ᠨᠠᠮᠤᠷ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Намар ᠤᠷᠠᠨ ᠪᠢᠴᠢᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠨᠠᠮᠤᠷ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Намар

ᠨᠠᠮᠤᠷ <ᠨᠢᠭᠡ>– 1949 ~1978 ᠣᠨ ᠤ ᠬᠣᠭᠣᠷᠣᠨᠳᠤ ᠲᠥᠷᠥᠭᠰᠡᠨ ᠤᠷᠠᠯᠠᠠᠴᠢᠳ  1949 ~1978 оны хооронд төрсөн урлаачид - Намар

ᠠᠩᠭᠢᠯᠠᠯ:ᠤᠷᠠᠨ ᠪᠢᠴᠢᠯᠭᠡ
2026-03-04

259

ᠨᠠᠮᠤᠷ ᠤ᠋ᠨ ᠲᠣᠪᠴᠢ ᠨᠠᠮᠲᠠᠷ

 
       ᠨᠠᠮᠤᠷ ᠂ ᠡᠷᠡᠭᠲᠡᠢ᠂ ᠮᠣᠩᠭᠣᠯ ᠦᠨᠳᠦᠰᠦᠲᠡᠨ᠂ ᠡᠯᠳᠡᠭᠦᠳ ᠣᠪᠣᠭᠲᠠᠨ᠃ 
       ᠪᠠᠭᠠᠷᠢᠨ ᠵᠡᠭᠦᠨ ᠬᠤᠰᠢᠭᠤᠨ ᠤ᠋ ᠪᠠᠶᠠᠨ᠌ᠠ᠋ᠭᠤᠯᠠ ᠰᠤᠮᠤ ᠶ᠋ᠢᠨ ᠬᠠᠢᠯᠠᠰᠤ ᠭᠠᠴᠠᠭᠠᠨ ᠤ᠋ ᠬᠥᠮᠦᠨ᠃ 
       ᠥᠪᠥᠷ ᠮᠣᠩᠭᠣᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠠᠮᠢᠳᠤ ᠪᠣᠳᠠᠰ ᠤ᠋ᠨ ᠰᠠᠯᠪᠤᠷᠢ ᠠ᠋ᠴᠠ ᠲᠡᠭᠦᠰᠴᠦ᠂ ᠠᠷᠠᠳ ᠤ᠋ᠨ ᠪᠠᠭᠰᠢ ᠶ᠋ᠢᠨ ᠠᠯᠪᠠ ᠬᠠᠭᠠᠵᠠᠢ᠃ ᠳᠤᠮᠳᠠᠳᠤ ᠰᠤᠷᠭᠠᠭᠤᠯᠢ ᠶ᠋ᠢᠨ ᠳᠡᠭᠡᠳᠦ ᠳᠡᠰ ᠦ᠋ᠨ ᠪᠠᠭᠰᠢ᠂ ᠮᠣᠩᠭᠣᠯ ᠤᠷᠠᠨ ᠪᠢᠴᠢᠯᠭᠡ ᠶ᠋ᠢᠨ ᠬᠣᠲᠠ ᠶ᠋ᠢᠨ ᠳᠡᠰ ᠦ᠋ᠨ ᠥᠪᠯᠡᠨ ᠤᠯᠠᠮᠵᠢᠯᠠᠭᠴᠢ᠃ ᠳᠤᠮᠳᠠᠳᠤ ᠤᠯᠤᠰ ᠤ᠋ᠨ ᠨᠠᠰᠤᠲᠠᠢᠴᠤᠳ ᠤ᠋ᠨ ᠤᠷᠠᠨ ᠪᠢᠴᠢᠯᠭᠡ ᠤᠷᠠᠨ ᠵᠢᠷᠤᠭ ᠰᠤᠳᠤᠯᠬᠤ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠤᠷᠠᠨ ᠪᠢᠴᠢᠯᠭᠡ ᠶ᠋ᠢᠨ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠮᠣᠩᠭᠣᠯ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠳᠡᠳ᠋ ᠨᠠᠷᠢᠨ ᠪᠢᠴᠢᠭ ᠦ᠋ᠨ ᠳᠠᠷᠤᠭ᠎ᠠ ᠂ ᠤᠯᠠᠭᠠᠨᠬᠠᠳᠠ ᠶ᠋ᠢᠨ ᠮᠣᠩᠭᠣᠯ ᠤᠷᠠᠨ ᠪᠢᠴᠢᠯᠭᠡᠲᠡᠨ ᠦ᠌ ᠨᠡᠢᠭᠡᠮᠯᠢᠭ ᠦ᠋ᠨ ᠳᠡᠳ᠋ ᠲᠡᠷᠢᠭᠦᠯᠡᠭᠴᠢ ᠨᠠᠷᠢᠨ ᠪᠢᠴᠢᠭ ᠦ᠋ᠨ ᠳᠠᠷᠤᠭ᠎ᠠ ᠵᠡᠷᠭᠡ ᠨᠡᠢᠭᠡᠮ ᠦ᠋ᠨ ᠬᠠᠷᠢᠭᠤᠴᠠᠯᠭ᠎ᠠ ᠲᠠᠢ᠃ 
       2009 ᠣᠨ ᠤ᠋ ᠤᠯᠠᠭᠠᠨᠬᠠᠳᠠ ᠬᠣᠲᠠ ᠶ᠋ᠢᠨ ᠮᠣᠩᠭᠣᠯ ᠤᠷᠠᠨ ᠪᠢᠴᠢᠯᠭᠡ ᠶ᠋ᠢᠨ ᠮᠥᠷᠥᠢᠴᠡᠭᠡᠨ ᠦ᠌ ᠲᠥᠪ ᠪᠢᠴᠢᠯᠭᠡ ᠶ᠋ᠢᠨ ᠲᠡᠷᠢᠭᠦᠨ ᠱᠠᠩᠨᠠᠯ ᠢ᠋ ᠬᠦᠷᠲᠡᠪᠡ᠃ 
       2010 ᠣᠨ ᠳ᠋ᠤ᠌ ᠨᠢᠮᠬ᠎ᠠ ᠲᠠᠢ ᠬᠠᠮᠲᠤᠷᠠᠨ 《ᠤᠷᠠᠨ ᠪᠢᠴᠢᠯᠭᠡ ᠶ᠋ᠢᠨ ᠵᠠᠭᠤᠨ ᠤᠳᠠ》ᠭᠡᠬᠦ ᠨᠣᠮ ᠢ᠋ ᠨᠠᠢᠷᠠᠭᠤᠯᠪᠠ ᠃ ᠲᠤᠰ ᠨᠣᠮ ᠨᠢ ᠶᠡᠬᠡ ᠰᠤᠷᠭᠠᠭᠤᠯᠢ ᠶ᠋ᠢᠨ ᠵᠥᠪ ᠪᠢᠴᠢᠯᠭᠡ ᠶ᠋ᠢᠨ ᠬᠢᠴᠢᠶᠡᠯ ᠦ᠋ᠨ ᠪᠢᠴᠢᠭ ᠢ᠋ᠶ᠋ᠡᠷ ᠬᠡᠷᠡᠭᠯᠡᠭᠳᠡᠵᠦ ᠪᠣᠢ᠃ 
       2012 ᠣᠨ ᠳ᠋ᠤ᠌ ᠡᠷᠳᠡᠮᠲᠦ ᠲᠡᠢ ᠬᠠᠮᠲᠤᠷᠠᠨ《ᠵᠣᠣ ᠤᠳᠠ ᠶ᠋ᠢᠨ ᠮᠣᠩᠭᠣᠯ ᠤᠷᠠᠨ ᠪᠢᠴᠢᠯᠭᠡ ᠶ᠋ᠢᠨ ᠰᠣᠩᠭᠣᠮᠠᠯ》ᠭᠡᠬᠦ ᠨᠣᠮ ᠢ᠋ ᠨᠠᠢᠷᠠᠭᠤᠯᠪᠠ᠃ 
       2013 ᠣᠨ ᠳ᠋ᠤ᠌ ᠬᠢᠲᠠᠳ ᠤᠷᠠᠨ ᠪᠢᠴᠢᠯᠬᠡᠳᠡᠨ ᠪᠠᠢ ᠰᠢᠦᠢ ᠹᠧᠩ ᠲᠡᠢ ᠬᠠᠮᠲᠤᠷᠠᠨ ᠪᠢᠴᠢᠭᠰᠡᠨ《ᠮᠠᠤ ᠲᠡᠷᠢᠭᠦᠯᠡᠭᠴᠢ ᠶ᠋ᠢᠨ ᠰᠢᠯᠦᠭ ᠨᠠᠶᠠᠨ ᠪᠠᠳᠠᠭ》ᠬᠢᠲᠠᠳ ᠮᠣᠩᠭᠣᠯ ᠬᠠᠪᠰᠤᠷᠭᠠᠭᠰᠠᠨ ᠵᠠᠭᠤ ᠵᠢᠷᠠᠨ ᠵᠢᠷᠭᠤᠭᠠᠨ ᠮᠧᠲ᠋ᠷ ᠦ᠋ᠨ ᠤᠷᠲᠤ ᠣᠷᠢᠶᠠᠮᠠᠯ ᠨᠢ ᠭᠢᠨᠢᠰ ᠦ᠋ᠨ ᠲᠡᠮᠳᠡᠭᠯᠡᠯ ᠢ᠋ ᠡᠭᠦᠳᠴᠡᠢ᠃
      2017 ᠣᠨ ᠳ᠋ᠤ᠌ ᠶᠢᠨᠱᠠᠨ ᠲᠠᠢ ᠬᠠᠮᠲᠤᠷᠠᠨ《ᠮᠣᠩᠭᠣᠯ ᠤᠷᠠᠨ ᠪᠢᠴᠢᠯᠭᠡ ᠶ᠋ᠢᠨ ᠲᠤᠰᠠᠯᠠᠮᠵᠢ》ᠭᠡᠬᠦ ᠨᠣᠮ ᠢ᠋ ᠨᠠᠢᠷᠠᠭᠤᠯᠪᠠ᠂ ᠪᠠᠰᠠ《ᠨᠠᠮᠤᠷ ᠤ᠋ᠨ ᠤᠷᠠᠨ ᠪᠢᠴᠢᠯᠭᠡ》ᠭᠡᠬᠦ ᠨᠣᠮ ᠢ᠋ ᠬᠡᠪᠯᠡᠭᠦᠯᠦᠭᠰᠡᠨ ᠪᠠᠢᠨ᠎ᠠ᠃ 
       ᠡᠭᠦᠨ ᠡᠴᠡ ᠭᠠᠳᠠᠨ᠎ᠠ 430 ᠮᠧᠲ᠋ᠷ ᠦ᠋ᠨ ᠤᠷᠲᠤ《ᠵᠢᠩᠭᠠᠷ》ᠭᠡᠬᠦ ᠡᠪᠬᠡᠮᠡᠯ ᠨᠢ ᠰᠢᠨᠵᠢᠶᠠᠩ ᠤ᠋ᠨ ᠬᠤᠪᠤᠢᠭᠰᠠᠢᠷᠢ ᠶ᠋ᠢᠨ ᠮᠦᠽᠸᠢ ᠳ᠋ᠤ᠌ ᠬᠠᠳᠠᠭᠠᠯᠠᠭᠳᠠᠪᠠ᠃