ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠣᠣᠷᠠᠳᠤ - ᠭᠤᠷᠪᠠ> Сүлдийн соёлын судлал – Минжуур<доод -3> ᠵᠠᠩ ᠦᠢᠯᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠣᠣᠷᠠᠳᠤ - ᠭᠤᠷᠪᠠ> Сүлдийн соёлын судлал – Минжуур<доод -3>

ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠣᠣᠷᠠᠳᠤ - ᠭᠤᠷᠪᠠ> Сүлдийн соёлын судлал – Минжуур<доод -3>

ᠠᠩᠭᠢᠯᠠᠯ:ᠵᠠᠩ ᠦᠢᠯᠡ
2026-03-06

174

ᠭᠤᠷᠪᠠ ᠂ ᠰᠦᠯᠳᠡ ᠶ᠋ᠢ ᠳᠡᠭᠡᠳᠦᠯᠡᠨ ᠬᠡᠷᠡᠭᠯᠡᠬᠦ ᠶ᠋ᠢ ᠦᠵᠡᠭᠦᠯᠦᠭᠰᠡᠨ ᠵᠢᠱ᠌ᠢᠶ᠎ᠡ ᠵᠢᠷᠤᠭ ᠲᠥᠯᠥᠪᠯᠡᠭᠡ ᠶ᠋ᠢ ᠵᠢᠷᠤᠵᠤ ᠲᠥᠯᠥᠪᠯᠡᠭᠰᠡᠨ ᠵᠣᠷᠢᠯᠭ᠎ᠠ


       《ᠵᠢᠷᠤᠮᠠᠯ ᠰᠦᠯᠳᠡ》ᠨᠢ 《ᠬᠢᠮᠡᠯ ᠰᠦᠯᠳᠡ》 ᠡᠴᠡ ᠭᠤᠷᠪᠠᠨ ᠲᠠᠯ᠎ᠠ ᠶ᠋ᠢᠨ ᠳᠠᠪᠠᠭᠤᠯᠢᠭ ᠲᠠᠢ᠃ ᠨᠢᠭᠡ ᠳ᠋ᠦ᠍ ᠨᠡᠢᠭᠡᠮ ᠦ᠋ᠨ ᠬᠥᠭᠵᠢᠯᠲᠡ ᠲᠡᠢ ᠲᠣᠬᠢᠷᠠᠯᠴᠠᠵᠤ ᠴᠢᠳᠠᠬᠤ᠃ ᠬᠣᠶᠠᠷ ᠲᠤ᠌ ᠬᠡᠷᠡᠭᠯᠡᠬᠦ ᠳ᠋ᠦ᠍ ᠬᠢᠯᠪᠠᠷ ᠳᠥᠭᠥᠮ; ᠭᠤᠷᠪᠠ ᠳ᠋ᠤ᠌ ᠠᠮᠢᠳᠤᠷᠠᠯ ᠢ᠋ ᠭᠤᠶᠣᠯᠢᠭ᠍ᠵᠢᠭᠤᠯᠬᠤ ᠵᠡᠷᠭᠡ ᠭᠤᠷᠪᠠᠨ ᠲᠠᠯ᠎ᠠ ᠪᠣᠯᠤᠨ᠎ᠠ᠃ ᠡᠢᠮᠦ ᠡᠴᠡ ᠲᠡᠷᠡ ᠨᠢ ᠦᠢᠯᠡᠳᠪᠦᠷᠢᠯᠡᠯ ᠪᠠ ᠠᠮᠢᠳᠤᠷᠠᠯ ᠤ᠋ᠨ ᠳᠤᠮᠳᠠ ᠥᠷᠭᠡᠨ ᠢ᠋ᠶ᠋ᠡᠷ ᠬᠡᠷᠡᠭᠯᠡᠭᠳᠡᠬᠦ ᠨᠢ ᠯᠠᠪᠲᠠᠢ ᠶᠤᠮ᠃ ᠰᠦᠯᠳᠡ ᠶ᠋ᠢᠨ ᠵᠢᠷᠤᠮᠠᠯ ᠳᠦᠷᠢ ᠶ᠋ᠢ ᠳᠡᠭᠡᠳᠦᠯᠡᠨ ᠬᠡᠷᠡᠭᠯᠡᠬᠦ ᠵᠢᠱ᠌ᠢᠶ᠎ᠡ ᠶ᠋ᠢ ᠦᠵᠡᠭᠦᠯᠦᠭᠰᠡᠨ ᠵᠢᠷᠤᠭ ᠲᠥᠯᠥᠪᠯᠡᠭᠡ ᠪᠣᠯ ᠳᠠᠷᠤᠢ ᠶᠠᠮᠠᠷ ᠨᠢᠭᠡᠨ ᠣᠨᠴᠠᠭᠠᠢ ᠤᠳᠬ᠎ᠠ ᠰᠠᠨᠠᠭ᠎ᠠ ᠶ᠋ᠢ ᠪᠡᠯᠭᠡᠳᠡᠬᠦ ᠶᠠᠪᠤᠳᠠᠯ ᠳᠡᠭᠡᠷ᠎ᠡ ᠰᠦᠯᠳᠡ ᠶ᠋ᠢᠨ ᠵᠢᠷᠤᠮᠠᠯ ᠳᠦᠷᠢ ᠶ᠋ᠢ ᠬᠡᠷᠬᠢᠨ ᠬᠡᠷᠡᠭᠯᠡᠬᠦ ᠶ᠋ᠢ ᠲᠠᠢᠯᠪᠤᠷᠢᠯᠠᠬᠤ ᠶ᠋ᠢᠨ ᠲᠥᠯᠥᠭᠡ ᠵᠢᠷᠤᠵᠤ ᠲᠥᠯᠥᠪᠯᠡᠭᠰᠡᠨ ᠶᠦᠮ᠃ ᠵᠢᠱ᠌ᠢᠶᠡᠯᠡᠪᠡᠯ ᠨᠠᠭᠠᠳᠤᠮ ᠤ᠋ᠨ ᠬᠤᠷᠠᠯ ᠬᠢᠬᠦ ᠳ᠋ᠦ᠍ ᠬᠤᠷᠠᠯ ᠤ᠋ᠨ ᠲᠠᠯᠠᠪᠠᠢ ᠶ᠋ᠢᠨ ᠴᠢᠬᠤᠯᠠ ᠭᠠᠵᠠᠷ ᠲᠤ᠌ ᠴᠠᠭᠠᠨ ᠰᠦᠯᠳᠡ ᠶ᠋ᠢᠨ ᠵᠢᠷᠤᠮᠠᠯ ᠳᠦᠷᠢ ᠲᠡᠢ ᠪᠥᠰ ᠪᠤᠶᠤ ᠲᠣᠷᠭᠠᠨ ᠲᠤᠭ ᠢ᠋ ᠪᠣᠰᠬᠠᠵᠤ᠂ ᠡᠩᠬᠡ ᠲᠠᠢᠪᠤᠩ᠂ ᠬᠥᠭᠵᠢᠯ ᠪᠠᠳᠠᠷᠠᠯ᠂ ᠵᠣᠯ ᠵᠢᠷᠭᠠᠯ ᠢ᠋ ᠪᠡᠯᠭᠡᠳᠡᠬᠦ᠂ ᠡᠭᠦᠳᠡᠨ ᠦ᠌ ᠳᠡᠭᠡᠷ᠎ᠡ ᠲᠠᠯ᠎ᠠ ᠳ᠋ᠤ᠌ ᠬᠠᠷ᠎ᠠ ᠰᠦᠯᠳᠡ ᠶ᠋ᠢᠨ ᠵᠢᠷᠤᠮᠠᠯ ᠳᠦᠷᠢ ᠶ᠋ᠢ ᠡᠯᠭᠦᠵᠦ᠂ ᠬᠠᠷᠭᠢᠰ ᠪᠦᠬᠦᠨ ᠢ ᠠᠶᠤᠯᠭᠠᠨ ᠳᠠᠷᠤᠬᠤ ᠶ᠋ᠢ ᠪᠡᠯᠭᠡᠳᠡᠬᠦ᠂ ᠰᠢᠤᠳᠠᠨ ᠲᠡᠮᠳᠡᠭ ᠳᠡᠭᠡᠷ᠎ᠡ ᠠᠯᠠᠭ ᠰᠦᠯᠳᠡ ᠵᠢᠷᠤᠵᠤ ᠡᠪ ᠪᠦᠯᠬᠦᠮᠳᠡᠯ ᠢ᠋ ᠪᠡᠯᠭᠡᠳᠡᠬᠦ ᠁ ᠵᠡᠷᠭᠡ ᠪᠣᠯᠤᠨ᠎ᠠ᠃ ᠡᠳᠡᠭᠡᠷ ᠪᠡᠯᠭᠡᠳᠡᠭᠰᠡᠨ ᠤᠷᠠᠯᠢᠭ ᠤᠨ ᠪᠦᠲᠦᠭᠡᠯ ᠨᠢ ᠳᠠᠷᠤᠢ ᠬᠥᠮᠦᠰ ᠦ᠋ᠨ ᠬᠣᠯᠪᠣᠨ ᠪᠣᠳᠣᠯᠲᠠ ᠶ᠋ᠢ ᠡᠭᠦᠰᠬᠡᠵᠦ᠂ ᠰᠠᠢᠨ ᠪᠣᠳᠣᠨ ᠨᠠᠷᠢᠨ ᠰᠡᠳᠬᠢᠭᠦᠯᠵᠦ᠂ ᠬᠥᠮᠦᠰ ᠲᠦ᠍ ᠤᠷᠠᠨ ᠰᠠᠨᠠᠭᠠᠨ ᠤ᠋ ᠬᠡᠮᠵᠢᠶᠡᠯᠡᠰᠢ ᠦᠭᠡᠢ ᠰᠡᠷᠡᠭᠳᠡᠯ ᠢ᠋ ᠣᠯᠭᠣᠳᠠᠭ᠃ ᠪᠠᠰᠠ ᠴᠤ᠌ ᠬᠥᠮᠦᠰ ᠲᠦ᠍ ᠲᠣᠪᠴᠢ ᠮᠥᠷᠲᠡᠭᠡᠨ ᠳᠦᠷᠰᠦᠯᠢᠭ ᠲᠥᠷᠥᠭᠳᠡᠯ ᠢ᠋ ᠥᠭᠴᠦ᠂ ᠦᠨᠡᠨᠴᠢ ᠰᠡᠳᠬᠢᠯᠭᠡ ᠶ᠋ᠢ ᠢᠯᠡᠳᠬᠡᠵᠦ ᠴᠢᠳᠠᠳᠠᠭ ᠶᠤᠮ᠃ 
       ᠰᠦᠯᠳᠡ ᠶ᠋ᠢᠨ ᠵᠢᠷᠤᠮᠠᠯ ᠳᠦᠷᠢ ᠶ᠋ᠢ ᠤᠯᠠᠮᠵᠢᠯᠠᠯᠲᠤ ᠦᠢᠯᠡᠳᠬᠦ ᠰᠣᠶᠣᠯ ᠳᠤ ᠲᠤᠯᠭᠠᠭᠤᠷᠢᠯᠠᠨ ᠵᠢᠷᠤᠵᠤ ᠪᠦᠲᠦᠭᠡᠭᠰᠡᠨ ᠶᠦᠮ᠃ ᠰᠦᠯᠳᠡ ᠶ᠋ᠢᠨ ᠵᠢᠷᠤᠮᠠᠯ ᠳᠦᠷᠢ ᠬᠢᠭᠡᠳ ᠲᠡᠭᠦᠨ ᠦ᠌ ᠵᠢᠷᠤᠭ ᠲᠥᠯᠥᠪᠯᠡᠭᠡ ᠶ᠋ᠢᠨ ᠶᠠᠩᠵᠤ ᠬᠡᠪ ᠢ᠋ᠶ᠋ᠡᠷ ᠦᠢᠯᠡᠳᠦᠭᠰᠡᠨ ᠲᠡᠮᠦᠷᠯᠢᠭ᠂ ᠰᠦᠯᠢᠶᠣᠣ ᠪᠣᠯᠤᠨ ᠪᠤᠰᠤᠳ ᠡᠳ᠋ ᠦ᠋ᠨ ᠰᠦᠯᠳᠡ ᠪᠣᠯ ᠮᠥᠨ 《ᠬᠢᠮᠡᠯ ᠰᠦᠯᠳᠡ》 ᠲᠡᠢ ᠨᠢᠭᠡ ᠠᠳᠠᠯᠢ ᠣᠢᠯᠠᠭᠠᠭᠳᠠᠬᠤᠨ ᠤ᠋ ᠰᠦᠯᠳᠡ ᠶ᠋ᠢᠨ ᠪᠣᠳᠠᠲᠤ ᠪᠡᠶ᠎ᠡ ᠨᠢ ᠪᠣᠯᠤᠨ᠎ᠠ᠃ ᠡᠢᠮᠦ ᠡᠴᠡ ᠰᠦᠯᠳᠡ ᠶ᠋ᠢᠨ ᠵᠢᠷᠤᠮᠠᠯ ᠳᠦᠷᠢ ᠨᠢ ᠮᠥᠨ ᠨᠡᠢᠭᠡᠮ ᠦ᠋ᠨ ᠰᠣᠶᠣᠯ ᠤ᠋ᠨ ᠴᠢᠳᠠᠪᠬᠢ ᠦᠢᠯᠡᠳᠦᠯ ᠢ᠋ ᠪᠠᠳᠠᠷᠠᠭᠤᠯᠵᠤ᠂ ᠦᠨᠳᠦᠰᠦᠲᠡᠨ ᠦ᠌ ᠰᠣᠶᠣᠯ ᠤ᠋ᠨ ᠶᠡᠬᠡ ᠣᠷᠣᠨ ᠢ᠋ ᠪᠦᠲᠦᠭᠡᠨ ᠪᠠᠢᠭᠤᠯᠬᠤ ᠳ᠋ᠤ᠌ ᠵᠣᠬᠢᠬᠤ ᠦᠢᠯᠡᠳᠦᠯ ᠢ᠋ ᠭᠠᠷᠭᠠᠬᠤ ᠪᠠᠢᠬ᠎ᠠ᠃ ᠰᠦᠯᠳᠡ ᠶ᠋ᠢᠨ ᠵᠢᠷᠤᠮᠠᠯ ᠳᠦᠷᠢ ᠶ᠋ᠢ ᠳᠡᠭᠡᠳᠦᠯᠡᠨ ᠬᠡᠷᠡᠭᠯᠡᠬᠦ ᠵᠢᠱ᠌ᠢᠶ᠎ᠡ ᠶ᠋ᠢ ᠦᠵᠡᠭᠦᠯᠦᠭᠰᠡᠨ ᠵᠢᠷᠤᠭ ᠲᠥᠯᠥᠪᠯᠡᠭᠡ ᠶ᠋ᠢ ᠮᠥᠨ ᠲᠠᠲᠠᠯᠠᠨ ᠵᠢᠷᠤᠬᠤ ᠠᠷᠭ᠎ᠠ᠂ ᠬᠠᠷᠠᠨᠳᠠ ᠪᠠᠷ ᠵᠢᠷᠤᠬᠤ ᠠᠷᠭ᠎ᠠ ᠪᠣᠯᠤᠨ ᠪᠣᠳᠣᠭ ᠰᠠᠭᠤᠯᠭᠠᠨ ᠵᠢᠷᠤᠬᠤ ᠠᠷᠭ᠎ᠠ ᠪᠠᠷ ᠵᠢᠷᠤᠵᠤ ᠲᠥᠯᠥᠪᠯᠡᠵᠡᠢ᠃ 
       ᠡᠨᠡ ᠬᠦ᠌ ᠵᠢᠷᠤᠭ ᠲᠥᠯᠥᠪᠯᠡᠭᠡ ᠨᠢ ᠰᠦᠯᠳᠡ ᠶ᠋ᠢ ᠬᠦᠨᠳᠦᠯᠡᠨ ᠬᠡᠷᠡᠭᠯᠡᠬᠦ ᠳ᠋ᠦ᠍ ᠰᠡᠩᠬᠡᠷᠡᠭᠦᠯᠦᠯ ᠪᠠ ᠵᠠᠮᠴᠢᠯᠠᠯ ᠤ᠋ᠨ ᠦᠢᠯᠡᠳᠦᠯ ᠢ᠋ ᠭᠠᠷᠭᠠᠬᠤ ᠪᠣᠯᠲᠤᠭᠠᠢ ᠭᠡᠵᠦ ᠴᠢᠩ ᠰᠡᠳᠬᠢᠯ ᠡᠴᠡ ᠪᠡᠨ ᠬᠦᠰᠡᠵᠦ ᠪᠠᠢᠨ᠎ᠠ᠃