ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠣᠣᠷᠠᠳᠤ - ᠬᠣᠶᠠᠷ> Сүлдийн соёлын судлал – Минжуур<доод -2> ᠵᠠᠩ ᠦᠢᠯᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠣᠣᠷᠠᠳᠤ - ᠬᠣᠶᠠᠷ> Сүлдийн соёлын судлал – Минжуур<доод -2>

ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠣᠣᠷᠠᠳᠤ - ᠬᠣᠶᠠᠷ> Сүлдийн соёлын судлал – Минжуур<доод -2>

ᠠᠩᠭᠢᠯᠠᠯ:ᠵᠠᠩ ᠦᠢᠯᠡ
2026-03-05

75

ᠬᠣᠶᠠᠷ᠂ ᠰᠦᠯᠳᠡ ᠶ᠋ᠢᠨ ᠵᠢᠷᠤᠮᠠᠯ ᠳᠦᠷᠢ ᠶ᠋ᠢ ᠵᠢᠷᠤᠵᠤ ᠲᠥᠯᠥᠪᠯᠡᠬᠦ ᠳ᠋ᠦ᠍ ᠠᠪᠤᠭᠰᠠᠨ ᠬᠡᠯᠪᠡᠷᠢ ᠪᠠ ᠠᠷᠭ᠎ᠠ


       ᠵᠣᠬᠢᠶᠠᠨ ᠪᠠᠢᠭᠤᠯᠤᠯᠲᠠ ᠶ᠋ᠢᠨ ᠬᠡᠯᠪᠡᠷᠢ ᠮᠠᠶᠢᠭ ᠤ᠋ᠨ ᠲᠠᠯ᠎ᠠ ᠠ᠋ᠴᠠ ᠬᠡᠯᠡᠪᠡᠯ ᠴᠠᠭᠠᠨ᠂ ᠬᠠᠷ᠎ᠠ᠂ ᠠᠯᠠᠭ ᠭᠤᠷᠪᠠᠨ ᠢᠯᠠᠭᠤᠬᠤ ᠰᠦᠯᠳᠡ ᠶ᠋ᠢ ᠵᠢᠷᠤᠵᠤ ᠲᠥᠯᠥᠪᠯᠡᠬᠦ ᠳ᠋ᠦ᠍ ᠳ᠋ᠠᠩ ᠠᠷ ᠤᠨ ᠬᠡᠯᠪᠡᠷᠢ ᠮᠠᠶᠢᠭ ᠢ᠋ ᠠᠪᠤᠭᠰᠠᠨ ᠮᠥᠷᠲᠡᠭᠡᠨ ᠪᠠᠰᠠ ᠴᠠᠭᠠᠨ ᠰᠦᠯᠳᠡ ᠶ᠋ᠢ ᠵᠢᠷᠤᠵᠤ ᠲᠥᠯᠥᠪᠯᠡᠬᠦ ᠳ᠋ᠦ᠍ ᠬᠥᠬᠡ ᠲᠡᠭᠷᠢ᠂ ᠨᠣᠮᠢᠨ ᠨᠣᠭᠣᠭᠠᠨ ᠭᠠᠵᠠᠷ᠂ ᠤᠯᠠᠭᠠᠨ ᠨᠠᠷᠠ᠂ ᠲᠤᠩᠭᠠᠯᠠᠭ ᠰᠠᠷᠠ ᠬᠥᠪᠥᠩ ᠴᠠᠭᠠᠨ ᠡᠭᠦᠯᠡ᠂ ᠳᠥᠯᠥᠲᠦ ᠭᠠᠯ ᠲᠠᠢ ᠵᠣᠬᠢᠴᠠᠭᠰᠠᠨ ᠠᠷ ᠤ᠋ᠨ ᠬᠡᠯᠪᠡᠷᠢ ᠮᠠᠶᠢᠭ ᠢ ᠠᠪᠴᠤ᠂ ᠬᠠᠷ᠎ᠠ ᠰᠦᠯᠳᠡ ᠶ᠋ᠢ ᠵᠢᠷᠤᠵᠤ ᠲᠥᠯᠥᠪᠯᠡᠬᠦ ᠳ᠋ᠦ᠍ ᠬᠥᠬᠡ ᠲᠡᠭᠷᠢ᠂ ᠨᠣᠮᠢᠨ ᠨᠣᠭᠣᠭᠠᠨ ᠭᠠᠵᠠᠷ᠂ ᠬᠥᠪᠥᠩ ᠴᠠᠭᠠᠨ ᠡᠭᠦᠯᠡ᠂ ᠳᠥᠯᠥᠲᠦ ᠭᠠᠯ᠂ ᠥᠯᠵᠡᠢ ᠵᠠᠩᠭᠢᠶ᠎ᠠ ᠲᠠᠢ ᠵᠣᠬᠢᠴᠠᠭᠰᠠᠨ ᠠᠷ ᠤ᠋ᠨ ᠬᠡᠯᠪᠡᠷᠢ ᠮᠠᠶᠢᠭ ᠢ᠋ ᠠᠪᠴᠤ᠂ ᠠᠯᠠᠭ ᠰᠦᠯᠳᠡ ᠶ᠋ᠢ ᠵᠢᠷᠤᠵᠤ ᠲᠥᠯᠥᠪᠯᠡᠬᠦ ᠳ᠋ᠦ᠍ ᠬᠥᠬᠡ ᠲᠡᠭᠷᠢ᠂ ᠨᠣᠮᠢᠨ ᠨᠣᠭᠣᠭᠠᠨ ᠭᠠᠵᠠᠷ᠂ ᠬᠥᠪᠥᠩ ᠴᠠᠭᠠᠨ ᠡᠭᠦᠯᠡ᠂ ᠳᠣᠬᠢᠭᠤᠷ ᠳᠣᠯᠣᠭᠠᠨ ᠣᠳᠣ ᠲᠠᠢ ᠵᠣᠬᠢᠴᠠᠭᠰᠠᠨ ᠠᠷ ᠤ᠋ᠨ ᠬᠡᠯᠪᠡᠷᠢ ᠮᠠᠶᠢᠭ ᠢ᠋ ᠠᠪᠴᠠᠢ᠃ ᠠᠷᠭ᠎ᠠ ᠪᠠᠷᠢᠯ ᠤ᠋ᠨ ᠲᠠᠯ᠎ᠠ ᠠ᠋ᠴᠠ ᠬᠡᠯᠡᠪᠡᠯ ᠴᠠᠭᠠᠨ᠂ ᠬᠠᠷ᠎ᠠ᠂ ᠠᠯᠠᠭ ᠭᠤᠷᠪᠠᠨ ᠢᠯᠠᠭᠤᠬᠤ ᠰᠦᠯᠳᠡ ᠶ᠋ᠢ ᠵᠢᠷᠤᠵᠤ ᠲᠥᠯᠥᠪᠯᠡᠬᠦ ᠳ᠋ᠦ᠍ ᠲᠠᠲᠠᠯᠠᠨ ᠵᠢᠷᠤᠬᠤ ᠠᠷᠭ᠎ᠠ᠂ ᠬᠠᠷᠠᠨᠳᠠ ᠪᠠᠷ ᠵᠢᠷᠤᠬᠤ ᠠᠷᠭ᠎ᠠ ᠪᠣᠯᠤᠨ ᠪᠣᠳᠣᠭ ᠰᠠᠭᠤᠯᠭᠠᠨ ᠵᠢᠷᠤᠬᠤ ᠠᠷᠭ᠎ᠠ ᠶ᠋ᠢ ᠠᠪᠴᠠᠢ᠃ᠢᠩᠭᠢᠵᠦ ᠵᠢᠷᠤᠵᠤ ᠲᠥᠯᠥᠪᠯᠡᠭᠰᠡᠨ ᠡᠴᠡ ᠨᠢᠭᠡ ᠲᠡᠮᠳᠡᠭᠯᠡᠯ᠂ ᠬᠣᠶᠠᠷ ᠡᠳ᠋ ᠦ᠋ᠨ ᠡᠰᠢ ᠪᠠᠷᠢᠮᠲᠠ ᠪᠣᠯᠬᠤ ᠦᠢᠯᠡᠳᠦᠯ ᠢ᠋ ᠳᠣᠪᠣᠢᠯᠭᠠᠵᠤ᠂ ᠭᠤᠷᠪᠠᠨ ᠵᠦᠢᠯ ᠦ᠋ᠨ ᠰᠡᠳᠬᠢᠬᠦᠢ ᠪᠡᠷ ᠬᠥᠲᠥᠯᠪᠦᠷᠢ ᠪᠣᠯᠭᠠᠬᠤ ᠵᠣᠷᠢᠯᠲᠠ ᠶ᠋ᠢ ᠪᠡᠶᠡᠯᠡᠭᠦᠯᠵᠦ᠂ ᠰᠦᠯᠳᠡ ᠶ᠋ᠢᠨ ᠵᠢᠷᠤᠮᠠᠯ ᠳᠦᠷᠢ ᠶ᠋ᠢ ᠣᠯᠠᠨ ᠶᠠᠩᠵᠤ ᠶ᠋ᠢᠨ ᠪᠣᠯᠭᠠᠵᠤ ᠴᠢᠳᠠᠪᠠ᠃