ ᠤ᠋ᠨ ᠡᠷᠳᠡᠨᠢᠴᠠᠭᠠᠨ ᠰᠤᠮᠤ) ᠳ᠋ᠤ᠌ ᠨᠢᠭᠡ ᠬᠠᠷ᠎ᠠ ᠰᠦᠯᠳᠡ ᠶ᠋ᠢ ᠦᠶ᠎ᠡ ᠤᠯᠠᠷᠢᠨ ᠲᠠᠬᠢᠵᠤ ᠢᠷᠡᠭᠰᠡᠨ ᠪᠠᠢᠨ᠎ᠠ᠃ᠡᠨᠡ ᠰᠦᠯᠳᠡ ᠨᠢ ᠣᠷᠣᠢ ᠳ᠋ᠠᠭᠠᠨ ᠭᠤᠷᠪᠠᠨ ᠰᠡᠷᠡᠭᠡ ᠲᠡᠢ᠂ ᠲᠠᠪᠤᠨ ᠴᠠᠭᠠᠷᠢᠭ ᠬᠦᠷᠢᠶ᠎ᠡ ᠲᠡᠢ ᠭᠣᠣᠯ ᠰᠡᠷᠡᠭᠡᠨ ᠳ᠋ᠦ᠍ ᠨᠢ ᠴᠢᠨᠳᠠᠮᠤᠨᠢ ᠦᠰᠦᠭ ᠲᠡᠢ ᠬᠠᠷ᠎ᠠ ᠮᠣᠷᠢᠨ ᠤ᠋ ᠳᠡᠯ ᠰᠡᠭᠦᠯ ᠢ᠋ᠶ᠋ᠡᠷ ᠬᠢᠭᠰᠡᠨ᠂ ᠬᠠᠳᠠᠭ ᠶᠡᠨᠳᠡᠷ ᠴᠢᠮᠡᠭ ᠲᠡᠢ ᠪᠠᠢᠵᠠᠢ᠃ ᠰᠡᠷᠡᠭᠡᠨ ᠤ ᠳᠣᠣᠷ᠎ᠠ ᠵᠡᠬᠡᠭ ᠲᠡᠢ ᠢᠰᠡᠭᠡᠢ ᠤᠭᠤᠲᠠ ᠲᠠᠢ᠂ ᠲᠡᠭᠦᠨ ᠳ᠋ᠦ᠍ ᠭᠬᠢᠪ ᠬᠠᠳᠠᠭ ᠲᠤ᠌ ᠬᠢᠭᠰᠡᠨ ᠪᠠᠢᠨ᠎ᠠ᠃ ᠰᠦᠯᠳᠡ ᠶ᠋ᠢ ᠲᠡᠭᠦᠨ ᠤ ᠡᠵᠡᠨ ᠵᠠᠢᠰᠠᠩ ᠤ᠋ᠨ ᠭᠡᠷ ᠤᠨ ᠪᠠᠷᠠᠭᠤᠨ ᠬᠣᠢᠲᠤ ᠪᠦᠰᠡᠯᠡᠭᠦᠷ ᠲᠦ᠍ ᠤᠶᠠᠵᠤ ᠪᠡᠬᠢᠯᠡᠨ ᠵᠢᠳᠠ᠂ ᠨᠤᠮᠤ ᠰᠤᠮᠤ᠂ ᠰᠠᠭᠠᠳᠠᠭ᠂ ᠰᠡᠯᠡᠮ᠎ᠡ ᠵᠡᠷᠭᠡ ᠴᠡᠷᠢᠭ ᠤᠨ ᠵᠠᠷ ᠵᠡᠪᠰᠡᠭ ᠢ᠋ ᠳᠠᠭᠠᠯᠳᠤᠭᠤᠯᠤᠨ᠎ᠠ》②᠂ 《ᠲᠤᠭ᠂ ᠴᠢᠩᠭᠢᠰ ᠤᠨ ᠰᠦᠮ᠎ᠡ ᠶ᠋ᠢ ᠡᠳᠦᠭᠡ ᠶ᠋ᠢᠨ ᠮᠣᠩᠭᠣᠯ ᠤᠯᠤᠰ ᠤ᠋ᠨ ᠳᠣᠷᠣᠨᠠᠲᠤ ᠠᠢᠮᠠᠭ ᠤ᠋ᠨ ᠪᠤᠯᠠᠭᠠᠨ ᠰᠤᠮᠤ ᠠ᠋ᠴᠠ ᠪᠠᠷᠠᠭᠤᠨ ᠲᠡᠢᠰᠢ ᠭᠤᠴᠢ ᠣᠷᠴᠢᠮ  ᠺᠢᠯᠣᠮᠧᠲ᠋ᠷ ᠵᠠᠢᠲᠠᠢ᠂ ᠬᠡᠷᠦᠯᠦᠨ ᠭᠣᠣᠯ ᠤ᠋ᠨ ᠤᠷᠲᠤ ᠬᠥᠪᠡᠭᠡᠨ ᠳᠡᠭᠡᠷ᠎ᠡ ᠪᠠᠶᠠᠨ ᠡᠷᠬᠡᠲᠦ ᠨᠡᠷ᠎ᠡ ᠲᠡᠢ ᠵᠢᠵᠢᠭ ᠲᠣᠯᠣᠭᠠᠢ ᠶ᠋ᠢᠨ ᠣᠷᠣᠢ ᠳᠡᠭᠡᠷ᠎ᠡ ᠪᠠᠢᠭᠤᠯᠵᠠᠢ》③᠂ 《ᠰᠡᠴᠡᠨ ᠬᠠᠨ ᠠᠢᠮᠠᠭ ᠤ᠋ᠨ ᠬᠠᠨ ᠨᠣᠶᠠᠳ᠂ ᠲᠦᠰᠢᠮᠡᠳ᠂ ᠡᠷᠳᠡᠮᠲᠡᠨ ᠯᠠᠮᠠ ᠨᠠᠷ ᠴᠣᠬᠣᠮ ᠡᠨᠡ ᠲᠣᠯᠣᠭᠠᠢ ᠶ᠋ᠢ ᠰᠢᠨᠵᠢᠨ ᠰᠣᠩᠭᠣᠵᠤ᠂ ᠳᠠᠢᠴᠢᠩ ᠤᠯᠤᠰ ᠤᠨ ᠪᠦᠷᠢᠨᠲᠦ ᠵᠠᠰᠠᠭᠴᠢ ᠶ᠋ᠢᠨ ᠬᠣᠶᠠᠳᠤᠭᠠᠷ ᠣᠨ (1863 ᠣᠨ) ᠳ᠋ᠤ᠌ ᠴᠢᠨ ᠸᠠᠩ ᠲᠣᠭᠲᠠᠬᠤᠲᠦ᠋ᠷᠥ ᠴᠢᠭᠤᠯᠭᠠᠨ ᠤ᠋ ᠳᠠᠷᠤᠭ᠎ᠠ ᠪᠠᠢᠬᠤ ᠦᠶ᠎ᠡ ᠳ᠋ᠦ᠍ ᠡᠢᠨ ᠪᠦᠲᠦᠭᠡᠭᠰᠡᠨ ᠭᠡᠵᠦ ᠰᠤᠷᠪᠤᠯᠵᠢ ᠪᠢᠴᠢᠭ ᠲᠦ᠍ ᠥᠭᠦᠯᠡᠵᠡᠢ᠃ ᠡᠢᠨ ᠬᠦ᠌ ᠡᠳᠦᠭᠡ ᠡᠴᠡ 145 ᠵᠢᠯ ᠤᠨ ᠡᠮᠦᠨ᠎ᠡ ᠬᠠᠯᠬ᠎ᠠ ᠮᠣᠩᠭᠣᠯ ᠳ᠋ᠤ᠌ ᠴᠢᠩᠭᠢᠰ ᠬᠠᠭᠠᠨ ᠤ᠋ ᠲᠠᠬᠢᠯᠭ᠎ᠠ ᠪᠣᠯᠤᠨ ᠲᠤᠭ ᠤ᠋ᠨ ᠰᠦᠮ᠎ᠡ ᠰᠦᠨᠳᠡᠷᠯᠡᠨ ᠪᠣᠰᠴᠤ᠂ ᠲᠠᠬᠢᠯᠭ᠎ᠠ ᠮᠥᠷᠭᠥᠯ ᠤᠨ ᠵᠠᠩ ᠦᠢᠯᠡ ᠶ᠋ᠢ ᠭᠦᠢᠴᠡᠳᠬᠡᠬᠦ ᠪᠣᠯᠵᠠᠢ》④᠂ 《ᠲᠤᠭ ᠤ᠋ᠨ ᠰᠦᠮ᠎ᠡ ᠶ᠋ᠢᠨ ᠬᠠᠷ᠎ᠠ ᠲᠤᠭ ᠢ᠋ ᠪᠦᠬᠦᠢ ᠳ᠋ᠦ᠍ ᠨᠢ ᠵᠡᠰ ᠢ᠋ᠶ᠋ᠡᠷ ᠬᠢᠵᠦ᠂ ᠶᠡᠬᠡ ᠪᠡᠶ᠎ᠡ ᠶ᠋ᠢᠨ ᠭᠠᠳᠠᠨ᠎ᠠ ᠲᠠᠯ᠎ᠠ ᠪᠠᠷ ᠬᠠᠷ᠎ᠠ ᠬᠢᠯᠭᠠᠰᠤᠨ ᠴᠠᠴᠤᠭ ᠤᠨᠵᠢᠭᠤᠯᠤᠭᠰᠠᠨ ᠪᠠᠢᠵᠠᠢ᠃ ᠲᠤᠬᠠᠢᠯᠠᠪᠠᠯ ᠣᠷᠣᠢ ᠳᠡᠭᠡᠷ᠎ᠡ ᠨᠢ ᠭᠠᠯ ᠪᠦᠬᠦᠢ 3 ᠰᠡᠷᠡᠭᠡ ᠲᠡᠢ᠂ ᠰᠡᠷᠡᠭᠡ ᠶ᠋ᠢ ᠰᠠᠭᠤᠷᠢᠯᠠᠭᠤᠯᠤᠭᠰᠠᠨ ᠵᠡᠰ ᠶᠡᠬᠡ ᠪᠡᠶ᠎ᠡ ᠶ᠋ᠢ 4 ᠬᠤᠪᠢᠶᠠᠵᠤ᠂ ᠳᠥᠷᠪᠡᠨ ᠲᠠᠯ᠎ᠠ ᠳ᠋ᠤ᠌ ᠨᠢ ᠶᠡᠬᠡ ᠪᠡᠶ᠎ᠡ ᠡᠴᠡ ᠨᠢ1 ᠰᠡᠨᠲ᠋ᠢᠮᠧᠲ᠋ᠷ ᠣᠷᠴᠢᠮ ᠵᠠᠢᠲᠠᠢ ᠲᠣᠯᠢ᠂ ᠪᠦᠴᠡ᠂ ᠪᠦᠰᠡᠯᠡᠭᠦᠷ ᠲᠣᠭᠲᠠᠭᠠᠭᠰᠠᠨ ᠪᠠᠢᠨ᠎ᠠ᠃ ᠰᠡᠷᠡᠭᠡ ᠶ᠋ᠢ ᠴᠢᠮᠡᠭᠯᠡᠭᠰᠡᠨ ᠭᠠᠯ ᠪᠣᠯᠤᠨ ᠳᠥᠷᠪᠡᠨ ᠲᠣᠯᠢ ᠶ᠋ᠢ ᠠᠯᠲᠠᠳᠠᠭᠰᠠᠨ ᠪᠠᠢᠨ᠎ᠠ》⑤᠂ 《ᠬᠠᠷ᠎ᠠ ᠲᠤᠭ ᠨᠢ ᠲᠤᠭ᠂ ᠴᠢᠩᠭᠢᠰ ᠤᠨ ᠰᠦᠮ᠎ᠡ ᠶ᠋ᠢᠨ ᠬᠠᠮᠤᠭ ᠤ᠋ᠨ ᠭᠣᠣᠯ ᠰᠢᠲᠦᠭᠡᠨ ᠨᠢ ᠪᠣᠯᠵᠤ ᠪᠠᠢᠭᠰᠠᠨ ᠶᠤᠮ᠃ ᠠᠷᠭᠧᠳ᠋ ᠤᠨ ᠪᠠᠷᠢᠮᠲᠠ ᠳ᠋ᠤ᠌ ᠰᠦᠮ᠎ᠡ ᠶ᠋ᠢᠨ ᠨᠡᠷ᠎ᠡ ᠶ᠋ᠢ ᠪᠢᠴᠢᠬᠦ ᠳ᠋ᠡᠭᠡᠨ <ᠲᠤᠭ> ᠂ <ᠴᠢᠩᠭᠢᠰ> ᠭᠡᠰᠡᠨ ᠬᠣᠶᠠᠷ ᠨᠡᠷ᠎ᠡ ᠶ᠋ᠢ ᠮᠥᠷ ᠮᠡᠳᠬᠡᠨ ᠵᠡᠷᠭᠡᠴᠡᠭᠦᠯᠦᠨ ᠪᠢᠴᠢᠭᠰᠡᠨ ᠪᠠᠢᠬᠤ ᠪᠥᠭᠡᠳ ᠢᠩᠭᠢᠬᠦ ᠳ᠋ᠡᠭᠡᠨ <ᠲᠤᠭ> ᠭᠡᠳᠡᠭ ᠦᠭᠡ ᠶ᠋ᠢ ᠢᠮᠠᠭᠲᠠ ᠡᠬᠢᠨ ᠳ᠋ᠦ᠍ ᠨᠢ ᠪᠢᠴᠢᠭᠰᠡᠨ ᠪᠠᠢᠨ᠎ᠠ》⑥᠂ 《ᠵᠠᠷᠢᠮ ᠠᠷᠭᠧᠳ᠋ ᠤᠨ ᠪᠠᠷᠢᠮᠲᠠ ᠳ᠋ᠤ᠌ <ᠲᠤᠭ> ᠭᠡᠳᠡᠭ ᠦᠭᠡ ᠶ᠋ᠢ ᠲᠣᠳᠣᠳᠬᠠᠵᠤ<ᠮᠠᠬᠠᠺᠠᠯᠠ ᠶ᠋ᠢᠨ ᠲᠤᠭ᠂ ᠴᠢᠩᠭᠢᠰ ᠤᠨ ᠰᠦᠮ᠎ᠡ> ᠭᠡᠮᠡᠨ ᠪᠢᠴᠢᠭᠰᠡᠨ ᠪᠠᠢᠳᠠᠭ ᠨᠢ ᠪᠢᠳᠡᠨ ᠤ ᠠᠩᠬᠠᠷᠤᠯ ᠢ᠋ ᠲᠠᠲᠠᠵᠤ ᠪᠠᠢᠨ᠎ᠠ᠃ ᠪᠢᠳᠡᠨ ᠳ᠋ᠦ᠍ ᠣᠯᠳᠠᠭᠰᠠᠨ ᠪᠠᠷᠢᠮᠲᠠ ᠪᠠᠷ ᠪᠦᠷᠢᠨᠲᠦ ᠵᠠᠰᠠᠭᠴᠢ ᠶ᠋ᠢᠨ ᠠᠷᠪᠠᠨ ᠭᠤᠷᠪᠠᠳᠤᠭᠠᠷ ᠣᠨ (1874 ᠣᠨ) ᠤ᠋ ᠨᠢᠭᠡ ᠪᠢᠴᠢᠭ ᠡᠴᠡ ᠡᠬᠢᠯᠡᠭᠡᠳ ᠬᠣᠵᠢᠮ ᠨᠢ 1916 ᠣᠨ᠂ ᠳᠣᠭ᠂ ᠴᠢᠩᠭᠢᠰ ᠤᠨ ᠰᠦᠮ᠎ᠡ ᠶ᠋ᠢᠨ ᠬᠤᠷᠠᠯ ᠤ᠋ᠨ ᠲᠡᠷᠢᠭᠦᠨ ᠯᠠᠮᠠ ᠡᠷᠳᠡᠨᠢ ᠮᠡᠷᠭᠡᠨ ᠪᠠᠨᠳᠢᠳᠠ ᠬᠤᠪᠢᠯᠭᠠᠨ ᠲᠣᠪᠴᠢᠨ ᠤ᠋ ᠪᠢᠴᠢᠭ ᠲᠦ᠍ ᠬᠦᠷᠲᠡᠯ᠎ᠡ 〈ᠮᠠᠬ᠍ᠺᠠᠯᠠ ᠶ᠋ᠢᠨ ᠲᠤᠭ᠂ ᠴᠢᠩᠭᠢᠰ ᠤᠨ ᠳᠦᠷᠢ> ᠶ᠋ᠢ ᠪᠦᠲᠦᠭᠡᠯᠭᠡᠵᠦ ᠵᠠᠯᠠᠭᠰᠠᠨ ᠭᠡᠮᠡᠨ ᠥᠭᠦᠯᠡᠵᠡᠢ》: ⑦ ᠭᠡᠰᠡᠨ ᠲᠡᠮᠳᠡᠭᠯᠡᠯ ᠦ᠋ᠳ ᠡᠴᠡ ᠮᠡᠳᠡᠵᠦ ᠪᠣᠯᠤᠨ᠎ᠠ᠃ ᠡᠭᠦᠨ ᠢ᠋ᠶ᠋ᠡᠷ ᠪᠠᠷᠠᠬᠤ ᠦᠭᠡᠢ ᠰᠣᠶᠣᠯ ᠬᠥᠭᠵᠢᠭᠰᠡᠨ ᠥᠨᠥᠳᠥᠷ ᠴᠦ᠍ ᠰᠡᠷᠡᠭᠡ ᠬᠡᠯᠪᠡᠷᠢᠲᠦ ᠭᠢᠯᠣᠪᠠᠷ ᠲᠠᠢ ᠬᠠᠷ᠎ᠠ ᠲᠤᠭ ᠡᠨᠳᠡ ᠲᠡᠨᠳᠡ ᠦᠵᠡᠭᠳᠡᠵᠦ᠂ ᠴᠢᠨᠠᠭᠰᠢᠯᠠᠪᠠᠯ ᠮᠣᠩᠭᠣᠯ ᠰᠣᠶᠣᠯ ᠤ᠋ᠨ ᠥᠨᠴᠥᠭ ᠪᠤᠯᠤᠩ ᠳ᠋ᠤ᠌ ᠴᠤ᠌ ᠪᠠᠰᠠ ᠪᠤᠯᠲᠠᠢᠨ ᠦᠵᠡᠭᠳᠡᠵᠦ ᠪᠠᠢᠨ᠎ᠠ᠃ ᠰᠡᠷᠡᠭᠡ ᠬᠡᠯᠪᠡᠷᠢᠲᠦ ᠭᠢᠯᠣᠪᠠᠷ ᠲᠠᠢ ᠬᠠᠷ᠎ᠠ ᠲᠤᠭ ᠢ᠋ ᠲᠠᠬᠢᠬᠤ ᠪᠠ ᠡᠰᠡᠬᠦ ᠨᠢ ᠬᠡᠯᠡᠯᠭᠡᠨ ᠦᠭᠡᠢ ᠬᠥᠮᠦᠨ ᠤ ᠱᠠᠰᠢᠨ ᠰᠢᠲᠦᠯᠭᠡ ᠶ᠋ᠢᠨ ᠡᠷᠬᠡ ᠴᠢᠯᠥᠭᠡ ᠪᠣᠯᠤᠨ᠎ᠠ᠂ ᠭᠡᠪᠡᠴᠦ ᠰᠡᠷᠡᠭᠡ ᠬᠡᠯᠪᠡᠷᠢᠲᠦ ᠭᠢᠯᠦᠪᠠᠷ ᠲᠠᠢ ᠬᠠᠷ᠎ᠠ ᠲᠤᠭ ᠢ᠋ ᠮᠣᠩᠭᠣᠯᠴᠤᠳ ᠤ᠋ᠨ ᠤᠯᠠᠮᠵᠢᠯᠠᠯᠲᠤ ᠬᠠᠷ᠎ᠠ ᠲᠤᠭ (ᠴᠢᠩᠭᠢᠰ ᠬᠠᠭᠠᠨ ᠤ᠋ ᠮᠠᠨᠳᠤᠭᠤᠯᠵᠤ ᠶᠠᠪᠤᠭᠰᠠᠨ ᠬᠠᠷ᠎ᠠ ᠲᠤᠭ) ᠢ᠋ᠶ᠋ᠠᠷ ᠦᠵᠡᠵᠦ ᠪᠣᠯᠬᠤ ᠦᠭᠡᠢ᠃ ᠣᠯᠠᠨ ᠠᠷᠪᠢᠨ ᠰᠤᠷᠪᠤᠯᠵᠢ ᠪᠢᠴᠢᠭ ᠪᠠ ᠰᠤᠳᠤᠯᠭᠠᠨ ᠤ᠋ ᠨᠣᠮ ᠳ᠋ᠤ᠌ ᠪᠦᠷ ᠬᠠᠷ᠎ᠠ ᠲᠤᠭ ᠨᠢ ᠣᠷᠣᠢ ᠳ᠋ᠠᠭᠠᠨ ᠭᠠᠭᠴᠠ ᠲᠡᠮᠦᠷ ᠬᠢᠯᠦᠪᠠᠷ ᠲᠠᠢ ᠭᠡᠵᠦ ᠲᠡᠮᠳᠡᠭᠯᠡᠭᠰᠡᠨ ᠪᠠᠢᠳᠠᠭ᠃ ᠡᠭᠦᠨ ᠢ᠋ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠷᠳᠣᠰ ᠬᠣᠲᠠ ᠶ᠋ᠢᠨ ᠡᠵᠡᠨ ᠬᠣᠷᠣᠭ᠎ᠠ ᠬᠤᠰᠢᠭᠤᠨ ᠳ᠋ᠤ᠌ ᠲᠠᠬᠢᠵᠤ ᠪᠠᠢᠭ᠎ᠠ ᠬᠠᠷ᠎ᠠ ᠲᠤᠭ᠂ ᠮᠣᠩᠭᠣᠯ ᠤᠯᠤᠰ ᠤ᠋ᠨ ᠦᠨᠳᠦᠰᠦᠲᠡᠨ ᠤ ᠲᠥᠪ ᠮᠦᠽᠧᠢ ᠳ᠋ᠦ᠍ ᠳᠡᠯᠭᠡᠵᠦ ᠪᠠᠢᠭ᠎ᠠ ᠬᠠᠷ᠎ᠠ ᠲᠤᠭ ᠢ᠋ ᠦᠵᠡᠪᠡᠯ ᠨᠡᠩ ᠲᠣᠳᠣᠷᠬᠠᠢ ᠮᠡᠳᠡᠵᠦ ᠪᠣᠯᠤᠨ᠎ᠠ᠂ ᠣᠯᠠᠨ ᠤᠩᠰᠢᠭᠴᠢᠳ ᠲᠦᠮᠡᠨ ᠮᠢᠨᠢ ᠬᠠᠷ᠎ᠠ ᠲᠤᠭ ᠢ᠋ ᠪᠦᠦ ᠡᠳᠡᠭᠦᠷᠡᠭᠡᠷᠡᠶ᠃ ᠳᠥᠷᠪᠡ ᠳ᠋ᠦ᠍ ᠡᠷᠢᠨᠴᠢᠨ ᠵᠢᠨᠦᠩ ᠤᠨ ᠦᠢᠯᠡᠳᠦᠯ ᠪᠣᠯᠤᠨ᠎ᠠ᠃ ᠬᠣᠢᠲᠤ ᠶᠤᠸᠠᠨ ᠤᠯᠤᠰ ᠤ᠋ᠨ ᠦᠶ᠎ᠡ ᠬᠦᠷᠬᠦ ᠳ᠋ᠦ᠍ ᠤᠯᠠᠮᠵᠢᠯᠠᠯᠲᠤ ᠬᠠᠷ᠎ᠠ ᠲᠤᠭ ᠤ᠋ᠨ ᠬᠤᠪᠢᠯᠪᠤᠷᠢ᠂ ᠳᠠᠷᠤᠢ ᠮᠠᠬᠠᠺᠠᠯᠠ ᠶ᠋ᠢᠨ ᠬᠠᠷ᠎ᠠ ᠲᠤᠭ ᠤᠯᠠᠭᠠᠨ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠮᠥᠬᠥᠬᠦ ᠶ᠋ᠢ ᠳᠠᠭᠠᠯᠳᠤᠨ ᠮᠥᠬᠥᠪᠡ᠃ ᠬᠣᠢᠲᠤ ᠶᠤᠸᠠᠨ ᠤᠯᠤᠰ ᠮᠣᠩᠭᠣᠯᠴᠤᠳ ᠤ᠋ᠨ ᠤᠯᠠᠮᠵᠢᠯᠠᠯᠲᠤ ᠬᠠᠷ᠎ᠠ ᠲᠤᠭ ᠢ᠋ᠶ᠋ᠠᠨ ᠰᠡᠷᠭᠦᠭᠡᠨ ᠪᠦᠲᠦᠭᠡᠵᠦ᠂ ᠴᠡᠷᠢᠭ ᠲᠡᠢᠨ ᠳᠡᠭᠡᠷ᠎ᠡ ᠳᠡᠭᠡᠳᠦᠯᠡᠨ ᠬᠡᠷᠡᠭᠯᠡᠬᠦ ᠪᠣᠯᠵᠠᠢ᠃ ᠪᠣᠳᠢ ᠠᠯᠠᠭ ᠬᠠᠭᠠᠨ ᠬᠠᠷ᠎ᠠ ᠰᠦᠯᠳᠡ ᠶ᠋ᠢ ᠪᠠᠷᠠᠭᠤᠨ ᠭᠤᠷᠪᠠᠨ ᠲᠦᠮᠡᠨ ᠳ᠋ᠦ᠍ ᠦᠯᠡᠳᠡᠭᠡᠵᠦ ᠥᠭᠭᠦᠭᠰᠡᠨ ᠡᠴᠡ ᠬᠣᠢᠰᠢ ᠴᠤ᠌ ᠪᠠᠷᠠᠭᠤᠨ ᠲᠦᠮᠡᠨ ᠨᠢ ᠬᠠᠷ᠎ᠠ ᠲᠤᠭ ᠢ᠋ ᠮᠥᠨ ᠯᠡ ᠴᠡᠷᠢᠭ ᠲᠡᠢᠨ ᠳᠡᠭᠡᠷ᠎ᠡ ᠳᠡᠭᠡᠳᠦᠯᠡᠨ ᠬᠡᠷᠡᠭᠯᠡᠵᠦ ᠪᠠᠢᠵᠠᠢ᠃《ᠡᠷᠢᠨᠴᠢᠨ ᠵᠢᠨᠦᠩ ᠮᠠᠨᠵᠤ ᠲᠥᠷᠥ ᠪᠣᠯᠤᠭᠰᠠᠨ ᠠ᠋ᠴᠠ ᠬᠣᠢᠰᠢ ᠲᠡᠭᠦᠨ ᠳ᠋ᠦ᠍ ᠬᠤᠪᠢᠶᠠᠨ ᠣᠯᠭᠣᠭᠰᠠᠨ ᠵᠢᠨᠦᠩ ᠤᠨ ᠳᠥᠷᠪᠡᠨ ᠬᠦᠷᠢᠶ᠎ᠡ ᠪᠡᠷ ᠭᠣᠣᠯ ᠪᠣᠯᠭᠠᠭᠰᠠᠨ ᠵᠢᠶᠦ᠋ᠨ ᠸᠠᠩ ᠬᠤᠰᠢᠭᠤᠨ ᠤ᠋ ᠤᠯᠠᠭᠠᠨ ᠮᠥᠷᠡᠨ ᠤ ᠳᠤᠬᠤᠢ ᠳ᠋ᠤ᠌ ᠬᠠᠷ᠎ᠠ ᠰᠦᠯᠳᠡ ᠪᠡᠨ ᠰᠠᠭᠠᠳᠠᠭᠤᠯᠤᠨ ᠲᠠᠯᠪᠢᠵᠤ᠂ ᠲᠠᠬᠢᠯ ᠲᠠᠪᠠᠭ ᠡᠷᠭᠦᠵᠦ ᠳᠤᠷᠠᠰᠬᠠᠯ ᠪᠣᠯᠭᠠᠨ ᠬᠠᠳᠠᠭᠠᠯᠠᠵᠠᠢ》⑧᠃ ᠡᠨᠡ ᠨᠢ ᠤᠯᠠᠮᠵᠢᠯᠠᠯᠲᠤ ᠬᠠᠷ᠎ᠠ ᠲᠤᠭ ᠤ᠋ᠨ ᠦᠢᠯᠡᠳᠬᠦ ᠰᠣᠶᠣᠯ ᠤ᠋ᠨ ᠤᠯᠠᠮᠵᠢᠯᠠᠯ ᠵᠠᠯᠭᠠᠮᠵᠢᠯᠠᠯ ᠪᠣᠯᠤᠨ ᠱᠠᠰᠢᠨ ᠰᠤᠷᠲᠠᠬᠤᠨ ᠤ᠋ ᠰᠣᠶᠣᠯ ᠤ᠋ᠨ ᠬᠥᠭᠵᠢᠯᠲᠡ ᠳ᠋ᠦ᠍ ᠴᠢᠬᠤᠯᠠ ᠦᠢᠯᠡᠳᠦᠯ ᠦᠵᠡᠭᠦᠯᠵᠡᠢ᠃ ᠲᠠᠪᠤ ᠳ᠋ᠤ᠌ ᠤᠷᠤᠨ ᠨᠤᠲᠤᠭ ᠤ᠋ᠨ ᠨᠣᠶᠠᠳ ᠤ᠋ᠨ ᠦᠢᠯᠡᠳᠦᠯ ᠪᠣᠯᠤᠨ᠎ᠠ᠃ ᠡᠩᠬᠡ ᠠᠮᠤᠭᠤᠯᠠᠩ ᠬᠠᠭᠠᠨ ᠤ᠋ ᠳᠤᠮᠳᠠ ᠦᠶ᠎ᠡ ᠪᠣᠯᠬᠤ ᠳ᠋ᠤ᠌ ᠶᠡᠬᠡ ᠵᠣᠤ ᠶ᠋ᠢᠨ ᠴᠢᠭᠤᠯᠭᠠᠨ ᠳ᠋ᠠᠬᠢ ᠶᠡᠷᠦᠩᠬᠡᠢ ᠰᠢᠲᠦᠭᠡᠨ ᠤ ᠳᠠᠬᠢᠯᠭᠠᠨ ᠦᠢᠯᠡ ᠬᠠᠷᠰᠢ ᠬᠡᠷᠡᠭ ᠪᠣᠯᠤᠭᠰᠠᠨ ᠳ᠋ᠤ᠌ ᠠᠷᠤ ᠳᠥᠷᠪᠡ ᠥᠪᠥᠷ ᠵᠢᠷᠭᠤᠭᠠᠨ ᠴᠢᠭᠤᠯᠭᠠᠨ ᠤ᠋ ᠣᠯᠠᠨ ᠵᠠᠰᠠᠭ ᠸᠠᠩ ᠬᠦᠩ ᠨᠠᠷ ᠬᠡᠯᠡᠯᠴᠡᠵᠦ ᠪᠠᠢᠭᠠᠳ ᠡᠯ᠎ᠡ ᠬᠤᠰᠢᠭᠤᠨ ᠠ᠋ᠴᠠ ᠲᠠᠪᠤᠨ ᠵᠠᠭᠤᠨ ᠡᠷᠦᠬᠡ ᠠᠢᠯ ᠢ᠋ ᠲᠡᠳᠡᠨ ᠭᠠᠷᠭᠠᠵᠤ᠂ ᠳᠠᠷᠬᠠᠳ ᠤ᠋ᠨ ᠡᠩᠨᠡᠭᠡ ᠶ᠋ᠢ ᠡᠭᠦᠰᠬᠡᠨ ᠪᠠᠢᠭᠤᠯᠪᠠ᠃ ᠲᠡᠳᠡᠨ ᠳ᠋ᠦ᠍ ᠭᠠᠵᠠᠷ ᠨᠤᠲᠤᠭ ᠭᠠᠷᠭᠠᠨ ᠰᠠᠭᠤᠯᠭᠠᠵᠤ᠂ ᠴᠡᠷᠢᠭ ᠤᠨ ᠠᠯᠪᠠ ᠭᠠᠢᠯᠢ ᠭᠤᠪᠴᠢᠭᠤᠷ ᠠ᠋ᠴᠠ ᠭᠡᠯᠳᠦᠷᠢᠭᠦᠯᠵᠦ᠂ ᠲᠡᠳᠡ ᠨᠠᠷ ᠢ᠋ᠶ᠋ᠠᠷ ᠶᠡᠷᠦᠩᠬᠡᠢ ᠰᠢᠲᠦᠭᠡᠨ ᠢ᠋ ᠰᠠᠬᠢᠭᠤᠯᠵᠤ᠂ ᠡᠳᠦᠷ ᠳᠣᠳᠣᠮ ᠤ᠋ᠨ ᠲᠠᠬᠢᠯᠭ᠎ᠠ ᠶ᠋ᠢ ᠦᠢᠯᠡᠳᠦᠭᠦᠯᠵᠡᠢ᠃ ᠤᠯᠠᠮᠵᠢᠯᠠᠯᠲᠤ ᠬᠠᠷ᠎ᠠ ᠲᠤᠭ ᠴᠤ᠌ ᠬᠠᠮᠤᠷᠭᠠᠨ ᠳ᠋ᠤ᠌ ᠣᠷᠣᠵᠤ᠂ ᠲᠡᠭᠦᠨ ᠤ ᠲᠠᠬᠢᠯᠭ᠎ᠠ ᠶ᠋ᠢᠨ ᠲᠤᠬᠠᠢ ᠪᠢᠴᠢᠭ ᠰᠤᠳᠤᠷ ᠴᠤ᠌ ᠵᠣᠬᠢᠶᠠᠭᠳᠠᠵᠠᠢ᠃ ᠵᠢᠷᠭᠤᠭ᠎ᠠ ᠳ᠋ᠤ᠌ ᠲᠥᠷᠥ ᠶ᠋ᠢᠨ ᠪᠣᠳᠣᠯᠭ᠎ᠠ ᠶ᠋ᠢᠨ ᠦᠢᠯᠡᠳᠦᠯ ᠪᠣᠯᠤᠨ᠎ᠠ᠃ ᠳᠤᠮᠳᠠᠳᠤ ᠤᠯᠤᠰ ᠥᠭᠡᠷᠡᠴᠢᠯᠡᠯᠲᠡ ᠬᠢᠵᠦ ᠴᠢᠯᠥᠭᠡᠲᠡᠢ ᠶᠠᠪᠤᠯᠴᠠᠭᠰᠠᠨ ᠠ᠋ᠴᠠ ᠨᠡᠰᠢ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠤᠷᠤᠨ ᠨᠠᠮ ᠤ᠋ᠨ《ᠰᠢᠯᠢᠳᠡᠭ ᠰᠣᠶᠣᠯ ᠢ᠋ ᠤᠯᠠᠮᠵᠢᠯᠠᠨ ᠪᠠᠳᠠᠷᠠᠭᠤᠯᠬᠤ》 ᠲᠥᠷᠥ ᠶ᠋ᠢᠨ ᠪᠣᠳᠣᠯᠭ᠎ᠠ ᠶ᠋ᠢ ᠲᠤᠤᠱᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ ᠰᠣᠶᠣᠯ ᠤ᠋ᠨ ᠲᠣᠮᠣ ᠣᠷᠣᠨ ᠤ᠋ ᠪᠦᠲᠦᠭᠡᠨ ᠪᠠᠢᠭᠤᠯᠤᠯᠲᠠ ᠶ᠋ᠢ ᠬᠦᠴᠦᠲᠡᠢ ᠠᠳᠬᠤᠪᠠ᠃ ᠡᠨᠡ ᠨᠢ ᠣᠷᠳᠣᠰ ᠮᠣᠩᠭᠣᠯᠴᠤᠳ ᠤ᠋ᠨ ᠠᠯᠠᠭ ᠲᠤᠭ ᠤ᠋ᠨ ᠱᠠᠰᠢᠨ ᠰᠤᠷᠲᠠᠬᠤᠨ ᠤ᠋ ᠰᠣᠶᠣᠯ ᠤ᠋ᠨ ᠰᠡᠷᠭᠦᠭᠡᠨ ᠪᠠᠳᠠᠷᠠᠯᠲᠠ ᠳ᠋ᠤ᠌ ᠴᠢᠬᠤᠯᠠ ᠦᠢᠯᠡᠳᠦᠯ ᠦᠵᠡᠭᠦᠯᠵᠡᠢ᠃ 
       ᠠᠯᠠᠭ ᠲᠤᠭ ᠢ᠋ ᠪᠣᠯ ᠲᠤᠮᠪᠢᠨᠠᠢ ᠰᠡᠴᠡᠨ᠂ ᠪᠣᠷᠵᠢᠭᠢᠨ ᠣᠪᠣᠭ ᠤᠭᠰᠠᠭᠠᠲᠠᠨ ᠢ᠋ᠶ᠋ᠠᠨ ᠪᠦᠯᠬᠦᠮᠳᠡᠬᠦᠯᠬᠦ ᠭᠡᠰᠡᠨ ᠵᠣᠷᠢᠯᠭ᠎ᠠ ᠠ᠋ᠴᠠ ᠡᠭᠦᠳᠦᠨ ᠪᠦᠲᠦᠭᠡᠭᠰᠡᠨ ᠶᠦᠮ᠃ ᠤᠯᠠᠮᠵᠢᠯᠠᠯᠲᠤ ᠦᠵᠡᠯᠲᠡ ᠨᠢ ᠲᠡᠭᠦᠨ ᠢ᠋ ᠳᠣᠬᠢᠭᠤᠷ ᠳᠣᠯᠣᠭᠠᠨ ᠣᠳᠣᠨ ᠤ᠋ ᠰᠢᠳᠢᠲᠦ ᠡᠳ᠋ ᠭᠡᠵᠦ ᠦᠵᠡᠳᠡᠭ᠃ ᠠᠯᠠᠭ ᠲᠤᠭ ᠨᠢ ᠶᠢᠰᠦᠨ ᠵᠠᠭᠤᠨ ᠵᠢᠯ ᠤᠨ ᠤᠯᠠᠮᠵᠢᠯᠠᠯ ᠵᠠᠯᠭᠠᠮᠵᠢᠯᠠᠯ ᠤ᠋ᠨ ᠲᠡᠦᠬᠡ ᠶ᠋ᠢ ᠥᠩᠭᠡᠷᠡᠭᠡᠵᠦ᠂ ᠰᠢᠳᠢᠲᠦ ᠡᠳ᠋ ᠡᠴᠡ ᠡᠪ ᠨᠢᠭᠡᠳᠦᠯ ᠤᠨ ᠪᠡᠯᠭᠡᠳᠡᠯ ᠤᠨ ᠡᠳ᠋ ᠪᠣᠯᠤᠨ ᠬᠤᠪᠢᠷᠠᠵᠤ᠂ ᠶᠢᠷᠲᠢᠨᠴᠦ ᠳᠡᠭᠡᠷ᠎ᠡ ᠲᠣᠭᠲᠠᠨᠢᠭᠠᠳ ᠬᠣᠷᠢᠨ ᠨᠢᠭᠡᠳᠦᠭᠡᠷ ᠵᠠᠭᠤᠨ ᠤ᠋ ᠠᠯᠲᠠᠨ ᠪᠣᠱᠣᠭ᠎ᠠ ᠶ᠋ᠢ ᠠᠯᠬᠤᠨ ᠣᠷᠣᠵᠠᠢ᠃ ᠲᠡᠷᠡ ᠶᠠᠭᠠᠬᠢᠭᠠᠳ ᠨᠢᠭᠡᠨ ᠣᠳᠤᠨ ᠭᠠᠷᠠᠭ ᠮᠡᠲᠦ ᠥᠨᠢᠳᠡ ᠲᠣᠭᠲᠠᠨᠢᠵᠤ ᠴᠢᠳᠠᠭᠰᠠᠨ ᠪᠣᠢ? ᠲᠡᠦᠬᠡᠨ ᠮᠠᠲ᠋ᠧᠷᠢᠶᠠᠯ ᠪᠣᠯᠤᠨ ᠰᠤᠳᠤᠯᠭᠠᠨ ᠤ᠋ ᠦᠷ᠎ᠡ ᠳ᠋ᠦᠩ ᠢ ᠦᠨᠳᠦᠰᠦᠯᠡᠨ ᠲᠡᠭᠦᠨ ᠤ ᠭᠣᠣᠯ ᠪᠣᠯᠬᠤ ᠰᠢᠯᠲᠠᠭᠠᠨ ᠢ᠋ ᠨᠠᠷᠢᠪᠴᠢᠯᠠᠨ ᠰᠢᠨᠵᠢᠯᠡᠪᠡᠯ ᠦᠶ᠎ᠡ ᠦᠶ᠎ᠡ ᠶ᠋ᠢᠨ ᠮᠣᠩᠭᠣᠯ ᠬᠠᠭᠠᠳ ᠪᠣᠯᠤᠨ ᠪᠤᠰᠤᠳ ᠬᠦᠴᠦᠨ ᠵᠦᠢᠯ ᠠᠯᠠᠭ ᠲᠤᠭ ᠤ᠋ᠨ ᠰᠣᠶᠣᠯ ᠢ ᠤᠯᠠᠮᠵᠢᠯᠠᠨ ᠪᠠᠳᠠᠷᠠᠭᠤᠯᠬᠤ ᠳ᠋ᠤ᠌ ᠨᠢ ᠲᠤᠢᠯ ᠤ᠋ᠨ ᠴᠢᠬᠤᠯᠠ ᠦᠢᠯᠡᠳᠦᠯ ᠭᠠᠷᠭᠠᠭᠰᠠᠨ ᠠ᠋ᠴᠠ ᠪᠣᠯᠵᠠᠢ ᠭᠡᠵᠦ ᠨᠤᠲᠠᠯᠠᠵᠤ ᠪᠣᠯᠤᠨ᠎ᠠ᠃ ᠡᠭᠦᠨ ᠢ᠋ ᠪᠣᠳᠠᠲᠠᠢ ᠪᠠᠷ ᠲᠣᠳᠣᠷᠠᠭᠤᠯᠤᠨ ᠬᠡᠯᠡᠪᠡᠯ ᠨᠢᠭᠡ ᠳ᠋ᠦ᠍ ᠬᠠᠪᠤᠯ ᠬᠠᠨ ᠤ᠋ ᠦᠢᠯᠡᠳᠦᠯ ᠪᠣᠯᠤᠨ᠎ᠠ᠃ ᠬᠠᠪᠤᠯ ᠬᠠᠨ᠂ ᠡᠪᠦᠭᠡ ᠶ᠋ᠢᠨ ᠡᠭᠦᠳᠦᠭᠰᠡᠨ ᠡᠪ ᠨᠢᠭᠡᠳᠦᠯ ᠤᠨ ᠰᠢᠲᠦᠭᠡᠨ ᠢ᠋ᠶ᠋ᠡᠨ ᠵᠠᠯᠭᠠᠮᠵᠢᠯᠠᠨ ᠠᠪᠴᠤ᠂ ᠠᠯᠠᠭ ᠲᠤᠭ ᠤ᠋ᠨ ᠰᠦᠰᠦᠭ ᠪᠢᠰᠢᠷᠡᠯ ᠤᠨ ᠬᠦᠴᠦᠨ ᠢ᠋ᠶ᠋ᠡᠷ ᠬᠠᠮᠤᠭ ᠮᠣᠩᠭᠣᠯ᠂ ᠢᠯᠠᠩᠭᠤᠶ᠎ᠠ ᠪᠣᠷᠵᠢᠭᠢᠨ ᠣᠪᠣᠭᠲᠠᠨ ᠢ᠋ᠶ᠋ᠠᠨ ᠪᠦᠯᠬᠦᠮᠳᠡᠬᠦᠯᠦᠨ ᠠᠯᠲᠠᠨ ᠤᠯᠤᠰ ᠤ᠋ᠨ ᠬᠠᠷᠭᠢᠰ ᠨᠣᠶᠠᠷᠬᠠᠯ ᠢ᠋ ᠡᠰᠡᠷᠭᠦᠴᠡᠵᠦ᠂ ᠮᠣᠩᠭᠣᠯ ᠠᠢᠮᠠᠭ ᠢ᠋ ᠪᠡᠶ᠎ᠡ ᠪᠡᠨ ᠳᠠᠭᠠᠭᠠᠵᠤ ᠲᠤᠰᠠᠭᠠᠷ ᠪᠣᠯᠭᠠᠵᠤ ᠴᠢᠳᠠᠵᠠᠢ᠃ ᠡᠨᠡ ᠨᠢ ᠪᠣᠷᠵᠢᠭᠢᠨ ᠮᠣᠩᠭᠣᠯᠴᠤᠳ ᠤ᠋ᠨ ᠠᠯᠠᠭ ᠲᠤᠭ ᠤ᠋ᠨ ᠰᠦᠰᠦᠭ ᠪᠢᠰᠢᠷᠡᠯ ᠢ᠋ ᠤᠯᠠᠮ ᠬᠥᠭᠵᠢᠭᠦᠯᠦᠭᠰᠡᠨ ᠢ᠋ᠶ᠋ᠡᠷ ᠦᠯᠦ ᠪᠠᠷᠠᠨ ᠠᠯᠠᠭ ᠲᠤᠭ ᠤ᠋ᠨ ᠱᠠᠰᠢᠨ ᠰᠤᠷᠲᠠᠬᠤᠨ ᠤ᠋ ᠰᠣᠶᠣᠯ ᠤ᠋ᠨ ᠪᠦᠷᠢᠯᠳᠦᠨ ᠬᠥᠭᠵᠢᠬᠦ ᠳ᠋ᠦ᠍ ᠴᠦ᠍ ᠴᠢᠬᠤᠯᠠ ᠶᠡᠬᠡ ᠦᠢᠯᠡᠳᠦᠯ ᠦᠵᠡᠭᠦᠯᠵᠡᠢ᠃ ᠬᠣᠶᠠᠷ ᠲᠤ᠌ ᠴᠢᠩᠭᠢᠰ ᠬᠠᠭᠠᠨ ᠤ᠋ ᠦᠵᠡᠭᠦᠯᠦᠭᠰᠡᠨ ᠦᠢᠯᠡᠳᠦᠯ ᠪᠣᠯᠤᠨ᠎ᠠ᠃ ᠴᠢᠩᠭᠢᠰ ᠬᠠᠭᠠᠨ ᠠᠯᠠᠭ ᠲᠤᠭ ᠤ᠋ᠨ ᠰᠣᠶᠣᠯ ᠲᠡᠰᠦᠷᠡᠮᠡᠷ ᠪᠣᠯᠤᠭᠰᠠᠨ ᠵᠠᠩᠭᠢᠯᠠᠭ᠎ᠠ ᠶ᠋ᠢᠨ ᠴᠠᠭ ᠲᠤ᠌ ᠲᠡᠭᠦᠨ ᠢ᠋ ᠵᠠᠯᠭᠠᠮᠵᠢᠯᠠᠨ ᠠᠪᠴᠤ᠂ ᠪᠣᠷᠵᠢᠭᠢᠨ ᠣᠪᠣᠭᠲᠠᠨ ᠤ᠋ ᠠᠯᠠᠭ ᠲᠤᠭ ᠢ᠋ ᠠᠯᠲᠠᠨ ᠤᠷᠤᠭᠲᠠᠨ ᠤ᠋ ᠠᠯᠠᠭ ᠲᠤᠭ ᠪᠣᠯᠭᠠᠨ ᠬᠦᠨᠳᠦᠯᠡᠵᠦ᠂ ᠲᠠᠬᠢᠯᠭ᠎ᠠ ᠶ᠋ᠢᠨ ᠦᠢᠯᠡ ᠶᠠᠪᠤᠳᠠᠯ ᠢ᠋ ᠪᠥᠬᠡ ᠨᠠᠷ ᠢ᠋ᠶ᠋ᠠᠷ ᠦᠢᠯᠡᠳᠦᠭᠦᠯᠵᠦ᠂ ᠰᠡᠳᠬᠢᠯᠴᠢ ᠦᠵᠡᠯᠲᠡ ᠪᠡᠷ ᠠᠯᠠᠭ ᠲᠤᠭ ᠢ᠋ ᠰᠤᠷᠲᠠᠯᠴᠢᠯᠠᠨ ᠤᠬᠠᠭᠤᠯᠵᠠᠢ᠃ ᠡᠨᠡ ᠨᠢ ᠠᠯᠠᠭ ᠲᠤᠭ ᠤ᠋ᠨ ᠱᠠᠰᠢᠨ ᠰᠤᠷᠲᠠᠬᠤᠨ ᠤ᠋ ᠰᠣᠶᠣᠯ ᠤ᠋ᠨ ᠬᠥᠭᠵᠢᠯᠲᠡ ᠳ᠋ᠦ᠍ ᠲᠤᠢᠯ ᠤ᠋ᠨ ᠴᠢᠬᠤᠯᠠ ᠶᠡᠬᠡ ᠦᠢᠯᠡᠳᠦᠯ ᠭᠠᠷᠭᠠᠪᠠ᠃ ᠭᠤᠷᠪᠠ ᠳ᠋ᠤ᠌ ᠮᠣᠩᠭᠣᠯᠴᠤᠳ ᠤ᠋ᠨ ᠬᠠᠮᠲᠤ ᠶ᠋ᠢᠨ ᠰᠣᠶᠣᠯ ᠤ᠋ᠨ ᠡᠯᠧᠮᠧᠨ᠋ᠲ ᠤᠨ ᠦᠢᠯᠡᠳᠦᠯ ᠪᠣᠯᠤᠨ᠎ᠠ᠃ ᠠᠯᠠᠭ ᠲᠤᠭ ᠨᠢ ᠲᠡᠦᠬᠡᠨ ᠳᠡᠭᠡᠷ᠎ᠡ ᠬᠠᠮᠤᠭ ᠮᠣᠩᠭᠣᠯᠴᠤᠳ ᠲᠤ᠌ ᠰᠢᠲᠦᠭᠳᠡᠵᠦ ᠪᠠᠢᠵᠠᠢ᠃ ᠤᠴᠢᠷ ᠨᠢ ᠠᠯᠠᠭ ᠲᠤᠭ ᠤ᠋ᠨ ᠢᠯᠡᠳᠬᠡᠵᠦ ᠪᠠᠢᠳᠠᠭ ᠪᠦᠯᠬᠦᠮᠳᠡᠯ ᠤᠨ ᠤᠳᠬ᠎ᠠ ᠰᠠᠨᠠᠭ᠎ᠠ ᠨᠢ ᠬᠠᠮᠤᠭ ᠮᠣᠩᠭᠣᠯ ᠤ᠋ᠨ ᠪᠡᠶᠡᠴᠢ ᠬᠦᠰᠡᠯ ᠳ᠋ᠦ᠍ ᠨᠢ ᠶᠠᠭ ᠨᠡᠢᠴᠡᠵᠦ ᠪᠠᠢᠭᠰᠠᠨ ᠪᠣᠯᠬᠣᠷ ᠬᠠᠮᠤᠭ ᠮᠣᠩᠭᠣᠯᠴᠤᠳ ᠨᠢ ᠪᠣᠷᠵᠢᠭᠢᠨ ᠮᠣᠩᠭᠣᠯᠴᠤᠳ ᠲᠠᠢ ᠬᠠᠮᠲᠤ ᠰᠢᠲᠦᠭᠰᠡᠭᠡᠷ ᠢᠷᠡᠵᠡᠢ᠃ ᠡᠭᠦᠨ ᠡᠴᠡ ᠠᠯᠠᠭ ᠲᠤᠭ ᠲᠤ᠌ ᠠᠭᠤᠯᠤᠭᠳᠠᠵᠤ ᠪᠠᠢᠭ᠎ᠠ ᠮᠣᠩᠭᠣᠯᠴᠤᠳ ᠤ᠋ᠨ ᠬᠠᠮᠲᠤ ᠶ᠋ᠢᠨ ᠰᠣᠶᠣᠯ ᠤ᠋ᠨ ᠡᠯᠧᠮᠧᠨ᠋ᠲ ᠨᠢ ᠬᠠᠷᠢᠨ ᠠᠯᠠᠭ ᠲᠤᠭ ᠤ᠋ᠨ ᠰᠣᠶᠣᠯ ᠤ᠋ᠨ ᠬᠥᠭᠵᠢᠨ ᠪᠠᠳᠠᠷᠠᠬᠤ ᠳ᠋ᠤ᠌ ᠴᠢᠬᠤᠯᠠ ᠦᠢᠯᠡᠳᠦᠯ ᠭᠠᠷᠭᠠᠵᠠᠢ ᠭᠡᠳᠡᠭ ᠢ᠋ ᠮᠡᠳᠡᠵᠦ ᠪᠣᠯᠤᠨ᠎ᠠ᠃ ᠳᠥᠷᠪᠡ ᠳ᠋ᠦ᠍ ᠲᠥᠷᠥ ᠶ᠋ᠢᠨ ᠱᠠᠰᠢᠨ ᠤ᠋ ᠦᠢᠯᠡᠳᠦᠯ ᠪᠣᠯᠤᠨ᠎ᠠ᠃ ᠤᠯᠠᠭᠠᠨ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠨᠢ ᠲᠠᠬᠢᠯᠭ᠎ᠠ ᠶ᠋ᠢᠨ ᠦᠢᠯᠡ ᠶᠠᠪᠤᠳᠠᠯ ᠢ᠋ ᠳᠦᠷᠢᠮᠵᠢᠭᠦᠯᠦᠨ᠂ ᠰᠡᠳᠬᠢᠯᠴᠢ ᠦᠵᠡᠯᠲᠡ ᠪᠡᠷ ᠠᠯᠠᠭ ᠲᠤᠭ ᠢ᠋ ᠰᠤᠷᠲᠠᠯᠴᠢᠯᠠᠨ ᠤᠬᠠᠭᠤᠯᠵᠤ᠂ ᠪᠦᠬᠦ ᠮᠣᠩᠭᠣᠯᠴᠤᠳ ᠤ᠋ᠨ ᠠᠯᠠᠭ ᠲᠤᠭ ᠢ᠋ ᠪᠢᠰᠢᠷᠡᠨ ᠰᠢᠲᠦᠬᠦ ᠰᠡᠳᠬᠢᠯᠭᠡ ᠶ᠋ᠢ ᠨᠡᠮᠡᠭᠳᠡᠭᠦᠯᠦᠭᠰᠡᠨ ᠪᠠᠢᠨ᠎ᠠ᠃ ᠡᠨᠡ ᠨᠢ ᠠᠯᠠᠭ ᠲᠤᠭ ᠤᠨ ᠱᠠᠰᠢᠨ ᠰᠤᠷᠲᠠᠬᠤᠨ ᠤ᠋ ᠰᠣᠶᠣᠯ ᠤ᠋ᠨ ᠬᠥᠭᠵᠢᠯᠲᠡ ᠳ᠋ᠦ᠍ ᠲᠤᠢᠯ ᠤ᠋ᠨ ᠴᠢᠬᠤᠯᠠ ᠦᠢᠯᠡᠳᠦᠯ ᠭᠠᠷᠭᠠᠪᠠ᠃ ᠲᠠᠪᠤ ᠳ᠋ᠤ᠌ ᠶᠡᠬᠡ ᠶᠤᠸᠠᠨ ᠤᠯᠤᠰ ᠤ᠋ᠨ ᠬᠠᠭᠠᠳ ᠤ᠋ᠨ ᠦᠵᠡᠭᠦᠯᠦᠭᠰᠡᠨ ᠦᠢᠯᠡᠳᠦᠯ ᠪᠣᠯᠤᠨ᠎ᠠ᠃ ᠶᠤᠸᠠᠨ ᠤᠯᠤᠰ ᠤ᠋ᠨ ᠦᠶ᠎ᠡ ᠳ᠋ᠦ᠍ ᠠᠯᠠᠭ ᠲᠤᠭ ᠢ᠋ ᠬᠠᠳᠠᠨᠲᠠᠶ ᠠᠭᠤᠯᠠᠨ ᠳᠡᠭᠡᠷ᠎ᠡ ᠪᠤᠰᠬᠠᠵᠤ᠂ ᠵᠢᠯ ᠪᠦᠷᠢ ᠶ᠋ᠢᠨ ᠨᠠᠢ᠍ᠮᠠᠨ ᠰᠠᠷ᠎ᠠ ᠶ᠋ᠢᠨ ᠬᠣᠷᠢᠨ ᠳᠥᠷᠪᠡᠨ ᠳ᠋ᠦ᠍ ᠳᠠᠬᠢᠳᠠᠭ ᠪᠠᠢᠵᠠᠢ᠃ ᠲᠡᠷᠡᠴᠢᠯᠡᠨ ᠠᠯᠠᠭ ᠲᠤᠭ ᠤ᠋ᠨ ᠤᠯᠠᠮᠵᠢᠯᠠᠯᠲᠤ ᠲᠠᠬᠢᠯᠭ᠎ᠠ ᠶ᠋ᠢᠨ ᠶᠣᠰᠣᠯᠠᠯ ᠳ᠋ᠤ᠌ ᠤᠯᠠᠭᠠᠨ ᠮᠠᠯᠠᠭᠠᠢᠲᠤ ᠯᠠᠮᠠ ᠶ᠋ᠢᠨ ᠪᠤᠷᠬᠠᠨ ᠤ᠋ ᠱᠠᠰᠢᠨ ᠤ᠋ ᠶᠣᠰᠣ ᠪᠠ ᠬᠢᠲᠠᠳ ᠰᠣᠶᠣᠯ ᠤ᠋ᠨ ᠨᠥᠯᠥᠭᠡ ᠶ᠋ᠢ ᠣᠷᠣᠭᠤᠯᠵᠤ᠂ ᠲᠠᠬᠢᠯᠭ᠎ᠠ ᠶ᠋ᠢᠨ ᠶᠣᠰᠣᠯᠠᠯ ᠢ᠋ ᠯᠠᠮᠠ ᠨᠠᠷ ᠢ᠋ᠶ᠋ᠠᠷ ᠭᠦᠢᠴᠡᠳᠬᠡᠯᠭᠡᠳᠡᠭ᠃ ᠪᠠᠰᠠ ᠶᠡᠬᠡ ᠨᠡᠢᠰᠯᠡᠯ ᠤᠨ ᠲᠦᠮᠡᠨᠨᠠᠰᠤᠲᠤ ᠠᠭᠤᠯᠠ᠂ ᠳᠤᠮᠳᠠ ᠨᠡᠢᠰᠯᠡᠯ ᠤᠨ ᠮᠠᠨᠢᠲᠤ ᠶ᠋ᠢᠨ ᠠᠭᠤᠯᠠ ᠪᠣᠯᠤᠨ ᠬᠣᠲᠠ ᠶ᠋ᠢᠨ ᠲᠠᠪᠤᠨ ᠡᠭᠦᠳᠡᠨ ᠤ ᠪᠠᠷᠠᠭᠤᠨ ᠲᠠᠯ᠎ᠠ ᠳ᠋ᠤ᠌ ᠪᠣᠰᠬᠠᠵᠤ ᠪᠠᠢᠵᠠᠢ᠃《ᠶᠡᠬᠡ ᠨᠡᠢᠰᠯᠡᠯ ᠤᠨ ᠲᠦᠮᠡᠨᠨᠠᠰᠤᠲᠤ ᠠᠭᠤᠯᠠᠨ ᠳᠡᠭᠡᠷ᠎ᠡ ᠪᠤᠰᠬᠠᠭᠰᠠᠨ ᠠᠯᠠᠭ ᠰᠦᠯᠳᠡ ᠶ᠋ᠢᠨ ᠬᠢᠯᠣᠪᠠᠷ ᠢ᠋ ᠤᠤᠯ ᠨᠢ ᠮᠥᠨ ᠲᠡᠮᠦᠷ ᠢ᠋ᠶ᠋ᠡᠷ ᠦᠢᠯᠡᠳᠵᠦ ᠪᠦᠲᠦᠭᠡᠵᠡᠢ᠃ ᠡᠭᠦᠨ ᠢ᠋ < ᠠᠩᠬ᠎ᠠ ᠪᠣᠰᠬᠠᠬᠤ ᠳ᠋ᠤ᠌ ᠬᠠᠷᠢᠨ ᠭᠠᠤᠯᠢᠨ ᠴᠢᠳᠬᠤᠮᠠᠯ ᠪᠢᠰᠢ ᠪᠠᠢᠵᠠᠢ> ᠭᠡᠰᠡᠨ ᠲᠡᠮᠳᠡᠭᠯᠡᠯ ᠪᠦᠷᠢᠨ ᠭᠡᠷᠡᠴᠢᠯᠡᠨ᠎ᠡ᠃ ᠰᠡᠭᠦᠯ ᠳ᠋ᠦ᠍ ᠨᠢ ᠭᠠᠤᠯᠢᠨ ᠬᠢᠯᠦᠪᠠᠷ ᠲᠠᠢ ᠠᠯᠠᠭ ᠲᠤᠭ ᠪᠣᠯᠭᠠᠵᠠᠢ᠃ ᠡᠢᠮᠦ ᠡᠴᠡ <ᠲᠦᠩ ᠹᠠᠨ ᠭᠠᠨ> ᠭᠡᠵᠦ ᠨᠡᠷᠡᠰᠢᠵᠡᠢ᠃ ᠠᠯᠠᠭ ᠲᠤᠭ ᠢ᠋ ᠴᠥᠩ ᠲᠢᠶᠠᠨ ᠮᠧᠨ ᠬᠠᠭᠠᠯᠭᠠᠨ ᠤ᠋ ᠳᠡᠭᠡᠷ᠎ᠡ ᠪᠤᠰᠬᠠᠬᠤ ᠳ᠋ᠤ᠌ ᠠᠯᠠᠭ ᠲᠤᠭ ᠤ᠋ᠨ ᠬᠢᠯᠣᠪᠠᠷ ᠢ᠋ ᠠᠯᠲᠠ ᠪᠠᠷ ᠥᠩᠭᠡᠯᠡᠵᠦ ᠪᠤᠰᠬᠠᠵᠠᠢ᠃ ᠡᠢᠮᠦ ᠡᠴᠡ ᠴᠥᠩ ᠲᠢᠶᠠᠨ ᠮᠧᠨ ᠬᠠᠭᠠᠯᠭ᠎ᠠ ᠶ᠋ᠢᠨ ᠠᠯᠠᠭ ᠲᠤᠭ ᠢ᠋ ᠠᠯᠲᠠ ᠪᠠᠷ ᠰᠢᠷᠲᠡᠭᠰᠡᠨ ᠲᠦᠩ ᠹᠠᠨ ᠭᠠᠨ (涂金铜幡竿) ᠭᠡᠵᠦ ᠨᠡᠷᠡᠯᠡᠵᠡᠢ᠃ ᠠᠯᠠᠭ ᠲᠤᠭ ᠤ᠋ᠨ ᠭᠢᠯᠣᠪᠠᠷ ᠢ᠋ ᠲᠡᠮᠦᠷ ᠢ᠋ᠶ᠋ᠡᠷ ᠬᠢᠳᠡᠭ ᠪᠠᠢᠭᠰᠠᠨ ᠠ᠋ᠴᠠ ᠭᠠᠤᠯᠢ ᠪᠠᠷ ᠬᠢᠬᠦ ᠪᠣᠯᠤᠭᠰᠠᠨ ᠮᠥᠷᠲᠡᠭᠡᠨ ᠨᠡᠩ ᠴᠢᠨᠠᠭᠰᠢᠳᠠ ᠠᠯᠲᠠ ᠪᠠᠷ ᠰᠢᠷᠳᠡᠵᠦ ᠬᠢᠭᠰᠡᠨ ᠶᠠᠪᠤᠳᠠᠯ ᠠ᠋ᠴᠠ ᠲᠤᠭ ᠤ᠋ᠨ ᠦᠢᠯᠡᠳᠬᠦ ᠰᠣᠶᠣᠯ ᠤ᠋ᠨ ᠬᠥᠭᠵᠢᠯᠲᠡ ᠶ᠋ᠢ ᠮᠥᠷᠳᠡᠨ ᠣᠢᠯᠠᠭᠠᠵᠤ ᠪᠣᠯᠤᠨ᠎ᠠ》⑨᠃ ᠶᠡᠬᠡ ᠶᠤᠸᠠᠨ ᠤᠯᠤᠰ ᠤ᠋ᠨ ᠬᠠᠭᠠᠳ ᠤ᠋ᠨ ᠡᠢᠮᠦᠷᠬᠦᠦ ᠦᠢᠯᠡ ᠠᠵᠢᠯᠯᠠᠭ᠎ᠠ ᠨᠢ ᠠᠯᠠᠭ ᠲᠤᠭ ᠤ᠋ᠨ ᠰᠣᠶᠣᠯ ᠤ᠋ᠨ ᠬᠥᠭᠵᠢᠯᠲᠡ᠂ ᠢᠯᠠᠩᠭᠤᠶ᠎ᠠ ᠦᠢᠯᠡᠳᠬᠦ ᠰᠣᠶᠣᠯ ᠤ᠋ᠨ ᠬᠥᠭᠵᠢᠯᠲᠡ ᠳ᠋ᠦ᠍ ᠲᠤᠢᠯ ᠤ᠋ᠨ ᠴᠢᠬᠤᠯᠠ ᠦᠢᠯᠡᠳᠦᠯ ᠭᠠᠷᠭᠠᠵᠠᠢ᠃ ᠵᠢᠷᠭᠤᠭ᠎ᠠ ᠳ᠋ᠤ᠌ ᠡᠷᠢᠨᠴᠢᠨ ᠵᠢᠨᠦᠩ ᠤᠨ ᠦᠢᠯᠡᠳᠦᠯ ᠪᠣᠯᠤᠨ᠎ᠠ᠃1634 ᠣᠨ ᠳ᠋ᠤ᠌ ᠯᠢᠭᠳᠡᠨ ᠬᠠᠭᠠᠨ ᠬᠥᠬᠡᠨᠠᠭᠤᠷ ᠲᠤ᠌ ᠡᠪᠡᠳᠴᠢᠨ ᠢ᠋ᠶ᠋ᠡᠷ ᠨᠠᠰᠤ ᠪᠠᠷᠠᠵᠤ᠂ ᠬᠣᠢᠲᠤ ᠶᠤᠸᠠᠨ ᠤᠯᠤᠰ ᠨᠢ ᠮᠠᠨᠵᠤ ᠶ᠋ᠢᠨ ᠲᠥᠷᠥ ᠶ᠋ᠢ ᠳᠠᠭᠠᠭᠰᠠᠨ ᠪᠣᠯᠪᠠᠴᠤ ᠣᠷᠳᠣᠰ ᠲᠦᠮᠡᠨ ᠤ ᠡᠷᠢᠨᠴᠢᠨ ᠵᠢᠨᠦᠩ ᠬᠠᠷᠢᠨ ᠠᠯᠠᠭ ᠲᠤᠭ ᠤ᠋ᠨ ᠰᠢᠲᠦᠯᠭᠡ ᠪᠡᠨ ᠬᠠᠶᠠᠭᠰᠠᠨ ᠦᠭᠡᠢ᠃ ᠲᠡᠷᠡ ᠬᠠᠩᠭᠢᠨ ᠤ᠋ ᠨᠣᠶᠠᠳ ᠲᠤ᠌ ᠬᠡᠯᠡᠵᠦ᠂ ᠠᠯᠠᠭ ᠲᠤᠭ ᠢ᠋ᠶ᠋ᠠᠨ ᠰᠠᠬᠢᠭᠠᠳ ᠣᠷᠳᠣᠰ ᠲᠤ᠌ ᠦᠯᠡᠳᠡᠭᠰᠡᠨ ᠠᠯᠠᠭ ᠲᠤᠭ ᠤ᠋ᠨ ᠲᠤᠰᠬᠠᠢ ᠠᠯᠪᠠᠲᠤ ᠢᠷᠭᠡᠳ ᠲᠦ᠍ ᠭᠠᠵᠠᠷ ᠨᠤᠲᠤᠭ ᠣᠯᠭ ᠤᠨ ᠠᠮᠢᠳᠤᠷᠠᠯ ᠢ᠋ ᠨᠢ ᠲᠥᠪᠬᠢᠨᠡᠭᠦᠯᠵᠦ᠂ ᠲᠡᠳᠡᠨ ᠤ ᠠᠯᠠᠭ ᠲᠤᠭ ᠢ᠋ᠶ᠋ᠠᠨ ᠦᠶ᠎ᠡ ᠤᠯᠠᠷᠢᠨ ᠲᠠᠬᠢᠬᠤ ᠳ᠋ᠤ᠌ ᠨᠢ ᠨᠥᠬᠥᠴᠡᠯ ᠪᠦᠷᠢᠯᠳᠦᠭᠦᠯᠵᠦ ᠥᠭᠴᠡᠢ᠂ ᠪᠠᠰᠠ ᠠᠯᠠᠭ ᠲᠤᠭ ᠤ᠋ᠨ ᠲᠠᠬᠢᠯᠭ᠎ᠠ ᠶᠣᠰᠣᠯᠠᠯ ᠢ᠋ ᠬᠣᠰᠢᠭᠤ ᠲᠠᠮᠠᠭ᠎ᠠ ᠶ᠋ᠢᠨ ᠭᠠᠵᠠᠷ ᠠ᠋ᠴᠠ ᠦᠢᠯᠡᠳᠦᠭᠦᠯᠬᠦ ᠪᠡᠷ ᠲᠣᠭᠲᠠᠭᠠᠵᠤ᠂ ᠠᠯᠠᠭ ᠲᠤᠭ ᠤ᠋ᠨ ᠲᠠᠬᠢᠯᠭ᠎ᠠ ᠶ᠋ᠢ ᠪᠠᠲᠤᠯᠠᠭᠰᠠᠨ ᠮᠥᠷᠲᠡᠭᠡᠨ ᠲᠠᠬᠢᠯᠭ᠎ᠠ ᠶ᠋ᠢᠨ ᠪᠢᠴᠢᠭ ᠰᠤᠳᠤᠷ ᠢ᠋ ᠴᠦ᠍ ᠲᠡᠭᠦᠯᠳᠡᠷᠵᠢᠭᠦᠯᠵᠡᠢ᠃ ᠡᠨᠡ ᠨᠢ ᠠᠯᠠᠭ ᠲᠤᠭ ᠤ᠋ᠨ ᠱᠠᠰᠢᠨ ᠰᠤᠷᠲᠠᠬᠤᠨ ᠤ᠋ ᠰᠣᠶᠣᠯ ᠢ᠋ ᠤᠯᠠᠮᠵᠢᠯᠠᠨ ᠪᠠᠳᠠᠷᠠᠭᠤᠯᠬᠤ ᠳ᠋ᠤ᠌ ᠴᠢᠬᠤᠯᠠ ᠶᠡᠬᠡ ᠦᠢᠯᠡᠳᠦᠯ ᠭᠠᠷᠭᠠᠵᠠᠢ᠃ ᠳᠣᠯᠣᠭ᠎ᠠ ᠳ᠋ᠤ᠌ ᠲᠥᠷᠥ ᠶ᠋ᠢᠨ ᠪᠣᠳᠣᠯᠭ᠎ᠠ ᠶ᠋ᠢᠨ ᠦᠢᠯᠡᠳᠦᠯ ᠪᠣᠯᠤᠨ᠎ᠠ᠃ ᠳᠤᠮᠳᠠᠳᠤ ᠤᠯᠤᠰ ᠥᠭᠡᠷᠡᠴᠢᠯᠡᠯᠲᠡ ᠬᠢᠵᠦ ᠴᠢᠯᠥᠭᠡᠲᠡᠢ ᠶᠠᠪᠤᠯᠴᠠᠭᠰᠠᠨ ᠠ᠋ᠴᠠ ᠨᠡᠰᠢ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠤᠷᠤᠨ ᠨᠠᠮ ᠤ᠋ᠨ 《ᠰᠢᠯᠢᠳᠡᠭ ᠰᠣᠶᠣᠯ ᠢ᠋ ᠤᠯᠠᠮᠵᠢᠯᠠᠨ ᠪᠠᠳᠠᠷᠠᠭᠤᠯᠬᠤ》 ᠲᠥᠷᠥ ᠶ᠋ᠢᠨ ᠪᠣᠳᠣᠯᠭ᠎ᠠ ᠶ᠋ᠢ ᠲᠤᠤᠱᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ ᠰᠣᠶᠣᠯ ᠤ᠋ᠨ ᠲᠣᠮᠣ ᠣᠷᠣᠨ ᠤ᠋ ᠪᠦᠲᠦᠭᠡᠨ ᠪᠠᠢᠭᠤᠯᠤᠯᠲᠠ ᠶ᠋ᠢ ᠬᠦᠴᠦᠲᠡᠢ ᠠᠳᠬᠤᠪᠠ᠃ ᠡᠨᠡ ᠨᠢ ᠣᠷᠳᠣᠰ ᠮᠣᠩᠭᠣᠯᠴᠤᠳ ᠤ᠋ᠨ ᠠᠯᠠᠭ ᠲᠤᠭ ᠤ᠋ᠨ ᠱᠠᠰᠢᠨ ᠰᠤᠷᠲᠠᠬᠤᠨ ᠤ᠋ ᠰᠣᠶᠣᠯ ᠤ᠋ᠨ ᠰᠡᠷᠭᠦᠭᠡᠨ ᠪᠠᠳᠠᠷᠠᠯᠲᠠ ᠳ᠋ᠤ᠌ ᠴᠢᠬᠤᠯᠠ ᠦᠢᠯᠡᠳᠦᠯ ᠦᠵᠡᠭᠦᠯᠵᠡᠢ᠃ 
       ᠳᠡᠭᠡᠷᠡᠬᠢ ᠰᠢᠨᠵᠢᠯᠡᠯᠲᠡ ᠡᠴᠡ ᠦᠵᠡᠪᠡᠯ ᠱᠠᠰᠢᠨ ᠰᠤᠷᠲᠠᠬᠤᠨ᠂ ᠤᠯᠤᠰ ᠲᠥᠷᠥ ᠪᠣᠯᠤᠨ ᠪᠤᠰᠤᠳ ᠬᠦᠴᠦᠨ ᠵᠦᠢᠯ ᠲᠤᠭ ᠤ᠋ᠨ ᠰᠣᠶᠣᠯ ᠤ᠋ᠨ ᠬᠥᠭᠵᠢᠯ ᠪᠠᠳᠠᠷᠠᠯ ᠳ᠋ᠤ᠌ ᠴᠢᠬᠤᠯᠠ ᠦᠢᠯᠡᠳᠦᠯ ᠦᠵᠡᠭᠦᠯᠵᠡᠢ᠃ ᠡᠭᠦᠨ ᠤ ᠤᠯᠠᠮ ᠠ᠋ᠴᠠ ᠲᠤᠭ ᠤ᠋ᠨ ᠥᠨᠢᠳᠡ ᠶ᠋ᠢᠨ ᠲᠣᠭᠲᠠᠨᠢᠯ ᠳ᠋ᠤ᠌ ᠲᠤᠢᠯ ᠤ᠋ᠨ ᠴᠢᠬᠤᠯᠠ ᠶᠡᠬᠡ ᠦᠢᠯᠡᠳᠦᠯ ᠭᠠᠷᠭᠠᠭᠰᠠᠨ ᠪᠠᠢᠨ᠎ᠠ ᠭᠡᠳᠡᠭ ᠢ᠋ ᠮᠡᠳᠡᠵᠦ ᠪᠣᠯᠤᠨ᠎ᠠ᠃ ᠲᠤᠭ ᠶᠠᠭᠤᠨ ᠤ᠋ ᠤᠴᠢᠷ ᠠ᠋ᠴᠠ ᠱᠠᠰᠢᠨ ᠲᠥᠷᠥ ᠳ᠋ᠦ᠍ ᠬᠦᠨᠳᠦᠯᠡᠭᠳᠡᠭᠰᠡᠨ ᠪᠣᠢ ᠭᠡᠰᠡᠨ ᠢ᠋ ᠨᠢᠭᠡ ᠯᠡ ᠦᠭᠡ ᠪᠡᠷ ᠬᠡᠯᠡᠪᠡᠯ ᠮᠣᠩᠭᠣᠯ ᠦᠨᠳᠦᠰᠦᠲᠡᠨ᠂ ᠢᠯᠠᠩᠭᠤᠶ᠎ᠠ ᠲᠤᠭ ᠤ᠋ᠨ ᠲᠤᠰᠬᠠᠢ ᠠᠯᠪᠠᠲᠤ (ᠬᠡᠪᠲᠡᠭᠦᠯ᠂ ᠲᠤᠭᠴᠢᠳ᠂ ᠳᠠᠷᠬᠠᠳ)  ᠶᠢᠨ ᠲᠤᠭ ᠢ᠋ᠶ᠋ᠠᠨ ᠳᠡᠭᠡᠳᠦᠯᠡᠨ ᠰᠢᠲᠦᠵᠦ ᠲᠤᠭ ᠤ᠋ᠨ ᠰᠣᠶᠣᠯ ᠤ᠋ᠨ ᠥᠪ ᠢ᠋ᠶ᠋ᠡᠨ ᠤᠯᠠᠮᠵᠢᠯᠠᠨ ᠪᠠᠳᠠᠷᠠᠭᠤᠯᠬᠤ ᠭᠡᠰᠡᠨ ᠰᠠᠨᠠᠭ᠎ᠠ ᠵᠣᠷᠢᠭ ᠤ᠋ᠨ ᠬᠥᠪᠴᠢ ᠨᠢ ᠪᠠᠲᠤ ᠴᠢᠩᠭ᠎ᠠ ᠪᠠᠢᠳᠠᠭ ᠲᠤ᠌ ᠣᠷᠣᠰᠢᠨ᠎ᠠ᠃ 
       ᠬᠤᠪᠢ ᠬᠥᠮᠦᠨ ᠤ ᠮᠡᠳᠡᠯᠭᠡ ᠶ᠋ᠢᠨ ᠬᠢᠷᠢ ᠬᠡᠮᠵᠢᠶ᠎ᠡ ᠬᠢᠵᠠᠭᠠᠷ ᠲᠠᠢ ᠠ᠋ᠴᠠ ᠪᠣᠯᠵᠤ᠂ ᠵᠣᠬᠢᠶᠠᠯ ᠳ᠋ᠤ᠌ ᠤᠴᠢᠷ ᠰᠢᠯᠲᠠᠭᠠᠨ ᠢ᠋ ᠰᠢᠨᠵᠢᠯᠡᠭᠰᠡᠨ ᠨᠢ ᠪᠦᠷᠢᠨ ᠪᠤᠰᠤ ᠳᠡᠭᠡᠷ᠎ᠡ ᠠᠯᠳᠠᠭ᠎ᠠ ᠪᠤᠷᠤᠭᠤ ᠲᠠᠢ ᠭᠠᠵᠠᠷ ᠪᠠᠢᠬᠤ ᠨᠢ ᠳᠠᠮᠵᠢᠭ ᠦᠭᠡᠢ᠃ ᠡᠢᠮᠦ ᠡᠴᠡ ᠲᠤᠰ ᠵᠣᠬᠢᠶᠠᠯ ᠢ᠋ ᠤᠩᠰᠢᠭᠰᠠᠨ ᠡᠷᠳᠡᠮᠲᠡᠨ ᠮᠡᠷᠭᠡᠳ ᠲᠠ ᠪᠦᠬᠦᠨ ᠮᠢᠨᠦ ᠡᠨᠡ ᠬᠦ᠌ ᠵᠣᠬᠢᠶᠠᠯ ᠢ᠋ ᠪᠤᠰᠤᠳ ᠲᠤ᠌ ᠪᠢᠰᠢ ᠨᠠᠳᠠᠳᠤ ᠠᠮᠠ ᠪᠠᠷ ᠪᠢᠰᠢ ᠦᠰᠦᠭ ᠢ᠋ᠶ᠋ᠡᠷ ᠮᠠᠷᠭᠤᠨ ᠥᠭᠦᠯᠡᠬᠦ ᠶ᠋ᠢ ᠴᠢᠨᠢ ᠴᠢᠩ ᠰᠡᠳᠬᠢᠯ ᠡᠴᠡ ᠪᠡᠨ ᠬᠦᠰᠡᠵᠦ ᠪᠠᠢᠨ᠎ᠠ᠃ 

ᠵᠡᠭᠦᠯᠲᠡ 
 ①⑧ ᠰᠠᠢᠨᠵᠢᠷᠭᠠᠯ: 《ᠮᠣᠩᠭᠣᠯ ᠲᠠᠬᠢᠯᠭ᠎ᠠ》᠂ ᠦᠨᠳᠦᠰᠦᠲᠡᠨ ᠤ ᠬᠡᠪᠯᠡᠯ ᠤᠨ ᠬᠣᠷᠢᠶ᠎ᠠ᠂ 2001 ᠣᠨ᠂ 411᠂ 256 ᠳ᠋ᠤᠭᠠᠷ ᠨᠢᠭᠤᠷ᠃ 
 ②③④⑤⑥⑦⑧ ᠲᠠᠬᠢᠯᠲᠤ᠂  ᠬ᠌ · ᠮᠢᠭ᠍ᠮᠠᠷᠰᠠᠮᠪᠤᠤ:《ᠴᠢᠩᠭᠢᠰ ᠬᠠᠭᠠᠨ ᠤ᠋ ᠲᠣᠭᠰᠢᠨ ᠬᠠᠷ᠎ᠠ ᠰᠦᠯᠳᠡ》᠂ ᠥᠪᠥᠷ ᠮᠣᠩᠭᠣᠯ ᠤ᠋ᠨ ᠰᠣᠶᠣᠯ ᠤ᠋ᠨ ᠬᠡᠪᠯᠡᠯ ᠤᠨ ᠬᠣᠷᠢᠶ᠎ᠠ᠂2001 ᠣᠨ᠂ 50᠂78᠂ 79᠂ 91᠂ 93᠂ 93  ᠳ᠋ᠤᠭᠠᠷ ᠨᠢᠭᠤᠷ᠃ 
 ⑨《ᠭᠤᠷᠪᠠᠳᠤᠭᠠᠷ ᠬᠤᠭᠤᠴᠠᠭᠠᠨ ᠤ᠋ ᠴᠢᠩᠭᠢᠰ ᠬᠠᠭᠠᠨ ᠤ᠋ ᠳᠠᠢᠯᠭ᠎ᠠ ᠲᠠᠬᠢᠯᠭ᠎ᠠ ᠶ᠋ᠢᠨ ᠰᠣᠶᠣᠯ ᠢ᠋ ᠰᠤᠳᠤᠯᠤᠨ ᠶᠠᠷᠢᠯᠴᠠᠬᠤ ᠬᠤᠷᠠᠯ ᠤ᠋ᠨ ᠥᠭᠦᠯᠡᠯ ᠤᠨ ᠲᠡᠭᠦᠪᠦᠷᠢ》 ᠳ᠋ᠡᠬᠢ ᠰᠠᠷᠠᠩᠨᠠᠳᠮᠢᠳ ᠤ᠋ᠨ ᠥᠭᠦᠯᠡᠯ᠃ 


    【ᠵᠣᠬᠢᠶᠠᠯ ᠤ᠋ᠨ ᠲᠠᠨᠢᠯᠴᠠᠭᠤᠯᠭ᠎ᠠ】  ᠵᠠᠷᠢᠮ ᠰᠠᠢᠨ ᠰᠠᠨᠠᠭᠠᠲᠠᠢ ᠬᠥᠮᠦᠰ ᠨᠠᠳᠠ ᠠ᠋ᠴᠠ 《ᠴᠠᠭᠠᠨ ᠲᠤᠭ ᠭᠡᠲᠡᠯ᠎ᠡ ᠬᠠᠷ᠎ᠠ ᠮᠠᠨᠵᠢᠯᠭ᠎ᠠ ᠲᠠᠢ᠂ ᠬᠠᠷ᠎ᠠ ᠲᠤᠭ ᠭᠡᠲᠡᠯ᠎ᠡ ᠰᠡᠷᠡᠭᠡ ᠭᠢᠯᠣᠪᠠᠷ ᠲᠠᠢ᠂ ᠡᠨᠡ ᠶᠠᠮᠠᠷ ᠵᠦᠢᠯ ᠤᠨ ᠳᠣᠭ ᠪᠣᠢ? 》 ᠭᠡᠵᠦ ᠠᠰᠠᠭᠤᠳᠠᠭ ᠪᠠᠢᠵᠠᠢ᠃ ᠣᠳᠣ ᠬᠠᠷᠢᠨ ᠲᠤᠰ ᠥᠭᠦᠯᠡᠯ ᠡᠴᠡ ᠠᠶᠠᠨᠳᠠᠭᠠᠨ ᠬᠠᠷᠢᠭᠤᠯᠲᠠ ᠣᠯᠵᠤ ᠪᠣᠯᠤᠨ᠎ᠠ᠃ ᠲᠤᠰ ᠥᠭᠦᠯᠡᠯ ᠨᠢ 《ᠰᠢᠯᠢ ᠶ᠋ᠢᠨ ᠭᠣᠣᠯ ᠤ᠋ᠨ ᠡᠳᠦᠷ ᠤᠨ ᠰᠣᠨᠢᠨ》 ᠤ᠋ 《ᠰᠣᠶᠣᠯ ᠭᠠᠷᠠᠭ ᠤ᠋ᠨ ᠬᠡᠪᠯᠡᠯ》 ᠤᠨ ᠨᠠᠶᠠᠳᠤᠭᠠᠷ ᠬᠤᠭᠤᠴᠠᠭ᠎ᠠ ᠪᠣᠯᠤᠨ 《ᠰᠢᠯᠢ ᠶ᠋ᠢᠨ ᠭᠣᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠤ ᠰᠡᠳᠬᠦᠯ》 ᠤᠨ ᠨᠢᠭᠡᠳᠦᠭᠡᠷ ᠬᠤᠭᠤᠴᠠᠭᠠᠨ ᠳ᠋ᠤ᠌ ᠨᠡᠢᠲᠡᠯᠡᠭᠳᠡᠵᠦ ᠥᠩᠭᠡᠷᠡᠵᠡᠢ᠃ 

                                 ᠵᠣᠬᠢᠶᠠᠭᠴᠢ