ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ <ᠳᠠᠭᠠᠯᠳᠤᠭᠤᠯᠤᠯ ᠪᠦᠯᠦᠭ-8> Сүлдийн соёлын судлал – Минжуур<дагалдуулал бүлэг -8
ᠳᠠᠭᠠᠯᠳᠤᠭᠤᠯᠤᠯ ᠪᠦᠯᠦᠭ᠂ ᠬᠢᠨᠠᠨ ᠦᠨᠡᠯᠡᠯᠲᠡ ᠶᠢᠨ ᠵᠣᠬᠢᠶᠠᠯ
ᠬᠣᠢᠨᠠᠬᠢ ᠦᠭᠡ
《ᠰᠦᠯᠳᠡ ᠶ᠋ᠢᠨ ᠰᠣᠶᠣᠯ ᠤ᠋ᠨ ᠰᠤᠳᠤᠯᠤᠯ》ᠨᠢ ᠣᠯᠠᠨ ᠲᠠᠯ᠎ᠠ ᠶ᠋ᠢᠨ ᠳᠡᠮᠵᠢᠯᠭᠡ ᠳᠣᠣᠷ᠎ᠠ ᠣᠳᠣ ᠬᠡᠪᠯᠡᠭᠳᠡᠬᠦ ᠪᠣᠯᠤᠯ᠎ᠠ᠃ᠡᠨᠡ ᠰᠠᠢᠬᠠᠨ ᠲᠠᠰᠢᠷᠠᠮ ᠳ᠋ᠤ᠌ ᠲᠠᠯᠠᠷᠬᠠᠯ ᠪᠠ ᠬᠦᠰᠡᠯ ᠢ᠋ᠶ᠋ᠡᠨ ᠢᠯᠡᠳᠬᠡᠶ᠎ᠡ᠃ ᠰᠠᠢᠨᠵᠢᠷᠭᠠᠯ᠂ ᠰᠠᠨᠠᠭᠠᠪᠠᠭᠠᠲᠤᠷ᠂ ᠴᠡᠴᠡᠭ᠂ ᠲᠡᠷᠢᠭᠦᠨ᠂ ᠯᠢ ᠰᠢᠶᠦ᠋ᠨ᠂ ᠰᠡᠷᠭᠦᠯᠡᠩ᠂ ᠰᠣᠳᠣᠭᠡᠷᠡᠯ᠂ ᠬᠠᠰᠴᠢᠯᠠᠭᠤ᠂ ᠶᠠᠩ ᠹᠦ ᠶᠧᠦ᠃ ᠴᠣᠷᠠᠪᠵᠢ᠂ ᠨᠠᠢᠳᠠᠨ᠂ ᠪᠣ᠂ ᠠᠰᠪᠠᠭᠠᠨᠠ᠂ ᠠᠯᠮᠠᠰ᠂ ᠱ᠂ ᠲᠦᠩᠰᠢᠭ᠂ ᠪᠣᠷᠵᠢᠭᠢᠨ ᠸᠠᠩᠴᠤᠭ᠂ ᠣ· ᠰᠡᠴᠡᠨᠪᠠᠲᠤ᠂ ᠰᠢᠦᠢ ᠶ᠋ᠢᠨ ᠴᠠᠩ᠂ ᠰᠠᠷᠠᠩᠨᠯᠦᠮᠢᠳ᠂ ᠵᠢᠷᠤᠮᠲᠤ᠂ ᠭᠡᠷᠡᠯᠲᠦ ᠪᠦᠷᠢᠨᠮᠠᠨᠳᠤᠬᠤ᠂ ᠸᠠᠩ ᠮᠢᠩ ᠵᠦᠩ᠂ ᠸᠠᠩ ᠴᠧᠩ ᠳᠧ ᠵᠡᠷᠭᠡ ᠡᠷᠳᠡᠮᠲᠡᠨ᠂ ᠲᠤᠰᠬᠠᠢ ᠮᠡᠷᠭᠡᠵᠢᠯᠲᠡᠨ᠂ ᠤᠷᠠᠨ ᠵᠢᠷᠤᠭᠴᠢᠨ ᠪᠣᠯᠤᠨ ᠲᠤᠭ (ᠰᠦᠯᠳᠡ) ᠶ᠋ᠢᠨ ᠰᠣᠶᠣᠯ ᠳ᠋ᠠᠭᠠᠨ ᠬᠠᠢᠷᠠᠲᠠᠢ ᠬᠥᠮᠦᠰ ᠮᠢᠨᠦ ᠵᠣᠬᠢᠶᠠᠨ ᠪᠦᠲᠦᠭᠡᠬᠦ ᠠᠵᠢᠯ ᠳ᠋ᠤ᠌ ᠵᠣᠷᠢᠭᠵᠢᠭᠤᠯᠤᠯ ᠪᠠ ᠬᠠᠯᠠᠭᠤᠨ ᠳᠡᠮᠵᠢᠯᠭᠡ ᠪᠡᠨ ᠦᠵᠡᠭᠦᠯᠪᠡ᠃ ᠵᠢᠱ᠌ᠢᠶ᠎ᠡ ᠲᠠᠲᠠᠪᠠᠯ ᠨᠢᠭᠡ ᠤᠩᠰᠢᠭᠴᠢ ᠲᠣᠣᠷ ᠰᠦᠯᠵᠢᠶ᠎ᠡ ᠳᠡᠭᠡᠷ᠎ᠡ《ᠮᠢᠩᠵᠤᠤᠷ ᠬᠡᠷᠡᠭ ᠡᠷᠬᠢᠯᠡᠭᠴᠢ ᠶ᠋ᠢᠨ ᠣᠯᠤᠭᠰᠠᠨ ᠠᠮᠵᠢᠯᠲᠠ ᠳ᠋ᠤ᠌ ᠪᠠᠶᠠᠷ ᠬᠦᠷᠭᠡᠶ᠎ᠡ! ᠠᠮᠵᠢᠯᠲᠠ ᠪᠣᠯ ᠭᠠᠭᠴᠠ ᠬᠦ᠌ ᠰᠢᠷᠭᠠᠭᠤ ᠬᠥᠳᠡᠯᠮᠦᠷᠢ ᠶ᠋ᠢᠨ ᠵᠠᠷᠤᠴᠠᠭᠤᠯᠭ᠎ᠠ ᠳ᠋ᠤ᠌ ᠯᠠ ᠪᠠᠢᠳᠠᠭ᠃ ᠮᠢᠩᠵᠤᠤᠷ ᠠᠪᠤᠭᠠᠢ ᠣᠯᠠᠨ ᠵᠢᠯ ᠦ᠋ᠨ ᠴᠥᠬᠥᠷᠡᠯ ᠦᠭᠡᠢ ᠴᠢᠷᠮᠠᠢᠯᠭ᠎ᠠ ᠪᠠᠷ ᠰᠦᠯᠳᠡ ᠶ᠋ᠢᠨ ᠰᠤᠳᠤᠯᠭᠠᠨ ᠤ᠋ ᠶᠡᠷᠦ ᠪᠤᠰᠤ ᠶ᠋ᠢᠨ ᠦᠷ᠎ᠡ ᠪᠦᠲᠦᠭᠡᠯ ᠢ᠋ ᠭᠠᠷᠭᠠᠵᠠᠢ᠃ ᠡᠨᠡ ᠪᠣᠯ ᠳᠠᠷᠤᠢ ᠨᠢᠭᠡ ᠠᠬᠠᠮᠠᠳ ᠺᠠᠳ᠋ᠷ ᠤ᠋ᠨ ᠦᠵᠡᠭᠦᠯᠦᠭᠰᠡᠨ ᠵᠢᠳᠬᠦᠯ ᠶᠦᠮ᠃ ᠪᠤᠰᠤᠳ ᠲᠠᠢ ᠠᠲᠠᠭᠠᠷᠬᠠᠬᠤ ᠶ᠋ᠢ ᠯᠡ ᠮᠡᠳᠡᠭᠡᠳ ᠬᠢᠵᠦ ᠴᠢᠳᠠᠳᠠᠭ ᠦᠭᠡᠢ ᠲᠡᠳᠡᠭᠡᠷ ᠬᠥᠮᠦᠰ ᠡᠴᠡ ᠬᠣᠯᠠ ᠳᠡᠭᠡᠷ᠎ᠡ ᠪᠠᠢᠬ᠎ᠠ!》(发表人邮件:xjc1948@126.com;发表时间:2010.1.30.11:22:26) ᠭᠡᠵᠦ ᠵᠣᠷᠢᠭᠵᠢᠭᠤᠯᠪᠠ᠃ ᠰᠢᠯᠢ ᠶ᠋ᠢᠨ ᠭᠣᠣᠯ ᠠᠢᠮᠠᠭ ᠤ᠋ᠨ ᠠᠬᠠᠮᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦ᠋ᠨ ᠠᠵᠢᠯᠲᠠᠨ ᠤ᠋ ᠨᠡᠢᠭᠡᠮᠯᠢᠭ ᠨᠢ ᠲᠤᠰᠬᠠᠢᠯᠠᠨ 《ᠳᠥᠭᠥᠮ ᠰᠣᠨᠢᠨ》 (ᠶᠡᠷᠦᠩᠬᠡᠢ180 ᠬᠤᠭᠤᠴᠠᠭ᠎ᠠ) ᠢ ᠡᠷᠬᠢᠯᠡᠵᠦ᠂ ᠬᠠᠮᠢᠶ᠎ᠠ ᠪᠦᠬᠦᠢ ᠪᠠᠢᠭᠤᠯᠭ᠎ᠠ ᠪᠠ ᠰᠠᠯᠠᠭ᠎ᠠ ᠮᠥᠴᠢᠷ ᠲᠦ᠍《元代查干苏勒德的考释》 ᠭᠡᠰᠡᠨ ᠵᠣᠬᠢᠶᠠᠯ ᠢ᠋ ᠠᠪᠴᠤ ᠬᠡᠷᠡᠭᠯᠡᠬᠦ ᠶ᠋ᠢ ᠰᠠᠨᠠᠭᠤᠯᠤᠭᠰᠠᠨ ᠪᠠᠢᠨ᠎ᠠ; ᠵᠣᠬᠢᠶᠠᠨ ᠪᠢᠴᠢᠬᠦ ᠶᠠᠪᠤᠴᠠ ᠳᠤᠮᠳᠠ᠂ ᠪᠠᠰᠠ ᠵᠠᠷᠢᠮ ᠡᠷᠳᠡᠮᠲᠡᠨ ᠡᠴᠡ ᠨᠠᠳᠠᠳᠤ 《树立》᠂ 《竖立》 ᠭᠡᠰᠡᠨ ᠢ᠋ 《尊立》 ᠭᠡᠵᠦ ᠵᠠᠰᠠᠬᠤ᠂ 《ᠬᠥᠯ ᠰᠦᠯᠳᠡ》 ᠭᠡᠰᠡᠨ ᠢ᠋ 《ᠡᠯᠴᠢ ᠰᠦᠯᠳᠡ》 ᠭᠡᠵᠦ ᠵᠠᠰᠠᠬᠤ᠂ 《ᠲᠠᠬᠢᠯᠭ᠎ᠠ ᠶ᠋ᠢᠨ ᠰᠣᠶᠣᠯ》 ᠭᠡᠰᠡᠨ ᠢ᠋《ᠱᠠᠰᠢᠨ ᠰᠤᠷᠲᠠᠬᠤᠨ ᠤ᠋ ᠰᠣᠶᠣᠯ》 ᠭᠡᠵᠦ ᠵᠠᠰᠠᠬᠤ ᠁ ᠵᠡᠷᠭᠡ ᠣᠯᠠᠨ ᠰᠠᠢᠬᠠᠨ ᠰᠠᠨᠠᠭᠤᠯᠭ᠎ᠠ ᠶ᠋ᠢ ᠳᠤᠷᠠᠳᠤᠭᠰᠠᠨ ᠪᠠᠢᠨ᠎ᠠ᠃ ᠴᠠᠭᠠᠨ᠂ ᠬᠠᠷ᠎ᠠ᠂ ᠠᠯᠠᠭ᠂ ᠭᠤᠷᠪᠠᠨ ᠰᠦᠯᠳᠡ ᠶ᠋ᠢᠨ ᠵᠢᠷᠤᠮᠠᠯ ᠳᠦᠷᠢ ᠶ᠋ᠢ ᠵᠣᠬᠢᠶᠠᠨ ᠪᠦᠲᠦᠭᠡᠬᠦ ᠶᠠᠪᠤᠴᠠ ᠳᠤᠮᠳᠠ᠂ ᠳᠤᠮᠳᠠᠳᠤ ᠤᠯᠤᠰ ᠤ᠋ᠨ ᠤᠷᠠᠯᠢᠭᠴᠢᠳ ᠤ᠋ᠨ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠤᠯᠤᠰ ᠲᠥᠷᠥ ᠶ᠋ᠢᠨ ᠵᠥᠪᠯᠡᠯᠭᠡᠨ ᠦ᠌ ᠪᠢᠴᠢᠯᠭᠡ᠂ ᠵᠢᠷᠤᠭ ᠤ᠋ᠨ ᠬᠦᠷᠢᠶᠡᠯᠡᠩ ᠦ᠋ᠨ ᠰᠠᠨᠠᠭᠠᠪᠠᠭᠠᠲᠤᠷ ᠪᠣᠯᠤᠨ ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠤᠷᠠᠯᠢᠭ ᠤ᠋ᠨ ᠳᠡᠭᠡᠳᠦ ᠰᠤᠷᠭᠠᠭᠤᠯᠢ ᠶ᠋ᠢᠨ ᠤᠷᠠᠯᠢᠭ ᠤ᠋ᠨ ᠰᠠᠯᠪᠤᠷᠢ ᠶ᠋ᠢᠨ ᠫᠷᠣᠹᠧᠰᠰᠣᠷ ᠠᠰᠪᠠᠭᠠᠨᠠ ᠬᠠᠷᠠᠮ ᠦᠭᠡᠢ ᠵᠢᠯᠣᠭᠣᠳᠤᠯᠭ᠎ᠠ ᠪᠠ ᠬᠠᠪᠰᠤᠷᠤᠯᠭ᠎ᠠ ᠦᠵᠡᠭᠦᠯᠵᠦ᠂ ᠨᠡᠩ ᠢᠯᠠᠩᠭᠤᠶ᠎ᠠ ᠰᠠᠨᠠᠭᠠᠪᠠᠭᠠᠲᠤᠷ ᠪᠠᠰᠠ ᠪᠢᠴᠢᠭᠡᠰᠦ ᠬᠠᠢᠷᠠᠯᠠᠵᠤ᠂ ᠰᠦᠯᠳᠡ ᠶ᠋ᠢᠨ ᠵᠢᠷᠤᠮᠠᠯ ᠳᠦᠷᠢ ᠶ᠋ᠢ ᠵᠣᠬᠢᠶᠠᠨ ᠪᠦᠲᠦᠭᠡᠭᠰᠡᠨ ᠳ᠋ᠦ᠍ ᠪᠠᠶᠠᠷ ᠬᠦᠷᠭᠡᠵᠡᠢ᠃ᠤᠤᠯ ᠤ᠋ᠨ ᠥᠪᠥᠷ ᠮᠣᠩᠭᠣᠯ ᠤ᠋ᠨ ᠤᠯᠤᠰ ᠲᠥᠷᠥ ᠶ᠋ᠢᠨ ᠵᠥᠪᠯᠡᠯᠭᠡᠨ ᠦ᠌ ᠳᠡᠳ᠋ ᠲᠡᠷᠢᠭᠦᠯᠡᠭᠴᠢ ᠨᠠᠢᠳᠠᠨ ᠪᠣᠯᠤᠨ ᠳᠤᠮᠳᠠᠳᠤ ᠤᠯᠤᠰ ᠤ᠋ᠨ ᠮᠣᠩᠭᠣᠯ ᠲᠡᠦᠬᠡ ᠶ᠋ᠢᠨ ᠰᠤᠳᠤᠯᠬᠤ ᠨᠡᠢᠭᠡᠮᠯᠢᠭ ᠦ᠋ᠨ ᠭᠡᠰᠢᠭᠦᠨ᠂ ᠥᠪᠥᠷ ᠮᠣᠩᠭᠣᠯ ᠤ᠋ᠨ ᠠᠷᠠᠳ ᠤ᠋ᠨ ᠵᠠᠩ ᠦᠢᠯᠡ ᠶ᠋ᠢ ᠰᠤᠳᠤᠯᠬᠤ ᠨᠡᠢᠭᠡᠮᠯᠢᠭ ᠦ᠋ᠨ ᠭᠡᠰᠢᠭᠦᠨ ᠱ᠂ ᠲᠦᠩᠰᠢᠭ ᠪᠠᠰᠠ ᠪᠢᠴᠢᠭᠡᠰᠦ ᠬᠠᠢᠷᠠᠯᠠᠵᠤ᠂ ᠰᠦᠯᠳᠡ ᠶ᠋ᠢᠨ ᠵᠢᠷᠤᠮᠠᠯ ᠳᠦᠷᠢ ᠶ᠋ᠢ ᠪᠦᠲᠦᠭᠡᠭᠰᠡᠨ ᠳ᠋ᠦ᠍ ᠪᠠᠶᠠᠷ ᠬᠦᠷᠭᠡᠵᠡᠢ᠃ ᠤᠤᠯ ᠤ᠋ᠨ ᠰᠢᠯᠢ ᠶ᠋ᠢᠨ ᠭᠣᠣᠯ ᠠᠢᠮᠠᠭ ᠤ᠋ᠨ ᠤᠯᠤᠰ ᠲᠥᠷᠥ ᠶ᠋ᠢᠨ ᠵᠥᠪᠯᠡᠯᠭᠡᠨ ᠦ᠌ ᠲᠡᠷᠢᠭᠦᠯᠡᠭᠴᠢ ᠠᠯᠮᠠᠰ 《ᠵᠢᠷᠤᠮᠠᠯ ᠰᠦᠯᠳᠡ》 ᠶ᠋ᠢᠨ ᠪᠠᠶᠠᠷ ᠤ᠋ᠨ ᠦᠭᠡ ᠶ᠋ᠢ ᠪᠢᠴᠢᠵᠦ ᠥᠭᠪᠡ᠃ ᠲᠤᠬᠠᠢ ᠶ᠋ᠢᠨ ᠦᠶ᠎ᠡ ᠳ᠋ᠦ᠍ ᠪᠠᠶᠠᠷᠯᠠᠭᠰᠠᠨ ᠰᠡᠳᠬᠢᠯ ᠢ᠋ᠶ᠋ᠡᠨ ᠢᠯᠡᠳᠬᠡᠶ᠎ᠡ ᠭᠡᠵᠦ ᠴᠡᠭᠡᠵᠢ ᠳᠦᠭᠦᠷᠡᠩ ᠪᠣᠳᠣᠭᠰᠠᠨ ᠪᠣᠯᠪᠠᠴᠤ ᠢᠯᠡᠳᠬᠡᠬᠦ ᠵᠠᠪᠰᠢᠶᠠᠨ ᠪᠠ ᠠᠷᠭ᠎ᠠ ᠣᠯᠳᠠᠭᠰᠠᠨ ᠦᠭᠡᠢ᠃ ᠣᠳᠣ ᠲᠠ ᠪᠦᠬᠦᠨ ᠳ᠋ᠦ᠍ ᠴᠢᠩ ᠰᠡᠳᠬᠢᠯ ᠦ᠋ᠨ ᠲᠠᠯᠠᠷᠬᠠᠯ ᠢ᠋ᠶ᠋ᠠᠨ ᠳᠡᠪᠰᠢᠭᠦᠯᠦᠶ᠎ᠡ᠃ ᠪᠠᠰᠠ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠰᠢᠯᠢ ᠶ᠋ᠢᠨ ᠭᠣᠣᠯ ᠠᠢᠮᠠᠭ ᠤ᠋ᠨ ᠬᠣᠷᠢᠶᠠᠨ ᠤ᠋ ᠤᠬᠠᠭᠤᠯᠬᠤ ᠬᠡᠯᠲᠡᠰ ᠪᠣᠯᠤᠨ ᠠᠢᠮᠠᠭ ᠤ᠋ᠨ ᠰᠣᠶᠣᠯ ᠪᠡᠶ᠎ᠡ ᠶ᠋ᠢᠨ ᠲᠠᠮᠢᠷ ᠷᠠᠳᠢᠣ᠋ ᠺᠢᠨᠣ᠋ ᠲᠧᠯᠸᠢᠰ ᠲᠣᠪᠴᠢᠶ᠎ᠠ《ᠰᠦᠯᠳᠡ ᠶᠢᠨ ᠰᠣᠶᠣᠯ ᠤ᠋ᠨ ᠰᠤᠳᠤᠯᠤᠯ》 ᠢ᠋ ᠬᠡᠪᠯᠡᠭᠦᠯᠦᠨ ᠥᠭᠴᠦ᠂ ᠮᠢᠨᠦ ᠵᠣᠬᠢᠶᠠᠯ ᠪᠦᠲᠦᠭᠡᠯ ᠦ᠋ᠳ ᠢ᠋ ᠥᠷᠭᠡᠨ ᠣᠯᠠᠨ ᠤᠩᠰᠢᠭᠴᠢᠳ ᠲᠤ᠌ ᠳᠠᠬᠢᠨ ᠨᠢᠭᠤᠷ ᠵᠣᠯᠭᠠᠭᠤᠯᠤᠭᠰᠠᠨ ᠳ᠋ᠤ᠌ ᠴᠢᠩ ᠰᠡᠳᠬᠢᠯ ᠤᠨ ᠲᠠᠯᠠᠷᠬᠠᠯ ᠢ᠋ᠶ᠋ᠠᠨ ᠳᠡᠪᠰᠢᠭᠦᠯᠦᠶ᠎ᠡ᠃ ᠣᠨᠴᠠᠭᠠᠢᠯᠠᠨ ᠮᠢᠨᠦ ᠡᠬᠡᠨᠡᠷ ᠷᠠᠪᠵᠢᠷᠮᠠ ᠮᠢᠨᠦ ᠰᠤᠳᠤᠯᠭᠠᠨ ᠤ᠋ ᠠᠵᠢᠯ ᠤ᠋ᠨ ᠠᠷᠤ ᠲᠦᠰᠢᠭ ᠪᠣᠯᠵᠤ᠂ ᠨᠠᠳᠠ ᠳ᠋ᠤ᠌ ᠬᠠᠮᠤᠭ ᠤ᠋ᠨ ᠶᠡᠬᠡ ᠳᠡᠮᠵᠢᠯᠭᠡ ᠦᠵᠡᠭᠦᠯᠦᠭᠰᠡᠨ ᠪᠠᠢᠨ᠎ᠠ᠃ ᠣᠳᠣ ᠨᠣᠮ ᠭᠠᠷᠭᠠᠬᠤ ᠵᠠᠪᠰᠢᠶᠠᠨ ᠳ᠋ᠤ᠌《ᠲᠠᠨ ᠳ᠋ᠤ᠌ ᠪᠠᠶᠠᠷᠯᠠᠵᠤ ᠶᠠᠪᠤᠭᠰᠠᠨ ᠰᠢᠦ᠂ ᠲᠠᠨ ᠢ᠋ ᠵᠦᠳᠡᠷᠡᠭᠡᠯᠡ》 ᠭᠡᠵᠦ ᠴᠢᠩ ᠰᠡᠳᠬᠢᠯ ᠢ᠋ᠶ᠋ᠡᠨ ᠢᠯᠡᠳᠬᠡᠶ᠎ᠡ᠃
ᠵᠣᠬᠢᠶᠠᠯ ᠪᠦᠲᠦᠭᠡᠯ ᠢ᠋ ᠬᠡᠳᠦᠢᠪᠡᠷ ᠠᠯᠢ ᠴᠢᠳᠠᠯ ᠢ᠋ᠶ᠋ᠠᠷ ᠢ᠋ᠶ᠋ᠠᠨ ᠴᠢᠷᠮᠠᠢᠨ ᠣᠷᠣᠯᠳᠣᠭᠰᠠᠨ ᠪᠣᠯᠪᠠᠴᠤ ᠲᠤᠰ ᠬᠥᠮᠦᠨ ᠦ᠌ ᠮᠡᠳᠡᠯᠭᠡ ᠪᠠ ᠨᠥᠬᠥᠴᠡᠯ ᠬᠢᠵᠠᠭᠠᠷ ᠲᠠᠢ ᠠ᠋ᠴᠠ ᠪᠣᠯᠵᠤ᠂ ᠰᠠᠨᠠᠭᠠᠨ ᠳ᠋ᠤ᠌ ᠬᠦᠷᠦᠭᠰᠡᠨ ᠦᠭᠡᠢ ᠵᠦᠢᠯ ᠭᠠᠷᠤᠭᠰᠠᠨ ᠨᠢ ᠯᠠᠪᠲᠠᠢ᠂ ᠬᠦᠨᠳᠦᠲᠦ ᠤᠩᠰᠢᠭᠴᠢᠳ ᠪᠠ ᠲᠤᠭ ᠤ᠋ᠨ ᠰᠣᠶᠣᠯ ᠳ᠋ᠠᠭᠠᠨ ᠬᠠᠢᠷᠠᠲᠠᠢ ᠬᠥᠮᠦᠰ ᠦ᠋ᠨ ᠬᠠᠷᠠᠮ ᠦᠭᠡᠢ ᠵᠢᠭᠠᠨ ᠰᠤᠷᠭᠠᠬᠤ ᠶ᠋ᠢ ᠶᠡᠬᠡᠳᠡ ᠬᠦᠰᠡᠵᠦ ᠪᠠᠢᠨ᠎ᠠ᠃ ᠬᠠᠷᠢᠯᠴᠠᠬᠤ ᠤᠲᠠᠰᠤ13245192080᠃
ᠮᠣᠩᠭᠣᠯ ᠦᠨᠳᠦᠰᠦᠲᠡᠨ ᠪᠣᠯ ᠠᠭᠤᠤ ᠶᠡᠬᠡ ᠦᠨᠳᠦᠰᠦᠲᠡᠨ ᠶᠦᠮ᠃ ᠮᠣᠩᠭᠣᠯᠴᠤᠳ ᠲᠡᠦᠬᠡᠨ ᠳᠡᠭᠡᠷ᠎ᠡ ᠪᠤᠰᠤᠳ ᠦᠨᠳᠦᠰᠦᠲᠡᠨ ᠪᠠ ᠠᠷᠠᠰᠤᠲᠠᠨ ᠲᠠᠢ ᠬᠠᠮᠲᠤ ᠪᠠᠷ ᠭᠢᠯᠠᠯᠵᠠᠭᠰᠠᠨ ᠰᠣᠶᠣᠯ ᠢ᠋ ᠪᠦᠲᠦᠭᠡᠵᠡᠢ᠃ ᠲᠤᠭ ᠤ᠋ᠨ ᠰᠣᠶᠣᠯ ᠪᠣᠯ ᠳᠠᠷᠤᠢ ᠲᠡᠭᠦᠨ ᠦ᠌ ᠳᠣᠲᠣᠷᠠᠬᠢ ᠨᠢᠭᠡ ᠬᠡᠰᠡᠭ ᠨᠢ ᠪᠣᠯᠤᠨ᠎ᠠ᠃ ᠲᠤᠭ ᠤ᠋ᠨ ᠰᠣᠶᠣᠯ ᠤ᠋ᠨ ᠠᠭᠤᠯᠤᠭᠳᠠᠬᠤᠨ ᠨᠢ ᠡᠯᠪᠡᠭ ᠪᠠᠶᠠᠯᠢᠭ᠂ ᠲᠡᠦᠬᠡ ᠨᠢ ᠥᠨᠢ ᠤᠳᠠᠭᠠᠨ᠂ ᠳᠡᠯᠭᠡᠷᠡᠯᠲᠡ ᠨᠢ ᠥᠷᠭᠡᠨ ᠠᠭᠤᠳᠠᠮ ᠶᠤᠮ᠃ ᠲᠤᠭ ᠤ᠋ᠨ ᠪᠡᠯᠭᠡᠳᠡᠯ ᠦ᠋ᠨ ᠰᠣᠶᠣᠯ ᠪᠣᠯᠤᠨ ᠲᠤᠭ ᠤ᠋ᠨ ᠤᠯᠠᠮᠵᠢᠯᠠᠯᠲᠤ ᠦᠢᠯᠡᠳᠬᠦ ᠰᠣᠶᠣᠯ ᠤ᠋ᠨ ᠰᠤᠳᠤᠯᠤᠯ ᠨᠢ ᠬᠡᠳᠦᠢᠪᠡᠷ ᠨᠡᠯᠢᠶᠡᠳ ᠦᠷ᠎ᠡ ᠪᠦᠲᠦᠭᠡᠯ ᠢ᠋ ᠣᠯᠤᠭᠰᠠᠨ ᠪᠣᠯᠪᠠᠴᠤ ᠭᠦᠨᠵᠡᠭᠡᠢᠷᠡᠯ ᠨᠢ ᠭᠦᠢᠴᠡᠳ ᠦᠭᠡᠢ᠂ ᠪᠠᠰᠠ ᠱᠠᠰᠢᠨ ᠰᠤᠷᠲᠠᠬᠤᠨ ᠤ᠋ ᠰᠣᠶᠣᠯ ᠢ᠋ ᠬᠠᠷᠠᠬᠠᠨ ᠰᠢᠨᠵᠢᠯᠡᠨ ᠥᠭᠦᠯᠡᠭᠡᠳᠦᠢ᠃ ᠡᠢᠮᠦ ᠡᠴᠡ ᠡᠷᠳᠡᠮᠲᠡᠨ ᠮᠡᠷᠭᠡᠳ ᠴᠢᠨᠠᠭᠰᠢᠳᠠ ᠰᠤᠳᠤᠯᠤᠨ ᠶᠠᠷᠢᠯᠴᠠᠵᠤ᠂ ᠲᠤᠭ ᠤ᠋ᠨ ᠰᠣᠶᠣᠯ ᠢ᠋ ᠢᠯᠡᠭᠦᠦ ᠣᠯᠠᠨ ᠲᠠᠨᠢᠯᠴᠠᠭᠤᠯᠵᠤ᠂ ᠲᠤᠭ ᠤ᠋ᠨ ᠰᠣᠶᠣᠯ ᠢ᠋ᠶ᠋ᠠᠨ ᠶᠡᠬᠡ ᠪᠡᠷ ᠤᠯᠠᠮᠵᠢᠯᠠᠨ ᠪᠠᠳᠠᠷᠠᠭᠤᠯᠬᠤ ᠶ᠋ᠢ ᠮᠡᠬᠦᠰ ᠮᠢᠨᠦ ᠪᠡᠶ᠎ᠡ ᠴᠢᠩ ᠰᠡᠳᠬᠢᠯ ᠡᠴᠡ ᠪᠡᠨ ᠬᠦᠰᠡᠵᠦ ᠪᠠᠢᠨ᠎ᠠ᠃
ᠲᠡᠮᠦᠷ᠂ ᠮᠢᠩᠵᠤᠣᠷ
2014 ᠣᠨ ᠤ 12 ᠰᠠᠷ᠎ᠠ
