ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠠᠭᠠᠯᠳᠤᠭᠤᠯᠤᠯ ᠪᠦᠯᠦᠭ-3> Сүлдийн соёлын судлал – Минжуур<дагалдуулал бүлэг -3> ᠵᠠᠩ ᠦᠢᠯᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠠᠭᠠᠯᠳᠤᠭᠤᠯᠤᠯ ᠪᠦᠯᠦᠭ-3> Сүлдийн соёлын судлал – Минжуур<дагалдуулал бүлэг -3>

ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠠᠭᠠᠯᠳᠤᠭᠤᠯᠤᠯ ᠪᠦᠯᠦᠭ-3> Сүлдийн соёлын судлал – Минжуур<дагалдуулал бүлэг -3>

ᠠᠩᠭᠢᠯᠠᠯ:ᠵᠠᠩ ᠦᠢᠯᠡ
2026-03-12

110

ᠳᠠᠭᠠᠯᠳᠤᠭᠤᠯᠤᠯ ᠪᠦᠯᠦᠭ᠂ ᠬᠢᠨᠠᠨ ᠦᠨᠡᠯᠡᠯᠲᠡ ᠶᠢᠨ ᠵᠣᠬᠢᠶᠠᠯ

ᠬᠢᠨᠠᠨ ᠦᠨᠡᠯᠡᠬᠦ ᠰᠠᠨᠠᠯ


       ᠲᠡᠮᠦᠷ᠂ ᠮᠢᠩᠵᠤᠤᠷ ᠤ᠋ᠨ ᠣᠯᠠᠩᠬᠢ ᠡᠷᠳᠡᠮ ᠰᠢᠨᠵᠢᠯᠡᠭᠡᠨ ᠦ᠌ ᠥᠭᠦᠯᠡᠯ ᠢ᠋ ᠮᠠᠨ ᠤ᠋《ᠰᠢᠯᠢ ᠶ᠋ᠢᠨ ᠭᠣᠣᠯ ᠠᠵᠢᠯ ᠮᠡᠷᠭᠡᠵᠢᠯ ᠦ᠋ᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠬᠦᠯ》 ᠳᠡᠭᠡᠷ᠎ᠡ ᠨᠡᠢᠲᠡᠯᠡᠵᠦ ᠥᠩᠭᠡᠷᠡᠵᠡᠢ᠃ ᠡᠨᠡ ᠤᠳᠠᠭ᠎ᠠ ᠰᠢᠯᠢ ᠶ᠋ᠢᠨ ᠭᠣᠣᠯ ᠠᠢᠮᠠᠭ ᠤ᠋ᠨ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠪᠣᠯᠤᠨ ᠠᠢᠮᠠᠭ ᠤ᠋ᠨ ᠰᠣᠶᠣᠯ ᠲᠠᠮᠢᠷ ᠤᠨ ᠲᠣᠪᠴᠢᠶᠠᠨ ᠠ᠋ᠴᠠ ᠡᠷᠬᠢᠯᠡᠭᠰᠡᠨ ᠲᠡᠮᠦᠷ᠂ ᠮᠢᠩᠵᠤᠤᠷ ᠤ᠋ᠨ 《ᠰᠦᠯᠳᠡ ᠶ᠋ᠢᠨ ᠰᠣᠶᠣᠯ ᠤ᠋ᠨ ᠰᠤᠳᠤᠯᠤᠯ》 ᠭᠡᠰᠡᠨ ᠨᠣᠮ ᠢ᠋ ᠬᠢᠨᠠᠨ ᠦᠨᠡᠯᠡᠬᠦ ᠳ᠋ᠦ᠍ ᠣᠷᠣᠯᠴᠠᠭᠠᠳ ᠪᠠᠰᠠ ᠪᠤᠰᠤᠳ ᠥᠭᠦᠯᠡᠯ ᠨᠥᠬᠥᠳ ᠢ᠋ ᠴᠦ᠍ ᠣᠯᠵᠤ ᠦᠵᠡᠯ᠎ᠡ᠃ ᠵᠣᠬᠢᠶᠠᠭᠴᠢ ᠶ᠋ᠢᠨ ᠲᠤᠭᠤᠷᠪᠢᠨ ᠪᠢᠴᠢᠭᠰᠡᠨ ᠡᠷᠳᠡᠮ ᠰᠢᠨᠵᠢᠯᠡᠭᠡᠨ ᠦ᠌ ᠥᠭᠦᠯᠡᠯ ᠦ᠋ᠳ ᠲᠦ᠍ ᠪᠤᠷᠤᠭᠤ ᠭᠡᠵᠦ ᠬᠡᠯᠡᠮᠡᠷ ᠭᠠᠵᠠᠷ ᠦᠭᠡᠢ᠂ ᠬᠠᠷᠢᠨ ᠰᠤᠷᠴᠤ ᠰᠤᠳᠤᠯᠤᠮᠠᠷ ᠵᠦᠢᠯ ᠦ᠋ᠳ ᠣᠯᠠᠨ ᠪᠠᠢᠨ᠎ᠠ᠃ 
       ᠨᠢᠭᠡ᠂ ᠥᠭᠦᠯᠡᠯ ᠦ᠋ᠳ ᠲᠦ᠍ ᠴᠠᠭᠠᠨ᠂ ᠬᠠᠷ᠎ᠠ ᠪᠣᠯᠤᠨ ᠠᠯᠠᠭ ᠭᠤᠷᠪᠠᠨ ᠲᠤᠭ ᠤ᠋ᠨ ᠥᠩᠭᠡᠷᠡᠭᠡᠭᠰᠡᠨ ᠲᠡᠦᠬᠡᠨ ᠱᠠᠲᠤ ᠦᠶ᠎ᠡ ᠪᠠ ᠪᠠᠢᠭ᠎ᠠ ᠭᠠᠵᠠᠷ ᠣᠷᠣᠨ ᠢ᠋ ᠢᠯᠭᠠᠭᠰᠠᠨ ᠠ᠋ᠴᠠ ᠲᠡᠭᠦᠨ ᠦ᠌ ᠤᠬᠠᠭᠳᠠᠬᠤᠨ ᠢ᠋ ᠵᠥᠪ ᠣᠨᠣᠪᠴᠢᠲᠠᠢ ᠪᠠᠷ ᠲᠣᠳᠣᠷᠠᠭᠤᠯᠤᠨ ᠲᠠᠢᠯᠪᠤᠷᠢᠯᠠᠵᠤ ᠴᠢᠳᠠᠵᠠᠢ᠃《ᠰᠦᠯᠳᠡ ᠪᠣᠯ ᠤᠯᠠᠮᠵᠢᠯᠠᠯᠲᠤ ᠡᠷᠬᠢᠮ ᠳᠡᠭᠡᠳᠦ ᠪᠡᠯᠭᠡᠳᠡᠯ ᠦ᠋ᠨ ᠡᠳ᠋ ᠮᠥᠨ》 ᠭᠡᠰᠡᠨ ᠥᠭᠦᠯᠡᠯ ᠳ᠋ᠦ᠍ ᠴᠠᠭᠠᠨ ᠲᠤᠭ ᠪᠣᠯ ᠡᠩᠬᠡ ᠲᠠᠢᠪᠤᠩ᠂ ᠬᠥᠭᠵᠢᠯ ᠪᠠᠳᠠᠷᠠᠯ᠂ ᠵᠣᠯ ᠵᠢᠷᠭᠠᠯ ᠤ᠋ᠨ ᠪᠡᠯᠭᠡᠳᠡᠯ ᠦ᠋ᠨ ᠡᠳ᠋ ᠮᠥᠨ᠂ ᠬᠠᠷ᠎ᠠ ᠲᠤᠭ ᠪᠣᠯ ᠠᠶᠤᠯᠭᠠᠬᠤᠢ ᠶ᠋ᠢᠨ ᠪᠡᠯᠭᠡᠳᠡᠯ ᠦ᠋ᠨ ᠡᠳ᠋ ᠮᠥᠨ᠂ ᠠᠯᠠᠭ ᠲᠤᠭ ᠪᠣᠯ ᠡᠪ ᠨᠢᠭᠡᠳᠦᠯ ᠦ᠋ᠨ ᠪᠡᠯᠭᠡᠳᠡᠯ ᠦ᠋ᠨ ᠡᠳ᠋ ᠮᠥᠨ ᠪᠣᠯᠬᠤ ᠶ᠋ᠢ ᠲᠣᠳᠣᠷᠠᠭᠤᠯᠤᠨ ᠥᠭᠦᠯᠡᠭᠰᠡᠨ ᠪᠠᠢᠨ᠎ᠠ᠃ ᠡᠨᠡ ᠨᠢ ᠲᠤᠭ ᠢ᠋ ᠵᠥᠪ ᠢ᠋ᠶ᠋ᠡᠷ ᠣᠢᠯᠠᠭᠠᠨ ᠲᠠᠨᠢᠬᠤ ᠳ᠋ᠤ᠌ ᠴᠢᠬᠤᠯᠠ ᠠᠴᠢ ᠬᠣᠯᠪᠣᠭᠳᠠᠯ ᠲᠠᠢ ᠶᠤᠮ᠃ᠵᠢᠱ᠌ᠢᠶᠡᠯᠡᠪᠡᠯ ᠴᠠᠭᠠᠨ ᠲᠤᠭ ᠨᠢ ᠲᠡᠦᠬᠡᠨ ᠳᠡᠭᠡᠷ᠎ᠡ ᠮᠣᠩᠭᠣᠯ ᠲᠥᠷᠥ ᠶ᠋ᠢᠨ ᠪᠡᠯᠭᠡ ᠲᠡᠮᠳᠡᠭ ᠢ᠋ᠶ᠋ᠡᠷ ᠬᠦᠨᠳᠦᠯᠡᠭᠳᠡᠵᠦ ᠪᠠᠢᠭᠰᠠᠨ ᠨᠢ ᠦᠨᠡᠨ᠂ ᠭᠡᠪᠡᠴᠦ ᠣᠳᠣ ᠦᠶ᠎ᠡ ᠳ᠋ᠦ᠍ ᠲᠡᠭᠦᠨ ᠢ᠋ ᠪᠠᠰᠠ ᠯᠠ ᠮᠣᠩᠭᠣᠯ ᠲᠥᠷᠥ ᠶ᠋ᠢᠨ ᠲᠤᠭ ᠢ᠋ᠶ᠋ᠠᠷ ᠣᠢᠯᠠᠭᠠᠵᠤ ᠪᠣᠯᠬᠤ ᠦᠭᠡᠢ ᠶᠦᠮ᠃ ᠤᠴᠢᠷ ᠨᠢ ᠴᠠᠭᠠᠨ ᠲᠤᠭ ᠢ᠋ ᠲᠥᠷᠥ ᠶ᠋ᠢᠨ ᠪᠡᠯᠭᠡ ᠲᠡᠮᠳᠡᠭ ᠪᠣᠯᠭᠠᠨ ᠳᠡᠭᠡᠳᠦᠯᠡᠨ ᠬᠡᠷᠡᠭᠯᠡᠬᠦ ᠡᠴᠡ ᠡᠮᠦᠨ᠎ᠡ᠂ ᠮᠣᠩᠭᠣᠯᠴᠤᠳ ᠲᠡᠭᠦᠨ ᠢ᠋ ᠰᠢᠳᠢᠲᠦ ᠡᠳ᠋ ᠢ᠋ᠶ᠋ᠡᠷ ᠰᠢᠲᠦᠭᠰᠡᠭᠡᠷ ᠢᠷᠡᠭᠰᠡᠨ ᠶᠦᠮ᠃ᠴᠠᠭᠠᠨ ᠲᠤᠭ ᠢ᠋ ᠳᠡᠭᠡᠳᠦᠯᠡᠨ ᠰᠢᠲᠦᠬᠦ ᠳ᠋ᠦ᠍ ᠲᠡᠦᠬᠡ ᠶ᠋ᠢᠨ ᠠᠯᠢ ᠴᠠᠭ ᠦᠶ᠎ᠡ ᠭᠡᠰᠡᠨ ᠦᠭᠡᠢ ᠪᠦᠷ ᠡᠩᠬᠡᠵᠢᠨ ᠦ᠌ ᠪᠡᠯᠭᠡᠳᠡᠯ ᠦ᠋ᠨ ᠤᠳᠬ᠎ᠠ ᠰᠠᠨᠠᠭ᠎ᠠ ᠠᠭᠤᠯᠤᠭᠳᠠᠭᠰᠠᠭᠠᠷ ᠢᠷᠡᠭᠰᠡᠨ ᠶᠦᠮ᠃ᠡᠢᠮᠦ ᠡᠴᠡ ᠲᠡᠭᠦᠨ ᠢ᠋ ᠤᠯᠠᠮᠵᠢᠯᠠᠯᠲᠤ ᠡᠷᠬᠢᠮ ᠳᠡᠭᠡᠳᠦ ᠪᠡᠯᠭᠡᠳᠡᠯ ᠦ᠋ᠨ ᠡᠳ᠋ ᠭᠡᠵᠦ ᠬᠡᠯᠡᠬᠦ ᠨᠢ ᠶᠡᠬᠡ ᠣᠨᠣᠪᠴᠢᠲᠠᠢ ᠪᠠᠢᠨ᠎ᠠ᠃ 
       ᠬᠣᠶᠠᠷ᠂ ᠮᠣᠩᠭᠣᠯᠴᠤᠳ ᠲᠤᠭ ᠢ᠋ ᠦᠶ᠎ᠡ ᠤᠯᠠᠮᠵᠢᠯᠠᠨ ᠰᠢᠲᠦᠭᠰᠡᠭᠡᠷ ᠢᠷᠡᠭᠰᠡᠨ ᠪᠢᠯᠡ᠃ᠲᠤᠭ ᠢ᠋ ᠳᠡᠭᠡᠳᠦᠯᠡᠨ ᠰᠢᠲᠦᠬᠦ ᠳ᠋ᠦ᠍ ᠶᠡᠷᠦ ᠡᠴᠡ ᠪᠡᠨ ᠪᠡᠯᠭᠡᠳᠡᠯ ᠢ᠋ᠶ᠋ᠡᠷ ᠬᠡᠷᠡᠭᠯᠡᠳᠡᠭ ᠵᠠᠩᠰᠢᠯ ᠪᠠᠭᠲᠠᠭᠰᠠᠭᠠᠷ ᠢᠷᠡᠵᠡᠢ᠃ᠵᠣᠬᠢᠶᠠᠭᠴᠢ ᠶ᠋ᠢᠨ ᠥᠭᠦᠯᠡᠯ ᠳ᠋ᠦ᠍ ᠲᠤᠭ ᠤ᠋ᠨ ᠰᠣᠶᠣᠯ ᠢ᠋ ᠲᠥᠷᠥᠯ ᠬᠤᠪᠢᠶᠠᠨ ᠰᠤᠳᠤᠯᠬᠤ ᠳ᠋ᠤ᠌ ᠲᠤᠭ ᠢ᠋ ᠪᠡᠯᠭᠡᠳᠡᠯ ᠦ᠋ᠨ ᠤᠴᠢᠷ ᠶᠠᠪᠤᠳᠠᠯ ᠳᠡᠭᠡᠷ᠎ᠡ ᠬᠡᠷᠡᠭᠯᠡᠳᠡᠭ ᠵᠠᠩᠰᠢᠯ ᠢ᠋ ᠪᠡᠯᠭᠡᠳᠡᠯ ᠦ᠋ᠨ ᠰᠣᠶᠣᠯ ᠭᠡᠵᠦ ᠨᠡᠷᠡᠢᠳᠴᠦ᠂ ᠪᠠᠰᠠ ᠰᠦᠯᠳᠡ ᠶ᠋ᠢᠨ ᠰᠣᠶᠣᠯ ᠢ᠋ ᠪᠡᠯᠭᠡᠳᠡᠯ ᠦ᠋ᠨ ᠰᠣᠶᠣᠯ᠂ ᠱᠠᠰᠢᠨ ᠰᠤᠷᠲᠠᠬᠤᠨ ᠤ᠋ ᠰᠣᠶᠣᠯ ᠪᠣᠯᠤᠨ ᠦᠢᠯᠡᠳᠬᠦ ᠰᠣᠶᠣᠯ ᠭᠡᠰᠡᠨ ᠭᠤᠷᠪᠠᠨ ᠲᠥᠷᠥᠯ ᠬᠤᠪᠢᠶᠠᠭᠰᠠᠨ ᠮᠥᠷᠲᠡᠭᠡᠨ ᠲᠤᠰ ᠲᠤᠰ ᠤ᠋ᠨ ᠤᠬᠠᠭᠳᠠᠬᠤᠨ ᠢ᠋ ᠲᠣᠭᠲᠠᠭᠠᠭᠰᠠᠨ ᠪᠠᠢᠨ᠎ᠠ᠃ ᠡᠨᠡ ᠪᠣᠯ ᠲᠤᠭ ᠤ᠋ᠨ ᠰᠣᠶᠣᠯ ᠤ᠋ᠨ ᠰᠤᠳᠤᠯᠭᠠᠨ ᠢ᠋ ᠭᠦᠨᠵᠡᠭᠡᠢᠷᠡᠭᠦᠯᠦᠭᠰᠡᠨ ᠨᠢᠭᠡ ᠡᠭᠦᠳᠦᠯᠲᠡ ᠶ᠋ᠢᠨ ᠴᠢᠨᠠᠷ ᠲᠠᠢ ᠰᠤᠳᠤᠯᠭᠠᠨ ᠤ᠋ ᠦᠷ᠎ᠡ ᠪᠦᠲᠦᠭᠡᠯ ᠪᠣᠯᠤᠨ᠎ᠠ᠃ 
       ᠭᠤᠷᠪᠠ᠂ ᠶᠡᠬᠡ ᠶᠤᠸᠠᠨ ᠤᠯᠤᠰ ᠤ᠋ᠨ ᠦᠶ᠎ᠡ ᠶ᠋ᠢᠨ ᠬᠠᠷ᠎ᠠ ᠲᠤᠭ ᠢ᠋ ᠰᠤᠳᠤᠯᠵᠤ᠂ ᠶᠡᠬᠡ ᠶᠤᠸᠠᠨ ᠤᠯᠤᠰ ᠤ᠋ᠨ ᠦᠶ᠎ᠡ ᠳ᠋ᠦ᠍ ᠬᠠᠷ᠎ᠠ ᠲᠤᠭ ᠢ᠋ ᠳᠡᠭᠡᠳᠦᠯᠡᠨ ᠬᠡᠷᠡᠭᠯᠡᠵᠦ ᠪᠠᠢᠭᠰᠠᠨ ᠶᠠᠪᠤᠳᠠᠯ ᠤᠳ ᠢ᠋ ᠲᠣᠳᠣᠷᠠᠭᠤᠯᠤᠨ ᠥᠭᠦᠯᠡᠵᠡᠢ᠃ ᠵᠢᠱ᠌ᠢᠶᠡᠯᠡᠪᠡᠯ ᠬᠤᠪᠢᠯᠠᠢ ᠬᠠᠭᠠᠨ ᠮᠣᠩᠭᠣᠯᠴᠤᠳ ᠤ᠋ᠨ ᠬᠠᠷ᠎ᠠ ᠲᠤᠭ ᠢ᠋ ᠠᠶᠤᠯᠭᠠᠬᠤᠢ ᠶ᠋ᠢᠨ ᠪᠡᠯᠭᠡᠳᠡᠯ ᠦ᠋ᠨ ᠡᠳ᠋ ᠪᠣᠯᠭᠠᠨ ᠳᠡᠭᠡᠳᠦᠯᠡᠵᠦ᠂ ᠬᠠᠭᠠᠨᠲᠤ ᠲᠥᠷᠥ ᠶ᠋ᠢᠨ ᠶᠢᠰᠦᠨ ᠶᠡᠬᠡ ᠪᠡᠯᠭᠡᠳᠡᠯ ᠦ᠋ᠨ ᠡᠳ᠋ ᠦ᠋ᠨ ᠬᠠᠮᠤᠭ ᠲᠡᠷᠢᠭᠦᠨ ᠳ᠋ᠦ᠍ ᠨᠢ ᠵᠢᠭᠰᠠᠭᠠᠭᠰᠠᠨ ᠪᠠᠢᠨ᠎ᠠ᠃ᠲᠡᠷᠡᠴᠢᠯᠡᠨ ᠬᠠᠭᠠᠨ ᠡᠵᠡᠳ ᠬᠣᠶᠠᠷ ᠨᠡᠢᠰᠯᠡᠯ ᠦ᠋ᠨ ᠬᠣᠭᠣᠷᠣᠨᠳᠣ ᠵᠠᠯᠠᠷᠠᠨ ᠶᠠᠪᠤᠬᠤ ᠪᠦᠷᠢ ᠳ᠋ᠦ᠍ ᠴᠡᠷᠢᠭ ᠦ᠋ᠨ ᠵᠢᠭᠰᠠᠭᠠᠯ ᠤ᠋ᠨ ᠡᠮᠦᠨ᠎ᠡ ᠨᠢ ᠬᠠᠷ᠎ᠠ ᠲᠤᠭ ᠢ᠋ ᠮᠠᠨᠳᠤᠭᠤᠯᠵᠤ᠂ ᠠᠯᠢᠪᠠ ᠬᠠᠷᠭᠢᠰ ᠪᠦᠬᠦᠨ ᠢ᠋ ᠠᠶᠤᠯᠭᠠᠨ ᠳᠠᠷᠤᠬᠤ ᠶ᠋ᠢ ᠪᠡᠯᠭᠡᠳᠡᠵᠦ ᠪᠠᠢᠵᠠᠢ᠃ᠬᠠᠷᠢᠨ ᠴᠡᠷᠢᠭ ᠲᠡᠢᠨ ᠳᠡᠭᠡᠷ᠎ᠡ ᠲᠡᠭᠦᠨ ᠢ᠋ ᠬᠡᠷᠡᠭᠯᠡᠭᠰᠡᠨ ᠦᠭᠡᠢ᠃ ᠡᠨᠡ ᠬᠦ᠌ ᠲᠣᠳᠣᠷᠠᠭᠤᠯᠤᠨ ᠥᠭᠦᠯᠡᠯᠲᠡ ᠨᠢ ᠡᠰᠢ ᠪᠠᠷᠢᠮᠲᠠ᠂ ᠪᠠᠷ ᠨᠠᠢᠳᠠᠪᠤᠷᠢᠲᠠᠢ᠂ ᠵᠠᠳᠠᠯᠤᠨ ᠰᠢᠨᠵᠢᠯᠡᠯᠲᠡ ᠨᠢ ᠣᠨᠣᠪᠴᠢᠲᠠᠢ ᠪᠣᠯᠬᠣᠷ ᠶᠡᠬᠡ ᠶᠤᠸᠠᠨ ᠤᠯᠤᠰ ᠤ᠋ᠨ ᠦᠶ᠎ᠡ ᠳ᠋ᠦ᠍ ᠬᠠᠷ᠎ᠠ ᠲᠤᠭ ᠢ᠋ ᠳᠡᠭᠡᠳᠦᠯᠡᠨ ᠬᠡᠷᠡᠭᠯᠡᠵᠦ ᠪᠠᠢᠭᠰᠠᠨ ᠦᠨᠡᠨ ᠪᠠᠢᠳᠠᠯ ᠢ᠋ ᠳᠤᠰᠬᠠᠵᠤ ᠴᠢᠳᠠᠭᠰᠠᠨ ᠪᠠᠢᠨ᠎ᠠ᠃ 
       ᠳᠥᠷᠪᠡ᠂ ᠲᠤᠭ ᠤ᠋ᠨ ᠰᠣᠶᠣᠯ ᠢ᠋ ᠰᠤᠳᠤᠯᠵᠤ᠂ ᠲᠤᠭ ᠤ᠋ᠨ ᠰᠣᠶᠣᠯ ᠤ᠋ᠨ ᠬᠥᠭᠵᠢᠯ ᠪᠠᠳᠠᠷᠠᠯ ᠢ᠋ ᠠᠬᠢᠭᠤᠯᠬᠤ ᠡᠭᠦᠳᠡᠨ ᠡᠴᠡ ᠦᠵᠡᠪᠡᠯ ᠵᠣᠬᠢᠶᠠᠭᠴᠢ ᠶ᠋ᠢᠨ ᠳᠤᠷᠠᠳᠤᠭᠰᠠᠨ 《ᠰᠦᠯᠳᠡ》 ᠭᠡᠰᠡᠨ ᠨᠡᠷᠡᠢᠳᠦᠯ ᠢ᠋ ᠬᠠᠯᠠᠵᠤ᠂ ᠤᠤᠯ ᠤ᠋ᠨ 《ᠲᠤᠭ》 ᠭᠡᠰᠡᠨ ᠨᠡᠷ᠎ᠡ ᠶ᠋ᠢ ᠰᠡᠷᠭᠦᠭᠡᠨ ᠳᠠᠭᠤᠳᠠᠬᠤ ᠰᠠᠨᠠᠭᠤᠯᠭ᠎ᠠ ᠨᠢ ᠵᠦᠢᠲᠡᠢ ᠭᠡᠵᠦ ᠦᠵᠡᠨ᠎ᠡ᠃ ᠰᠦᠯᠳᠡ ᠭᠡᠰᠡᠨ ᠦᠭᠡ ᠪᠣᠯ ᠣᠯᠠᠨ ᠤᠬᠠᠭᠳᠠᠬᠤᠨ ᠲᠠᠢ ᠦᠭᠡ ᠪᠣᠯᠤᠨ᠎ᠠ᠃ ᠡᠢᠮᠦ ᠡᠴᠡ《ᠰᠦᠯᠳᠡ》 ᠭᠡᠰᠡᠨ ᠨᠡᠷ᠎ᠡ ᠶ᠋ᠢ᠂《ᠲᠤᠭ》 ᠭᠡᠰᠡᠨ ᠨᠡᠷ᠎ᠡ ᠪᠡᠷ ᠨᠢ ᠰᠡᠷᠭᠦᠭᠡᠨ ᠳᠠᠭᠤᠳᠠᠪᠠᠯ ᠲᠤᠭ ᠢ᠋ ᠰᠤᠳᠤᠯᠬᠤ᠂ ᠬᠡᠷᠡᠭᠯᠡᠬᠦ ᠪᠣᠯᠤᠨ ᠲᠠᠨᠢᠯᠴᠠᠭᠤᠯᠬᠤ ᠳ᠋ᠤ᠌ ᠪᠦᠷ ᠳᠥᠭᠥᠮ ᠪᠣᠯᠤᠨ᠎ᠠ᠃ ᠨᠡᠩ ᠴᠦ᠍ ᠡᠷᠲᠡᠨ ᠦ᠌ ᠲᠤᠭ ᠭᠡᠰᠡᠨ ᠨᠡᠷᠡᠢᠳᠦᠯ ᠲᠡᠢ ᠪᠡᠨ ᠨᠢᠭᠡᠳᠦᠯᠲᠡᠢ ᠪᠣᠯᠵᠤ᠂ ᠲᠤᠭ ᠢ᠋ ᠣᠢᠯᠠᠭᠠᠨ ᠲᠠᠨᠢᠬᠤ᠂ ᠢᠯᠠᠩᠭᠤᠶ᠎ᠠ ᠬᠠᠷᠢ ᠦᠨᠳᠦᠰᠦᠲᠡᠨ ᠦ᠌ ᠬᠥᠮᠦᠨ ᠳ᠋ᠦ᠍ ᠲᠤᠭ ᠢ᠋ ᠲᠠᠨᠢᠭᠤᠯᠬᠤ ᠳ᠋ᠤ᠌ ᠳᠥᠭᠥᠮ ᠪᠣᠯᠤᠨ᠎ᠠ᠃ᠡᠢᠮᠦ ᠡᠴᠡ ᠬᠡᠳᠦᠢᠪᠡᠷ ᠰᠦᠯᠳᠡ ᠭᠡᠵᠦ ᠳᠠᠭᠤᠳᠠᠭᠠᠳ ᠵᠠᠩᠰᠢᠭᠰᠠᠨ ᠪᠣᠯᠪᠠᠴᠤ ᠬᠠᠰᠢ ᠯᠠ ᠲᠤᠭ ᠭᠡᠵᠦ ᠳᠠᠭᠤᠳᠠᠪᠠᠯ ᠵᠣᠬᠢᠨ᠎ᠠ᠃ 
       ᠲᠠᠪᠤ᠂ ᠵᠢᠷᠤᠮᠠᠯ ᠰᠦᠯᠳᠡ ᠨᠢ ᠵᠢᠷᠤᠭ ᠲᠥᠯᠥᠪᠯᠡᠭᠡ ᠶ᠋ᠢᠨ ᠤᠷ᠎ᠠ ᠮᠡᠷᠭᠡᠵᠢᠯ ᠢ᠋ᠶ᠋ᠡᠷ ᠵᠢᠷᠤᠭᠰᠠᠨ ᠣᠯᠠᠨ ᠶᠠᠩᠵᠤ ᠶ᠋ᠢᠨ ᠰᠦᠯᠳᠡ ᠶ᠋ᠢᠨ ᠵᠢᠷᠤᠮᠠᠯ ᠳᠦᠷᠢ ᠪᠠᠢᠨ᠎ᠠ᠃ ᠡᠭᠦᠨ ᠦ᠌ ᠠᠷᠤ ᠳ᠋ᠤ᠌ ᠪᠠᠰᠠ ᠰᠦᠯᠳᠡ ᠶ᠋ᠢᠨ ᠵᠢᠷᠤᠮᠠᠯ ᠳᠦᠷᠢ ᠶ᠋ᠢ ᠶᠠᠭᠠᠬᠢᠵᠤ ᠪᠡᠯᠭᠡᠳᠡᠯ ᠦ᠋ᠨ ᠤᠴᠢᠷ ᠶᠠᠪᠤᠳᠠᠯ ᠳᠡᠭᠡᠷ᠎ᠡ ᠬᠡᠷᠡᠭᠯᠡᠬᠦ ᠲᠤᠬᠠᠢ ᠵᠢᠱ᠌ᠢᠶ᠎ᠡ ᠵᠢᠷᠤᠭ ᠲᠥᠯᠥᠪᠯᠡᠭᠡ ᠨᠦ᠍ᠭᠦᠳ ᠢ᠋ ᠳᠠᠭᠠᠯᠳᠤᠭᠤᠯᠵᠠᠢ᠃ ᠡᠨᠡ ᠬᠦ᠌ ᠵᠢᠷᠤᠮᠠᠯ ᠰᠦᠯᠳᠡ ᠨᠢ ᠤᠷᠠᠯᠢᠭ ᠤ᠋ᠨ ᠳᠠᠪᠠᠭᠤᠯᠢᠭ ᠲᠠᠢ ᠮᠥᠷᠲᠡᠭᠡᠨ ᠪᠢᠴᠢᠭ ᠰᠤᠳᠤᠷ ᠤ᠋ᠨ ᠡᠰᠢ ᠪᠠᠷᠢᠮᠲᠠ ᠲᠠᠢ᠂ ᠰᠦᠯᠳᠡ ᠶ᠋ᠢᠨ ᠰᠦᠷ ᠵᠢᠪᠬᠤᠯᠠᠩ ᠦᠵᠡᠰᠬᠦᠯᠡᠩᠲᠦ ᠰᠠᠢᠬᠠᠨ ᠳᠦᠷᠢ ᠶ᠋ᠢ ᠭᠦᠢᠴᠡᠳ ᠦᠵᠡᠭᠦᠯᠵᠦ ᠴᠢᠳᠠᠵᠠᠢ᠃ ᠵᠢᠷᠤᠮᠠᠯ ᠰᠦᠯᠳᠡ ᠶ᠋ᠢ ᠦᠵᠡᠪᠡᠯ ᠰᠦᠯᠳᠡ ᠶ᠋ᠢ ᠠᠮᠠᠷᠬᠠᠨ ᠲᠠᠨᠢᠵᠤ᠂ ᠰᠦᠯᠳᠡ ᠶ᠋ᠢᠨ ᠰᠣᠶᠣᠯ ᠢ᠋ ᠠᠮᠠᠷᠬᠠᠨ ᠣᠢᠯᠠᠭᠠᠵᠤ᠂ ᠰᠦᠯᠳᠡ ᠶ᠋ᠢ ᠪᠡᠯᠭᠡᠳᠡᠯ ᠦ᠋ᠨ ᠤᠴᠢᠷ ᠲᠤ᠌ ᠳᠡᠭᠡᠳᠦᠯᠡᠨ ᠬᠡᠷᠡᠭᠯᠡᠬᠦ ᠳ᠋ᠦ᠍ ᠳᠥᠭᠥᠮ ᠪᠣᠯᠬᠤ ᠨᠢ ᠢᠯᠡᠷᠬᠡᠢ ᠪᠠᠢᠨ᠎ᠠ᠃ ᠰᠦᠯᠳᠡ ᠶ᠋ᠢᠨ ᠵᠢᠷᠤᠮᠠᠯ ᠳᠦᠷᠢ ᠶ᠋ᠢ ᠵᠣᠬᠢᠶᠠᠨ ᠪᠦᠲᠦᠭᠡᠭᠰᠡᠨ ᠨᠢ ᠰᠦᠯᠳᠡ ᠶ᠋ᠢ ᠪᠡᠯᠭᠡᠳᠡᠯ ᠦ᠋ᠨ ᠡᠳ᠋ ᠢ᠋ᠶ᠋ᠡᠷ ᠳᠡᠭᠡᠳᠦᠯᠡᠨ ᠬᠡᠷᠡᠭᠯᠡᠵᠦ᠂ ᠰᠦᠯᠳᠡ ᠶ᠋ᠢᠨ ᠰᠣᠶᠣᠯ ᠢ᠋ ᠠᠪᠤᠷᠠᠨ ᠬᠠᠮᠠᠭᠠᠯᠠᠬᠤ ᠪᠠ ᠤᠯᠠᠮᠵᠢᠯᠠᠨ ᠪᠠᠳᠠᠷᠠᠭᠤᠯᠬᠤ ᠳ᠋ᠤ᠌ ᠠᠯᠤᠰ ᠤ᠋ᠨ ᠪᠠ ᠪᠣᠳᠠᠲᠤ ᠠᠴᠢ ᠬᠣᠯᠪᠣᠭᠳᠠᠯ ᠲᠠᠢ᠃ 
       ᠶᠡᠷᠦᠩᠬᠡᠢ ᠳ᠋ᠦ᠍ ᠨᠢ ᠬᠡᠯᠡᠪᠡᠯ ᠡᠳᠡᠭᠡᠷ ᠵᠣᠬᠢᠶᠠᠯ ᠪᠠ ᠵᠢᠷᠤᠭ ᠪᠦᠲᠦᠭᠡᠯ ᠦ᠋ᠳ ᠪᠣᠯ ᠬᠤᠪᠢᠰᠤᠩᠭᠤᠢ ᠪᠣᠳᠠᠰᠴᠢ ᠦᠵᠡᠯ ᠬᠢᠭᠡᠳ ᠲᠡᠦᠬᠡ ᠶ᠋ᠢᠨ ᠪᠣᠳᠠᠰᠴᠢ ᠦᠵᠡᠯ ᠦ᠋ᠨ ᠵᠣᠭᠰᠣᠯᠲᠠ ᠦᠵᠡᠯᠲᠡ ᠪᠣᠯᠤᠨ ᠠᠷᠭ᠎ᠠ ᠶ᠋ᠢ ᠪᠠᠷᠢᠮᠲᠠᠯᠠᠨ᠂ ᠰᠦᠯᠳᠡ ᠶ᠋ᠢᠨ ᠲᠡᠦᠬᠡ ᠶ᠋ᠢᠨ ᠪᠣᠳᠠᠲᠠᠢ ᠪᠠᠢᠳᠠᠯ ᠠ᠋ᠴᠠ ᠡᠭᠦᠰᠴᠦ᠂ ᠪᠦᠷᠢᠨ ᠪᠦᠲᠦᠨ ᠣᠨᠣᠪᠴᠢᠲᠠᠢ ᠲᠡᠦᠬᠡᠨ  ᠮᠠᠲ᠋ᠧᠷᠢᠶᠠᠯ ᠢ᠋ᠶ᠋ᠠᠷ ᠡᠰᠢ ᠪᠠᠷᠢᠮᠲᠠ ᠪᠣᠯᠭᠠᠵᠤ᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠡᠷᠳᠡᠮ ᠰᠢᠨᠵᠢᠯᠡᠭᠡᠨ ᠦ᠌ ᠦᠷ᠎ᠡ ᠪᠦᠲᠦᠭᠡᠯ ᠦ᠋ᠨ ᠣᠬᠢ ᠰᠣᠳᠣ ᠶ᠋ᠢ ᠰᠢᠩᠭᠡᠭᠡᠨ ᠠᠪᠴᠤ᠂ ᠨᠠᠷᠢᠨ ᠬᠢᠨᠠᠮᠠᠭᠠᠢ ᠰᠢᠨᠵᠢᠯᠡᠬᠦ ᠤᠬᠠᠭᠠᠨ ᠤ᠋ ᠵᠠᠳᠠᠯᠤᠯᠲᠠ ᠬᠢᠵᠦ᠂ ᠪᠦᠷᠢᠨ ᠪᠦᠲᠦᠨ ᠰᠢᠰᠲ᠋ᠧᠮ ᠲᠡᠢ ᠪᠥᠭᠡᠳ ᠰᠢᠨᠵᠢᠯᠡᠬᠦ ᠤᠬᠠᠭᠠᠨᠴᠢ ᠪᠠᠷ ᠪᠢᠴᠢᠵᠡᠢ᠃ᠡᠨᠡ ᠨᠢ ᠰᠦᠯᠳᠡ ᠶ᠋ᠢᠨ ᠰᠣᠶᠣᠯ ᠤ᠋ᠨ ᠥᠪ ᠬᠥᠷᠥᠩᠭᠡ ᠶ᠋ᠢ ᠤᠯᠠᠮᠵᠢᠯᠠᠨ ᠪᠠᠳᠠᠷᠠᠭᠤᠯᠵᠤ᠂ ᠮᠣᠩᠭᠣᠯ ᠦᠨᠳᠦᠰᠦᠲᠡᠨ ᠦ᠌ ᠰᠣᠶᠣᠯ ᠤ᠋ᠨ ᠡᠷᠳᠡᠨᠢ ᠶ᠋ᠢᠨ ᠰᠠᠩ ᠢ᠋ ᠪᠠᠶᠠᠯᠢᠭᠵᠢᠭᠤᠯᠵᠤ᠂ ᠠᠷᠠᠳ ᠲᠦᠮᠡᠨ ᠦ᠌ ᠣᠶᠤᠨ ᠤ᠋ ᠠᠮᠢᠳᠤᠷᠠᠯ ᠪᠠ ᠰᠣᠶᠣᠯ ᠤ᠋ᠨ ᠶᠠᠰᠤ ᠴᠢᠨᠠᠷᠢ ᠳᠡᠭᠡᠭᠰᠢᠯᠡᠭᠦᠯᠬᠦ᠂ ᠡᠬᠡ ᠤᠯᠤᠰ ᠤ᠋ᠨ ᠰᠢᠨᠵᠢᠯᠡᠬᠦ ᠤᠬᠠᠭᠠᠨ ᠤ᠋ ᠦᠢᠯᠡᠰ ᠢ᠋ ᠴᠡᠴᠡᠭᠯᠡᠭᠦᠯᠦᠨ ᠬᠥᠭᠵᠢᠭᠦᠯᠬᠦ᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠰᠣᠶᠣᠯ ᠤ᠋ᠨ ᠰᠣᠯᠢᠯᠴᠠᠭ᠎ᠠ ᠪᠣᠯᠤᠨ ᠮᠣᠩᠭᠣᠯ ᠰᠤᠳᠤᠯᠭᠠᠨ ᠤ᠋ ᠭᠦᠨᠵᠡᠭᠡᠢᠷᠡᠨ ᠬᠥᠭᠵᠢᠬᠦ ᠶ᠋ᠢ ᠠᠬᠢᠭᠤᠯᠬᠤ᠂ ᠠᠬ᠎ᠠ ᠳᠡᠭᠦᠦ ᠦᠨᠳᠦᠰᠦᠲᠡᠨ ᠦ᠌ ᠬᠠᠮᠲᠤ ᠪᠠᠷ ᠴᠡᠴᠡᠭᠯᠡᠨ ᠬᠥᠭᠵᠢᠬᠦ ᠶ᠋ᠢ ᠲᠦᠯᠬᠢᠨ ᠠᠬᠢᠭᠤᠯᠵᠤ᠂ ᠡᠪ ᠵᠣᠬᠢᠴᠠᠩᠭᠤᠢ ᠨᠡᠢᠭᠡᠮ ᠢ᠋ ᠪᠦᠲᠦᠭᠡᠨ ᠪᠠᠢᠭᠤᠯᠬᠤ ᠵᠡᠷᠭᠡ ᠳ᠋ᠦ᠍ ᠵᠣᠬᠢᠬᠤ ᠠᠴᠢ ᠬᠣᠯᠪᠣᠭᠳᠠᠯ ᠲᠠᠢ᠃ 
       ᠡᠷᠲᠡ ᠨᠢᠭᠡᠨ ᠡᠳᠦᠷ ᠬᠡᠪᠯᠡᠭᠳᠡᠨ ᠭᠠᠷᠴᠤ ᠤᠩᠰᠢᠭᠴᠢ ᠲᠦᠮᠡᠨ ᠲᠡᠢ ᠪᠡᠨ ᠨᠢᠭᠤᠷ ᠵᠣᠯᠭᠠᠬᠤ ᠪᠣᠯᠲᠤᠭᠠᠢ ᠭᠡᠮᠡᠨ ᠬᠦᠰᠡᠵᠦ ᠪᠠᠢᠨ᠎ᠠ᠃ 

                       《ᠰᠢᠯᠢ ᠶ᠋ᠢᠨ ᠭᠣᠣᠯ ᠠᠵᠢᠯ ᠮᠡᠷᠭᠡᠵᠢᠯ ᠦ᠋ᠨ ᠳᠡᠭᠡᠳᠦ ᠰᠤᠷᠭᠠᠭᠤᠯᠢ ᠶ᠋ᠢᠨ 
                                 ᠡᠷᠳᠡᠮ ᠰᠢᠨᠵᠢᠯᠡᠭᠡᠨ ᠦ᠌ ᠰᠡᠳᠬᠦᠯ》 ᠦ᠋ᠨ ᠶᠡᠷᠦᠩᠬᠡᠢ ᠨᠠᠢᠷᠠᠭᠤᠯᠤᠭᠴᠢ᠂ 
                                  ᠫᠷᠣᠹᠧᠰᠰᠣᠷ   ᠰᠡᠷᠭᠦᠯᠡᠩ    
                                           
                                                             ᠰᠢᠯᠢ ᠶ᠋ᠢᠨ ᠬᠣᠲᠠᠨ᠎ᠠ