ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠣᠣᠷᠠᠳᠤ> Сүлдийн соёлын судлал – Минжуур<доод> ᠵᠠᠩ ᠦᠢᠯᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠣᠣᠷᠠᠳᠤ> Сүлдийн соёлын судлал – Минжуур<доод>

ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠣᠣᠷᠠᠳᠤ> Сүлдийн соёлын судлал – Минжуур<доод>

ᠠᠩᠭᠢᠯᠠᠯ:ᠵᠠᠩ ᠦᠢᠯᠡ
2026-03-03

152

ᠳᠣᠣᠷᠠᠳᠤ ᠪᠦᠯᠦᠭ ᠂ ᠵᠢᠷᠤᠮᠠᠯ ᠰᠦᠯᠳᠡ


       ᠰᠤᠳᠤᠯᠭᠠᠨ ᠤ᠋ ᠦᠷ᠎ᠡ ᠪᠦᠲᠦᠭᠡᠯ ᠡᠴᠡ ᠦᠵᠡᠬᠦ ᠳ᠋ᠦ᠍ ᠰᠦᠯᠳᠡ(ᠲᠤᠭ) ᠪᠣᠯ ᠨᠡᠢᠭᠡᠮ ᠦ᠋ᠨ ᠲᠡᠦᠬᠡ ᠰᠣᠶᠣᠯ ᠢ᠋ ᠳᠡᠯᠭᠡᠷᠡᠭᠦᠯᠦᠭᠴᠢ ᠪᠣᠯᠬᠤ ᠮᠥᠷᠲᠡᠭᠡᠨ ᠪᠠᠰᠠ ᠠᠴᠢᠶᠠᠯᠠᠭᠴᠢ ᠮᠥᠨ᠃ ᠡᠢᠮᠦ ᠪᠣᠯᠬᠣᠷ ᠰᠦᠯᠳᠡ ᠶ᠋ᠢ ᠳᠡᠭᠡᠳᠦᠯᠡᠨ ᠬᠡᠷᠡᠭᠯᠡᠬᠦ ᠨᠢ ᠳᠠᠷᠤᠢ ᠲᠡᠭᠦᠨ ᠦ᠌ ᠨᠡᠢᠭᠡᠮ ᠦ᠋ᠨ ᠰᠣᠶᠣᠯ ᠤ᠋ᠨ ᠴᠢᠳᠠᠪᠬᠢ ᠦᠢᠯᠡᠳᠦᠯ ᠢ᠋ ᠪᠠᠳᠠᠷᠠᠭᠤᠯᠵᠤ᠂ ᠬᠣᠶᠠᠷ ᠪᠣᠯᠪᠠᠰᠤᠨ ᠤ᠋ ᠪᠦᠲᠦᠭᠡᠨ ᠪᠠᠢᠭᠤᠯᠤᠯᠲᠠ ᠳ᠋ᠤ᠌ ᠦᠢᠯᠡᠴᠢᠯᠡᠭᠦᠯᠬᠦ ᠶᠠᠪᠤᠳᠠᠯ ᠪᠣᠯᠤᠨ᠎ᠠ᠃  



                ᠪᠠᠶᠠᠷ ᠤ᠋ᠨ ᠦᠭᠡ 

       ᠲᠡᠮᠦᠷ᠂ ᠮᠢᠩᠵᠤᠣᠷ ᠵᠠᠰᠠᠭ ᠤ᠋ᠨ ᠠᠵᠢᠯ ᠢ᠋ ᠤᠳᠠᠭᠠᠨ ᠵᠢᠯ ᠬᠢᠵᠦ᠂ ᠡᠳ᠋ ᠦ᠋ᠨ ᠵᠠᠰᠠᠭ ᠬᠢᠨᠠᠨ ᠪᠣᠳᠣᠯᠲᠠ ᠳ᠋ᠤ᠌ ᠮᠠᠰᠢ ᠶᠡᠬᠡ ᠭᠠᠪᠢᠶ᠎ᠠ ᠵᠢᠳᠬᠦᠯ ᠲᠡᠢ᠃ᠭᠡᠪᠡᠴᠦ ᠲᠡᠭᠦᠨ ᠦ᠌ ᠵᠢᠷᠤᠵᠤ ᠲᠥᠯᠥᠪᠯᠡᠬᠦ ᠳ᠋ᠡᠭᠡᠨ ᠠᠪᠢᠶᠠᠰ ᠪᠢᠯᠢᠭ ᠲᠡᠢ ᠶ᠋ᠢ ᠬᠠᠷᠢᠨ ᠮᠡᠳᠡᠭᠡ ᠦᠭᠡᠢ᠃ᠣᠳᠣ ᠲᠡᠭᠦᠨ ᠦ᠌ ᠵᠢᠷᠤᠮᠠᠯ ᠰᠦᠯᠳᠡ ᠶ᠋ᠢᠨ ᠳᠦᠷᠢ ᠬᠡᠪᠯᠡᠭᠳᠡᠬᠦ ᠪᠣᠯᠤᠯ᠎ᠠ᠃ ᠦᠨᠡᠬᠡᠷ ᠪᠠᠶᠠᠷᠯᠠᠭᠤᠰᠢᠲᠠᠢ ᠪᠥᠭᠡᠳ ᠪᠡᠯᠭᠡᠯᠡᠭᠦᠰᠢᠲᠡᠢ᠃ 
       ᠡᠨᠡ ᠪᠦᠯᠦᠭ ᠲᠦ᠍ ᠣᠯᠠᠨ ᠶᠠᠩᠵᠤ ᠶ᠋ᠢᠨ ᠰᠦᠯᠳᠡ ᠶ᠋ᠢᠨ ᠵᠢᠷᠤᠮᠠᠯ ᠳᠦᠷᠢ ᠪᠣᠯᠤᠨ ᠲᠡᠭᠦᠨ ᠢ᠋ ᠳᠡᠭᠡᠳᠦᠯᠡᠨ ᠬᠡᠷᠡᠭᠯᠡᠬᠦ ᠵᠢᠱ᠌ᠢᠶ᠎ᠡ ᠶ᠋ᠢ ᠦᠵᠡᠭᠦᠯᠦᠭᠰᠡᠨ ᠵᠢᠷᠤᠭ ᠲᠥᠯᠥᠪᠯᠡᠭᠡ ᠶ᠋ᠢ ᠣᠷᠣᠭᠤᠯᠵᠠᠢ᠃ ᠵᠢᠷᠤᠮᠠᠯ ᠰᠦᠯᠳᠡ ᠨᠢ ᠤᠷᠠᠯᠢᠭ ᠤ᠋ᠨ ᠳᠠᠪᠠᠭᠤᠯᠢᠭ ᠲᠠᠢ ᠮᠥᠷᠲᠡᠭᠡᠨ ᠪᠢᠴᠢᠭ ᠰᠤᠳᠤᠷ ᠤ᠋ᠨ ᠡᠰᠢ ᠪᠠᠷᠢᠮᠲᠠ ᠲᠠᠢ᠂ ᠰᠦᠯᠳᠡ ᠶ᠋ᠢᠨ ᠰᠦᠷ ᠵᠢᠪᠬᠤᠯᠠᠩ ᠦᠵᠡᠰᠬᠦᠯᠡᠩᠲᠦ ᠰᠠᠢᠬᠠᠨ ᠳᠦᠷᠢ ᠶ᠋ᠢ ᠭᠦᠢᠴᠡᠳ ᠦᠵᠡᠭᠦᠯᠵᠦ ᠴᠢᠳᠠᠵᠠᠢ᠃ ᠰᠦᠯᠳᠡ ᠶ᠋ᠢ ᠳᠡᠭᠡᠳᠦᠯᠡᠨ ᠬᠡᠷᠡᠭᠯᠡᠬᠦ ᠶ᠋ᠢ ᠦᠵᠡᠭᠦᠯᠦᠭᠰᠡᠨ ᠵᠢᠱ᠌ᠢᠶ᠎ᠡ ᠵᠢᠷᠤᠭ ᠲᠥᠯᠥᠪᠯᠡᠭᠡ ᠨᠢ ᠴᠦ᠍ ᠡᠲᠡᠭᠡᠳ ᠰᠠᠢᠬᠠᠨ ᠪᠣᠯᠵᠤ᠂ ᠰᠦᠯᠳᠡ ᠶ᠋ᠢ ᠬᠡᠷᠬᠢᠨ ᠳᠡᠭᠡᠳᠦᠯᠡᠨ ᠬᠡᠷᠡᠭᠯᠡᠬᠦ ᠶ᠋ᠢ ᠬᠠᠷᠠᠭᠤᠯᠤᠭᠰᠠᠨ ᠰᠠᠢᠨ ᠵᠢᠱ᠌ᠢᠶ᠎ᠡ ᠨᠦ᠍ᠭᠦᠳ ᠪᠣᠯᠵᠤ ᠴᠢᠳᠠᠵᠠᠢ᠃ 
       ᠶᠡᠷᠦᠩᠬᠡᠢᠯᠡᠪᠡᠯ ᠵᠣᠬᠢᠶᠠᠭᠴᠢ ᠨᠠᠨᠳᠢᠨ ᠰᠡᠳᠬᠢᠯ᠂ ᠰᠠᠢᠨ ᠰᠠᠨᠠᠭ᠎ᠠ ᠪᠣᠯᠤᠨ ᠭᠣᠶᠣ ᠰᠠᠢᠬᠠᠨ ᠵᠢᠷᠤᠭ ᠲᠥᠯᠥᠪᠯᠡᠭᠡ ᠪᠡᠨ ᠰᠦᠯᠳᠡ ᠶ᠋ᠢᠨ ᠰᠣᠶᠣᠯ ᠳ᠋ᠠᠭᠠᠨ ᠬᠠᠢᠷᠠᠲᠠᠢ ᠬᠥᠮᠦᠰ ᠪᠠ ᠤᠩᠰᠢᠭᠴᠢᠳ ᠲᠤ᠌ ᠡᠷᠭᠦᠨ ᠪᠠᠷᠢᠵᠠᠢ᠃ ᠪᠢ ᠪᠣᠳᠣᠬᠤ ᠳ᠋ᠤ᠌ ᠯᠠᠪᠲᠠᠢ ᠲᠠ ᠪᠦᠬᠦᠨ ᠦ᠌ ᠬᠠᠢᠷᠠᠯᠠᠯ ᠪᠠ ᠣᠭᠲᠣᠯᠭ᠎ᠠ ᠶ᠋ᠢ ᠣᠯᠬᠤ ᠪᠠᠢᠬ᠎ᠠ᠃ 
       ᠰᠦᠯᠳᠡ ᠶ᠋ᠢ ᠡᠷᠬᠢᠮ ᠳᠡᠭᠡᠳᠦ ᠪᠡᠯᠭᠡᠳᠡᠯ ᠦ᠋ᠨ ᠡᠳ᠋ ᠢ᠋ᠶ᠋ᠡᠷ ᠬᠡᠷᠡᠭᠯᠡᠬᠦ᠂ ᠰᠦᠯᠳᠡ ᠶ᠋ᠢ ᠲᠠᠬᠢᠬᠤ ᠪᠣᠯᠤᠨ ᠰᠦᠯᠳᠡ ᠶ᠋ᠢ ᠦᠢᠯᠡᠳᠬᠦ ᠳ᠋ᠦ᠍ ᠪᠦᠷ ᠰᠤᠶᠣᠯ ᠤ᠋ᠨ ᠠᠭᠤᠯᠤᠭᠳᠠᠬᠤᠨ ᠲᠠᠢ᠂ ᠰᠦᠯᠳᠡ ᠶᠢᠨ ᠤᠷᠠᠯᠢᠭ ᠬᠡᠯᠪᠡᠷᠢ ᠳᠦᠷᠢ ᠶ᠋ᠢ ᠵᠣᠬᠢᠶᠠᠨ ᠪᠦᠲᠦᠭᠡᠭᠰᠡᠨ ᠨᠢ ᠰᠦᠯᠳᠡ ᠶ᠋ᠢ ᠳᠡᠭᠡᠳᠦᠯᠡᠨ ᠬᠡᠷᠡᠭᠯᠡᠵᠦ᠂ ᠰᠦᠯᠳᠡ ᠶ᠋ᠢᠨ ᠰᠣᠶᠣᠯ ᠢ᠋ ᠶᠡᠬᠡ ᠪᠡᠷ ᠪᠠᠳᠠᠷᠠᠭᠤᠯᠵᠤ᠂ ᠦᠨᠳᠦᠰᠦᠲᠡᠨ ᠦ᠌ ᠰᠣᠶᠣᠯ ᠤ᠋ᠨ ᠲᠣᠮᠣ ᠣᠷᠣᠨ ᠠᠢᠮᠠᠭ ᠢ᠋ ᠪᠦᠲᠦᠭᠡᠨ ᠪᠠᠢᠭᠤᠯᠬᠤ ᠳ᠋ᠤ᠌ ᠪᠣᠳᠠᠲᠠᠢ ᠪᠥᠭᠡᠳ ᠲᠡᠦᠬᠡ ᠶ᠋ᠢᠨ ᠤᠳᠬ᠎ᠠ ᠠᠭᠤᠯᠭ᠎ᠠ ᠲᠠᠢ ᠭᠡᠵᠦ ᠪᠠᠲᠤ ᠢᠲᠡᠭᠡᠵᠦ ᠪᠠᠢᠨ᠎ᠠ᠃ ᠵᠢᠷᠤᠮᠠᠯ ᠰᠦᠯᠳᠡ ᠶ᠋ᠢᠨ ᠳᠦᠷᠢ ᠪᠣᠯᠤᠨ ᠲᠡᠭᠦᠨ ᠦ᠌ ᠵᠣᠬᠢᠶᠠᠭᠴᠢ ᠨᠢ ᠮᠣᠩᠭᠣᠯ ᠦᠨᠳᠦᠰᠦᠲᠡᠨ ᠦ᠌ ᠵᠠᠩᠰᠢᠯ ᠤ᠋ᠨ ᠤᠬᠠᠭᠠᠨ ᠪᠠ ᠰᠦᠯᠳᠡ ᠶ᠋ᠢᠨ ᠰᠣᠶᠣᠯ ᠤ᠋ᠨ ᠲᠡᠦᠬᠡᠨ ᠳᠡᠭᠡᠷ᠎ᠡ ᠲᠤᠢᠯ ᠤ᠋ᠨ ᠭᠢᠯᠠᠯᠵᠠᠭᠰᠠᠨ ᠨᠢᠭᠡ ᠬᠠᠭᠤᠳᠠᠰᠤ ᠶ᠋ᠢ ᠨᠡᠮᠡᠷᠢᠯᠡᠬᠦ ᠪᠣᠯᠤᠨ᠎ᠠ᠃ 
  
                ᠤᠤᠯ ᠤ᠋ᠨ ᠰᠢᠯᠢ ᠶ᠋ᠢᠨ ᠭᠣᠣᠯ ᠠᠢᠮᠠᠭ ᠤ᠋ᠨ 
                ᠤᠯᠤᠰ ᠲᠥᠷᠥ ᠶ᠋ᠢᠨ ᠵᠥᠪᠯᠡᠯᠭᠡᠨ ᠦ᠌ ᠲᠡᠷᠢᠭᠦᠯᠡᠭᠴᠢ ᠠᠯᠮᠠᠰ                                                        
                           2011ᠣᠨ ᠤ᠋ 7 ᠰᠠᠷ᠎ᠠ   ᠰᠢᠯᠢ ᠶ᠋ᠢᠨ ᠬᠣᠲᠠᠨ᠎ᠠ